ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ
ᠨᠡᠶᠢᠲᠡᠯᠡᠭᠰᠡᠨ ᠴᠠᠭ᠄
2018-11-02
ᠲᠦᠷᠦᠯ ᠵᠦᠢᠯ᠄ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠᠡᠲᠡᠭᠡᠳ᠄ ᠬᠤᠪᠢ ᠬᠥᠮᠦᠨ ᠬᠠᠷᠢᠭᠤᠴᠠᠬᠤ ᠰᠠᠯᠠᠭ᠎ᠠ ᠮᠥᠴᠢᠷ᠄ ᠺᠠᠶᠢᠯᠦ ᠰᠢᠶᠠᠨ ᠤ ᠲᠥᠯᠥᠪᠵᠢᠭᠦᠯᠭᠡ ᠶᠢᠨ ᠲᠤᠪᠴᠢᠶ᠎ᠠᠬᠠᠷᠢᠯᠴᠠᠬᠤ ᠤᠲᠠᠰᠤ᠄ 0475—6219422 ᠭᠦᠢᠴᠡᠳᠬᠡᠬᠦ ᠴᠠᠭ᠄ 7 ᠠᠵᠢᠯᠯᠠᠬᠤ ᠡᠳᠦᠷ ᠤᠨ ᠲᠤᠳᠤᠷ᠎ᠠ ᠠᠵᠢᠯᠯᠠᠬᠤ ᠴᠠᠭ᠄ ᠦᠳᠡ ᠶᠢᠨ ᠡᠮᠦᠨ᠎ᠡ 8᠄ 00 — 11᠄ 30᠂ ᠦᠳᠡ ᠶᠢᠨ ᠬᠤᠶᠢᠨ᠎ᠠ 2᠄ 30 —     5᠄ 30 ᠠᠵᠢᠯᠯᠠᠬᠠᠤ ᠠᠯᠪᠠᠨ ᠭᠡᠷ ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠠᠰᠠᠷ ᠤᠨ 329 ᠠᠯᠪᠠᠨ ᠭᠡᠷᠭᠤᠶᠤᠴᠢᠯᠠᠬᠤ ᠨᠥᠬᠦᠴᠡᠯ᠄ ᠠᠷᠠᠳ ᠢᠷᠭᠡᠨ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠶᠢᠨ ᠳᠥᠴᠢᠳᠦᠭᠡᠷ ᠵᠤᠷᠪᠤᠰ ᠲᠤ ᠬᠤᠳᠠ ᠶᠢᠨ ᠲᠣᠭᠤᠷᠢᠭ ᠤᠨ ᠲᠥᠯᠥᠪᠵᠢᠭᠦᠯᠭᠡ ᠳᠣᠲᠣᠷ᠎ᠠ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠦᠭᠡᠢ ᠪᠤᠶᠤ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠭᠰᠡᠨ ᠪᠦᠳᠦᠭᠡᠨ ᠪᠠᠶᠢᠭᠤᠯᠤᠯᠲᠠ ᠬᠢᠵᠦ᠂ ᠬᠤᠲᠠ ᠶᠢᠨ ᠲᠥᠯᠥᠪᠵᠢᠭᠦᠯᠭᠡ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠪᠥᠳᠥᠭᠡᠨ ᠪᠠᠶᠢᠭᠤᠯᠬᠤ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠪᠤᠶᠤ ᠬᠠᠤᠯᠢ ᠠᠴᠠ ᠵᠥᠷᠢᠴᠡᠭᠰᠡᠨ ᠪᠠᠷᠢᠯᠭ᠎ᠠ᠂ ᠪᠣᠰᠬᠠᠮᠠᠯ ᠵᠦᠢᠯ ᠪᠤᠶᠤ ᠪᠤᠰᠤᠳ ᠲᠥᠬᠦᠭᠡᠷᠦᠮᠵᠢ ᠶᠢ ᠬᠤᠷᠢᠶᠠᠵᠤ ᠠᠪᠤᠨ᠎ᠠ︔ ᠬᠤᠲᠠ ᠶᠢᠨ ᠲᠥᠯᠥᠪᠵᠢᠭᠦᠯᠭᠡ ᠶᠢ ᠨᠥᠯᠥᠭᠡᠯᠡᠭᠰᠡᠨ᠂ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ ᠪᠣᠯᠬᠤ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠭᠤᠴᠠᠭ᠎ᠠ ᠲᠤᠬᠳᠠᠭᠠᠨ ᠵᠠᠯᠠᠷᠠᠭᠤᠯᠬᠤ ᠪᠥᠭᠡᠳ ᠵᠣᠭᠤᠰ ᠢᠶᠠᠷ ᠲᠣᠷᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠢᠮ︾ ᠶᠢᠨ ᠳᠥᠴᠢᠳᠦᠭᠡᠷ ᠵᠣᠷᠪᠣᠰ ᠲᠤ ᠬᠤᠳᠠ᠂ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠪᠠᠷᠢᠯᠭ᠎ᠠ ᠪᠠᠷᠢᠬᠤ᠂ ᠪᠠᠷᠢᠯᠭ᠎ᠠ ᠪᠤᠰᠬᠠᠬᠤ᠂ ᠵᠠᠮ ᠵᠠᠰᠠᠬᠤ᠂ ᠤᠲᠠᠰᠤ ᠲᠠᠳᠠᠬᠤ ᠪᠣᠯᠤᠨ ᠪᠤᠰᠤᠳ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠬᠦ ᠳᠤ ᠪᠦᠲᠦᠭᠡᠨ ᠪᠠᠶᠢᠭᠤᠯᠬᠤ ᠨᠢᠭᠡᠴᠢ ᠪᠤᠶᠤ ᠬᠤᠪᠢ ᠬᠥᠮᠦᠨ ᠨᠢ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠯᠭᠡᠬᠦ ᠭᠤᠶᠤᠴᠢᠯᠠᠯ ᠭᠠᠷᠭᠠᠬᠤ ᠬᠡᠷᠡᠭᠲᠡᠶ᠃ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠯᠭᠡᠬᠦ ᠭᠤᠶᠤᠴᠢᠯᠠᠯ ᠭᠠᠷᠭᠠᠬᠤ ᠳᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ ᠰᠣᠩᠭᠤᠬᠤ ᠰᠠᠨᠠᠯ ᠤᠨ ᠪᠢᠴᠢᠭ ᠪᠤᠶᠤ ᠲᠥᠯᠥᠪᠵᠢᠭᠦᠯᠭᠡ ᠶᠢᠨ ᠨᠥᠬᠦᠴᠡᠯ ᠤᠨ ᠭᠠᠷ ᠳᠡᠪᠲᠡᠷ᠂ ᠭᠠᠵᠠᠷ ᠰᠢᠷᠣᠶ ᠬᠡᠷᠡᠭᠯᠡᠬᠦ ᠬᠤᠯᠪᠣᠭᠳᠠᠯ ᠪᠥᠬᠦᠢ ᠭᠡᠷᠡᠴᠢᠯᠡᠬᠦ ᠪᠢᠴᠢᠭ ᠮᠠᠲ᠋ᠧᠷᠢᠶᠠᠯ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠪᠥᠳᠥᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠥᠰᠦᠯ᠂ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠠᠩᠰᠠ ᠡᠪᠬᠡᠮᠡᠯ ᠤᠨ ᠬᠠᠷᠢᠭᠤᠴᠠᠯᠭ᠎ᠠ ᠶᠢᠨ ᠪᠢᠴᠢᠭ ᠵᠡᠷᠭᠡ ᠮᠠᠲ᠋ᠧᠷᠢᠶᠠᠯ ᠢ ᠮᠡᠳᠡᠭᠦᠯᠦᠨ ᠲᠤᠰᠢᠶᠠᠬᠤ ᠬᠡᠷᠡᠭᠲᠡᠶ᠃ ᠪᠥᠳᠥᠭᠡᠨ ᠪᠠᠶᠢᠭᠤᠯᠬᠤ ᠨᠢᠭᠡᠴᠢ ᠠᠴᠠ ᠪᠦᠳᠦᠭᠡᠨ ᠪᠠᠶᠢᠭᠤᠯᠬᠤ ᠵᠤᠶᠢᠯᠡᠰ ᠤᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠢᠬᠤᠯᠠᠲᠠᠶ ᠮᠦᠷᠳᠡᠭᠡᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠪᠠᠨ ᠪᠠᠰᠠ ᠲᠤᠰᠢᠶᠠᠬᠤ ᠬᠡᠷᠡᠭᠲᠡᠶ᠃ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠪᠣᠯᠤᠨ ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠬᠤ ᠬᠡᠷᠡᠭᠲᠡᠶ᠃ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠲᠣᠭᠲᠠᠭᠠᠭᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ᠂ ᠪᠥᠳᠥᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠥᠰᠦᠯ ᠤᠨ ᠶᠡᠷᠦᠩᠬᠡᠶ ᠬᠠᠪᠲᠠᠭᠠᠶ ᠵᠢᠷᠤᠭ ᠢ ᠦᠵᠡᠰᠬᠦᠯᠡᠩ ᠤᠨ ᠣᠷᠳᠣᠨ᠂ ᠢᠯᠡ ᠨᠡᠶᠢᠲᠡᠯᠡᠬᠦ ᠪᠤᠯᠤᠩ ᠡᠰᠡᠬᠦᠯ᠎ᠡ ᠰᠦᠯᠵᠢᠶ᠎ᠡ᠂ ᠰᠣᠨᠢᠨ ᠰᠡᠳᠬᠦᠯ ᠵᠡᠷᠭᠡ ᠪᠠᠷ ᠳᠠᠮᠵᠢᠭᠤᠯᠤᠨ ᠨᠡᠶᠢᠲᠡᠯᠡᠨ᠎ᠡ᠃ ᠳᠥᠴᠢᠨ ᠵᠢᠷᠭᠤᠳᠤᠭᠠᠷ ᠵᠣᠷᠪᠤᠰ ᠲᠤ ᠪᠦᠳᠦᠭᠡᠠ ᠪᠠᠶᠢᠭᠤᠯᠬᠤ ᠨᠢᠭᠡᠴᠢ ᠪᠤᠶᠤ ᠬᠤᠪᠢ ᠬᠥᠮᠦᠨ ᠠᠴᠠ ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠲᠥᠷ ᠴᠠᠭ ᠤᠨ ᠪᠥᠳᠥᠭᠡᠨ ᠪᠠᠶᠢᠭᠤᠯᠤᠯᠲᠠ ᠪᠠᠶᠢᠭᠤᠯᠬᠤ ᠭᠡᠪᠡᠯ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷ ᠴᠠᠭ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠲᠦᠷ ᠴᠠᠭ ᠭᠠᠵᠠᠷ ᠬᠡᠷᠡᠭᠯᠡᠬᠦ ᠭᠠᠷᠳᠠᠮ ᠢ ᠭᠦᠶᠴᠡᠳᠬᠡᠵᠦ ᠪᠣᠯᠤᠨ᠎ᠠ᠃ ᠪᠦᠲᠦᠭᠡᠨ ᠪᠠᠶᠢᠭᠤᠯᠬᠤ ᠨᠢᠭᠡᠴᠢ ᠪᠤᠶᠤ ᠬᠤᠪᠢ ᠬᠥᠮᠦᠨ ᠠᠴᠠ ᠲᠦᠷ ᠴᠠᠭ ᠬᠡᠷᠡᠭᠯᠡᠬᠦ ᠭᠠᠵᠠᠷ ᠤᠨ ᠭᠠᠷ ᠭᠦᠶᠴᠡᠳᠬᠡᠯ ᠢ ᠬᠢᠭᠰᠡᠨ ᠤ ᠳᠠᠷᠠᠭ᠎ᠠ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠲᠥᠷ ᠴᠠᠭ ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠯᠭᠡᠬᠦ ᠭᠤᠶᠤᠴᠢᠯᠠᠯ ᠭᠠᠷᠭᠠᠬᠤ ᠬᠡᠷᠡᠭᠲᠡᠶ᠃ ᠭᠠᠵᠠᠷ ᠰᠢᠷᠣᠶ ᠶᠢᠨ ᠬᠡᠷᠡᠭᠯᠡᠬᠦ ᠡᠷᠬᠡ ᠨᠢ ᠪᠦᠳᠦᠭᠡᠠ ᠪᠠᠶᠢᠭᠤᠯᠬᠤ ᠨᠢᠭᠡᠴᠢ ᠪᠤᠶᠤ ᠬᠤᠪᠢ ᠬᠥᠮᠦᠨ ᠤ ᠬᠢ ᠪᠠᠶᠢᠪᠠᠯ᠂ ᠲᠥᠷ ᠴᠠᠭ ᠤᠨ ᠪᠥᠳᠥᠭᠡᠨ ᠪᠠᠶᠢᠭᠤᠯᠤᠯᠲᠠ ᠬᠢᠬᠦ ᠦᠶ᠎ᠡ ᠳᠤ ᠲᠥᠷ ᠴᠠᠭ ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠤᠶᠤᠴᠢᠯᠠᠨ ᠠᠪᠴᠤ ᠪᠣᠯᠤᠨ᠎ᠠ᠃ ᠲᠥᠷ ᠴᠠᠭ ᠤᠨ ᠪᠥᠳᠥᠭᠡᠨ ᠪᠠᠶᠢᠭᠤᠯᠤᠯᠲᠠ᠂ ᠣᠶᠢᠷ᠎ᠠ ᠶᠢᠨ ᠬᠤᠭᠤᠴᠠᠭᠠᠨ ᠤ ᠪᠥᠳᠥᠭᠡᠨ ᠪᠠᠶᠢᠭᠤᠯᠤᠯᠲᠠ ᠪᠤᠶᠤ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠵᠢᠴᠢ ᠵᠠᠮ ᠬᠠᠷᠢᠯᠴᠠᠭ᠎ᠠ᠂ ᠬᠤᠳᠠ ᠶᠢᠨ ᠳᠥᠷᠰᠦ ᠪᠠᠶᠢᠳᠠᠯ᠂ ᠠᠮᠤᠷ ᠲᠦᠪᠰᠢᠨ ᠵᠡᠷᠭᠡ ᠶᠢ ᠨᠦᠯᠦᠭᠡᠯᠡᠭᠰᠡᠨ ᠪᠠᠶᠢᠪᠠᠯ ᠵᠥᠪᠰᠢᠶᠡᠷᠡᠵᠦ ᠪᠣᠯᠬᠤ ᠦᠭᠡᠢ᠃ ᠬᠡᠷᠡᠭᠰᠡᠬᠦ ᠮᠠᠲ᠋ᠧᠷᠢᠶᠠᠯ᠄ ᠨᠢᠭᠡ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠬᠦᠰᠦᠨᠦᠭ︔ ᠬᠤᠶᠠᠷ ᠪᠠᠷᠢᠯᠭ᠎ᠠ ᠶᠢᠨ ᠵᠢᠷᠤᠭ ᠲᠥᠰᠦᠪ︔ ᠭᠤᠷᠪᠠ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠶᠢᠨ ᠡᠯᠧᠺᠲᠷᠣᠨ ᠬᠡᠪᠯᠡᠯ︔ ᠳᠥᠷᠪᠡ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠭᠡᠷᠡᠴᠢᠯᠡᠬᠦ ᠪᠢᠴᠢᠭ ᠮᠠᠲ᠋ᠧᠷᠢᠶᠠᠯ︔ ᠲᠠᠪᠤ ︽ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ︾︔ ᠵᠢᠷᠭᠤᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠠᠴᠠ ᠭᠠᠷᠭᠠᠭᠰᠠᠨ ᠬᠢᠨᠠᠨ ᠪᠠᠶᠢᠴᠠᠭᠠᠭᠰᠠᠨ ᠮᠡᠳᠡᠭᠦᠯᠦᠯᠲᠡ᠃ᠮᠠᠲ᠋ᠧᠷᠢᠶᠠᠯ ᠤᠨ ᠬᠡᠯᠪᠡᠷᠢ ᠄ A 4 ᠴᠠᠭᠠᠰᠦ︔ ᠤᠭ ᠮᠠᠲ᠋ᠧᠷᠢᠶᠠᠯ᠂ ᠬᠢᠨᠠᠨ ᠵᠥᠪᠰᠢᠶᠡᠷᠡᠬᠦ ᠨᠢᠭᠡᠴᠢ ᠶᠢᠨ ᠠᠯᠪᠠᠨ ᠲᠠᠮᠠᠭ᠎ᠠ᠂ ᠭᠤᠶᠤᠴᠢᠯᠠᠭᠴᠢ ᠲᠤᠰ ᠬᠥᠮᠦᠨ ᠪᠤᠶᠤ ᠨᠢᠭᠡᠴᠢ ᠶᠢᠨ ᠬᠠᠤᠯᠢ ᠶᠢᠨ ᠬᠥᠮᠦᠨ ᠤ ᠭᠠᠷ ᠤᠨ ᠦᠰᠦᠭ ᠵᠢᠷᠤᠬᠰᠠᠨ ᠪᠠᠶᠢᠬᠤ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号