| ᠲᠦᠷᠦᠯ ᠵᠦᠢᠯ ᠄ ᠵᠠᠰᠠᠭ ᠵᠠᠬᠢᠷᠭᠠᠨ ᠤ ᠤᠶᠢᠯᠡᠴᠢᠯᠡᠭᠡ | ᠡᠲᠡᠭᠡᠳ᠄ ᠬᠤᠪᠢ ᠬᠥᠮᠦᠨ | ᠬᠠᠷᠢᠭᠤᠴᠠᠬᠤ ᠰᠠᠯᠠᠭ᠎ᠠ ᠮᠥᠴᠢᠷ᠄ ᠺᠠᠶᠢᠯᠦ ᠰᠢᠶᠠᠨ ᠤ ᠰᠣᠶᠣᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ | ᠬᠠᠷᠢᠯᠴᠠᠬᠤ ᠤᠲᠠᠰᠤ᠄ 0475—6218238 | ᠭᠦᠢᠴᠡᠳᠬᠡᠬᠦ ᠴᠠᠭ᠄ ᠪᠣᠳᠠᠲᠤ ᠪᠠᠶᠢᠳᠠᠯ ᠢ ᠦᠨᠳᠦᠰᠦᠯᠡᠬᠦ | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ | ᠠᠵᠢᠯᠯᠠᠬᠠᠤ ᠠᠯᠪᠠᠨ ᠭᠡᠷ᠄ ᠺᠠᠶᠢᠯᠦ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠨᠢᠭᠡᠳᠦᠭᠡᠷ | ᠲᠠᠪᠬᠤᠷᠭ᠎ᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠤᠶᠢᠯᠡᠴᠢᠯᠡᠬᠦ ᠴᠣᠩᠬᠤ | ᠭᠤᠶᠤᠴᠢᠯᠠᠬᠤ ᠨᠥᠬᠦᠴᠡᠯ᠄ ᠨᠢᠭᠡ ᠨᠢᠭᠡᠴᠢ ᠶᠢᠨ ᠨᠡᠷᠡᠶᠢᠳᠦᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ | ᠳᠦᠷᠢᠮ ᠲᠤᠬᠳᠠᠭᠠᠯ ᠪᠠᠶᠢᠬᠤ︔ ᠬᠤᠶᠠᠷ ᠲᠤᠰᠬᠠᠶ ᠲᠣᠭᠯᠠᠯᠲᠠ ᠮᠡᠷᠭᠡᠵᠢᠯ ᠤᠨ ᠲᠣᠭᠯᠠᠭᠴᠢ ᠪᠠᠶᠢᠬᠤ︔ ᠭᠤᠷᠪᠠ | ᠲᠣᠭᠲᠠᠭᠰᠠᠨ ᠬᠠᠷᠢᠯᠴᠠᠬᠤ ᠬᠠᠶ᠋ᠢᠭ ᠪᠠ ᠬᠡᠷᠡᠭᠴᠡᠭᠡ ᠳᠤ ᠵᠣᠬᠢᠴᠠᠭᠰᠠᠨ ᠲᠣᠭᠯᠠᠯᠲᠠ ᠶᠢᠨ ᠪᠠᠭᠠᠵᠢ ᠬᠡᠷᠡᠭᠰᠡᠯ ᠲᠤᠨᠤᠭ | ᠲᠥᠬᠦᠭᠡᠷᠦᠮᠵᠢ ᠪᠠᠶᠢᠬᠤ︔ ᠳᠥᠷᠪᠡ ᠬᠡᠪᠴᠢᠶ᠎ᠡ ᠲᠠᠢ ᠪᠠᠨ ᠵᠣᠬᠢᠴᠠᠭᠰᠠᠨ ᠪᠡᠯᠡ ᠮᠥᠩᠭᠦ ᠲᠠᠢ ᠪᠠᠶᠢᠬᠤ︔ ᠲᠠᠪᠤ | ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠤᠨ ᠪᠦᠬᠦ ᠲᠤᠭ᠎ᠠ ᠬᠡᠮᠵᠢᠶ᠎ᠡ᠂ ᠪᠠᠶᠢᠷᠢᠰᠢᠯ᠂ ᠪᠦᠲᠦᠴᠡ ᠶᠢᠨ | ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃ | ᠪᠠᠷᠢᠮᠲᠠ ᠄ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 439 ᠲᠣᠭᠠᠲᠤ ︽ᠡᠵᠡᠩᠨᠡᠯᠲᠡ ᠶᠢᠨ ᠴᠢᠨᠠᠷᠲᠠᠶ | ᠲᠣᠭᠯᠠᠯᠲᠠ ᠭᠠᠷᠭᠠᠬᠤ ᠬᠠᠮᠢᠶᠠᠷᠤᠯᠲᠠ ᠶᠢᠨ ᠲᠦᠷᠢᠮ︾ ᠤᠨ ᠠᠷᠪᠠᠨ ᠳᠥᠷᠪᠡᠳᠦᠭᠡᠷ ᠵᠣᠷᠪᠣᠰ ᠲᠤ ᠡᠵᠡᠩᠨᠡᠯᠲᠡ ᠶᠢᠨ | ᠴᠢᠨᠠᠷ ᠲᠠᠢ ᠲᠣᠭᠯᠠᠯᠲᠠ ᠭᠠᠷᠭᠠᠪᠠᠯ᠂ ᠲᠣᠭᠯᠠᠯᠲᠠ ᠭᠠᠷᠭᠠᠬᠤ ᠬᠡᠷᠡᠭᠲᠡᠶ ᠪᠠᠶᠢᠭ᠎ᠠ ᠭᠠᠵᠠᠷ ᠤᠨ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠬᠡᠷᠡᠭᠲᠡᠶ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠯ ᠢ ᠰᠢᠶᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ | ᠡᠬᠢᠯᠡᠵᠦ ᠭᠤᠷᠪᠠᠨ ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠶ᠃ ᠲᠤᠰ ᠳᠦᠷᠢᠮ ᠤᠨ ᠬᠤᠷᠢᠨ | ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ ᠵᠥᠪᠰᠢᠶᠡᠷᠡᠯ ᠤᠨ ᠪᠢᠴᠢᠭ ᠮᠠᠲ᠋ᠧᠷᠢᠶᠠᠯ ᠲᠠᠷᠬᠠᠭᠠᠨ | ᠦᠭᠭᠦᠨ᠎ᠡ︔ ᠲᠤᠰ ᠳᠦᠷᠢᠮ ᠤᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠦᠭᠡᠢ ᠪᠣᠯ | ᠭᠤᠶᠣᠴᠢᠯᠠᠯ ᠢ ᠵᠥᠪᠰᠢᠶᠡᠷᠡᠬᠦ ᠦᠭᠡᠢ ᠮᠦᠷᠳᠡᠭᠡᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠪᠥᠭᠡᠳ ᠤᠴᠢᠷ | ᠰᠢᠯᠲᠠᠭᠠᠨ ᠢ ᠲᠤᠳᠤᠷᠬᠠᠶᠢᠯᠠᠨ ᠥᠭᠬᠦ ᠬᠡᠷᠡᠭᠳᠡᠢ᠃ | ᠬᠡᠷᠡᠭᠰᠡᠬᠦ ᠮᠠᠲ᠋ᠧᠷᠢᠶᠠᠯ᠄ ᠨᠢᠭᠡ ᠲᠣᠭᠯᠠᠯᠲᠠ ᠶᠢᠨ ᠨᠡᠷᠡᠶᠢᠳᠦᠯ᠂ ᠲᠣᠭᠯᠠᠯᠲᠠ ᠡᠷᠭᠢᠯᠡᠬᠦ ᠨᠢᠭᠡᠴᠡ ᠪᠠ ᠲᠣᠭᠯᠠᠯᠲᠠ ᠳᠤ | ᠣᠷᠣᠯᠴᠠᠭᠰᠠᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠭᠴᠢ︔ ᠬᠤᠶᠠᠷ ᠲᠣᠭᠯᠠᠯᠲᠠ ᠶᠢᠨ ᠴᠠᠭ᠂ | ᠭᠠᠵᠠᠷ ᠣᠷᠣᠨ᠂ ᠲᠣᠭᠯᠠᠯᠳᠠ ᠶᠢᠨ ᠲᠤᠭ᠎ᠠ︔ ᠭᠤᠷᠪᠠ ᠲᠣᠭᠯᠠᠯᠲᠠ ᠶᠢᠨ ᠬᠠᠭᠤᠳᠠᠰᠦ ᠵᠢᠴᠢ ᠪᠤᠰᠣᠳ ᠮᠠᠲ᠋ᠧᠷᠢᠶᠠᠯ︔ | ᠳᠥᠷᠪᠡ ᠬᠠᠤᠯᠢ ᠶᠣᠰᠣᠭᠠᠷ ᠰᠢᠯᠭᠠᠨ ᠬᠢᠨᠠᠬᠰᠠᠨ ᠤ ᠳᠠᠷᠠᠭ᠎ᠠ ᠣᠯᠣᠬᠰᠠᠨ ᠲᠣᠭᠯᠠᠯᠲᠠ ᠶᠢᠨ ᠲᠠᠯᠠᠪᠤᠷ ᠤᠨ ᠬᠢᠷᠢ | ᠲᠡᠩᠴᠡᠭᠰᠡᠨ ᠭᠡᠷᠡᠴᠢ︔ ᠲᠠᠪᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠲᠥᠰᠦᠯ ᠪᠠ ᠭᠠᠯ ᠤᠨᠲᠠᠷᠠᠭᠠᠬᠤ᠂ | ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠤᠨ ᠲᠥᠰᠦᠯ︔ ᠵᠢᠷᠭᠤᠭ᠎ᠠ ᠬᠠᠤᠯᠢ ᠶᠣᠰᠣᠭᠠᠷ ᠣᠯᠤᠭᠰᠠᠨ | ᠠᠮᠤᠷ ᠲᠦᠪᠰᠢᠨ᠂ ᠭᠠᠯ ᠤᠨᠲᠠᠷᠠᠭᠠᠬᠤ ᠵᠥᠪᠰᠢᠶᠡᠷᠡᠯ ᠤᠨ ᠪᠢᠴᠢᠭ ᠮᠠᠲ᠋ᠧᠷᠢᠶᠠᠯ᠃ | ᠮᠠᠲ᠋ᠧᠷᠢᠶᠠᠯ ᠤᠨ ᠬᠡᠯᠪᠡᠷᠢ᠄ A 4 ᠴᠠᠭᠠᠰᠤ︔ ᠱᠠᠭᠠᠷᠳᠠᠭᠳᠠᠬᠤ ᠮᠠᠲ᠋ᠧᠷᠢᠶᠠᠯ ᠢ ᠲᠤᠰ ᠪᠦᠷᠢ ᠨᠢᠭᠡ ᠬᠤᠪᠢ | ᠬᠠᠳᠠᠭᠠᠯᠠᠨ᠎ᠠ︔ ᠭᠠᠷ ᠤᠨ ᠦᠰᠦᠭ ᠵᠢᠷᠤᠵᠦ ᠲᠠᠮᠠᠭ᠎ᠠ ᠲᠠᠷᠤᠬᠤ ᠡᠰᠡᠬᠦ᠃ | ᠭᠦᠢᠴᠡᠳᠭᠡᠬᠦ ᠶᠠᠪᠤᠴᠠ᠄ ᠭᠤᠶᠤᠴᠢᠯᠠᠭᠴᠢ ᠭᠤᠶᠤᠴᠢᠯᠠᠯ ᠲᠡᠪᠰᠢᠭᠦᠯᠬᠦ → ᠬᠡᠷᠡᠭᠰᠡᠬᠦ ᠮᠠᠲ᠋ᠧᠷᠢᠶᠠᠯ ᠢᠶᠠᠨ ᠲᠤᠰᠢᠶᠠᠬᠤ | → ᠭᠦᠢᠴᠡᠳᠭᠡᠬᠦ ᠠᠵᠢᠯᠳᠠᠨ ᠬᠦᠯᠢᠶᠡᠨ ᠠᠪᠴᠤ ᠰᠢᠶᠳᠪᠦᠷᠢᠯᠡᠬᠦ᠂ ᠮᠠᠲ᠋ᠧᠷᠢᠶᠠᠯ ᠢ ᠬᠢᠨᠠᠨ ᠬᠠᠷᠭᠤᠭᠤᠯᠬᠤ → | ᠠᠩᠬᠠᠨ ᠤ ᠬᠢᠨᠠᠯᠲᠠ ᠬᠢᠷᠢ ᠲᠡᠩᠴᠡᠭᠰᠡᠨ ᠤ ᠲᠠᠷᠠᠭ᠎ᠠ ᠭᠤᠣᠯᠯᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠦᠯᠵᠦ ᠬᠢᠨᠠᠨ | ᠵᠥᠪᠰᠢᠶᠡᠷᠡᠭᠦᠯᠬᠦ → ︽ᠵᠠᠰᠠᠭ ᠵᠠᠬᠢᠷᠭᠠᠨ ᠤ ᠵᠥᠪᠰᠢᠶᠡᠷᠡᠯ ᠤᠯᠬᠤ ᠲᠣᠭᠲᠠᠭᠠᠯ ᠤᠨ ᠪᠢᠴᠢᠭ︾ ᠢ ᠲᠠᠷᠬᠠᠭᠠᠬᠤ → | ᠭᠤᠶᠤᠴᠢᠯᠠᠭᠴᠢ ᠳᠤ ︽ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠠᠪᠬᠤ ᠶᠢ ᠮᠡᠳᠡᠭᠳᠡᠬᠦ → | ᠭᠦᠢᠴᠡᠳᠭᠡᠨ ᠲᠠᠭᠤᠰᠠᠬᠠᠬᠤ |