ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠪᠢᠶᠠᠷᠢᠯᠠᠯᠲᠠ
ᠨᠡᠶᠢᠲᠡᠯᠡᠭᠰᠡᠨ ᠴᠠᠭ᠄
2018-11-02
ᠲᠦᠷᠦᠯ ᠵᠦᠢᠯ᠄ ᠵᠠᠰᠠᠭ ᠵᠠᠬᠢᠷᠭᠠᠨ ᠤ ᠤᠶᠢᠯᠡᠴᠢᠯᠡᠭᠡᠡᠲᠡᠭᠡᠳ ᠄ ᠬᠤᠪᠢ ᠬᠥᠮᠦᠨ ᠬᠠᠷᠢᠭᠤᠴᠠᠬᠤ ᠰᠠᠯᠠᠭ᠎ᠠ ᠮᠥᠴᠢᠷ᠄ ᠺᠠᠶᠢᠯᠦ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠯᠴᠠᠬᠤ ᠤᠲᠠᠰᠤ᠄ 0475—6220966ᠠᠵᠢᠯᠯᠠᠬᠤ ᠴᠠᠭ᠄ ᠲᠤᠬᠠᠶ ᠶᠢᠨ ᠭᠠᠵᠠᠷ ᠤᠨ ᠬᠡᠪ ᠤᠨ ᠠᠵᠢᠯᠯᠠᠬᠤ ᠴᠠᠭᠠᠵᠢᠯᠯᠠᠬᠠᠤ ᠠᠯᠪᠠᠨ ᠭᠡᠷ᠄ ᠺᠠᠶᠢᠯᠦ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠶᠡᠷᠦᠩᠬᠡᠶᠢᠯᠡᠭᠰᠡᠨ ᠠᠯᠪᠠᠨ ᠠᠰᠠᠷ ᠡᠰᠡᠭᠦᠯ᠎ᠡ ᠡᠯ᠎ᠡ ᠨᠡᠶᠢᠭᠡᠮ ᠲᠣᠭᠤᠷᠢᠭᠭᠤᠶᠤᠴᠢᠯᠠᠬᠤ ᠨᠥᠬᠦᠴᠡᠯ᠄ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠭᠰᠡᠨ ᠭᠡᠷ ᠦᠭᠡᠢ ᠡᠷᠦᠬᠡᠪᠠᠷᠢᠮᠲᠠ᠄ ᠺᠠᠶᠢᠯᠦ ᠰᠢᠶᠠᠨ ᠤ ᠭᠤᠣᠯ ᠬᠤᠲᠠ ᠶᠢᠨ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠲᠣᠬᠢᠷᠠᠭᠤᠯᠤᠨ ᠥᠭᠴᠦ ᠲᠦᠷᠢᠶᠡᠰᠦᠯᠡᠭᠦᠯᠬᠦ᠂ ᠡᠳ᠋ ᠪᠣᠳᠠᠰ ᠲᠦᠭᠡᠭᠡᠨ ᠬᠤᠳᠠᠯᠳᠤᠬᠤ ᠲᠤᠬᠠᠶ ᠬᠡᠷᠡᠭᠵᠢᠭᠦᠯᠬᠦ ᠲᠥᠰᠦᠯ ᠬᠡᠷᠡᠭᠰᠡᠬᠦ ᠮᠠᠲ᠋ᠧᠷᠢᠶᠠᠯ ᠄ ︵1︶ ᠭᠤᠶᠤᠴᠢᠯᠠᠭᠴᠢ ᠵᠢᠴᠢ ᠠᠳᠠᠯᠢ ᠨᠢᠭᠡ ᠡᠷᠤᠭᠡ ᠠᠮᠠ ᠶᠢᠨ ᠲᠠᠩᠰᠠ ᠲᠠᠢ ᠭᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠠᠩᠰᠠ ᠶᠢᠨ ᠳᠡᠪᠲᠡᠷ ︵ᠤᠭ ᠮᠠᠲ᠋ᠧᠷᠢᠶᠠᠯ ᠪᠣᠯᠤᠨ ᠪᠠᠭᠤᠯᠭᠠᠪᠤᠷᠢ︶ 2 ᠬᠤᠪᠢ᠂ ᠭᠤᠶᠤᠴᠢᠯᠠᠭᠴᠢ ᠶᠢᠨ ᠤᠶᠢᠷ᠎ᠠ ᠶᠢᠨ ᠬᠤᠭᠤᠴᠠᠭᠠᠨ ᠳᠠᠬᠢ ᠨᠢᠭᠡ ᠢᠮᠠᠬᠤ ᠪᠤᠳᠤᠭᠲᠤ ᠲᠡᠪᠢᠰᠭᠡᠷ ᠲᠠᠢ ᠰᠡᠭᠦᠳᠡᠷ 2 ᠬᠤᠪᠢ︔ ︵2︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠪᠠᠲᠤᠯᠠᠭ᠎ᠠ ᠶᠢᠨ ᠦᠨᠡᠮᠯᠡᠯ ︵ᠤᠭ ᠮᠠᠲ᠋ᠧᠷᠢᠶᠠᠯ ᠪᠣᠯᠤᠨ ᠪᠠᠭᠤᠯᠭᠠᠪᠤᠷᠢ︶ 2 ᠬᠤᠪᠢ︔ ︵3︶ ᠭᠡᠷ ᠪᠠᠶᠢᠰᠢᠩ ᠲᠦᠷᠢᠶᠡᠰᠦᠯᠡᠬᠦ ᠭᠡᠷ᠎ᠡ ᠵᠢᠴᠢ ᠲᠦᠷᠢᠶᠡᠰᠦᠨ ᠮᠥᠩᠭᠦ ᠶᠢᠨ ᠪᠠᠷᠢᠮᠲᠠ ︵ᠬᠠᠭᠤᠯᠪᠤᠷᠢ︶᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠤ ᠪᠡᠶ᠎ᠡ ᠶᠢᠨ ᠦᠨᠡᠮᠯᠡᠯ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠤᠨ ᠬᠠᠭᠤᠯᠪᠤᠷᠢ  ᠂ 2 ᠬᠤᠪᠢ᠂᠃ᠠᠩᠬᠠᠷᠠᠬᠤ ᠵᠤᠶᠢᠯ᠄ ᠭᠤᠶᠤᠴᠢᠯᠠᠭᠰᠠᠨ ᠭᠡᠷ ᠪᠦᠯᠢ ᠳᠣᠣᠷᠠᠬᠢ ᠨᠥᠬᠦᠴᠡᠯ ᠢ ᠬᠠᠮᠲᠤ ᠳᠤ ᠨᠢ ᠪᠦᠷᠢᠯᠳᠦᠭᠦᠯᠬᠦ ᠬᠡᠷᠡᠭᠲᠡᠶ᠄ ᠨᠢᠭᠡ᠂ ᠭᠤᠶᠤᠴᠢᠯᠠᠭᠴᠢ ᠺᠠᠶᠢᠯᠦ ᠰᠢᠶᠠᠨ ᠤ ᠭᠤᠣᠯ ᠬᠤᠲᠠ ᠶᠢᠨ ᠲᠣᠭᠤᠷᠢᠭ ᠤᠨ ᠬᠤᠳᠠ ᠶᠢᠨ ᠡᠷᠦᠬᠡ ᠠᠮᠠ ᠶᠢᠨ ᠳᠠᠩᠰᠠ 2 ᠵᠢᠯ ᠠᠴᠠ ᠳᠡᠭᠡᠭᠰᠢ᠂ ᠪᠦᠬᠦᠯᠢ 25 ᠨᠠᠰᠤ ᠬᠦᠷᠦᠭᠰᠡᠨ ᠪᠠᠶᠢᠬᠤ ᠬᠡᠷᠡᠭᠲᠡᠶ᠃ ᠬᠤᠶᠠᠷ᠂ ᠠᠷᠠᠳ ᠤᠨ ᠶᠠᠪᠤᠳᠠᠯ ᠤᠨ ᠲᠤᠪᠴᠢᠶᠠᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠠᠷᠠᠭᠠᠯᠵᠠᠯ ᠢ ᠡᠳ᠋ᠯᠡᠭᠰᠡᠨ ᠪᠠᠶᠢᠬᠤ ᠬᠡᠷᠡᠭᠳᠡᠢ᠃ ᠭᠤᠷᠪᠠ᠂ 3 ᠵᠢᠯ ᠤᠨ ᠳᠣᠲᠣᠷ᠎ᠠ ᠭᠤᠶᠤᠴᠢᠯᠠᠭᠴᠢ ᠵᠢᠴᠢ ᠠᠳᠠᠯᠢ ᠨᠢᠭᠡ ᠡᠷᠤᠭᠡ ᠠᠮᠠ ᠶᠢᠨ ᠲᠠᠩᠰᠠ ᠲᠠᠢ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠡᠭᠡᠷ᠎ᠡ ᠬᠡᠷ ᠪᠠᠶᠢᠰᠢᠩ ᠤᠨ ᠥᠮᠴᠢᠯᠡᠬᠦ ᠡᠷᠬᠡ ᠶᠢ ᠲᠡᠮᠳᠡᠭᠯᠡᠭᠰᠡᠨ ᠲᠡᠮᠳᠡᠭᠯᠡᠯ ᠦᠭᠡᠢ ᠪᠠᠶᠢᠬᠤ ᠬᠡᠷᠡᠭᠳᠡᠢ᠃ ᠳᠥᠷᠪᠡ᠂ 3 ᠵᠢᠯ ᠤᠨ ᠳᠣᠲᠣᠷ᠎ᠠ ᠭᠤᠶᠤᠴᠢᠯᠠᠬᠴᠢ ᠬᠡᠷ ᠪᠦᠯᠢ ᠡᠷᠦᠬᠡ ᠠᠮᠠ ᠶᠢᠨ ᠬᠠᠷᠢᠶ᠎ᠠ ᠪᠠᠨ ᠬᠤᠪᠢᠷᠠᠭᠤᠯᠬᠤ ᠲᠠᠩᠰᠠᠯᠠᠯᠳᠠ ᠬᠢᠭᠰᠡᠨ ᠪᠢᠰᠢ ᠬᠡᠷᠡᠭᠳᠡᠢ ︵ᠡᠭᠦᠨ ᠳᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠤᠷᠤᠭ ᠬᠤᠷᠢᠮ ᠤᠨ ᠬᠤᠪᠢᠷᠠᠯ᠂ ᠭᠡᠷ ᠪᠦᠯᠢ ᠶᠢᠨ ᠪᠦᠷᠢᠯᠳᠦᠬᠦᠨ ᠤ ᠬᠤᠪᠢᠷᠠᠯ ᠠᠴᠠ ᠪᠣᠯᠤᠭᠰᠠᠨ ᠡᠷᠦᠬᠡ ᠠᠮᠠ ᠶᠢᠨ ᠬᠠᠷᠢᠶ᠎ᠠ ᠪᠠᠨ ᠬᠤᠪᠢᠷᠠᠭᠤᠯᠬᠤ ᠶᠠᠪᠤᠳᠠᠯ ᠪᠠᠭᠲᠠᠬᠤ ᠦᠭᠡᠢ ᠭᠡᠪᠡᠴᠦ ᠬᠤᠯᠪᠣᠭᠳᠠᠯ ᠪᠦᠬᠦᠢ ᠭᠡᠷᠡᠴᠢ ᠳᠡᠪᠰᠢᠭᠦᠯᠬᠦ ᠬᠡᠷᠡᠭᠲᠡᠶ︶᠃ ᠲᠠᠪᠤ᠂ 3 ᠵᠢᠯ ᠤᠨ ᠳᠣᠲᠣᠷ᠎ᠠ ᠭᠤᠶᠤᠴᠢᠯᠠᠬᠴᠢ ᠵᠢᠴᠢ ᠬᠡᠷ ᠪᠦᠯᠢ ᠶᠢᠨ ᠪᠦᠷᠢᠯᠳᠦᠬᠦᠨ ᠤ ᠨᠡᠷ᠎ᠡ ᠳᠡᠭᠡᠷ᠎ᠡ ᠦᠭᠡᠢ ᠮᠠᠰᠢᠨᠲᠤ ᠲᠡᠷᠭᠡ ᠳᠠᠩᠰᠠᠯᠠᠬᠰᠠᠨ ᠡᠰᠡᠬᠦ᠂ ᠲᠡᠷᠭᠡ ᠰᠢᠯᠵᠢᠭᠦᠯᠬᠦ ᠲᠠᠩᠰᠠᠯᠠᠯᠳᠠ ᠬᠢᠭᠰᠡᠨ ᠡᠰᠡᠬᠦ ᠲᠡᠮᠳᠡᠭᠯᠡᠯ ᠪᠠᠶᠢᠬᠤ ᠬᠡᠷᠡᠭᠳᠡᠢ ︵ᠡᠭᠦᠨ ᠳᠤ ᠵᠢᠵᠢᠭ ᠦᠢᠯᠡᠳᠪᠦᠷᠢᠯᠡᠯ ᠤᠨ ᠬᠡᠯᠪᠡᠷᠢ ᠶᠢᠨ ᠲᠡᠷᠭᠡ ᠪᠠᠭᠲᠠᠬᠤ ᠦᠭᠡᠢ︶᠃  ᠵᠢᠷᠭᠤᠭ᠎ᠠ᠂ ᠭᠤᠶᠤᠴᠢᠯᠠᠭᠴᠢ ᠪᠤᠶᠤ ᠭᠡᠷ ᠪᠦᠯᠢ ᠶᠢᠨ ᠪᠦᠷᠢᠯᠳᠦᠬᠦᠨ ᠤ ᠲᠤᠳᠤᠷ᠎ᠠ ᠬᠡᠷᠪᠡ ᠤᠶᠤᠨ ᠵᠡᠮᠳᠡᠭ ᠪᠤᠶᠤ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠴᠢᠳᠠᠬᠤ ᠦᠭᠡᠢ ᠬᠥᠮᠦᠰ ᠵᠠᠪᠠᠯ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠪᠠᠶᠢᠬᠤ ᠬᠡᠷᠡᠭᠳᠡᠢ᠃ ᠳᠣᠯᠤᠭ᠎ᠠ᠂ ᠭᠤᠶᠤᠴᠢᠯᠠᠭᠴᠢ ᠵᠢᠴᠢ ᠠᠳᠠᠯᠢ ᠨᠢᠭᠡ ᠡᠷᠤᠭᠡ ᠠᠮᠠ ᠶᠢᠨ ᠲᠠᠩᠰᠠ ᠲᠠᠢ ᠭᠡᠷ ᠪᠦᠯᠢ ᠶᠢᠨ ᠪᠦᠷᠢᠯᠳᠦᠬᠦᠨ ᠨᠢᠭᠡᠨᠲᠡ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠷᠠᠭᠠᠯᠵᠠᠯ ᠢ ᠡᠳ᠋ᠯᠡᠵᠦ ᠪᠠᠶᠢᠭᠰᠠᠨ᠂ ᠭᠡᠬᠦ ᠳᠤ ᠤᠷᠤᠬ ᠰᠠᠯᠬᠤ᠂ ᠨᠡᠭᠦᠬᠦ ᠵᠡᠷᠭᠡ ᠰᠢᠯᠲᠠᠭᠠᠨ ᠠᠴᠠ ᠪᠣᠯᠵᠤ ᠡᠷᠦᠬᠡ ᠰᠠᠯᠤᠬᠰᠠᠨ ᠠᠴᠠ ᠪᠤᠯᠵᠦ ᠭᠡᠷ ᠦᠭᠡᠢ ᠪᠤᠯᠤᠬᠰᠠᠨ ᠪᠡᠶᠢᠪᠠᠯ ᠬᠦᠯᠢᠶᠡᠨ ᠠᠪᠴᠤ ᠰᠢᠶᠳᠪᠦᠷᠢᠯᠡᠬᠦ ᠦᠭᠡᠢ᠃ᠭᠦᠢᠴᠡᠳᠭᠡᠬᠦ ᠶᠠᠪᠤᠴᠠ᠄ ᠨᠢᠭᠡ᠂ ᠭᠤᠶᠤᠴᠢᠯᠠᠭᠴᠢ ᠰᠠᠭᠤᠵᠦ ᠪᠠᠶᠢᠭ᠎ᠠ ᠨᠡᠶᠢᠭᠡᠮ ᠲᠣᠭᠤᠷᠢᠭ ᠲᠤ ᠬᠦᠷᠴᠦ ︽ᠺᠠᠶᠢᠯᠦ ᠰᠢᠶᠠᠨ ᠤ ᠭᠤᠣᠯ ᠬᠤᠲᠠ ᠶᠢᠨ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠭᠤᠶᠤᠴᠢᠯᠠᠯ ᠤᠨ ᠬᠦᠰᠦᠨᠦᠭᠲᠦ︾ ︵ᠳᠣᠷᠣᠭᠰᠢ ︽ᠭᠤᠶᠤᠴᠢᠯᠠᠯ ᠤᠨ ᠬᠦᠰᠦᠨᠦᠭᠲᠦ︾︶ ᠭᠠᠷᠳᠠᠵᠦ ᠠᠪᠴᠦ᠂ ᠬᠡᠷ ᠪᠦᠯᠢ ᠶᠢᠨ ᠦᠨᠳᠦᠰᠦᠨ ᠪᠠᠶᠢᠳᠠᠯ ᠢ ᠲᠠᠬᠠᠯᠠᠨ ᠬᠠᠷᠢᠭᠤᠯᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠮᠠᠭ᠎ᠠ ᠳᠠᠷᠤᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠢᠨᠠᠨ ᠬᠠᠷᠭᠤᠭᠤᠯᠵᠤ ᠰᠠᠨᠠᠯ ᠪᠢᠴᠢᠭᠰᠡᠨ ᠪᠠᠶᠢᠬᠤ ᠬᠡᠷᠡᠭᠲᠡᠶ᠃ ᠬᠤᠶᠠᠷ᠂ ᠠᠩᠬᠠᠨ ᠤ ᠰᠢᠭᠦᠯᠲᠡ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠭᠤᠶᠤᠴᠢᠯᠠᠬᠤ ᠭᠡᠷ ᠪᠦᠯᠢ ᠶᠢᠨ ᠠᠵᠤ ᠠᠬᠤᠶ ᠶᠢᠨ ᠣᠷᠣᠯᠭ᠎ᠠ᠂ ᠭᠡᠷ ᠪᠦᠯᠢ ᠶᠢᠨ ᠪᠦᠷᠢᠯᠳᠦᠬᠦᠨ᠂ ᠣᠷᠣᠨ ᠰᠠᠭᠤᠴᠠ ᠶᠢᠨ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠡᠶ᠂ ᠨᠥᠬᠦᠴᠡᠯ ᠳᠤ ᠨᠡᠶᠢᠴᠡᠭᠰᠡᠨ ᠪᠠᠶᠢᠪᠠᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ︽ᠭᠤᠶᠤᠴᠢᠯᠠᠯ ᠤᠨ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ ᠰᠠᠨᠠᠯ ᠢᠶᠠᠨ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠺᠠᠶᠢᠯᠦ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠤᠶᠤᠴᠢᠯᠠᠯ ᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠭᠤᠷᠪᠠ᠂ ᠲᠠᠬᠢᠨ ᠰᠢᠭᠦᠯᠲᠡ᠂ ᠺᠠᠶᠢᠯᠦ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠦᠯᠦ ᠬᠦᠳᠡᠯᠬᠦ ᠬᠦᠷᠦᠩᠭᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠭᠤᠶᠤᠴᠢᠯᠠᠭᠴᠢ ᠶᠢᠨ ᠳᠡᠪᠰᠢᠭᠦᠯᠦᠨ ᠲᠤᠰᠢᠶᠠᠭᠰᠠᠨ ᠪᠦᠬᠦ ᠭᠤᠶᠤᠴᠢᠯᠠᠬᠤ ᠮᠠᠲ᠋ᠧᠷᠢᠶᠠᠯ ᠵᠢᠴᠢ ᠡᠷᠦᠬᠡ ᠳᠤ ᠣᠷᠣᠵᠤ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠠᠴᠠ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠶᠢᠨ ᠭᠡᠷ ᠪᠦᠯᠢ ᠶᠢᠨ ᠣᠷᠣᠯᠭ᠎ᠠ ᠵᠢᠴᠢ ᠣᠷᠣᠨ ᠰᠠᠭᠤᠴᠠ ᠶᠢᠨ ᠪᠠᠶᠢᠳᠠᠯ ᠵᠡᠷᠭᠡ ᠶᠢ ᠬᠢᠨᠠᠨ ᠬᠠᠷᠭᠤᠭᠤᠯᠤᠨ᠎ᠠ᠃ ᠳᠥᠷᠪᠡ᠂ ᠵᠠᠷᠯᠠᠨ ᠮᠡᠳᠡᠭᠳᠡᠬᠦ᠂ ᠺᠠᠶᠢᠯᠦ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠠᠴᠠ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠶᠢᠨ ᠨᠡᠷᠡᠰ ᠢ ᠲᠡᠭᠦᠨ ᠤ ᠣᠷᠣᠰᠢᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠳᠣᠯᠣᠭᠠᠨ ᠡᠳᠦᠷ ᠤᠨ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ ᠰᠠᠨᠠᠯ ᠪᠠᠶᠢᠬᠤ ᠦᠭᠡᠢ ᠪᠣᠯ ᠲᠠᠬᠢᠨ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠲᠤᠯᠤᠭᠠᠨ ᠡᠳᠦᠷ ᠤᠨ ᠬᠤᠭᠤᠴᠠᠭ᠎ᠠ ᠲᠠᠢ ᠵᠠᠷᠯᠠᠨ ᠨᠡᠶᠢᠳᠡᠯᠡᠨ᠎ᠡ᠂ ᠵᠠᠷ ᠬᠤᠭᠤᠴᠠᠭᠠᠨ ᠳᠣᠲᠣᠷ᠎ᠠ ᠣᠨᠳᠣᠣ ᠰᠠᠨᠠᠯ ᠦᠭᠡᠢ ᠪᠠᠶᠢᠪᠠᠯ ᠳᠠᠩᠰᠠᠯᠠᠭᠤᠯᠬᠤ ᠬᠡᠷᠡᠭᠲᠡᠶ᠃ ᠣᠨᠳᠣᠣ ᠰᠠᠨᠠᠯ ᠳᠤᠷᠠᠳᠤᠭᠰᠠᠨ ᠪᠠᠶᠢᠪᠠᠯ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠮᠦᠷᠳᠡᠭᠡᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠳᠡᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号