ᠬᠦᠷᠢᠶ᠎ᠠ ᠬᠤᠰᠢᠭᠤᠨ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ 130 ᠬᠦᠮᠤᠨ ᠪᠤᠢ
ᠨᠡᠶᠢᠲᠡᠯᠡᠭᠰᠡᠨ ᠴᠠᠭ᠄
2018-11-07
     ᠤᠶᠢᠷ᠎ᠠ ᠶᠢᠨ ᠵᠢᠯ ᠳᠤ᠂ ᠬᠦᠷᠢᠶ᠎ᠠ ᠬᠤᠰᠢᠭᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠴᠢᠩᠭᠠᠤᠡᠬᠠᠵᠤ᠂ ᠤᠳᠤᠬᠠᠨ ᠪᠦᠬᠦ ᠬᠤᠰᠢᠭᠤᠨ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ 130 ᠬᠦᠮᠤᠨ ᠪᠤᠯᠤᠬᠰᠠᠨ ᠪᠠᠶᠢᠨ᠎ᠠ᠃      ᠬᠦᠷᠢᠶ᠎ᠡ ᠬᠤᠰᠢᠭᠤᠨ ᠤ 195 ᠭᠠᠴᠠᠭ᠎ᠠ ᠪᠤᠯᠤᠨ ᠨᠡᠶᠢᠭᠡᠮ ᠲᠤᠭᠤᠷᠢᠭ ᠤᠨ ᠠᠷᠠᠳ ᠤᠨ ᠲᠤᠮᠳᠠᠬᠢ ᠤᠷᠠᠯᠢᠭᠴᠢᠨ᠂ ᠲᠦᠯᠦᠭᠡᠯᠡᠭᠴᠢ ᠴᠢᠨᠡᠷᠲᠠᠢ ᠤᠯᠠᠮᠵᠢᠯᠠᠭᠴᠢ ᠶᠢ ᠤᠷᠢᠳ ᠬᠤᠵᠢᠳ 350 ᠭᠠᠷᠤᠢ ᠬᠦᠮᠦᠨ ᠢ ᠰᠤᠷᠪᠤᠯᠵᠢᠯᠠᠵᠤ᠂ ᠠᠨᠳᠠᠢ᠂ ᠪᠢᠯᠠᠭᠤ᠂ ᠮᠤᠩᠭᠤᠯ ᠵᠦᠴᠦᠭᠡ᠂ ᠢᠵᠡᠭᠤᠷ ᠤᠷᠠᠯᠢᠭ ᠵᠡᠷᠭᠡ 260 ᠭᠠᠷᠤᠢ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠲᠦᠷᠦᠯ ᠵᠦᠢᠯ ᠢ ᠢᠯᠡᠷᠡᠬᠦᠯᠦᠨ ᠭᠠᠷᠭᠠᠵᠤ᠂ ᠬᠤᠰᠢᠭᠤ᠂ ᠬᠤᠳᠠ᠂ ᠤᠷᠤᠨ ᠪᠠ ᠤᠯᠤᠰ ᠤᠨ ᠲᠦᠷᠪᠡᠨ ᠲᠡᠰ ᠤᠨ ᠲᠦᠷᠦᠯ ᠵᠦᠢᠯ ᠢ ᠰᠢᠰᠲ᠋ᠧᠮ ᠲᠠᠢ ᠵᠢᠭᠰᠠᠭᠠᠨ ᠭᠠᠷᠭᠠᠵᠠᠢ᠃      ᠤᠳᠤ ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠲᠤ ᠭᠤᠤᠯᠳᠠᠭᠤ 10 ᠶᠡᠭᠡ ᠲᠦᠷᠦᠯ ᠤᠨ 147 ᠵᠦᠢᠯ ᠪᠤᠢ᠃ ᠡᠬᠦᠨ ᠳᠤ᠂ ᠤᠯᠤᠰ ᠤᠨ ᠲᠡᠰ ᠤᠨ ᠲᠦᠯᠦᠭᠡᠯᠡᠭᠴᠢ ᠴᠢᠨᠠᠷᠲᠠᠢ 2 ᠲᠦᠷᠦᠯ ᠵᠦᠢᠯ ᠪᠠᠶᠢᠵᠤ᠂ ᠮᠤᠩᠭᠤᠯ ᠦᠨᠳᠦᠰᠦᠳᠡᠨ ᠤ ᠠᠨᠳᠠᠢ ᠪᠦᠵᠢᠭ ᠪᠠ ᠪᠢᠯᠠᠭᠤ ᠪᠠᠭᠳᠠᠨ᠎ᠠ︔ ᠦᠪᠡᠷᠳᠡᠭᠡᠨ ᠵᠠᠰᠠᠬᠤ ᠤᠷᠤᠨ ᠤ ᠲᠡᠰ ᠤᠨ ᠲᠦᠯᠦᠭᠡᠯᠡᠭᠴᠢ ᠴᠢᠨᠡᠷᠲᠠᠢ 4 ᠲᠦᠷᠦᠯ ᠵᠦᠢᠯ ᠪᠤᠢ᠂ ᠡᠭᠦᠨ ᠳᠤ ᠬᠦᠷᠢᠶ᠎ᠠ ᠠᠷᠠᠳ ᠤᠨ ᠲᠠᠭᠤᠤ ᠂ ᠮᠤᠩᠭᠤᠯ ᠦᠨᠳᠦᠰᠦᠳᠡᠨ ᠤ ᠭᠠᠯ ᠲᠠᠬᠢᠬᠤ ᠶᠤᠰᠤᠨ᠂ ᠮᠤᠩᠭᠤᠯ ᠦᠨᠳᠦᠰᠦᠳᠡᠨ ᠤ ᠢᠷᠦᠭᠡᠯ ᠮᠠᠭᠳᠠᠭᠠᠯ᠂ ᠤᠯᠠᠮᠵᠢᠯᠠᠯᠳᠤ ᠮᠤᠩᠭᠤᠯ ᠡᠮᠨᠡᠯᠭᠡ ᠶᠢᠨ ᠵᠡᠭᠦᠤ ᠲᠦᠭᠡᠨᠡᠯᠭᠡ ᠵᠡᠷᠭᠡ ᠪᠠᠭᠳᠠᠨ᠎ᠠ︔ ᠬᠤᠳᠠ ᠶᠢᠨ ᠲᠡᠰ ᠤᠨ ᠲᠦᠯᠦᠭᠡᠯᠡᠭᠴᠢ ᠴᠢᠨᠠᠷᠲᠠᠢ ᠲᠦᠷᠦᠯ ᠵᠦᠢᠯ 7 ᠪᠤᠢ᠂ ᠰᠠᠭᠠᠭ ᠤᠨ ᠤᠮᠳᠠᠭᠠᠨ ᠢ ᠵᠤᠬᠢᠶᠠᠬᠤ᠂ ᠬᠤᠷᠴᠢᠨ ᠤ ᠮᠤᠩᠭᠤᠯ ᠵᠦᠴᠦᠭᠡ᠂ ᠬᠦᠷᠢᠶ᠎ᠠ ᠶᠢᠨ ᠠᠭᠤᠯᠠ ᠤᠰᠤᠨ ᠤ ᠲᠤᠮᠤᠭ ᠦᠯᠢᠭᠡᠷ᠂ ᠢᠵᠡᠭᠤᠷ ᠤᠷᠠᠯᠢᠬ᠂ ᠬᠦᠷᠢᠶ᠎ᠠ ᠶᠢᠨ ᠭᠠᠵᠠᠷ ᠤᠨ ᠨᠡᠷ᠎ᠠ ᠶᠢᠨ ᠲᠤᠮᠤᠭ ᠦᠯᠢᠭᠡᠷ᠂ ᠮᠤᠩᠭᠤᠯ ᠦᠨᠳᠦᠰᠦᠳᠡᠨ ᠤ ᠶᠠᠪᠠᠭᠠᠨ ᠦᠯᠢᠭᠡᠷ ᠲᠠᠢ ᠠᠷᠠᠳ ᠤᠨ ᠲᠠᠭᠤᠤ ︽ᠨᠠᠮᠰᠠᠷᠠᠢ︾ ᠪᠠ ᠰᠦᠮ᠎ᠠ ᠭᠡᠶᠢᠳ ᠤᠨ ᠬᠠᠨ᠎ᠠ ᠶᠢᠨ ᠵᠢᠷᠤᠭ ᠢ ᠪᠤᠳᠤᠵᠤ ᠵᠢᠷᠤᠬᠤ ᠭᠠᠷ ᠤᠷᠠᠯᠠᠯ ᠵᠡᠷᠭᠡ ᠪᠠᠭᠳᠠᠨ᠎ᠠ᠃       ᠤᠳᠤ ᠬᠦᠷᠢᠶ᠎ᠠ ᠬᠤᠰᠢᠭᠤᠨ ᠳᠤ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠤᠯᠠᠮᠵᠢᠯᠠᠭᠴᠢ 1 ᠪᠠᠶᠢᠵᠤ᠂ ᠤᠷᠤᠨ ᠤ ᠲᠡᠰ ᠤᠨ ᠲᠦᠯᠦᠭᠡᠯᠡᠭᠴᠢ ᠴᠢᠨᠠᠷᠲᠠᠢ ᠤᠯᠠᠮᠵᠢᠯᠠᠭᠴᠢ 5᠂ ᠬᠤᠳᠠ ᠶᠢᠨ ᠲᠡᠰ ᠤᠨ ᠲᠦᠯᠦᠭᠡᠯᠡᠭᠴᠢ ᠴᠢᠨᠠᠷᠲᠠᠢ ᠤᠯᠠᠮᠵᠢᠯᠠᠭᠴᠢ 24᠂ ᠬᠤᠰᠢᠭᠤᠨ ᠲᠡᠰ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ 100 ᠬᠦᠮᠦᠨ ᠪᠠᠶᠢᠨ᠎ᠠ᠃ ᠪᠦᠬᠦ ᠬᠤᠰᠢᠭᠤᠨ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠰᠤᠷᠤᠯᠴᠠᠬᠤ ᠰᠤᠷᠭᠠᠭᠤᠯᠢ 5 ᠪᠤᠢ᠂ ᠡᠭᠦᠨ ᠳᠤ ︽ᠠᠨᠳᠠᠢ︾ ᠶᠢᠨ ᠤᠯᠠᠮᠵᠢᠯᠠᠨ ᠵᠠᠯᠭᠠᠮᠵᠢᠯᠠᠬᠤ ᠵᠢᠱᠢᠶᠡᠴᠢ ᠰᠤᠷᠭᠠᠭᠤᠯᠢ 5᠂ ︽ᠪᠢᠯᠠᠭᠤ︾ ᠶᠢᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 2᠂ ᠬᠦᠷᠢᠶ᠎ᠠ ᠠᠷᠠᠳ ᠤᠨ ᠲᠠᠭᠤᠤ ᠶᠢᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 4᠂ ᠮᠤᠷᠢᠨ ᠬᠤᠭᠤᠷ ᠤᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 2᠂ ᠠᠭᠤᠯᠠ ᠤᠰᠤᠨ ᠤ ᠲᠤᠮᠤᠭ ᠦᠯᠢᠭᠡᠷ ᠤᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 1 ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号