— ᠮᠤᠩᠭᠤᠯᠴᠦᠳ ᠤᠨ ᠬᠠᠮᠳᠤ ᠶᠢᠨ ᠦᠪ ᠰᠤᠶᠤᠯ ᠪᠤᠯᠬᠤ ᠦᠬᠡ ᠬᠡᠯᠡ | ᠦᠰᠦᠭ ᠪᠢᠴᠢᠭ ᠢᠶᠠᠨ ᠬᠠᠮᠠᠭᠠᠯᠠᠨ ᠬᠦᠭᠵᠢᠬᠦᠯᠬᠦ ᠲᠤᠬᠠᠢ | | ᠤᠷᠢᠶᠠᠩᠬᠠᠨ ᠤ · ᠶᠤᠨᠳᠤᠨ | | ᠮᠠᠨ ᠤ ᠮᠤᠩᠭᠤᠯ ᠦᠨᠳᠦᠰᠦᠳᠡᠨ ᠪᠤᠯ ᠡᠷᠡᠯᠭᠡᠭ ᠪᠠᠭᠠᠳᠤᠷᠯᠢᠭ ᠡᠷᠡᠰ ᠴᠢᠩᠭ᠎ᠠ᠂ ᠪᠢᠯᠢᠭ ᠤᠬᠠᠭᠠᠨ ᠬᠤᠷᠴᠠ | ᠰᠡᠷᠭᠡᠭ᠂ ᠪᠠᠶᠢᠭᠠᠯᠢ ᠲᠠᠢ ᠪᠠᠨ ᠡᠶᠡᠷᠡᠭᠰᠡᠨ ᠴᠠᠶᠢᠯᠭᠠᠨ ᠴᠠᠭᠠᠬᠠᠨ ᠰᠡᠳᠭᠢᠯᠭᠡ ᠲᠠᠢ ᠨᠡᠭᠦᠳᠡᠯ ᠮᠠᠯᠵᠢᠯ ᠤᠨ | ᠲᠠᠪᠰᠢᠩᠭᠤᠢ ᠰᠤᠶᠤᠯ ᠢ ᠡᠭᠦᠳᠦᠭᠰᠡᠨ ᠪᠦᠭᠡᠳ ᠦᠢᠯᠡᠳᠦᠯᠭᠡᠵᠢᠭᠦᠯᠦᠭᠰᠡᠨ ᠤᠯᠠᠨ ᠤᠪᠤᠭᠳᠠᠨ ᠶᠠᠰᠤᠳᠠᠨ ᠢᠶᠠᠷ | ᠪᠦᠷᠢᠯᠳᠦᠭᠰᠡᠨ ᠶᠡᠷᠦ ᠪᠤᠰᠤ ᠶᠢᠨ ᠦᠨᠳᠦᠰᠦᠳᠡᠨ ᠪᠠᠶᠢᠭ᠎ᠠ ᠶᠤᠮ᠃ ᠮᠤᠩᠭᠤᠯ ᠲᠦᠷᠦ ᠶᠢᠨ ᠬᠢᠯᠪᠠᠭ᠎ᠠ ᠶᠢ ᠠᠯᠳᠠᠨ | ᠲᠡᠯᠡᠬᠡᠢ ᠳᠤ ᠰᠠᠴᠤᠷᠠᠭᠤᠯᠵᠦ᠂ ᠠᠽᠢᠶ᠎ᠠ ᠡᠸᠦ᠋ᠷᠤᠫᠠ ᠢᠶᠠᠷ ᠬᠠᠨ᠎ᠠ ᠪᠠᠨ ᠬᠤᠷᠤᠭᠠᠯᠠᠭᠰᠠᠨ ᠬᠦᠮᠦᠨ ᠪᠤᠯ ᠠᠭᠤᠤ ᠶᠡᠭᠡ | ᠴᠢᠩᠭᠢᠰ ᠬᠠᠭᠠᠨ᠂ ᠡᠨᠡᠬᠦ ᠠᠭᠤᠤ ᠶᠡᠭᠡ ᠬᠦᠮᠦᠨ ᠤ ᠴᠤᠭᠴᠠᠯᠠᠵᠦ ᠪᠠᠶᠢᠭᠤᠯᠤᠭᠰᠠᠨ ᠠᠯᠳᠠᠨ ᠲᠡᠭᠡᠪᠦᠷᠳᠦ ᠲᠤᠮᠤ ᠭᠡᠷ | ᠪᠦᠯᠢ ᠳᠤ ᠮᠤᠩᠭᠤᠯ ᠦᠨᠳᠦᠰᠦᠳᠡᠨ ᠭᠡᠬᠦ ᠤᠯᠠᠨ ᠤᠭᠰᠠᠭ᠎ᠠ ᠶᠠᠰᠤᠳᠠᠳ ᠪᠦᠷᠢᠯᠳᠦᠨ ᠪᠤᠢ ᠪᠤᠯᠵᠦ᠂ ᠬᠦᠭᠵᠢᠨ | ᠪᠤᠵᠠᠭᠠᠶᠢᠷᠠᠭᠰᠠᠨ ᠪᠠᠶᠢᠭ᠎ᠠ ᠶᠤᠮ᠃ ᠡᠶᠢᠮᠦ ᠠᠴᠠ ᠪᠢᠳᠡ ᠦᠪᠡᠷ ᠤᠨ ᠦᠨᠳᠦᠰᠦᠳᠡᠨ ᠢᠶᠠᠨ ︽ᠮᠤᠩᠭᠤᠯ | ᠲᠤᠭᠤᠷᠭᠠᠳᠠᠨ︾ ᠭᠡᠳᠡᠭ ᠪᠤᠶᠤ ︽ᠢᠰᠡᠭᠡᠢ ᠲᠤᠭᠤᠷᠭᠠᠳᠠᠨ︾᠂ ︽ᠮᠤᠩᠭᠤᠯ ᠲᠤᠯᠭᠠᠳᠠᠨ︾ ᠴᠤ ᠭᠡᠳᠡᠭ ᠶᠤᠮᠰᠠᠨ᠃ | ᠮᠤᠩᠭᠤᠯ ᠲᠤᠭᠤᠷᠭᠠᠳᠠᠨ ᠤ ᠲᠤᠯᠭ᠎ᠠ ᠶᠢᠨ ᠭᠠᠯ ᠢ ︽ᠡᠵᠡᠨ ᠴᠢᠩᠭᠢᠰ ᠴᠠᠬᠢᠵᠦ᠂ ᠡᠰᠢ ᠬᠠᠳᠤᠨ ᠦᠯᠢᠶᠡᠨ︾ | ᠨᠤᠴᠤᠭᠠᠵᠦ ᠲᠦᠷᠡᠯᠵᠢᠭᠦᠯᠦᠭᠰᠡᠨ ᠶᠤᠮ᠃ ᠮᠦᠩᠭᠡ ᠲᠡᠭᠷᠢ ᠠᠴᠠ ᠡᠰᠢ ᠲᠠᠢ ᠡᠵᠡᠨ ᠴᠢᠩᠭᠢᠰ ᠤᠨ ᠬᠦᠭᠡ | ᠲᠤᠯᠪᠤᠳᠠᠨ ᠤ ᠮᠦᠩᠭᠡ ᠭᠠᠯ ᠢᠩᠭᠢᠵᠦ ᠬᠦᠭᠵᠢᠵᠦ᠂ ᠮᠤᠩᠭᠤᠯ ᠦᠨᠳᠦᠰᠦᠳᠡᠨ ᠤ ᠲᠡᠭᠡᠳᠦ ᠲᠡᠰ ᠤᠨ ᠦᠭᠡᠳᠡᠯᠡᠨ | ᠮᠬᠠᠳᠤᠭᠰᠠᠨ ᠶᠡᠭᠡ ᠲᠡᠤᠬᠡ ᠶᠢ ᠪᠦᠳᠦᠭᠡᠭᠰᠡᠨ ᠶᠤᠮ᠃ ᠡᠨᠡ ᠪᠤᠯ ᠮᠠᠨ ᠤ ᠮᠤᠩᠭᠤᠯ ᠦᠨᠳᠦᠰᠦᠳᠡᠨ ᠤ ᠠᠷᠠᠳ | ᠲᠦᠮᠡᠨ ᠤ ᠬᠠᠮᠳᠤ ᠶᠢᠨ ᠪᠦᠳᠦᠭᠡᠵᠦ ᠲᠡᠯᠡᠬᠡᠢ ᠶᠢ ᠲᠤᠩᠰᠤᠯᠭᠠᠭᠰᠠᠨ ᠰᠠᠴᠤᠷᠠᠩᠭᠤᠢ ᠲᠡᠤᠬᠡ ᠪᠤᠯᠤᠨ᠎ᠠ᠃ | ᠨᠢᠭᠡ ᠦᠨᠳᠦᠰᠦᠳᠡᠨ ᠤ ᠦᠨᠳᠦᠰᠦᠨ ᠤᠨᠴᠠᠯᠢᠭ ᠰᠢᠨᠵᠢ ᠭᠡᠪᠡᠯ ᠦᠪᠡᠷ ᠤᠨ ᠭᠡᠬᠦ ᠦᠬᠡ ᠬᠡᠯᠡ ᠲᠠᠢ | ᠪᠠᠶᠢᠬᠤ᠂ ᠦᠨᠳᠦᠰᠯᠡᠵᠦ ᠤᠯᠠᠮᠵᠢᠯᠠᠬᠤ ᠦᠰᠦᠭ ᠪᠢᠴᠢᠭ ᠲᠠᠢ ᠪᠠᠶᠢᠬᠤ᠂ ᠡᠵᠡᠮᠰᠢᠵᠦ ᠪᠤᠯᠬᠤ ᠨᠤᠲᠤᠭ ᠲᠡᠪᠢᠰᠭᠡᠷ | ᠲᠠᠢ ᠪᠠᠶᠢᠬᠤ᠂ ᠡᠵᠡᠩᠨᠡᠵᠦ ᠬᠢᠬᠦ ᠠᠵᠦ ᠠᠬᠤᠢ ᠲᠠᠢ ᠪᠠᠶᠢᠬᠤ᠂ ᠦᠪᠯᠡᠵᠦ ᠠᠪᠬᠤ ᠰᠢᠳᠦᠯᠭᠡ ᠪᠢᠰᠢᠷᠡᠯ ᠲᠠᠢ ᠪᠠᠶᠢᠬᠤ | ᠵᠡᠷᠭᠡ ᠭᠤᠤᠯ ᠤᠨᠴᠠᠯᠢᠭ ᠰᠢᠨᠵᠢ ᠶᠢ ᠪᠦᠷᠢᠯᠳᠦᠭᠦᠯᠦᠭᠰᠡᠨ ᠪᠠᠶᠢᠬᠤ ᠶᠤᠰᠤᠳᠠᠢ ᠶᠤᠮ᠃ ᠮᠤᠩᠭᠤᠯ ᠦᠨᠳᠦᠰᠦᠳᠡᠨ | ᠪᠤᠯ ᠲᠤᠯᠤᠭᠠᠨ ᠵᠠᠭᠤᠨ ᠵᠢᠯ ᠤᠨ ᠲᠤᠷᠰᠢ᠂ ᠮᠢᠩ᠂ ᠴᠢᠩ᠂ ᠲᠤᠮᠳᠠᠳᠤ ᠢᠷᠭᠡᠨ ᠤᠯᠤᠰ ᠵᠡᠷᠭᠡ ᠲᠦᠷᠦ ᠶᠢᠨ | ᠨᠤᠶᠠᠷᠬᠠᠯ ᠤᠨ ᠲᠠᠷᠤᠯᠠᠯ ᠭᠠᠳᠠᠭᠤᠷᠴᠢᠯᠠᠯ ᠪᠠ ᠬᠢᠳᠡᠳ ᠤᠨ ᠦᠨᠳᠦᠰᠦᠳᠡᠨ ᠤ ᠲᠡᠬᠡᠷᠡᠩᠭᠦᠢ ᠦᠵᠡᠯ ᠤᠨ ᠲᠤᠷᠤᠮᠵᠢᠯᠡᠯ | ᠭᠤᠳᠤᠭᠠᠯ ᠢ ᠠᠮᠰᠠᠵᠦ ᠢᠷᠡᠭᠰᠡᠨ ᠪᠤᠯᠪᠠᠴᠤ ᠦᠪᠡᠷ ᠤᠨ ᠦᠨᠳᠦᠰᠦᠳᠡᠨ ᠤ ᠤᠯᠠᠨ ᠦᠶ᠎ᠡ ᠶᠢᠨ ᠡᠷᠳᠡᠮᠳᠡᠨ | ᠮᠡᠷᠭᠡᠳ ᠤᠨ ᠢᠶᠠᠨ ᠠᠷᠭ᠎ᠠ ᠤᠬᠠᠭᠠᠨ ᠪᠠ ᠪᠤᠰᠤᠭ᠎ᠠ ᠮᠤᠩᠭᠤᠯ ᠦᠰᠦᠭ ᠤᠨ ᠢᠶᠠᠨ ᠠᠪᠤᠷᠠᠯ ᠳᠤ ᠰᠢᠳᠦᠵᠦ᠂ ᠡᠳᠦᠭᠡ | ᠪᠤᠯᠳᠠᠯ᠎ᠠ ᠦᠨᠳᠦᠰᠦᠳᠡᠨ ᠤ ᠪᠠᠨ ᠪᠦᠷᠢᠨ ᠤᠨᠴᠠᠯᠢᠭ ᠰᠢᠨᠵᠢ ᠶᠢ ᠬᠠᠳᠠᠭᠠᠯᠠᠭᠰᠠᠭᠠᠷ ᠢᠷᠡᠵᠡᠢ᠃ ᠡᠨᠡ ᠨᠢ ᠮᠠᠨ ᠤ | ᠮᠤᠩᠭᠤᠯ ᠦᠨᠳᠦᠰᠦᠳᠡᠨ ᠤ ᠠᠭᠤᠤ ᠶᠡᠭᠡ ᠮᠦᠭᠦᠰᠢ ᠦᠭᠡᠢ ᠨᠢᠭᠡᠳᠦᠭᠰᠡᠨ ᠵᠤᠷᠢᠭ ᠰᠠᠨᠠᠭ᠎ᠠ ᠪᠦᠭᠡᠳ | ᠤᠮᠳᠤᠭᠠᠶᠢᠯᠠᠵᠦ ᠪᠤᠯᠤᠰᠢ ᠦᠭᠡᠢ ᠲᠤᠷᠰᠢᠯᠭ᠎ᠠ ᠰᠤᠷᠭᠠᠮᠵᠢ ᠪᠤᠯᠳᠠᠭ ᠤᠴᠢᠷ ᠲᠠᠢ᠃ ᠶᠡᠭᠡ ᠦᠨᠳᠦᠰᠦᠳᠡᠨ ᠤ | ᠲᠡᠭᠡᠷᠡᠩᠭᠦᠢ ᠦᠵᠡᠯ ᠤᠨ ᠰᠠᠨᠠᠭᠠᠴᠢᠯᠭ᠎ᠠ ᠲᠠᠢ ᠪᠤᠶᠤ ᠶᠡᠭᠡ ᠦᠨᠳᠦᠰᠦᠳᠡᠨ ᠤ ᠠᠶᠠᠨᠳᠠᠭᠠᠨ ᠤ ᠨᠦᠯᠦᠭᠡᠯᠡᠯ ᠨᠢ | ᠴᠦᠭᠡᠨ ᠲᠤᠭᠠᠳᠤ ᠦᠨᠳᠦᠰᠦᠳᠡᠨ ᠤ ᠤᠷᠤᠰᠢᠨ ᠲᠤᠭᠳᠠᠨᠢᠯ ᠳᠤ ᠴᠠᠭ ᠢᠮᠠᠭᠳᠠ ᠰᠦᠷᠳᠡᠭᠦᠯᠦᠯ ᠪᠤᠯᠵᠦ ᠪᠠᠶᠢᠳᠠᠭ᠃ | ᠲᠡᠭᠦᠨ ᠤ ᠪᠤᠳᠠᠳᠤ ᠵᠢᠱᠢᠶ᠎ᠡ ᠪᠤᠯ ︽ᠤᠯᠠᠭᠠᠨ ᠮᠠᠯᠠᠭᠠᠶᠢᠳᠦ ᠶᠢᠨ ᠴᠢᠰᠦᠳᠦ ᠬᠢᠳᠤᠯᠭ᠎ᠠ︾᠂ ︽ᠰᠤᠶᠤᠯ ᠤᠨ | ᠬᠤᠪᠢᠰᠬᠠᠯ ᠤᠨ ᠰᠠᠮᠠᠭᠤᠷᠠᠯ︾ ᠤᠨ ᠬᠠᠷᠬᠢᠰ ᠲᠠᠷᠤᠩᠭᠤᠶᠢᠯᠠᠯ ᠪᠤᠯᠬᠤ ᠶᠢ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠡᠤᠬᠡ ᠳᠤ ᠭᠡᠷᠡᠴᠢᠯᠡᠨ ᠳ᠋ᠦᠩᠨᠡᠭᠰᠡᠨ ᠪᠠᠶᠢᠭ᠎ᠠ ᠶᠤᠮ᠃ ᠭᠡᠳᠡᠯ᠎ᠡ ᠶᠡᠭᠡ ᠦᠨᠳᠦᠰᠦᠳᠡᠨ ᠤ ᠲᠡᠭᠡᠷᠡᠩᠭᠦᠢ | ᠦᠵᠡᠯ ᠬᠢᠳᠡᠳ ᠡᠷᠳᠡᠮᠳᠡᠳ ᠤᠨ ᠲᠤᠮᠳᠠ ᠮᠦᠨ ᠯᠡ ᠵᠠᠢ ᠠᠪᠤᠭᠰᠠᠭᠠᠷ ᠪᠠᠶᠢᠭ᠎ᠠ᠂ ᠡᠭᠦᠨ ᠤ ᠨᠢᠭᠡᠨ ᠵᠢᠱᠢᠶ᠎ᠡ ᠪᠤᠯ᠂ | ᠴᠢᠩᠭᠢᠰ ᠰᠦᠯᠵᠢᠶᠡᠨ ᠳᠠᠬᠢ ᠪᠢᠯᠢᠭᠦᠨᠳᠠᠯᠠᠢ ᠶᠢᠨ ︽ᠪᠤᠳᠤᠭ ᠠᠷᠢᠯᠪᠠᠴᠤ ᠤᠳᠤᠮ ᠠᠷᠢᠯᠬᠤ ᠦᠭᠡᠢ︾ ᠭᠡᠬᠦ | ᠦᠭᠦᠯᠡᠯ ᠳᠤ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠡᠾᠤ ᠬᠠᠨ ᠭᠠᠩ᠂ ᠡᠾᠤ ᠯᠢᠶᠠᠨ ᠡᠾᠧ ᠵᠡᠷᠭᠡ | ᠬᠦᠮᠦᠰ ᠤᠨ ᠪᠢᠴᠢᠭᠰᠡᠨ ᠲᠤᠮᠳᠠᠳᠤ ᠶᠢᠨ ᠴᠦᠭᠡᠨ ᠲᠤᠭᠠᠳᠤ ᠦᠨᠳᠦᠰᠦᠳᠡᠨ ᠨᠦᠭᠦᠳ ᠢ ᠬᠠᠶᠢᠯᠠᠭᠤᠯᠤᠨ ᠤᠰᠤᠠᠬᠠᠬᠤ | ᠲᠤᠬᠠᠢ ᠭᠠᠵᠢᠭᠤ ᠦᠭᠦᠯᠡᠯ ᠢ ᠰᠢᠭᠦᠮᠵᠢᠯᠡᠭᠰᠡᠨ ᠪᠠᠶᠢᠳᠠᠭ᠃ ᠬᠡᠷᠪᠡ ᠡᠨᠡ ᠨᠢ ᠦᠨᠡᠨ ᠪᠤᠯ ᠡᠳᠡᠭᠡᠷ ᠬᠦᠮᠦᠰ | ᠦᠨᠳᠦᠰᠦᠳᠡᠨ ᠤ ᠪᠦᠯᠬᠦᠮᠳᠠᠯ ᠢ ᠬᠠᠭᠠᠴᠠᠭᠤᠯᠤᠭᠰᠠᠨ ᠡᠬᠡ ᠤᠯᠤᠰ ᠤᠨ ᠨᠢᠭᠡᠳᠦᠯ ᠳᠤ ᠠᠰᠢᠭ ᠦᠭᠡᠢ ᠲᠡᠷᠰᠯᠡᠭᠦᠤ | ᠦᠬᠡ ᠶᠠᠷᠢᠶᠠᠨ ᠳᠠᠭᠠᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠤᠰᠤᠳᠠᠢ᠃ ︽ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ᠤᠯᠤᠰ ᠤᠨ ︽ᠦᠨᠳᠦᠰᠦᠳᠡᠨ ᠤ ᠦᠪᠡᠷᠳᠡᠭᠡᠨ ᠵᠠᠰᠠᠬᠤ | ᠬᠠᠤᠯᠢ︾ ᠵᠡᠷᠭᠡ ᠦᠨᠳᠦᠰᠦ ᠪᠤᠯᠬᠤ ᠲᠦᠷᠦ ᠶᠢᠨ ᠬᠠᠤᠯᠢ ᠶᠢᠨ ᠦᠨᠳᠦᠰᠦᠨ ᠵᠠᠷᠴᠢᠮ ᠢ ᠵᠦᠷᠢᠴᠡᠭᠰᠡᠨ ᠬᠡᠷᠡᠭ | ᠪᠠᠶᠢᠭ᠎ᠠ ᠶᠤᠮ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠤᠷᠢᠯᠳᠠ ᠪᠤᠯ ᠦᠨᠳᠦᠰᠦᠳᠡᠨ ᠪᠦᠬᠦᠨ ᠢ | ᠪᠦᠯᠬᠦᠮᠳᠠᠭᠦᠯᠵᠦ᠂ ᠬᠠᠮᠳᠤ ᠪᠠᠷ ᠴᠡᠴᠡᠭᠯᠡᠨ ᠬᠦᠭᠵᠢᠬᠦᠯᠬᠦ ᠶᠢ ᠪᠠᠶᠠᠯᠡᠭᠦᠯᠵᠦ᠂ ᠡᠬᠡ ᠤᠷᠤᠨ ᠤ ᠨᠢᠭᠡᠳᠦᠯ ᠢ ᠬᠠᠮᠠᠭᠠᠯᠠᠨ | ᠬᠦᠭᠵᠢᠬᠦᠯᠬᠦ ᠶᠠᠪᠤᠳᠠᠯ ᠪᠤᠯᠬᠤ ᠶᠤᠮ᠃ ᠬᠡᠷᠪᠡ ᠡᠾᠤ ᠬᠠᠨ ᠭᠠᠩ ᠮᠡᠳᠦ ᠶᠢᠨ ᠶᠡᠭᠡ ᠬᠢᠳᠡᠳᠴᠢᠯᠠᠬᠤ ᠦᠵᠡᠯ ᠢᠶᠠᠷ | ᠲᠦᠷᠦ ᠶᠢ ᠶᠠᠪᠤᠭᠤᠯᠵᠦ᠂ 56 ᠴᠦᠬᠡᠨ ᠲᠤᠭᠠᠳᠤ ᠦᠨᠳᠦᠰᠦᠳᠡᠨ ᠳᠤ ᠬᠢᠬᠠᠯᠳᠠ ᠲᠠᠷᠤᠯᠠᠯ ᠦᠵᠡᠭᠦᠯᠦᠨ᠂ | ᠲᠤᠷᠤᠮᠵᠢᠯᠠᠨ ᠭᠤᠳᠣᠭᠠᠬᠤ ᠦᠶ᠎ᠡ ᠳᠤ ᠬᠦᠷᠪᠡᠯ ᠲᠤᠮᠳᠠᠳᠤ ᠤᠯᠤᠰ ᠲᠤ ᠶᠡᠭᠡ ᠰᠠᠮᠠᠭᠤᠷᠠᠯ ᠶᠡᠭᠡ ᠵᠠᠳᠠᠷᠠᠯ ᠭᠠᠷᠬᠤ | ᠴᠠᠭ ᠦᠶ᠎ᠡ ᠪᠤᠯᠤᠨ᠎ᠠ᠃ ᠡᠭᠦᠨ ᠢ ᠲᠤᠮᠳᠠᠳᠤ ᠤᠯᠤᠰ ᠤᠨ ᠡᠪ ᠬᠠᠮᠳᠤᠴᠦᠳ ᠵᠦᠪᠰᠢᠶᠡᠷᠡᠬᠦ ᠦᠭᠡᠢ ᠪᠦᠭᠡᠳ | ᠲᠡᠯᠡᠬᠡᠢ ᠶᠢᠨ ᠶᠡᠭᠡ ᠬᠦᠭᠵᠢᠯᠳᠡ ᠶᠢᠨ ᠤᠷᠤᠰᠬᠠᠯ ᠴᠤ ᠬᠦᠯᠢᠶᠡᠬᠦ ᠦᠭᠡᠢ ᠪᠠᠶᠢᠬ᠎ᠠ︕ | ᠲᠡᠭᠡᠷᠡᠬᠢ ᠪᠤᠯ ᠶᠡᠭᠡ ᠲᠦᠷᠦ ᠶᠢᠨ ᠶᠠᠪᠤᠳᠠᠯ ᠪᠤᠯᠬᠤᠷ ᠤᠯᠠᠨ ᠦᠬᠦᠯᠡᠬᠦ ᠤᠴᠢᠷ ᠦᠭᠡᠢ᠂ ᠮᠢᠨᠤ ᠮᠤᠩᠭᠤᠯ | ᠲᠤᠭᠤᠷᠭᠠᠳᠠᠨ ᠳᠠᠭᠠᠨ ᠬᠡᠯᠡᠬᠦ ᠭᠡᠵᠦ ᠪᠠᠶᠢᠭ᠎ᠠ ᠦᠬᠡ ᠪᠤᠯ ᠦᠪᠡᠷ ᠤᠨ ᠦᠨᠳᠦᠰᠦᠳᠡᠨ ᠤ ᠲᠤᠲᠤᠭᠠᠳᠤ ᠶᠢᠨ | ᠤᠷᠤᠰᠢᠵᠦ ᠪᠠᠶᠢᠭ᠎ᠠ ᠠᠰᠠᠭᠤᠳᠠᠯ ᠳᠤ ᠵᠠᠳᠠᠯᠤᠯᠳᠠ ᠬᠢᠵᠦ᠂ ᠦᠪᠡᠷ ᠤᠨ ᠶᠠᠪᠤᠳᠠᠯ ᠢᠶᠠᠨ ᠦᠪᠡᠷᠳᠡᠭᠡᠨ ᠪᠦᠯᠬᠦᠮᠳᠡᠵᠦ᠂ | ᠯᠠᠪᠳᠠᠭᠤᠨ ᠪᠦᠳᠦᠮᠵᠢᠳᠡᠢ ᠰᠡᠶᠢᠳᠪᠦᠷᠢᠯᠡᠬᠦ ᠭᠡᠰᠡᠨ ᠦᠴᠦᠬᠡᠨ ᠰᠠᠨᠠᠭ᠎ᠠ ᠪᠠᠨ ᠢᠯᠡᠳᠭᠡᠬᠦ ᠶᠢᠨ ᠲᠤᠯᠠᠳᠠ ᠶᠤᠮ᠃ | ᠮᠤᠩᠭᠤᠯᠴᠦᠳ ᠪᠤᠯ ᠦᠨᠳᠦᠰᠦᠳᠡᠨ ᠤ ᠲᠠᠪᠤᠨ ᠶᠡᠭᠡ ᠤᠨᠴᠠᠯᠢᠭ ᠰᠢᠨᠵᠢ ᠶᠢ ᠪᠦᠷᠢᠯᠳᠦᠭᠦᠯᠦᠭᠰᠡᠨ ᠲᠡᠤᠬᠡᠨ ᠳᠤ | ᠠᠯᠳᠠᠷᠳᠠᠢ ᠦᠨᠳᠦᠰᠦᠳᠡᠨ ᠪᠠᠶᠢᠭᠰᠠᠨ ᠶᠤᠮ᠃ ᠮᠤᠩᠭᠤᠯ ᠦᠬᠡ ᠬᠡᠯᠡ ᠦᠰᠦᠭ ᠪᠢᠴᠢᠭ ᠨᠢ ᠨᠡᠩ ᠢᠯᠠᠩᠭᠤᠶ᠎ᠠ | ᠶᠡᠭᠡ ᠮᠤᠩᠭᠤᠯ ᠤᠨ ᠦᠶ᠎ᠡ ᠳᠤ ᠲᠡᠯᠡᠬᠡᠢ ᠨᠡᠶᠢᠳᠡ ᠶᠢᠨ ᠲᠦᠷᠦ ᠶᠢᠨ ᠦᠬᠡ ᠬᠡᠯᠡ ᠦᠰᠦᠭ ᠪᠢᠴᠢᠭ ᠪᠠᠶᠢᠭᠰᠠᠨ ᠢᠶᠠᠷ | ᠲᠡᠭᠡᠳᠦ ᠬᠦᠭᠵᠢᠯ ᠤᠨ ᠱᠠᠳᠤᠨ ᠳᠤ ᠬᠦᠷᠦᠭᠰᠡᠨ ᠪᠠᠶᠢᠪᠠ᠃ ᠤᠯᠠᠨ ᠲᠦᠷᠦ ᠶᠢᠨ ᠲᠡᠤᠬᠡᠨ ᠤᠷᠳᠤ ᠬᠤᠭᠤᠴᠠᠭᠠᠨ ᠤ | ᠤᠯᠠᠷᠢᠯ ᠬᠤᠪᠢᠰᠤᠯ ᠪᠠ ᠴᠠᠭ ᠦᠶ᠎ᠡ ᠶᠢ ᠦᠩᠭᠡᠷᠡᠭᠡᠭᠡᠳ ᠮᠤᠩᠭᠤᠯ ᠦᠨᠳᠦᠰᠦᠳᠡᠨ ᠮᠠᠨᠢ ᠬᠦᠴᠦᠷᠬᠡᠭ ᠲᠤᠮᠤ | ᠬᠦᠷᠦᠨ ᠳᠤ ᠪᠤᠳᠠᠷᠭᠠᠭᠳᠠᠨ ᠵᠠᠳᠠᠷᠠᠵᠦ᠂ ᠭᠤᠷᠪᠠᠨ ᠶᠡᠭᠡ ᠭᠡᠰᠡᠭᠯᠡᠨ ᠡᠵᠡᠯᠡᠯᠳᠡ ᠶᠢᠨ ᠪᠦᠯᠦᠭ ᠲᠤ ᠬᠠᠷᠢᠶᠠᠯᠠᠭᠳᠠᠬᠤ | ᠪᠤᠯᠵᠠᠢ᠃ ᠦᠨᠳᠦᠰᠦᠳᠡᠨ ᠤ ᠡᠨᠡᠬᠦ ᠶᠡᠭᠡ ᠵᠠᠳᠠᠷᠠᠯᠳᠠ ᠠᠴᠠ ᠪᠤᠯᠵᠦ᠂ ᠮᠤᠩᠭᠤᠯ ᠦᠨᠳᠦᠰᠦᠳᠡᠨ ᠤ ᠲᠤᠲᠤᠭᠠᠳᠤ ᠳᠤ | ᠵᠦᠷᠢᠴᠡᠯ ᠲᠡᠮᠡᠴᠡᠯ ᠢᠶᠠᠷ ᠲᠦᠭᠦᠷᠴᠤ᠂ ᠮᠤᠩᠭᠤᠯ ᠴᠡᠪᠡᠷᠴᠢ ᠦᠬᠡ ᠬᠡᠯᠡ ᠦᠰᠦᠭ ᠪᠢᠴᠢᠭ ᠲᠤ ᠶᠡᠭᠡ ᠬᠢᠮᠤᠷᠠᠯ ᠢ | ᠤᠴᠠᠷᠠᠭᠤᠯᠵᠦ᠂ ᠶᠡᠭᠡ ᠦᠨᠳᠦᠰᠦᠳᠡᠨ ᠤ ᠨᠦᠯᠦᠭᠡ ᠪᠠᠷ ᠡᠪᠳᠡᠷᠡᠨ ᠴᠤᠴᠠᠷᠠᠵᠦ᠂ ᠦᠬᠡ ᠠᠪᠢᠶ᠎ᠠ ᠤᠨᠳᠤᠤᠰᠢᠵᠦ᠂ | ᠦᠰᠦᠭ ᠪᠢᠴᠢᠭ ᠨᠢᠭᠡᠳᠦᠯ ᠦᠭᠡᠢ ᠪᠤᠯᠵᠦ᠂ ᠦᠴᠦᠭᠡᠨ ᠭᠠᠵᠠᠷ ᠤᠷᠤᠨ ᠢᠯᠭᠠᠯᠴᠠᠵᠦ᠂ ᠬᠠᠷᠢᠯᠴᠠᠨ | ᠤᠶᠢᠯᠠᠭᠠᠯᠴᠠᠬᠤ ᠳᠤ ᠦᠨᠡᠬᠡᠷ ᠪᠡᠷᠬᠡᠳᠡᠢ ᠪᠤᠯᠵᠠᠢ᠃ ᠴᠦᠬᠡᠨ ᠪᠤᠰᠤ ᠮᠤᠩᠭᠤᠯ ᠲᠤᠭᠠᠳᠠᠨ ᠬᠠᠶᠢᠯᠦᠨ ᠠᠭᠤᠰᠴᠤ᠂ | ᠶᠡᠭᠡ ᠦᠨᠳᠦᠰᠦᠳᠡᠨ ᠤ ᠨᠡᠶᠢᠯᠡᠯ ᠳᠤ ᠤᠷᠤᠭᠰᠠᠨ᠂ ᠡᠨᠡ ᠪᠤᠯ ᠨᠢᠭᠡᠨᠳᠡ ᠦᠭᠡᠶᠢᠰᠭᠡᠵᠦ ᠪᠤᠯᠤᠰᠢ ᠦᠭᠡᠢ ᠲᠡᠤᠬᠡᠨ | ᠦᠵᠡᠭᠳᠡᠯ ᠢᠶᠠᠷ ᠲᠡᠯᠭᠡᠭᠳᠡᠵᠦ ᠪᠠᠶᠢᠨ᠎ᠠ᠃ᠮᠤᠩᠭᠤᠯᠴᠦᠳ ᠶᠠᠭᠠᠬᠢᠪᠠᠯ ᠰᠠᠶ᠋ᠢ ᠦᠷᠭᠦᠯᠵᠢᠯᠡᠨ ᠦᠨᠳᠦᠰᠦᠳᠡᠨ ᠤ ᠪᠠᠨ | ᠤᠷᠤᠰᠢᠨ ᠲᠤᠭᠳᠠᠨᠢᠯ ᠪᠠ ᠤᠨᠴᠠᠯᠢᠭ ᠢ ᠪᠠᠳᠤᠯᠠᠵᠦ ᠠᠪᠴᠤ ᠶᠠᠪᠤᠬᠤ ᠪᠠ ᠤᠯᠠᠮᠵᠢᠯᠠᠯᠳᠤ ᠰᠢᠯᠢᠳᠡᠭ ᠰᠤᠶᠤᠯ ᠢᠶᠠᠨ | ᠬᠦᠭᠵᠢᠭᠦᠯᠬᠦ ᠪᠤᠢ︖ ᠭᠡᠳᠡᠭ ᠠᠰᠠᠭᠤᠳᠠᠯ ᠪᠢᠳ᠋ᠨ ᠪᠦᠬᠦᠨ ᠤ ᠡᠮᠦᠨ᠎ᠡ ᠪᠠᠴᠢᠮ ᠲᠠᠯᠪᠢᠭᠳᠠᠵᠦ ᠪᠠᠶᠢᠨ᠎ᠠ᠃ ᠡᠯ᠎ᠡ | ᠲᠦᠷᠦ ᠶᠢᠨ ᠡᠩᠬᠡ ᠠᠮᠤᠭᠤᠯᠠᠩ ᠡᠶ᠎ᠡ ᠨᠠᠶᠢᠷᠠᠮᠳᠠᠭᠤ ᠪᠠᠶᠢᠬᠤ ᠴᠠᠭ ᠲᠤᠬᠢᠶᠠᠯ ᠢ ᠡᠵᠡᠮᠳᠡᠵᠦ᠂ ᠦᠪᠡᠷ ᠤᠨ | ᠦᠨᠳᠦᠰᠦᠳᠡᠨ ᠤ ᠲᠤᠲᠤᠭᠠᠳᠤ ᠶᠢᠨ ᠶᠡᠭᠡ ᠵᠠᠰᠠᠯᠳᠠ ᠪᠠᠨ ᠬᠢᠬᠦ ᠶᠠᠪᠤᠳᠠᠯ ᠲᠤᠯᠭᠠᠮ᠎ᠠ ᠱᠠᠭᠠᠷᠳᠠᠭᠳᠠᠵᠦ ᠪᠤᠢ᠃ ᠪᠢᠳᠡ | ᠮᠤᠩᠭᠤᠯ ᠲᠠᠶᠠᠭᠠᠷ ᠤᠨ ᠲᠤᠲᠤᠭᠠᠳᠤ ᠶᠢᠨ ᠶᠡᠭᠡ ᠲᠠᠯ᠎ᠠ ᠠᠴᠠ ᠡᠭᠦᠰᠴᠤ᠂ ᠦᠵᠡᠯ ᠰᠠᠨᠠᠭ᠎ᠠ ᠪᠠᠨ ᠨᠢᠭᠡᠳᠭᠡᠵᠦ᠂ ᠡᠪ | ᠪᠦᠯᠬᠦᠮᠳᠡᠯ ᠢ ᠲᠡᠷᠢᠭᠦᠨ ᠳᠤ ᠲᠠᠯᠪᠢᠵᠦ᠂ ᠭᠡᠳᠦ ᠢᠪᠴᠤᠤ ᠭᠠᠵᠠᠷ ᠤᠷᠤᠨ ᠤ ᠦᠵᠡᠯ ᠢ ᠲᠡᠪᠴᠢᠵᠦ᠂ ᠦᠪᠡᠷ ᠢ ᠪᠠᠨ | ᠲᠡᠪᠴᠢᠵᠦ᠂ ᠮᠤᠩᠭᠤᠯ ᠦᠨᠳᠦᠰᠦᠳᠡᠨ ᠤ ᠲᠤᠲᠤᠭᠠᠳᠤ ᠶᠢᠨ ᠶᠡᠭᠡ ᠦᠢᠯᠡᠰ ᠲᠤ ᠠᠯᠢᠪᠠ ᠪᠠᠨ ᠦᠷᠡᠭᠳᠡᠭᠦᠯᠬᠦ ᠵᠤᠷᠢᠭ | ᠰᠠᠨᠠᠭ᠎ᠠ ᠲᠠᠢ ᠪᠠᠶᠢᠬᠤ ᠬᠡᠷᠡᠭᠳᠡᠢ᠃ ᠲᠦᠷᠦ ᠭᠦᠷᠦᠨ ᠳᠤ ᠬᠢᠯᠢ ᠪᠠᠶᠢᠪᠠᠴᠤ ᠨᠢᠭᠡ ᠤᠳᠤᠮ ᠤᠭᠰᠠᠭᠠᠨ ᠤ | ᠦᠨᠳᠦᠰᠦᠳᠡᠨ ᠶᠠᠰᠤᠳᠠᠨ ᠤ ᠰᠤᠶᠤᠯ ᠳᠤ ᠬᠢᠯᠢ ᠪᠠᠶᠢᠬᠤ ᠤᠴᠢᠷ ᠦᠭᠡᠢ ᠶᠤᠮ᠃ ᠡᠶᠢᠮᠦ ᠠᠴᠠ ᠴᠡᠪᠡᠷᠴᠢ ᠮᠤᠩᠭᠤᠯ | ᠦᠬᠡ ᠬᠡᠯᠡᠯᠭᠡ ᠪᠠᠨ ᠨᠢᠭᠡᠳᠦᠬᠦᠯᠬᠦ᠂ ᠤᠯᠠᠮᠵᠢᠯᠠᠯᠳᠤ ᠦᠰᠦᠭ ᠪᠢᠴᠢᠭ ᠢᠶᠠᠨ ᠨᠢᠭᠡᠳᠦᠬᠦᠯᠬᠦ ᠪᠠ ᠲᠦᠷᠢᠮᠵᠢᠭᠦᠯᠬᠦ᠂ | ᠨᠡᠭᠦᠳᠡᠯ ᠮᠠᠯᠵᠢᠯ ᠤᠨ ᠠᠮᠢ ᠠᠬᠤᠶᠢᠴᠢ ᠰᠤᠶᠤᠯ ᠵᠠᠩ ᠦᠢᠯᠡ ᠪᠠᠨ ᠠᠪᠤᠷᠠᠨ ᠬᠠᠮᠠᠭᠠᠯᠠᠬᠤ᠂ ᠦᠪᠡᠷ ᠤᠨ ᠰᠤᠶᠤᠯ | ᠲᠡᠭᠡᠷ᠎ᠡ ᠪᠠᠨ ᠬᠦᠭᠵᠢᠬᠦᠯᠬᠦ ᠵᠡᠷᠭᠡ ᠦᠨᠳᠦᠰᠦᠨ ᠶᠠᠪᠤᠳᠠᠯ ᠢᠶᠠᠨ ᠨᠢᠭᠡᠳᠭᠡᠵᠦ ᠬᠢᠬᠦ ᠴᠢᠬᠤᠯᠠᠳᠠᠢ ᠪᠠᠶᠢᠨ᠎ᠠ᠃ | 1.ᠦᠨᠳᠦᠰᠦᠳᠡᠨ ᠤ ᠲᠤᠲᠤᠭᠠᠳᠤ ᠶᠢᠨ ᠪᠦᠯᠬᠦᠮᠳᠠᠯ ᠢ ᠡᠷᠬᠢᠮᠯᠡᠬᠦ ᠬᠡᠷᠡᠭᠳᠡᠢ᠂ ᠡᠨᠡ ᠪᠤᠯ ᠤᠷᠢᠳᠠᠴᠢ | ᠨᠦᠬᠦᠴᠡᠯ ᠪᠤᠯᠤᠨ᠎ᠠ᠃ ᠨᠢᠭᠡ ᠦᠨᠳᠦᠰᠦᠳᠡᠨ ᠤ ᠲᠤᠲᠤᠭᠠᠳᠤ ᠶᠢᠨ ᠪᠦᠯᠬᠦᠮᠳᠠᠯ ᠨᠢᠭᠡᠳᠦᠯ ᠪᠠᠶᠢᠮᠠᠨᠵᠢᠨ ᠰᠠᠶ᠋ᠢ | ᠦᠪᠡᠷ ᠤᠨ ᠦᠨᠳᠦᠰᠦᠳᠡᠨ ᠤ ᠠᠯᠢᠪᠠ ᠶᠠᠪᠤᠳᠠᠯ ᠢᠶᠠᠨ ᠠᠮᠵᠢᠯᠳᠠ ᠲᠠᠢ ᠰᠠᠶᠢᠳᠪᠦᠷᠢᠯᠡᠵᠦ᠂ ᠦᠨᠳᠦᠰᠦᠳᠡᠨ ᠤ | ᠬᠦᠭᠵᠢᠯᠳᠡ ᠶᠢᠨ ᠵᠠᠮ ᠢ ᠤᠯᠵᠦ ᠴᠢᠳᠠᠨ᠎ᠠ᠃ ᠪᠢᠳᠡ 13 ᠳ᠋ᠤᠭᠠᠷ ᠵᠠᠭᠤᠨ ᠤ ᠲᠡᠭᠡᠳᠦ ᠬᠡᠮᠵᠢᠶᠡᠨ ᠤ ᠪᠦᠯᠬᠦᠮᠳᠠᠨ | ᠲᠡᠮᠡᠴᠡᠭᠰᠡᠨ ᠤᠯᠠᠮᠵᠢᠯᠠᠯ ᠢᠶᠠᠨ ᠪᠠᠳᠠᠷᠠᠭᠤᠯᠵᠦ᠂ ᠤᠳᠤᠬᠢ ᠲᠤᠷᠤᠢ ᠪᠠᠭᠤᠷᠠᠢ ᠪᠠᠶᠢᠳᠠᠯ ᠠᠴᠠ ᠠᠩᠭᠢᠵᠢᠷᠠᠵᠦ᠂ | ᠲᠡᠯᠡᠬᠡᠢ ᠶᠢᠨ ᠬᠦᠭᠵᠢᠭᠰᠡᠨ ᠦᠨᠳᠦᠰᠦᠳᠡᠨ ᠤ ᠬᠢᠷᠢ ᠲᠦᠪᠰᠢᠨ ᠳᠤ ᠬᠦᠷᠬᠦ ᠪᠠᠷ ᠴᠢᠷᠮᠠᠶᠢᠬᠤ ᠴᠢᠬᠤᠯᠠᠳᠠᠢ ᠪᠠᠶᠢᠨ᠎ᠠ᠃ | ᠤᠳᠤ ᠶᠢᠨ ᠮᠠᠨ ᠤ ᠦᠨᠳᠦᠰᠦᠳᠡᠨ ᠤ ᠪᠠᠶᠢᠳᠠᠯ ᠢᠶᠠᠷ ᠪᠤᠯ ︽ᠮᠤᠩᠭᠤᠯ ᠮᠤᠩᠭᠤᠯ ᠳᠠᠭᠠᠨ ᠮᠠᠭᠤ᠂ ᠮᠤᠳᠤᠨ ᠬᠦᠷᠵᠡ | ᠰᠢᠪᠠᠷ ᠲᠠᠭᠠᠨ ᠮᠠᠭᠤ︾ ᠭᠡᠳᠡᠭ ᠪᠤᠯᠤᠭᠠᠳ ᠪᠠᠶᠢᠨ᠎ᠠ᠃ ᠬᠠᠮᠢᠭ᠎ᠠ ᠪᠠᠶᠢᠭᠰᠠᠨ ᠴᠤ ᠪᠢᠳᠡᠨ ᠤ ᠤᠳᠤᠮ ᠤᠭᠰᠠᠭ᠎ᠠ | ᠨᠢᠭᠡ᠂ ᠦᠬᠡ ᠬᠡᠯᠡ ᠨᠢᠭᠡ᠂ ᠵᠠᠩ ᠰᠤᠶᠤᠯ ᠨᠢᠭᠡ ᠠᠳᠠᠯ᠎ᠠ ᠪᠠᠨ ︽ᠤᠭᠤᠳᠠᠨ ᠳᠤ ᠬᠢᠭᠰᠡᠨ ᠢᠮᠠᠭᠠᠨ ᠡᠪᠡᠷ ᠰᠢᠭ︾ | ᠬᠤᠪᠢ ᠪᠠᠨ ᠬᠦᠭᠡᠭᠡᠵᠦ ᠲᠤᠪᠤ ᠪᠠᠨ ᠪᠤᠷᠤᠯᠠᠭᠤᠯᠤᠭᠠᠳ ᠪᠠᠶᠢᠵᠦ ᠪᠤᠯᠬᠤ ᠦᠭᠡᠢ᠃ ᠮᠤᠩᠭᠤᠯ ᠦᠨᠳᠦᠰᠦᠳᠡᠨ ᠤ ᠮᠠᠨᠢ | ᠡᠶᠢᠮᠦ ᠡᠪ ᠲᠦᠨᠵᠢ ᠪᠠᠨ ᠠᠯᠳᠠᠵᠦ᠂ ᠦᠨᠳᠦᠰᠦᠨ ᠦᠵᠡᠯ ᠢᠶᠠᠨ ᠤᠷᠭᠢᠵᠦ᠂ ︽ᠬᠦᠵᠡᠭᠡ ᠬᠦᠵᠡᠭᠡ ᠶᠢᠨ ᠪᠤᠯᠤᠩ︾ | ᠰᠢᠭ᠋ ᠪᠤᠯᠤᠭᠰᠠᠨ ᠶᠠᠪᠤᠳᠠᠯ ᠪᠤᠯ ᠬᠠᠷᠢ ᠦᠨᠳᠦᠰᠦᠳᠡᠨ ᠤ ᠬᠠᠭᠠᠴᠠᠭᠤᠯᠬᠤ ᠪᠤᠳᠤᠯᠭ᠎ᠠ ᠦᠢᠯᠡᠳᠦᠯ | ᠦᠵᠡᠭᠦᠯᠦᠭᠰᠡᠨ ᠠᠴᠠ ᠪᠤᠯᠤᠭᠰᠠᠨ ᠶᠤᠮ᠃ ᠮᠤᠩᠭᠤᠯᠴᠦᠳ ︽ᠠᠭᠤᠯᠠᠨ ᠤᠷᠤᠢ ᠶᠢᠨ ᠦᠵᠡᠯ︾᠂ | ︽ᠠᠶᠢᠮᠠᠭᠴᠢᠯᠠᠬᠤ ᠦᠵᠡᠯ︾᠂ ︽ᠭᠡᠳᠦ ᠢᠪᠴᠤᠤ ᠭᠠᠵᠠᠷ ᠤᠷᠤᠨᠴᠢᠯᠠᠬᠤ ᠦᠵᠡᠯ︾ ᠢ ᠡᠰᠡᠷᠭᠦᠴᠡᠵᠦ᠂ ᠲᠡᠷᠡ | ᠪᠠᠯᠴᠢᠭ ᠰᠢᠪᠠᠷᠳᠦ ᠨᠦᠬᠡ ᠠᠴᠠ ᠰᠠᠯᠵᠦ᠂ ᠮᠤᠩᠭᠤᠯ ᠦᠨᠳᠦᠰᠦᠳᠡᠨ ᠢᠶᠠᠨ ᠭᠡᠬᠦ ᠨᠡᠶᠢᠳᠡ ᠶᠢᠨ ᠪᠦᠯᠬᠦᠮᠳᠡᠯ ᠤᠨ | ᠰᠢᠨ᠎ᠡ ᠠᠭᠤᠷ ᠠᠮᠢᠰᠬᠤᠯ ᠢ ᠵᠠᠪᠠᠯ ᠪᠤᠢ ᠪᠤᠯᠭᠠᠬᠤ ᠬᠡᠷᠡᠭᠳᠡᠢ᠃ | 2.ᠨᠢᠭᠡᠳᠦᠭᠰᠡᠨ ᠵᠤᠷᠢᠭ ᠰᠠᠨᠠᠭ᠎ᠠ ᠲᠠᠢ ᠪᠠᠶᠢᠬᠤ ᠬᠡᠷᠡᠭᠳᠡᠢ᠃ ᠪᠢᠳᠡᠨ ᠳᠤ ᠬᠠᠮᠳᠤ ᠶᠢᠨ ᠬᠦᠰᠡᠯ | ᠬᠦᠭᠡᠭᠡᠴᠡᠯᠳᠦᠯ᠂ ᠰᠠᠶᠢᠨ ᠰᠠᠶᠢᠬᠠᠨ ᠴᠡᠴᠡᠭᠯᠡᠨ ᠬᠦᠭᠵᠢᠬᠦ ᠬᠠᠷᠠᠯᠳᠠ ᠲᠠᠢ ᠪᠠᠶᠢᠬᠤ ᠪᠤᠯ ᠦᠨᠳᠦᠰᠦ ᠪᠤᠯᠤᠨ᠎ᠠ᠃ | ᠮᠠᠨ ᠤ ᠮᠤᠩᠭᠤᠯ ᠦᠨᠳᠦᠰᠦᠳᠡᠨ ᠪᠤᠯ ᠲᠡᠭᠡᠳᠦ ᠬᠡᠮᠵᠢᠶᠡᠨ ᠤ ᠲᠦᠪᠯᠡᠷᠡᠭᠰᠡᠨ ᠪᠦᠭᠡᠳ ᠨᠢᠭᠡᠳᠦᠭᠰᠡᠨ ᠤᠶᠤᠨ | ᠰᠠᠨᠠᠭᠠᠨ ᠤ ᠬᠦᠰᠡᠯ ᠲᠡᠮᠡᠤᠯᠡᠯ ᠤᠨ ᠤᠯᠠᠮᠵᠢᠯᠠᠯᠯ ᠲᠠᠢ ᠪᠠᠶᠢᠵᠦ ᠦᠩᠭᠡᠷᠡᠭᠰᠡᠨ᠃ ᠲᠡᠷᠡ ᠮᠦᠷᠳᠡᠭᠡᠨ ᠬᠦᠰᠡᠯ ᠳᠡᠭᠡᠨ | ᠨᠡᠶᠢᠴᠡᠭᠦᠯᠦᠭᠰᠡᠨ ᠲᠡᠭᠡᠳᠦ ᠬᠡᠮᠵᠢᠶᠡᠨ ᠤ ᠬᠦᠭᠵᠢᠯᠳᠡ ᠶᠢᠨ ᠤᠷᠤᠨ ᠵᠠᠢ ᠶᠢ ᠤᠯᠵᠦ ᠪᠠᠶᠢᠭᠰᠠᠨ ᠲᠡᠤᠬᠡ ᠲᠠᠢ ᠶᠤᠮ᠃ | ᠮᠤᠩᠭᠤᠯ ᠦᠨᠳᠦᠰᠦᠳᠡᠨ ᠤ ᠨᠢᠭᠡᠳᠦᠭᠰᠡᠨ ᠵᠤᠷᠢᠭ ᠰᠠᠨᠠᠭ᠎ᠠ ᠶᠢ ᠬᠠᠮᠤᠭ ᠶᠡᠬᠡᠪᠡᠷ ᠪᠠᠳᠠᠷᠠᠭᠤᠯᠵᠦ᠂ ᠬᠠᠮᠤᠭ ᠤᠨ ᠲᠤᠮᠤ | ᠠᠮᠵᠢᠯᠳᠠ ᠳᠤ ᠬᠦᠷᠭᠡᠭᠰᠡᠨ ᠬᠦᠮᠦᠨ ᠪᠤᠯ ᠡᠵᠡᠨ ᠴᠢᠩᠭᠢᠰ ᠬᠠᠭᠠᠨ ᠪᠤᠯᠤᠨ᠎ᠠ᠃ ᠲᠡᠷᠡ ᠪᠤᠯ ᠮᠠᠨ ᠤ | ᠮᠤᠩᠭᠤᠯᠴᠦᠳ ᠤᠨ ᠤᠶᠤᠨ ᠰᠠᠨᠠᠭᠨ ᠤ ᠰᠢᠯᠭᠠᠷᠠᠭᠰᠠᠨ ᠤᠳᠤᠷᠢᠳᠤᠭᠴᠢ ᠪᠠᠶᠢᠭᠰᠠᠨ ᠪᠦᠭᠡᠳ ᠦᠢᠯᠡᠰ ᠬᠦᠰᠡᠯ ᠢ | ᠪᠦᠳᠦᠭᠡᠭᠴᠢ ᠦᠢᠯᠡᠳᠦᠯᠭᠡ ᠶᠢᠨ ᠠᠪᠤᠷᠭᠤ ᠶᠡᠭᠡ ᠲᠠᠷᠬᠠᠨ ᠪᠠᠶᠢᠪᠠ᠃ ᠬᠦᠮᠦᠨ ᠶᠢᠷᠳᠢᠨᠴᠤ ᠳᠤ ᠠᠮᠢᠳᠤᠷᠠᠬᠤ ᠳᠠᠭᠠᠨ | ᠵᠠᠪᠠᠯ ᠡᠪᠦᠭᠡ ᠲᠡᠭᠡᠳᠦᠰ ᠤᠨ ᠬᠦᠨᠳᠦᠳᠭᠡᠯ ᠤᠨ ᠰᠢᠳᠦᠯᠭᠡ ᠪᠢᠰᠢᠷᠡᠯ ᠲᠠᠢ ᠪᠠᠶᠢᠬᠤ ᠱᠠᠭᠠᠷᠳᠠᠯᠭ᠎ᠠ ᠲᠠᠢ᠂ ᠴᠢᠩᠭᠢᠰ | ᠬᠠᠭᠠᠨ ᠤ ᠰᠢᠳᠦᠯᠭᠡ ᠪᠢᠰᠢᠷᠡᠯ ᠪᠤᠯ ᠲᠠᠷᠤᠢ ᠮᠦᠩᠭᠡ ᠬᠦᠬᠡ ᠲᠡᠭᠷᠢ ᠠᠴᠠ ᠡᠰᠢᠯᠡᠭᠰᠡᠨ ᠪᠦᠬᠡ ᠮᠦᠷᠭᠦᠯ ᠤᠨ | ᠢᠵᠠᠭᠤᠷ ᠰᠢᠳᠦᠯᠭᠡ ᠪᠢᠰᠢᠷᠡᠯ ᠪᠠᠶᠢᠬᠤ ᠳᠠᠭᠠᠨ ᠲᠠᠭᠠᠷᠠᠨ᠎ᠠ᠃ ᠪᠤᠷᠬᠠᠨ ᠱᠠᠰᠢᠨ ᠪᠤᠯ ᠡᠷᠳᠡᠨ ᠤ ᠡᠨᠡᠳᠬᠡᠭ ᠠᠴᠠ | ᠤᠯᠠᠮᠵᠢᠯᠠᠭᠰᠠᠨ ᠬᠠᠷᠢ ᠦᠨᠳᠦᠰᠦᠳᠡᠨ ᠤ ᠰᠢᠳᠦᠯᠭᠡ ᠪᠤᠯᠬᠤ ᠠᠴᠠ ᠪᠢᠰᠢ ᠮᠠᠨ ᠤ ᠮᠤᠩᠭᠤᠯᠦᠴᠳ ᠤᠨ ᠢᠵᠠᠭᠤᠷ | ᠰᠢᠳᠦᠯᠭᠡ ᠪᠢᠰᠢ ᠶᠤᠮ᠃ ᠮᠠᠨ ᠤ ᠤᠭ ᠢᠵᠠᠭᠤᠷ ᠲᠡᠭᠡᠳᠦ ᠶᠢᠨ ᠰᠢᠳᠦᠯᠭᠡ ᠪᠤᠯ ᠪᠦᠬᠡ ᠮᠦᠷᠭᠦᠯ ᠪᠤᠯᠤᠨ᠎ᠠ᠃ | ᠤᠳᠤ ᠶᠢᠨ ᠡᠯ᠎ᠡ ᠭᠠᠵᠠᠷ ᠤᠨ ︽ᠴᠢᠩᠭᠢᠰ ᠤᠨ ᠲᠠᠶᠢᠯᠭ᠎ᠠ ᠲᠠᠬᠢᠯᠭ᠎ᠠ︾ ᠪᠤᠯ ᠮᠠᠨ ᠤ ᠮᠤᠩᠭᠤᠯᠴᠦᠳ ᠤᠨ | ᠭᠤᠯᠤᠮᠳᠠ ᠶᠢᠨ ᠲᠠᠬᠢᠯᠭ᠎ᠠ ᠪᠤᠯᠤᠨ᠎ᠠ ᠭᠡᠳᠡᠭ ᠢ ᠲᠠᠶᠠᠭᠠᠷ ᠢᠶᠠᠨ ᠢᠳᠡᠭᠡᠷᠡᠢ︕ ᠮᠤᠩᠭᠤᠯᠴᠦᠳ ᠤᠨ ᠨᠢᠭᠡᠳᠦᠭᠰᠡᠨ | ᠵᠤᠷᠢᠭ ᠰᠠᠨᠠᠭ᠎ᠠ ᠨᠢ ︽ᠴᠢᠩᠭᠢᠰ ᠤᠨ ᠲᠠᠶᠢᠯᠭ᠎ᠠ ᠲᠠᠬᠢᠯᠭ᠎ᠠ︾ ᠭᠡᠬᠦ ᠰᠢᠳᠦᠯᠭᠡ ᠪᠢᠰᠢᠷᠡᠯ ᠲᠡᠭᠡᠷ᠎ᠡ ᠪᠡᠶᠡᠯᠡᠯ ᠢᠶᠠᠨ | ᠤᠯᠵᠦ ᠴᠢᠳᠠᠨ᠎ᠠ᠃ ᠡᠨᠡ ᠪᠤᠯ ᠮᠤᠩᠭᠤᠯᠴᠦᠳ ᠤᠨ ᠤᠶᠤᠨ ᠰᠠᠨᠠᠭᠠᠨ ᠤ ᠲᠦᠪᠯᠡᠷᠡᠯ ᠤᠨ ᠤᠷᠤᠨ ᠵᠠᠢ ᠮᠦᠷᠳᠡᠭᠡᠨ | ᠦᠨᠳᠦᠰᠦᠳᠡᠨ ᠤ ᠦᠪᠡᠷ ᠤᠨ ᠬᠦᠭᠵᠢᠯᠳᠡ ᠶᠢ ᠡᠨᠡᠬᠦ ᠬᠠᠮᠳᠤ ᠶᠢᠨ ᠭᠠᠯ ᠭᠤᠯᠤᠮᠳᠠ ᠠᠴᠠ ᠭᠠᠷᠤᠭ᠎ᠠ ᠠᠪᠴᠤ᠂ | ᠦᠭᠡᠳᠡᠯᠡᠯ ᠪᠠᠳᠠᠷᠠᠯ ᠤᠨ ᠰᠠᠷᠠᠭᠤᠯ ᠲᠠᠷᠳᠠᠩ ᠵᠠᠮ ᠢᠶᠠᠨ ᠠᠶᠠᠯᠠᠬᠤ ᠬᠡᠷᠡᠭᠳᠡᠢ᠃ | 3.ᠦᠬᠡ ᠬᠡᠯᠡ ᠦᠰᠦᠭ ᠪᠢᠴᠢᠭ ᠤᠨ ᠲᠡᠭᠡᠳᠦ ᠬᠡᠮᠵᠢᠶᠡᠨ ᠤ ᠨᠢᠭᠡᠳᠦᠯ ᠢ ᠪᠡᠶᠡᠯᠡᠬᠦᠯᠬᠦ ᠬᠡᠷᠡᠭᠳᠡᠢ᠃ ᠬᠡᠯᠡ | ᠬᠡᠯᠡᠯᠭᠡ ᠪᠤᠯ ᠨᠢᠭᠡ ᠦᠨᠳᠦᠰᠦᠳᠡᠨ ᠤ ᠦᠬᠡ ᠠᠪᠢᠶ᠎ᠠ ᠶᠢᠨ ᠲᠠᠯ᠎ᠠ ᠪᠠᠷ ᠬᠢ ᠬᠠᠮᠤᠭ ᠤᠨ ᠢᠯᠡᠷᠬᠡᠢ ᠤᠨᠴᠠᠯᠢᠭ ᠰᠢᠨᠵᠢ | ᠪᠤᠯᠤᠨ᠎ᠠ᠃ ᠬᠡᠯᠡ ᠬᠡᠯᠡᠯᠭᠡ ᠶᠢᠨ ᠲᠠᠯ᠎ᠠ ᠠᠴᠠ ᠦᠵᠡᠪᠡᠯ ᠦᠪᠦᠷ ᠮᠤᠩᠭᠤᠯ ᠳᠤ ᠬᠢᠳᠡᠳ ᠵᠢᠭᠡᠯᠡᠯᠭᠡ ᠦᠬᠡ ᠭᠡᠳᠦ | ᠤᠯᠠᠳᠠᠵᠦ᠂ ᠠᠷᠤ ᠮᠤᠩᠭᠤᠯ ᠳᠤ ᠤᠷᠤᠰ ᠵᠢᠭᠡᠯᠡᠯᠭᠡ ᠦᠬᠡ ᠭᠡᠳᠦ ᠠᠬᠠᠳᠠᠭᠰᠠᠨ᠂ ᠪᠤᠷᠢᠶᠠᠳ ᠪᠤᠯᠤᠨ ᠬᠠᠯᠢᠮᠠᠭ | ᠵᠡᠷᠭᠡ ᠤᠷᠤᠰ ᠤᠨ ᠬᠤᠯᠪᠤᠭᠠᠨ ᠤ ᠮᠤᠩᠭᠤᠯᠴᠦᠳ ᠤᠷᠤᠰᠵᠢᠭᠰᠠᠨ ᠬᠡᠯᠡ ᠠᠪᠢᠶ᠎ᠠ ᠲᠠᠢ ᠪᠤᠯᠤᠭᠰᠠᠨ ᠵᠡᠷᠭᠡ ᠨᠢ | ᠮᠤᠩᠭᠤᠯ ᠬᠡᠯᠡ ᠶᠢᠨ ᠴᠡᠪᠡᠷᠴᠢ ᠴᠢᠨᠠᠷ ᠶᠡᠬᠡᠪᠡᠷ ᠪᠤᠬᠢᠷᠳᠡᠵᠦ᠂ ᠡᠳᠡᠭᠡᠷ ᠭᠠᠵᠠᠷ ᠤᠷᠤᠨ ᠤ ᠮᠤᠩᠭᠤᠯᠴᠦᠳ ᠬᠠᠷᠢᠯᠴᠠᠨ | ᠤᠴᠠᠷᠠᠪᠠᠴᠤ ᠦᠪᠡᠷ ᠤᠨ ᠭᠡᠬᠦ ᠬᠡᠯᠡ ᠠᠪᠢᠶ᠎ᠠ ᠪᠠᠷ ᠢᠶᠠᠨ ᠤᠶᠢᠯᠠᠭᠠᠯᠴᠠᠬᠤ ᠳᠤ ᠬᠦᠴᠢᠷᠳᠡᠬᠦ ᠪᠤᠯᠵᠠᠢ᠃ ᠦᠪᠦᠷ | ᠮᠤᠩᠭᠤᠯ ᠲᠤᠲᠤᠷ᠎ᠠ ᠪᠠᠰᠠ ᠵᠡᠭᠦᠨ ᠪᠠᠷᠠᠭᠤᠨ ᠮᠤᠩᠭᠤᠯ ᠤᠨ ᠬᠡᠯᠡ ᠬᠡᠯᠡᠯᠭᠡ ᠤᠨᠳᠤᠤᠰᠢᠵᠦ᠂ ᠬᠠᠷᠢᠯᠴᠠᠨ | ᠨᠡᠪᠳᠡᠷᠡᠬᠦ ᠳᠤ ᠲᠦᠬᠦᠮ ᠦᠭᠡᠢ ᠦᠵᠡᠭᠳᠡᠯ ᠨᠤᠴᠢᠳᠠᠢ ᠤᠷᠤᠰᠢᠵᠦ ᠪᠠᠶᠢᠨ᠎ᠠ᠃ ᠭᠡᠪᠡᠴᠦ ᠡᠨᠡ ᠪᠤᠯ ᠲᠡᠤᠬᠡᠨ | ᠰᠢᠯᠳᠠᠭᠠᠨ ᠠᠴᠠ ᠪᠤᠯᠤᠭᠰᠠᠨ ᠭᠡᠳᠡᠭ ᠢ ᠪᠢᠳᠡ ᠮᠡᠳᠡᠬᠦ ᠬᠡᠷᠡᠭᠳᠡᠢ ᠪᠦᠬᠡᠳ ᠮᠡᠳᠡᠷᠡᠬᠦ ᠴᠢᠬᠤᠯᠠᠳᠠᠢ ᠪᠤᠯᠪᠠ᠃ | ᠦᠩᠭᠡᠷᠡᠭᠰᠡᠨ ᠤ ᠨᠡᠶᠢᠭᠡᠮ ᠤᠨ ᠬᠦᠭᠵᠢᠯ ᠲᠠᠪᠰᠢᠯᠳᠠ ᠶᠢᠨ ᠬᠤᠴᠤᠷᠤᠩᠭᠤᠢ ᠠᠴᠠ ᠪᠤᠯᠵᠦ᠂ ᠬᠠᠷᠢᠯᠴᠠᠨ ᠶᠠᠪᠤᠯᠴᠠᠬᠤ | ᠦᠭᠡᠢ᠂ ᠬᠠᠷᠢᠯᠴᠠᠨ ᠰᠤᠶᠤᠯ ᠤᠨ ᠰᠤᠯᠢᠯᠴᠠᠭ᠎ᠠ ᠪᠠ ᠠᠵᠦ ᠠᠬᠤᠢ ᠶᠢᠨ ᠰᠤᠯᠢᠯᠴᠠᠭ᠎ᠠ ᠬᠢᠬᠦ ᠦᠭᠡᠢ ᠠᠴᠠ ᠬᠡᠰᠡᠭᠯᠡᠨ | ᠡᠵᠡᠯᠡᠯᠳᠡ ᠶᠢᠨ ᠲᠤᠭᠤᠷᠢᠨ ᠳᠠᠭᠠᠨ ᠲᠤᠭᠳᠠᠪᠤᠷᠢᠵᠢᠭᠰᠠᠨ ᠲᠦᠯᠦᠪᠰᠢᠷᠡᠯ ᠢ ᠪᠤᠢ ᠪᠤᠯᠭᠠᠪᠠ᠃ ᠡᠨᠡ ᠪᠤᠯ ᠮᠠᠨ ᠤ | ᠮᠤᠩᠭᠤᠯ ᠬᠡᠯᠡ ᠪᠤᠬᠢᠷᠳᠠᠭᠰᠠᠨ ᠤ ᠦᠨᠳᠦᠰᠦᠨ ᠰᠢᠯᠳᠠᠭᠠᠨ ᠪᠠᠶᠢᠵᠦ᠂ ᠮᠤᠩᠭᠤᠯ ᠦᠬᠡ ᠬᠡᠯᠡᠯᠭᠡ ᠮᠠᠨᠢ ᠪᠦᠳᠦᠭᠦᠯᠢᠭ | ᠪᠦᠭᠡᠳ ᠲᠤᠩ ᠶᠡᠭᠡ ᠢᠪᠴᠤᠷᠠᠭᠰᠠᠨ ᠪᠠᠶᠢᠳᠠᠯ ᠳᠤ ᠤᠷᠤᠭᠰᠠᠨ ᠨᠢ ᠦᠨᠡᠨᠳᠡᠢ᠃ | ︵1︶ ᠦᠬᠡ ᠬᠡᠯᠡᠨ ᠤ ᠨᠢᠭᠡᠳᠦᠯ ᠪᠤᠯ ᠨᠢᠬᠡ ᠦᠨᠳᠦᠰᠦᠳᠡᠨ ᠤ ᠦᠭᠡᠳᠡᠯᠡᠨ ᠮᠠᠨᠳᠤᠬᠤ ᠶᠢᠨ ᠪᠡᠯᠭᠡ ᠰᠢᠨᠵᠢ | ᠪᠤᠯᠤᠨ᠎ᠠ᠃ ᠮᠤᠩᠭᠤᠯ ᠦᠬᠡ ᠬᠡᠯᠡᠯᠭᠡ ᠪᠤᠯ ᠦᠨᠢᠷ ᠪᠠᠶᠠᠯᠢᠭ ᠪᠠᠶᠢᠭᠰᠠᠨ ᠪᠦᠭᠡᠳ ᠠᠭᠤᠯᠭ᠎ᠠ ᠪᠠᠶᠠᠨ ᠤᠳᠬ᠎ᠠ | ᠲᠡᠯᠭᠡᠷᠡᠩᠭᠦᠢ᠂ ᠶᠤᠰᠤᠳᠠᠢ ᠲᠡᠯᠡᠬᠡᠢ ᠲᠡᠭᠡᠷᠡᠬᠢ ᠦᠬᠡᠨ ᠤ ᠲᠠᠷᠬᠠᠨ ᠬᠦᠮᠦᠷᠭᠡ ᠪᠠᠶᠢᠭᠰᠠᠨ ᠭᠡᠵᠦ ᠰᠤᠳᠤᠯᠭᠠᠴᠢᠳ | ᠦᠵᠡᠳᠡᠭ᠃ ᠡᠶᠢᠮᠦ ᠠᠴᠠ 1979 ᠤᠨ ᠤ 9 ᠰᠠᠷ᠎ᠠ ᠳᠤ ᠬᠤᠷᠠᠯᠳᠤᠭᠰᠠᠨ ᠨᠠᠶᠢᠮᠠᠨ ᠮᠤᠵᠢ ᠤᠷᠤᠨ ᠤ ᠮᠤᠩᠭᠤᠯ | ᠦᠬᠡ ᠬᠡᠯᠡ ᠦᠰᠦᠭ ᠪᠢᠴᠢᠭ ᠤᠨ ᠭᠤᠷᠪᠠᠳᠤᠭᠠᠷ ᠤᠳᠠᠭᠠᠨ ᠤ ᠲᠤᠰᠬᠠᠢ ᠠᠵᠢᠯ ᠤᠨ ᠬᠤᠷᠠᠯ ᠢᠶᠠᠷ ︽ᠦᠪᠦᠷ | ᠮᠤᠩᠭᠤᠯ ᠬᠡᠯᠡᠴᠡ ᠶᠢᠨ ᠰᠠᠭᠤᠷᠢ ᠬᠡᠯᠡᠯᠭᠡ ᠪᠤᠯᠤᠨ ᠪᠠᠷᠢᠮᠵᠢᠶ᠎ᠠ ᠠᠶᠠᠯᠠᠭᠤ ᠶᠢ ᠰᠢᠯᠤᠭᠤᠨ ᠬᠦᠬᠡ ᠬᠤᠰᠢᠭᠤ ᠪᠠᠷ | ᠭᠤᠤᠯ ᠪᠤᠯᠭᠠᠭᠰᠠᠨ ᠴᠠᠬᠠᠷ ᠮᠤᠩᠭᠤᠯ ᠦᠬᠡ ᠬᠡᠯᠡᠯᠭᠡ ᠪᠤᠯᠭᠠᠬᠤ ᠶᠢ ᠲᠤᠭᠳᠠᠭᠠᠨ ᠪᠠᠳᠤᠯᠠᠵᠦ︾ 1980 ᠤᠨ ᠤ 3 | ᠰᠠᠷ᠎ᠠ ᠳᠤ ᠦᠪᠦᠷ ᠮᠤᠩᠭᠤᠯ ᠤᠨ ᠵᠠᠰᠠᠭ ᠤᠨ ᠤᠷᠳᠤᠨ ᠠᠴᠠ ᠵᠦᠪᠰᠢᠶᠡᠷᠡᠨ ᠠᠯᠪᠠᠨ ᠶᠤᠰᠤᠭᠠᠷ ᠤᠯᠠᠮᠵᠢᠯᠠᠨ | ᠲᠠᠷᠬᠠᠭᠠᠵᠠᠢ᠃ ᠡᠨᠡ ᠪᠤᠯ ᠤᠯᠤᠰ ᠤᠷᠤᠨ ᠳᠤ ᠠᠪᠴᠤ ᠬᠡᠯᠡᠪᠡᠯ ᠮᠤᠩᠭᠤᠯ ᠦᠬᠡ ᠬᠡᠯᠡᠯᠭᠡ ᠦᠰᠦᠭ ᠪᠢᠴᠢᠭ ᠤᠨ | ᠦᠢᠯᠡᠰ ᠲᠤ ᠦᠵᠡᠭᠦᠯᠦᠭᠰᠡᠨ ᠵᠠᠰᠠᠭ ᠤᠨ ᠲᠠᠯ᠎ᠠ ᠶᠢᠨ ᠰᠢᠭᠤᠷᠬᠠᠢ ᠪᠤᠳᠤᠯᠭ᠎ᠠ ᠶᠤᠮ᠂ ᠪᠢᠳᠡ ᠡᠷᠬᠡᠪᠰᠢ ᠬᠦᠨᠳᠦᠳᠭᠡᠨ | ᠦᠵᠡᠬᠦ ᠶᠢᠨ ᠬᠠᠮᠳᠤ ᠬᠡᠷᠡᠭᠵᠢᠭᠦᠯᠬᠦ ᠬᠡᠷᠡᠭᠳᠡᠢ᠃ ᠡᠨᠡ ᠨᠢ ᠮᠤᠩᠭᠤᠯ ᠦᠬᠡ ᠬᠡᠯᠡᠨ ᠤ ᠰᠤᠶᠤᠯ ᠵᠢᠴᠢ ᠮᠤᠩᠭᠤᠯ | ᠦᠨᠳᠦᠰᠦᠳᠡᠨ ᠤ ᠦᠪᠡᠷ ᠤᠨ ᠬᠦᠭᠵᠢᠯᠳᠡ ᠳᠤ ᠰᠡᠶᠢᠳᠪᠦᠷᠢᠯᠡᠬᠦ ᠴᠢᠨᠠᠷᠳᠠᠢ ᠦᠢᠯᠡᠳᠦᠯ ᠦᠵᠡᠭᠦᠯᠬᠦ ᠨᠢ ᠲᠠᠮᠵᠢᠭ | ᠦᠭᠡᠢ ᠭᠡᠵᠦ ᠦᠵᠡᠨ᠎ᠡ᠃ ᠴᠠᠬᠠᠷ ᠠᠪᠢᠶ᠎ᠠ ᠬᠡᠯᠡᠯᠭᠡ ᠶᠢ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠠᠷ | ᠲᠤᠭᠳᠠᠭᠠᠭᠰᠠᠨ ᠨᠢ ᠮᠤᠩᠭᠤᠯᠴᠦᠳ ᠤᠨ ᠬᠠᠮᠳᠤ ᠶᠢᠨ ᠬᠡᠯᠡᠯᠭᠡ ᠪᠤᠯᠭᠠᠵᠦ᠂ ᠰᠢᠭᠤᠳ ᠨᠢᠭᠡᠨ ᠲᠠᠢ ᠪᠠᠨ | ᠤᠶᠢᠯᠠᠭᠠᠯᠴᠠᠵᠦ ᠴᠢᠳᠠᠬᠤ ᠴᠢᠳᠠᠮᠵᠢ ᠶᠢ ᠲᠡᠭᠡᠭᠰᠢᠯᠡᠭᠦᠯᠵᠦ᠂ ᠨᠡᠶᠢᠳᠡᠮ ᠬᠡᠷᠡᠭᠯᠡᠬᠦ ᠷᠠᠳᠢᠤ᠋ ᠲᠧᠯᠸᠢᠰ ᠰᠤᠨᠢᠨ ᠰᠡᠳᠭᠦᠯ | ᠵᠡᠷᠭᠡ ᠮᠡᠳᠡᠭᠡ ᠵᠢᠭᠤᠯᠴᠢᠯᠠᠭᠤᠷ ᠢ ᠦᠵᠡᠵᠦ ᠰᠤᠨᠤᠰᠤᠮᠠᠭᠴᠠ ᠲᠠᠶᠠᠭᠠᠷ ᠢᠶᠠᠨ ᠠᠪᠤᠨ ᠲᠤᠤᠷ᠎ᠠ ᠪᠠᠨ ᠤᠶᠢᠯᠠᠭᠠᠨ | ᠮᠡᠳᠡᠬᠦ ᠠᠰᠢᠭᠳᠠᠢ ᠨᠦᠬᠦᠴᠠᠯ ᠢ ᠪᠦᠷᠢᠯᠳᠦᠭᠦᠯᠳᠡᠭ᠃ ᠤᠳᠤ ᠮᠠᠨ ᠤ ᠲᠡᠷᠭᠡᠳᠡ ᠪᠦᠬᠦᠢ ᠬᠢᠳᠡᠳ ᠦᠨᠳᠦᠰᠦᠳᠡᠨ | ᠪᠦᠭᠦᠳᠡᠭᠡᠷ ᠪᠡᠭᠡᠵᠢᠩ ᠦᠬᠡ ᠬᠡᠯᠡᠯᠭᠡ ᠶᠢ ᠲᠦᠪ ᠬᠡᠯᠡ ᠪᠤᠯᠭᠠᠵᠦ ᠨᠢᠭᠡᠳᠭᠡᠭᠰᠡᠨ ᠢᠶᠠᠷ ᠬᠡᠳᠦᠨ ᠳ᠋ᠦᠩᠰᠢᠭᠤᠷ ᠬᠦᠮᠦᠨ | ᠲᠤᠤᠭᠠᠷᠪᠠᠯ ᠲᠠᠭᠤᠨ ᠨᠢᠭᠡ᠂ ᠬᠡᠯᠡᠪᠡᠯ ᠠᠪᠢᠶ᠎ᠠ ᠨᠢᠭᠡ ᠪᠤᠯᠤᠭᠰᠠᠨ ᠨᠢ ᠲᠠᠪᠰᠢᠩᠭᠤᠢ ᠦᠨᠳᠦᠰᠦᠳᠡᠨ ᠪᠤᠯᠤᠭᠰᠠᠨ ᠤ | ᠬᠢᠨᠢ ᠪᠠᠰᠠ ᠨᠢᠭᠡᠨ ᠦᠨᠳᠦᠰᠦᠨ ᠨᠦᠬᠦᠴᠡᠯ ᠪᠤᠯᠵᠦ ᠪᠠᠶᠢᠬᠤ ᠶᠤᠮ᠃ ᠲᠡᠶᠢᠮᠦ ᠦᠭᠡᠢ ᠪᠤᠯ ᠲᠡᠷᠡ ᠤᠯᠠᠨ ᠬᠦᠮᠦᠰ | ᠭᠠᠵᠠᠷ ᠤᠷᠤᠨ ᠤ ᠦᠪᠡᠷ ᠦᠪᠡᠷ ᠤᠨ ᠦᠬᠡ ᠬᠡᠯᠡᠯᠭᠡ ᠪᠠᠨ ᠪᠠᠷᠢᠮᠳᠠᠯᠠᠬᠤ ᠶᠤᠮ ᠪᠤᠯ ᠬᠡᠵᠢᠶ᠎ᠡ ᠴᠤ ᠬᠠᠷᠢᠯᠴᠠᠨ | ᠤᠶᠢᠯᠠᠭᠠᠯᠴᠠᠵᠦ ᠴᠢᠳᠠᠬᠤ ᠦᠭᠡᠢ ᠶᠤᠮ᠃ ᠮᠤᠩᠭᠤᠯᠴᠦᠳ ᠤᠨ ᠲᠤᠲᠤᠷ᠎ᠠ ᠶᠠᠭ ᠡᠶᠢᠮᠦ ᠦᠬᠡ ᠬᠡᠯᠡᠯᠭᠡ ᠶᠢᠨ ᠬᠡᠮ | ᠰᠤᠭᠤᠭ ᠤᠷᠤᠰᠢᠵᠦ᠂ ᠬᠠᠷᠢᠯᠴᠠᠨ ᠮᠡᠷᠭᠡᠯᠡᠭᠡᠳ ᠰᠠᠷᠨᠢᠨ ᠵᠠᠳᠠᠷᠠᠬᠤ ᠶᠢᠨ ᠤᠷᠰᠢᠭ ᠲᠠᠳᠠᠵᠦ ᠪᠠᠶᠢᠨ᠎ᠠ᠃ ᠡᠨᠡ | ᠲᠤᠳᠠᠭᠳᠠᠯ ᠢᠶᠠᠨ ᠡᠷᠳᠡ ᠠᠴᠠ ᠵᠠᠯᠠᠷᠠᠭᠤᠯᠬᠤ ᠪᠤᠯ ᠮᠠᠨ ᠤ ᠦᠨᠳᠦᠰᠦᠳᠡᠨ ᠤ ᠲᠠᠪᠰᠢᠯᠳᠠ ᠳᠤ ᠬᠤᠯᠪᠤᠭᠳᠠᠬᠤ ᠲᠤᠯᠠ | ᠶᠡᠭᠡ ᠲᠠᠯ᠎ᠠ ᠶᠢ ᠪᠤᠳᠤᠯᠬᠢᠯᠠᠵᠦ ︽ᠴᠠᠬᠠᠷ ᠠᠪᠢᠶ᠎ᠠ ᠬᠡᠯᠡᠯᠭᠡ︾ ᠪᠠᠷ ᠨᠢᠭᠡᠳᠭᠡᠨ ᠪᠠᠷᠢᠮᠵᠢᠶᠠᠵᠢᠭᠤᠯᠵᠦ᠂ ᠷᠠᠳᠢᠤ᠋ | ᠲᠧᠯᠸᠢᠰ᠂ ᠰᠤᠶᠤᠯ ᠰᠤᠷᠭᠠᠨ ᠬᠦᠮᠦᠵᠢᠯ᠂ ᠰᠤᠶᠤᠯ ᠤᠷᠠᠯᠢᠭ᠂ ᠰᠤᠨᠢᠨ ᠰᠡᠳᠭᠦᠯ᠂ ᠨᠤᠮ ᠲᠡᠪᠳᠡᠷ᠂ ᠮᠡᠳᠡᠭᠡ | ᠵᠢᠭᠤᠯᠴᠢᠯᠠᠭᠤᠷ ᠤᠨ ᠨᠡᠶᠢᠳᠡ ᠶᠢᠨ ᠨᠢᠭᠡ ᠴᠤᠭᠴᠠᠵᠢᠭᠰᠠᠨ ᠦᠬᠡ ᠬᠡᠯᠡᠯᠭᠡ ᠶᠢᠨ ᠲᠤᠭᠳᠠᠴᠠ ᠶᠢ ᠪᠤᠢ ᠪᠤᠯᠭᠠᠬᠤ ᠶᠢ | ᠰᠠᠨᠠᠭᠠᠴᠢᠯᠠᠨ᠎ᠠ᠃ ᠴᠠᠬᠠᠷ ᠬᠡᠯᠡᠴᠡ ᠶᠢᠨ ᠮᠤᠩᠭᠤᠯ ᠠᠪᠢᠶ᠎ᠠ ᠶᠢᠨ ᠤᠨᠴᠠᠯᠢᠭ ᠭᠡᠪᠡᠯ ᠬᠡᠯᠡᠯᠭᠡ ᠨᠢ ᠲᠤᠲᠤᠷᠬᠠᠢ | ᠪᠤᠯᠬᠤᠷ ᠮᠤᠩᠭᠤᠯ ᠬᠡᠯᠡᠳᠡᠨ ᠪᠦᠬᠦᠨ ᠳᠤ ᠤᠶᠢᠯᠠᠭᠠᠮᠵᠢᠳᠠᠢ᠂ ᠦᠬᠡᠨ ᠤ ᠠᠶᠠᠯᠠᠭᠤ ᠶᠢᠨ ᠲᠠᠯ᠎ᠠ ᠪᠠᠷ ᠡᠶᠡᠷᠡᠭᠦᠨ | ᠰᠤᠨᠤᠰᠪᠦᠷᠢᠳᠡᠢ᠂ ᠦᠬᠦᠯᠡᠪᠦᠷᠢ ᠶᠢᠨ ᠨᠡᠶᠢᠴᠡᠪᠦᠷᠢ ᠬᠠᠩᠭᠠᠮᠵᠢᠳᠡᠢ᠂ ᠢᠯᠡᠳᠭᠡᠬᠦ ᠴᠢᠳᠠᠪᠤᠷᠢ ᠪᠠᠷ ᠰᠢᠭᠤᠷᠬᠠᠢ ᠵᠡᠷᠭᠡ | ᠪᠠᠷ ᠢᠯᠡᠷᠡᠳᠡᠭ᠃ ᠨᠡᠩ ᠢᠯᠠᠩᠭᠤᠶ᠎ᠠ ᠬᠠᠷᠢ ᠬᠡᠯᠡᠨ ᠤ ᠬᠤᠯᠢᠴᠠ ᠦᠭᠡᠢ ᠮᠦᠷᠳᠡᠭᠡᠨ ᠴᠠᠪᠠᠷ ᠮᠤᠩᠭᠤᠯ ᠬᠡᠯᠡᠨ ᠤ | ᠪᠠᠷᠢᠮᠵᠢᠶ᠎ᠠ ᠶᠢᠨ ᠪᠦᠷᠢᠨ ᠰᠢᠨᠵᠢ ᠶᠢ ᠬᠠᠳᠠᠭᠠᠯᠠᠵᠦ ᠪᠠᠶᠢᠳᠠᠭ ᠵᠡᠷᠭᠡ ᠤᠨᠴᠠᠯᠢᠭ ᠲᠠᠢ᠃ ᠡᠭᠦᠨ ᠢ ᠦᠪᠦᠷ ᠮᠤᠩᠭᠤᠯ | ᠤᠨ ᠷᠠᠳᠢᠤ᠋ ᠲᠤᠯᠬᠢᠶᠠᠨ ᠪᠤᠯᠤᠨ ᠲᠧᠯᠸᠢᠰ ᠨᠡᠪᠳᠡᠷᠡᠭᠦᠯᠭᠡ ᠶᠢᠨ ᠨᠡᠪᠳᠡᠷᠡᠭᠦᠯᠦᠭᠴᠢ ᠶᠢᠨ ᠲᠠᠭᠤᠨ ᠬᠤᠭᠤᠯᠠᠢ ᠪᠠᠷ | ᠲᠡᠯᠡᠬᠡᠢ ᠨᠡᠶᠢᠳᠡ ᠶᠢᠨ ᠮᠤᠩᠭᠤᠯᠴᠦᠳ ᠲᠤ ᠲᠠᠨᠢᠭᠳᠠᠨ ᠮᠡᠳᠡᠷᠡᠭᠳᠡᠵᠦ ᠪᠠᠶᠢᠳᠠᠭ᠃ | ︵2︶ ᠤᠯᠠᠮᠵᠢᠯᠠᠯᠳᠤ ᠦᠰᠦᠭ ᠪᠢᠴᠢᠭ ᠤᠨ ᠨᠢᠭᠡᠳᠦᠯ ᠪᠤᠯ ᠰᠤᠶᠤᠨ ᠭᠡᠭᠡᠷᠡᠯ ᠤᠨ ᠦᠨᠳᠦᠰᠦᠨ | ᠠᠴᠢᠶᠠᠯᠠᠪᠤᠷᠢ ᠪᠦᠭᠡᠳ ᠶᠢᠷᠳᠢᠨᠴᠤ ᠶᠢ ᠲᠠᠨᠢᠬᠤ ᠴᠤᠩᠬᠤ ᠮᠦᠨ᠃ ᠮᠤᠩᠭᠤᠯᠴᠦᠳ ᠤᠨ ᠤᠶᠤᠨ ᠤ ᠡᠷᠳᠡᠨᠢᠰ ᠤᠨ | ᠦᠪ ᠰᠤᠶᠤᠯ ᠤᠨ ᠦᠨᠳᠦᠰᠦ ᠪᠤᠯᠬᠤ ᠪᠤᠰᠤᠭ᠎ᠠ ᠮᠤᠩᠭᠤᠯ ᠦᠰᠦᠭ ᠪᠤᠯ ᠲᠡᠤᠬᠡᠨ ᠤᠯᠠᠮᠵᠢᠯᠠᠯ ᠢᠶᠠᠷ ᠡᠷᠳᠡ ᠪᠦᠭᠡᠳ | ᠮᠤᠩᠭᠤᠯ ᠦᠬᠡ ᠬᠡᠯᠡ ᠪᠠᠨ ᠴᠠᠠᠭᠠᠰᠤᠨ ᠲᠡᠭᠡᠷ᠎ᠡ ᠢᠯᠡᠷᠡᠭᠦᠯᠦᠨ ᠦᠯᠡᠳᠡᠭᠡᠬᠦ ᠬᠠᠮᠤᠭ ᠤᠨ ᠪᠠᠳᠤᠯᠠᠭ᠎ᠠ ᠲᠠᠢ ᠦᠰᠦᠭ | ᠪᠢᠴᠢᠭ ᠤᠨ ᠬᠡᠯᠪᠡᠷᠢ ᠮᠦᠨ᠃ ᠪᠤᠰᠤᠭ᠎ᠠ ᠮᠤᠩᠭᠤᠯ ᠦᠰᠦᠭ ᠮᠠᠨᠢ ᠮᠤᠩᠭᠤᠯᠴᠦᠳ ᠤᠨ ᠬᠡᠶᠢᠮᠦᠷᠢ ᠪᠤᠰᠤᠭ᠎ᠠ᠂ | ᠦᠢᠯᠡᠰ ᠪᠤᠰᠤᠭ᠎ᠠ᠂ ᠵᠤᠷᠢᠭ ᠰᠠᠨᠠᠭ᠎ᠠ ᠪᠤᠰᠤᠭ᠎ᠠ ᠪᠠᠶᠢᠳᠠᠭ ᠪᠡᠯᠭᠡᠳᠡᠯ ᠤᠨ ᠠᠭᠤᠯᠭ᠎ᠠ ᠶᠢ ᠢᠯᠡᠳᠭᠡᠭᠰᠡᠨ ᠴᠢᠩᠭᠢᠰ | ᠬᠠᠭᠠᠨ ᠤ ᠵᠠᠷᠯᠢᠭ ᠢᠶᠠᠷ ᠵᠤᠬᠢᠶᠠᠭᠳᠠᠭᠰᠠᠨ ᠤᠯᠠᠮᠵᠢᠯᠠᠯ ᠤᠨ ᠴᠢᠨᠠᠷ ᠢᠶᠠᠷ ᠴᠢᠩᠭ᠎ᠠ᠂ ᠲᠡᠤᠬᠡᠴᠢ ᠴᠢᠨᠠᠷ ᠢᠶᠠᠷ | ᠰᠠᠭᠤᠷᠢᠯᠢᠭ ᠠᠮᠢ ᠲᠠᠢ ᠦᠰᠦᠭ ᠪᠢᠴᠢᠭ ᠤᠨ ᠬᠡᠯᠪᠡᠷᠢ ᠲᠦᠷᠰᠦ ᠪᠤᠯᠤᠨ᠎ᠠ᠃ ᠮᠤᠩᠭᠤᠯᠴᠦᠳ ᠪᠤᠰᠤᠭ᠎ᠠ ᠦᠰᠦᠭ | ᠲᠡᠭᠡᠨ ᠰᠤᠤᠳᠦ ᠤᠶᠤᠨ ᠪᠢᠯᠢᠭ᠂ ᠪᠠᠭᠠᠳᠤᠷᠯᠢᠭ ᠲᠤᠤᠯᠢᠰ᠂ ᠵᠢᠪᠬᠤᠭ᠎ᠠ ᠰᠦᠯᠳᠡ ᠭᠦᠨ ᠰᠢᠩᠭᠡᠭᠰᠡᠨ ᠪᠠᠶᠢᠭ᠎ᠠ ᠶᠤᠮ᠃ | ᠮᠤᠩᠭᠤᠯ ᠦᠬᠡ ᠬᠡᠯᠡ ᠦᠰᠦᠭ ᠪᠢᠴᠢᠭ ᠪᠤᠯ ᠵᠦᠪᠬᠡᠨ ᠮᠤᠩᠭᠤᠯ ᠬᠦᠮᠦᠨ ᠳᠤ ᠯᠡ ᠬᠡᠷᠡᠭ ᠲᠠᠢ ᠵᠦᠢᠯ ᠪᠦᠭᠡᠳ | ᠮᠤᠩᠭᠤᠯᠴᠦᠳ ᠲᠠᠭᠠᠨ ᠦᠢᠯᠡᠴᠢᠯᠡᠳᠡᠭ ᠴᠠᠭᠠᠰᠤᠨ ᠲᠡᠭᠡᠷ᠎ᠡ ᠦᠯᠡᠳᠡᠭᠡᠵᠦ᠂ ᠦᠶ᠎ᠡ ᠦᠶ᠎ᠡ ᠶᠢᠨ ᠬᠤᠶᠢᠴᠢᠰ ᠤᠨ | ᠮᠠᠯᠮᠠᠢ ᠳᠤ ᠲᠤᠲᠤᠷᠠᠨ ᠢᠯᠡᠷᠡᠬᠦ ᠴᠢᠨᠳᠠᠮᠤᠨᠢ ᠡᠷᠳᠡᠨᠢ ᠪᠤᠯᠳᠠᠭ ᠤᠴᠢᠷ ᠲᠠᠢ᠃ ᠡᠶᠢᠮᠦ ᠠᠴᠠ ᠮᠤᠩᠭᠤᠯᠴᠦᠳ ᠮᠠᠨᠢ | ᠪᠤᠰᠤᠭ᠎ᠠ ᠦᠰᠦᠭ ᠪᠢᠴᠢᠭ ᠢᠶᠠᠨ ᠬᠠᠶᠢᠷᠠᠯᠠᠨ ᠰᠢᠳᠦᠵᠦ᠂ ᠬᠠᠮᠠᠭᠠᠯᠠᠨ ᠬᠦᠭᠵᠢᠬᠦᠯᠵᠦ᠂ ᠪᠠᠷᠢᠮᠳᠠᠯᠠᠨ ᠤᠯᠠᠮᠵᠢᠯᠠᠪᠠᠯ | ᠮᠤᠩᠭᠤᠯ ᠭᠡᠬᠦ ᠦᠨᠳᠦᠰᠦᠳᠡᠨ ᠤ ᠪᠠᠨ ᠨᠤᠭᠤᠰᠤ ᠴᠢᠮᠦᠭᠡ ᠳᠤ ᠰᠢᠮ᠎ᠡ ᠲᠡᠵᠢᠭᠡᠯ ᠨᠡᠮᠡᠭᠰᠡᠨ ᠪᠤᠶᠠᠨ ᠤ ᠶᠠᠪᠤᠳᠠᠯ | ᠪᠤᠯᠤᠨ᠎ᠠ᠃ | ᠭᠡᠳᠡᠯ᠎ᠡ ᠤᠳᠤ ᠪᠤᠯᠬᠤ ᠳᠤ ᠦᠰᠦᠭ ᠪᠢᠴᠢᠭ ᠢᠶᠠᠨ ᠨᠢᠭᠡᠳᠭᠡᠭᠡᠳᠦᠢ ᠪᠠᠶᠢᠭᠰᠠᠭᠠᠷ ᠪᠦᠭᠡᠳ ᠶᠡᠭᠡ | ᠦᠨᠳᠦᠰᠦᠳᠡᠨ ᠤ ᠬᠠᠳᠠᠭᠤ ᠲᠠᠷᠤᠯᠳᠠ ᠠᠴᠠ ᠪᠤᠯᠵᠦ ᠠᠷᠤ ᠮᠤᠩᠭᠤᠯ ᠨᠢ ᠪᠤᠰᠤᠭ᠎ᠠ ᠮᠤᠩᠭᠤᠯ ᠦᠰᠦᠭ ᠢᠶᠠᠨ | ᠬᠡᠪᠳᠡᠭᠡ ᠦᠰᠦᠭ ᠪᠤᠯᠭᠠᠨ ᠤᠷᠬᠢᠵᠦ ᠭᠡᠭᠡᠭᠡᠳ ᠲᠠᠯ᠎ᠠ ᠨᠠᠶᠠᠨ ᠵᠢᠯ ᠪᠤᠯᠪᠠ᠂ ᠦᠪᠦᠷ ᠮᠤᠩᠭᠤᠯ ᠪᠤᠰᠤᠭ᠎ᠠ ᠦᠰᠦᠭ | ᠢᠶᠠᠨ ᠠᠪᠴᠤ ᠦᠯᠡᠳᠡᠭᠰᠡᠨ ᠪᠤᠯᠪᠠᠴᠤ ᠤᠶᠢᠷ᠎ᠠ ᠠᠴᠠ ᠮᠤᠩᠭᠤᠯ ᠦᠰᠦᠭ ᠢᠶᠠᠨ ᠬᠤᠴᠤᠷᠤᠩᠭᠤᠢ ᠬᠡᠮᠡᠨ | ᠯᠠᠲ᠋ᠢᠨᠴᠢᠯᠠᠬᠤ ᠪᠠ ︽ᠮᠤᠩᠭᠤᠯ ᠦᠰᠦᠭ ᠤᠨ ᠵᠦᠪ ᠪᠢᠴᠢᠯᠭᠡ ᠶᠢᠨ ᠲᠤᠯᠢ︾ ᠭᠡᠬᠦ ᠦᠰᠦᠭ ᠪᠢᠴᠢᠭ ᠤᠨ | ᠰᠠᠮᠠᠭᠤᠷᠠᠯ ᠡᠭᠦᠰᠴᠤ᠂ ᠮᠤᠩᠭᠤᠯ ᠦᠬᠡ ᠬᠡᠯᠡ ᠦᠰᠦᠭ ᠪᠢᠴᠢᠭ ᠤᠨ ᠬᠡᠪ ᠤᠨ ᠪᠠᠶᠢᠳᠠᠯ ᠠᠯᠳᠠᠭᠳᠠᠵᠦ᠂ ᠤᠯᠢᠭᠤ | ᠬᠡᠯᠡᠯᠭᠡ ᠰᠤᠯᠢᠭᠤ ᠪᠢᠴᠢᠯᠭᠡ ᠤᠯᠠᠰᠢᠷᠠᠬᠤ ᠪᠤᠯᠵᠠᠢ᠃ ᠪᠠᠰᠠ ᠵᠠᠷᠢᠮ ᠨᠢ᠂ ᠪᠤᠰᠤᠭ᠎ᠠ ᠮᠤᠩᠭᠤᠯ ᠦᠰᠦᠭ ᠢᠶᠠᠨ | ᠴᠠᠭᠠᠨ ᠲᠤᠯᠤᠭᠠᠢ ᠨᠢ ᠠᠷᠪᠢᠨ ᠰᠤᠷᠬᠤ ᠳᠤ ᠲᠦᠭᠦᠮ ᠦᠭᠡᠢ᠂ ᠭᠠᠳᠠᠭᠠᠳᠤ ᠶᠢᠨ ᠦᠰᠦᠭ ᠪᠤᠯ ᠰᠤᠷᠬᠤ ᠳᠤ ᠬᠢᠯᠪᠠᠷ | ᠲᠦᠭᠦᠮ ᠭᠡᠵᠡᠭᠡᠵᠦ ᠪᠤᠢ᠃ ᠨᠦᠬᠦᠭᠡᠳᠡᠬᠢ ᠨᠢ ᠮᠤᠩᠭᠤᠯ ᠦᠰᠦᠭ ᠵᠦᠪ ᠪᠢᠴᠢᠯᠭᠡ ᠶᠢᠨ ᠲᠦᠷᠢᠮ ᠳᠡᠭᠡᠨ | ᠲᠠᠰᠢᠶ᠎ᠠ ᠲᠠᠢ ᠪᠠᠶᠢᠨ᠎ᠠ ᠭᠡᠳ ᠤᠨᠴᠤᠭᠠᠢ ᠪᠢᠴᠢᠯᠭᠡ ᠶᠢ ᠴᠤ ᠦᠭᠡᠷᠡᠴᠢᠯᠡᠬᠦ ᠭᠡᠵᠦ ᠤᠷᠤᠯᠳᠤᠵᠦ ᠪᠤᠢ᠃ ᠮᠤᠩᠭᠤᠯ | ᠦᠰᠦᠭ ᠪᠢᠴᠢᠭ ᠢᠶᠠᠨ ᠬᠠᠮᠠᠭᠠᠯᠠᠬᠤ ᠦᠭᠡᠢ ᠲᠡᠭᠡᠷ᠎ᠡ ᠪᠠᠨ ᠠᠯᠤᠬ᠎ᠠ ᠰᠦᠬᠡ ᠪᠠᠷᠢᠵᠦ ᠲᠠᠭᠠᠷᠢᠨ ᠤᠷᠤᠭᠰᠠᠳ | ᠤᠯᠠᠰᠢᠷᠠᠬᠤ ᠰᠢᠭ᠋ ᠪᠤᠯᠪᠠ᠃ ᠦᠬᠡ ᠬᠡᠯᠡ ᠦᠰᠦᠭ ᠪᠢᠴᠢᠭ ᠤᠨ ᠰᠠᠮᠠᠭᠤᠷᠠᠯ ᠪᠤᠯ ᠨᠢᠭᠡ ᠦᠨᠳᠦᠰᠦᠳᠡᠨ ᠤ | ᠲᠤᠷᠦ᠋ᠢᠳᠠᠨ ᠮᠦᠬᠦᠬᠦ ᠶᠢᠨ ᠰᠢᠨᠵᠢ ᠪᠤᠯᠤᠨ᠎ᠠ᠃ ᠤᠨᠴᠠ ᠵᠠᠷᠢᠮ ᠡᠷᠳᠡᠮᠳᠡᠨ ᠬᠡᠮᠡᠭᠴᠢᠳ ᠭᠠᠳᠠᠭᠠᠳᠤ ᠶᠢᠨ ᠬᠡᠳᠦᠨ | ᠦᠬᠡ ᠦᠰᠦᠭ ᠢ ᠰᠤᠷᠴᠢᠬᠠᠭᠠᠳ ᠶᠡᠭᠡ ᠶᠠᠭᠤᠮ᠎ᠠ ᠮᠡᠳᠡᠭᠰᠡᠨ ᠰᠢᠭ ᠰᠠᠭᠰᠤᠯᠵᠠᠨ ᠠᠭᠠᠰᠢᠯᠠᠵᠦ᠂ ᠬᠠᠷᠢᠨ ᠦᠪᠡᠷ | ᠤᠨ ᠭᠡᠬᠦ ᠦᠪ ᠰᠤᠶᠤᠯ ᠳᠠᠭᠠᠨ ︽ᠤᠷᠪᠠᠯᠭ᠎ᠠ ᠭᠠᠷᠭᠠᠬᠤ︾ ᠪᠤᠯ ᠲᠤᠩ ᠠᠶᠤᠯ ᠲᠠᠢ ᠶᠤᠮ᠃ | ︵3︶ ᠮᠤᠩᠭᠤᠯ ᠪᠢᠴᠢᠭ ᠤᠨ ᠵᠦᠪ ᠡᠷᠭᠢᠯᠳᠡ ᠶᠢᠨ ᠰᠢᠨᠵᠢ ᠲᠡᠮᠳᠡᠭᠪᠤᠰᠤᠭᠠ ᠮᠤᠩᠭᠤᠯ ᠦᠰᠦᠭ ᠪᠤᠯ | ᠮᠠᠨ ᠤ ᠮᠤᠩᠭᠤᠯᠴᠦᠳ ᠤᠨ ᠬᠠᠮᠳᠤ ᠶᠢᠨ ᠤᠶᠤᠨ ᠰᠠᠨᠠᠭᠠᠨ ᠤ ᠤᠯᠠᠮᠵᠢᠯᠠᠯᠳᠤ ᠦᠪ ᠬᠦᠷᠦᠩᠭᠡ ᠮᠦᠨ᠃ | ᠤᠶᠢᠷ᠎ᠠ ᠶᠢᠨ ᠨᠢᠭᠡᠨ ᠬᠤᠭᠤᠴᠠᠭᠠᠨ᠎ᠠ᠂ ᠪᠤᠰᠤᠭ᠎ᠠ ᠮᠤᠩᠭᠤᠯ ᠦᠰᠦᠭ ᠤᠨ ᠬᠡᠷᠡᠭᠯᠡᠯᠳᠡ ᠦᠷᠭᠡᠵᠢᠨ ᠪᠤᠵᠠᠭᠠᠶᠢᠷᠠᠵᠦ᠂ | ᠵᠦᠪ ᠡᠷᠭᠢᠯᠳᠡ ᠶᠢᠨ ᠱᠠᠳᠤᠨ ᠳᠠᠭᠠᠨ ᠤᠷᠤᠯ᠎ᠠ ᠭᠡᠵᠦ ᠬᠡᠯᠡᠵᠦ ᠪᠤᠯᠤᠨ᠎ᠠ᠃ ᠲᠡᠭᠦᠨ ᠤ ᠰᠢᠨᠵᠢ ᠲᠡᠮᠳᠡᠭ ᠭᠡᠪᠡᠯ | 2004 ᠤᠨ ᠳᠤ ᠮᠤᠩᠭᠤᠯ ᠤᠯᠤᠰ ︽ᠴᠢᠩᠭᠢᠰ ᠬᠠᠭᠠᠨ ᠤ ᠨᠢᠭᠡᠳᠭᠡᠭᠰᠡᠨ ᠮᠤᠩᠭᠤᠯ ᠲᠦᠷᠦ ᠶᠢᠨ ᠪᠢᠴᠢᠭ | ᠬᠡᠷᠡᠭᠯᠡᠭᠡᠨ ᠤ 800 ᠵᠢᠯ ᠤᠨ ᠤᠢ︾ ᠶᠢ ᠲᠤᠷᠠᠰᠬᠠᠨ ᠲᠡᠮᠳᠡᠭᠯᠡᠵᠡᠢ᠃ 2018 ᠤᠨ ᠳᠤ ᠮᠤᠩᠭᠤᠯ ᠤᠨ | ᠶᠡᠷᠦᠩᠬᠡᠶᠢᠯᠡᠭᠴᠢ ᠭ᠊ · ᠪᠠᠳᠤᠳᠤᠯᠭ᠎ᠠ ᠠᠴᠠ ︽ᠮᠤᠩᠭᠤᠯ ᠪᠢᠴᠢᠭ ᠤᠨ ᠬᠡᠷᠡᠭᠯᠡᠭᠡ ᠶᠢ ᠨᠡᠮᠡᠭᠳᠡᠬᠦᠯᠬᠦ ᠠᠵᠢᠯ ᠢ | ᠡᠷᠴᠢᠮᠵᠢᠬᠦᠯᠬᠦ ᠲᠤᠬᠠᠢ︾ ᠵᠠᠷᠯᠢᠭ ᠭᠠᠷᠭᠠᠵᠦ᠂ ᠪᠤᠳᠠᠳᠠᠢ ᠬᠡᠷᠡᠭᠵᠢᠬᠦᠯᠬᠦ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ | ᠭᠠᠷᠳᠠᠭᠤᠯᠤᠨ ᠦᠭᠴᠠᠢ᠃ ᠮᠤᠩᠭᠤᠯ ᠬᠡᠯᠡ ᠨᠢ ᠮᠤᠩᠭᠤᠯ ᠬᠦᠮᠦᠨ ᠤ ᠤᠶᠤᠨ ᠰᠡᠳᠭᠢᠯᠭᠡ ᠶᠢ ᠪᠦᠷᠢᠯᠳᠦᠭᠦᠯᠵᠦ᠂ | ᠮᠤᠩᠭᠤᠯ ᠰᠤᠶᠤᠯ᠂ ᠮᠤᠩᠭᠤᠯ ᠬᠦᠮᠦᠨ ᠢ ᠪᠦᠳᠦᠭᠡᠳᠡᠭ ᠪᠤᠯ ᠮᠤᠩᠭᠤᠯ ᠪᠢᠴᠢᠭ ᠨᠢ ᠮᠤᠩᠭᠤᠯ ᠬᠡᠯᠡ᠂ ᠰᠡᠳᠬᠢᠯᠭᠡ᠂ | ᠰᠤᠶᠤᠯ ᠢᠷᠭᠡᠨᠰᠢᠯ ᠤᠨ ᠠᠶᠤᠯ ᠦᠭᠡᠢ ᠪᠠᠶᠢᠳᠠᠯ ᠢ ᠬᠠᠳᠠᠭᠠᠯᠠᠨ ᠪᠠᠳᠤᠵᠢᠭᠤᠯᠤᠭᠴᠢ ᠪᠤᠯᠳᠠᠭ ᠭᠡᠰᠡᠨ ᠨᠢ ᠮᠠᠰᠢ | ᠵᠦᠢᠳᠡᠢ ᠨᠤᠳᠠᠯᠠᠯᠳᠠ ᠪᠠᠶᠢᠨ᠎ᠠ᠃ ᠮᠤᠩᠭᠤᠯ ᠤᠯᠤᠰ ᠤᠨ ᠦᠨᠳᠦᠰᠦᠨ ᠤ ᠠᠶᠤᠯ ᠦᠭᠡᠢ ᠪᠠᠶᠢᠳᠠᠯ ᠤᠨ ᠦᠵᠡᠯ | ᠪᠠᠷᠢᠮᠳᠠᠯᠠᠯ ᠳᠤ᠄ ︽ᠦᠨᠳᠦᠰᠦᠨ ᠤ ᠲᠡᠤᠬᠡ᠂ ᠬᠡᠯᠡ᠂ ᠰᠤᠶᠤᠯ᠂ ᠦᠪ ᠤᠯᠠᠮᠵᠢᠯᠠᠯ᠂ ᠵᠠᠩ ᠵᠠᠩᠰᠢᠯ ᠢᠶᠠᠨ | ᠬᠠᠳᠠᠭᠠᠯᠠᠵᠦ᠂ ᠬᠠᠮᠠᠭᠠᠯᠠᠵᠦ᠂ ᠬᠦᠭᠵᠢᠬᠦᠯᠬᠦ ᠨᠢ ᠮᠤᠩᠭᠤᠯ ᠦᠨᠳᠦᠰᠦᠳᠡᠨ ᠤ ᠤᠷᠤᠰᠢᠨ ᠲᠤᠭᠳᠠᠨᠢᠬᠤ ᠶᠢᠨ | ᠦᠨᠳᠦᠰᠦ᠂ ᠠᠮᠢᠨ ᠴᠢᠬᠤᠯᠠ ᠲᠠᠷᠬᠠᠯᠭ᠎ᠠ ᠮᠦᠨ︾ ᠭᠡᠵᠦ ᠲᠡᠮᠳᠡᠭᠯᠡᠭᠰᠡᠨ ᠨᠢ ᠮᠤᠩᠭᠤᠯ ᠦᠰᠦᠭ ᠪᠢᠴᠢᠭ ᠤᠨ | ᠴᠢᠬᠤᠯᠠ ᠶᠡᠭᠡ ᠠᠴᠢ ᠬᠤᠯᠪᠤᠭᠳᠠᠯ ᠢ ᠵᠦᠪ ᠤᠨᠤᠪᠴᠢᠳᠠᠢ ᠲᠤᠲᠤᠷᠬᠠᠶᠢᠯᠠᠵᠠᠢ᠃ ᠮᠤᠩᠭᠤᠯ ᠤᠯᠤᠰ ᠪᠤᠰᠤᠭ᠎ᠠ | ᠮᠤᠩᠭᠤᠯ ᠦᠰᠦᠭ ᠪᠢᠴᠢᠭ ᠢᠶᠠᠨ ᠰᠡᠷᠭᠦᠭᠡᠨ ᠬᠡᠷᠡᠭᠵᠢᠭᠦᠯᠦᠭᠰᠡᠨ ᠶᠠᠪᠤᠳᠠᠯ ᠪᠤᠯ ᠮᠤᠩᠭᠤᠯ ᠪᠢᠴᠢᠭ ᠤᠨ ᠰᠤᠶᠤᠯ ᠤᠨ | ᠦᠷᠭᠡᠵᠢᠯ ᠪᠤᠯᠤᠭᠰᠠᠨ ᠪᠠᠶᠠᠷᠯᠠᠭᠤᠰᠢᠳᠠᠢ ᠲᠡᠤᠬᠡᠨ ᠶᠠᠪᠤᠳᠠᠯ ᠪᠤᠯᠬᠤ ᠮᠦᠷᠳᠡᠭᠡᠨ ᠠᠪᠤᠷᠠᠯᠳᠠ ᠶᠢᠨ ᠴᠢᠨᠠᠷ ᠲᠠᠢ ᠦᠢᠯᠡ | ᠶᠠᠪᠤᠳᠠᠯ ᠭᠡᠵᠦ ᠦᠨᠡᠯᠡᠬᠦ ᠶᠤᠰᠤᠳᠠᠢ᠃ | ᠦᠪᠦᠷ ᠮᠤᠩᠭᠤᠯ ᠪᠤᠯ ᠪᠤᠰᠤᠭ᠎ᠠ ᠮᠤᠩᠭᠤᠯ ᠦᠰᠦᠭ ᠢᠶᠠᠨ ᠦᠪᠯᠡᠨ ᠬᠠᠮᠠᠭᠠᠯᠠᠵᠦ᠂ ᠨᠡᠶᠢᠳᠡᠮ ᠬᠡᠷᠡᠭᠯᠡᠬᠦ | ᠦᠰᠦᠭ ᠪᠢᠴᠢᠭ ᠢᠶᠠᠨ ᠪᠤᠯᠭᠠᠭᠰᠠᠭᠠᠷ ᠢᠷᠡᠭᠰᠡᠨ ᠢᠷᠠᠭᠤ ᠲᠡᠤᠬᠡᠨ ᠭᠠᠪᠢᠶ᠎ᠠ ᠲᠠᠢ ᠶᠤᠮ᠃ ᠦᠪᠦᠷ ᠮᠤᠩᠭᠤᠯ ᠤᠨ | ᠮᠤᠩᠭᠤᠯ ᠡᠷᠳᠡᠮᠳᠡᠳ ᠪᠤᠰᠤᠭ᠎ᠠ ᠮᠤᠩᠭᠤᠯ ᠦᠰᠦᠭ ᠪᠢᠴᠢᠭ ᠢᠶᠠᠷ ᠢᠶᠠᠨ ᠲᠡᠤᠬᠡ ᠪᠠᠨ ᠪᠢᠴᠢᠭᠯᠡᠵᠦ᠂ ᠲᠡᠭᠦᠨ ᠲᠡᠭᠡᠷ᠎ᠡ | ᠪᠠᠨ ᠰᠠᠭᠤᠷᠢᠯᠠᠭᠰᠠᠨ ᠡᠷᠳᠡᠮ ᠰᠢᠨᠵᠢᠯᠡᠭᠡ ᠶᠢ ᠤᠯᠠᠨᠳᠠ ᠬᠢᠵᠦ᠂ ᠮᠤᠩᠭᠤᠯ ᠦᠨᠳᠦᠰᠦᠳᠡᠨ ᠤ ᠪᠠᠨ ᠦᠪ | ᠰᠤᠶᠤᠯ ᠤᠨ ᠡᠷᠳᠡᠨᠢᠰ ᠤᠨ ᠰᠤᠪᠤᠷᠭᠠᠨ ᠳᠤ ᠠᠯᠳᠠᠨ ᠲᠤᠭᠤᠰᠬ᠎ᠠ ᠪᠠᠨ ᠲᠡᠪᠢᠰᠦᠭᠰᠡᠭᠡᠷ ᠢᠷᠡᠭᠰᠡᠨ ᠴᠢᠷᠮᠠᠶᠢᠯᠭ᠎ᠠ ᠪᠤᠯ | ᠬᠡᠵᠢᠶᠡᠳᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠤᠮ ᠭᠡᠳᠡᠭ ᠲᠤ ᠢᠳᠡᠭᠡᠯᠳᠡᠢ ᠪᠠᠶᠢᠨ᠎ᠠ᠃ ᠦᠪᠦᠷ ᠮᠤᠩᠭᠤᠯ | ᠤᠷᠤᠨ ᠳᠤ ᠮᠤᠩᠭᠤᠯ ᠦᠨᠳᠦᠰᠦᠳᠡᠨ ᠤ ᠰᠤᠷᠭᠠᠨ ᠬᠦᠮᠦᠵᠢᠯ ᠨᠢ ᠪᠤᠰᠤᠭ᠎ᠠ ᠮᠤᠩᠭᠤᠯ ᠦᠰᠦᠭ ᠪᠢᠴᠢᠭ ᠢᠶᠠᠷ ᠭᠤᠤᠯ | ᠰᠠᠭᠤᠷᠢ ᠪᠠᠨ ᠡᠵᠡᠯᠡᠭᠦᠯᠤᠭ᠍ᠰᠡᠭᠡᠷ ᠢᠷᠡᠭᠰᠡᠨ ᠪᠦᠭᠡᠳ ᠦᠪᠦᠷ ᠮᠤᠩᠭᠤᠯ ᠤᠨ ᠮᠤᠩᠭᠤᠯᠴᠦᠳ ᠪᠤᠯ ᠮᠤᠩᠭᠤᠯ ᠦᠰᠦᠭ | ᠪᠢᠴᠢᠭ ᠢᠶᠠᠷ ᠢᠶᠠᠨ ᠲᠡᠯᠡᠬᠡᠢ ᠶᠢᠷᠳᠢᠨᠴᠤ ᠲᠠᠢ ᠲᠠᠨᠢᠯᠴᠠᠵᠦ ᠪᠠᠶᠢᠭ᠎ᠠ ᠰᠠᠶᠢᠨ ᠰᠠᠭᠤᠷᠢ ᠲᠠᠢ ᠠᠷᠠᠳ ᠲᠦᠮᠡᠨ ᠪᠠᠶᠢᠭ᠎ᠠ | ᠶᠤᠮ᠃ | ᠦᠨᠳᠦᠰᠦᠳᠡᠨ ᠤ ᠲᠤᠲᠤᠭᠠᠳᠤ ᠶᠢᠨ ᠶᠠᠪᠤᠳᠠᠯ ᠳᠤ ᠪᠢᠳᠡ ᠠᠳᠠᠯᠢ ᠲᠠᠯ᠎ᠠ ᠪᠠᠨ ᠪᠠᠳᠤᠳᠬᠠᠵᠦ᠂ ᠶᠡᠭᠡ ᠲᠠᠯ᠎ᠠ | ᠲᠡᠭᠡᠷ᠎ᠡ ᠪᠠᠨ ᠨᠢᠭᠡᠳᠴᠤ᠂ ᠦᠨᠳᠦᠰᠦᠨ ᠤᠨᠴᠠᠯᠢᠭ ᠪᠠᠨ ᠨᠢᠭᠡᠳᠭᠡᠬᠦ ᠪᠤᠯ ᠨᠢᠭᠡᠨ ᠦᠨᠳᠦᠰᠦᠳᠡᠨ ᠤ ᠤᠷᠤᠰᠢᠨ | ᠲᠤᠭᠳᠠᠨᠢᠬᠤ ᠪᠠ ᠪᠠᠬᠢᠵᠢᠯ ᠤᠨ ᠰᠠᠭᠤᠷᠢ ᠪᠤᠯᠬᠤ ᠶᠤᠰᠤᠳᠠᠢ᠃ ᠦᠨᠳᠦᠰᠦᠳᠡᠨ ᠤ ᠲᠤᠲᠤᠭᠠᠳᠤ ᠶᠢᠨ ᠪᠦᠯᠬᠦᠮᠳᠠᠯ ᠢ | ᠡᠷᠬᠢᠮᠯᠡᠬᠦ᠂ ᠨᠢᠭᠡᠳᠦᠭᠰᠡᠨ ᠵᠤᠷᠢᠭ ᠰᠠᠨᠠᠭ᠎ᠠ ᠲᠠᠢ ᠪᠠᠶᠢᠬᠤ᠂ ᠦᠬᠡ ᠬᠡᠯᠡ ᠦᠰᠦᠭ ᠪᠢᠴᠢᠭ ᠤᠨ ᠲᠡᠭᠡᠳᠦ ᠬᠡᠮᠵᠢᠶᠡᠨ ᠤ | ᠨᠢᠭᠡᠳᠦᠯ ᠢ ᠪᠡᠶᠡᠯᠡᠬᠦᠯᠬᠦ ᠵᠡᠷᠭᠡ ᠰᠠᠨᠠᠯ ᠢ ᠲᠡᠪᠰᠢᠭᠦᠯᠵᠦ ᠪᠠᠶᠢᠭ᠎ᠠ ᠶᠠᠪᠤᠳᠠᠯ ᠪᠤᠯ ᠮᠢᠨᠤ ᠨᠢᠭᠡᠨ ᠦᠨᠳᠦᠰᠦᠳᠡᠨ ᠢᠶᠠᠨ | ᠭᠡᠰᠡᠨ ᠦᠴᠦᠬᠡᠨ ᠰᠠᠨᠠᠭ᠎ᠠ ᠪᠠᠶᠢᠵᠦ᠂ ᠴᠢᠩᠭᠢᠰ ᠬᠠᠭᠠᠨ ᠢᠶᠠᠷ ᠲᠤᠭ ᠲᠡᠮᠳᠡᠭ ᠪᠤᠯᠭᠠᠭᠰᠠᠨ ᠦᠪᠡᠷ ᠤᠨ | ᠦᠨᠳᠦᠰᠦᠳᠡᠨ ᠤ ᠦᠪ ᠰᠤᠶᠤᠯ ᠢᠶᠠᠨ ᠬᠠᠮᠠᠭᠠᠯᠠᠨ ᠬᠦᠭᠵᠢᠬᠦᠯᠵᠦ᠂ ᠬᠠᠷᠢᠯᠴᠠᠨ ᠤᠶᠢᠯᠠᠭᠠᠯᠴᠠᠵᠦ᠂ ᠦᠬᠡ ᠬᠡᠯᠡ | ᠦᠰᠦᠭ ᠪᠢᠴᠢᠭ᠂ ᠰᠢᠳᠦᠯᠭᠡ ᠪᠢᠰᠢᠷᠡᠯ ᠢᠶᠠᠷ ᠢᠶᠠᠨ ᠨᠢᠭᠡᠳᠴᠤ ᠶᠠᠪᠤᠬᠤ ᠶᠢᠨ ᠲᠤᠰᠠᠳᠠ ᠪᠠᠶᠢᠭ᠎ᠠ ᠶᠤᠮ᠃ ᠵᠦᠷᠢᠭᠦᠤ | ᠮᠠᠷᠭᠤᠭᠠᠨ ᠪᠤᠯ ᠪᠤᠳᠠᠷᠠᠨ ᠰᠠᠷᠨᠢᠬᠤ ᠶᠢᠨ ᠡᠬᠢ ᠡᠭᠦᠰᠦᠯ ᠴᠡᠭᠡᠷᠯᠡᠪᠡᠯ ᠲᠠᠭᠠᠷᠠᠨ᠎ᠠ᠂ ᠡᠪ ᠨᠢᠭᠡᠳᠦᠯ ᠪᠤᠯ ᠪᠠᠳᠤᠵᠢᠨ | ᠬᠦᠭᠵᠢᠬᠦ ᠶᠢᠨ ᠦᠷ᠎ᠡ ᠳ᠋ᠦᠩ ᠢ ᠤᠯᠤᠨ᠎ᠠ ᠭᠡᠳᠡᠭ ᠢ ᠬᠡᠯᠡᠬᠦ ᠭᠡᠰᠡᠨ ᠶᠤᠮ᠃ ᠲᠤᠮᠳᠠᠳᠤ ᠤᠯᠤᠰ ᠤᠨ ᠦᠪᠦᠷ | ᠮᠤᠩᠭᠤᠯ ᠪᠤᠯᠤᠨ ᠮᠤᠩᠭᠤᠯ ᠤᠯᠤᠰ ᠤᠨ ᠨᠦᠬᠦᠷᠰᠡᠭ ᠬᠠᠨᠢᠳᠠᠨ ᠤ ᠬᠠᠷᠢᠴᠠᠭ᠎ᠠ ᠲᠡᠭᠡᠷ᠎ᠡ᠂ ᠪᠤᠰᠤᠭ᠎ᠠ ᠮᠤᠩᠭᠤᠯ | ᠦᠰᠦᠭ ᠪᠢᠴᠢᠭ ᠮᠠᠨᠢ ᠦᠷᠭᠡᠨ ᠶᠡᠭᠡ ᠠᠮᠢᠵᠢᠷᠠᠯ ᠤᠨ ᠬᠦᠴᠦᠨ ᠢᠶᠠᠨ ᠤᠯᠵᠦ᠂ ᠬᠤᠶᠠᠷ ᠤᠷᠤᠨ ᠤ ᠰᠤᠶᠤᠯ ᠤᠨ | ᠬᠠᠷᠢᠯᠴᠠᠭᠠᠨ ᠳᠤ ᠠᠰᠤᠷᠤ ᠶᠡᠭᠡ ᠠᠬᠢᠭᠤᠯᠬᠤ ᠦᠢᠯᠡᠳᠦᠯ ᠢ ᠦᠵᠡᠭᠦᠯᠵᠦ᠂ ᠮᠤᠩᠭᠤᠯ ᠪᠢᠴᠢᠭ ᠤᠨ ᠶᠡᠭᠡ ᠨᠢᠭᠡᠳᠦᠯ | ᠪᠡᠶᠡᠯᠡᠭᠳᠡᠨ᠎ᠡ ᠭᠡᠳᠡᠭ ᠳᠤ ᠢᠳᠡᠭᠡᠵᠦ ᠪᠠᠶᠢᠨ᠎ᠠ᠃ | | |