9 ᠰᠠᠷ᠎ᠠ ᠶᠢᠨ 29 ᠤ ᠡᠳᠦᠷ᠂ ᠪᠦᠬᠦ ᠬᠤᠳᠠ ᠶᠢᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ | ᠬᠤᠯᠪᠤᠭ᠎ᠠ ᠶᠢᠨ ᠪᠦᠲᠦᠬᠡᠨ ᠪᠠᠶᠢᠭᠤᠯᠤᠯᠳᠠ ᠶᠢᠨ ᠠᠬᠢᠭᠤᠯᠬᠤ ᠬᠤᠷᠠᠯ ᠬᠤᠷᠠᠯᠳᠤᠭᠤᠯᠪᠠ᠃ | 2014 ᠤᠨ ᠳᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠤᠯᠪᠤᠭ᠎ᠠ ᠶᠢ ᠵᠤᠬᠢᠶᠠᠨ | ᠪᠠᠶᠢᠭᠤᠯᠤᠭᠰᠠᠨ ᠠᠴᠠ ᠨᠠᠰᠢ᠂ ᠪᠦᠬᠦ ᠬᠤᠳᠠ ᠶᠢᠨ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠬᠦᠴᠦᠷᠬᠡᠭ | ᠰᠤᠷᠭᠠᠭᠤᠯᠢ᠂ ᠨᠡᠷᠡᠲᠦ ᠰᠤᠷᠭᠠᠭᠤᠯᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠬᠦᠴᠦᠷᠬᠡᠭ ᠢᠶᠠᠷ | ᠪᠠᠭᠤᠷᠠᠢ ᠶᠢ ᠲᠠᠭᠠᠭᠤᠯᠵᠦ᠂ ᠬᠠᠷᠢᠯᠴᠠᠨ ᠬᠠᠮᠲᠤᠷᠠᠯᠴᠠᠵᠦ᠂ ᠬᠠᠷᠢᠯᠴᠠᠨ ᠬᠠᠪᠰᠤᠷᠠᠯᠴᠠᠵᠦ᠂ ᠰᠤᠷᠭᠠᠨ ᠬᠦᠮᠦᠵᠢᠯ ᠤᠨ | ᠤᠢᠢᠯᠠᠭᠠᠭᠳᠠᠬᠤᠨ᠂ ᠡᠬᠢ ᠪᠠᠶᠠᠯᠢᠭ᠂ ᠠᠷᠭ᠎ᠠ ᠪᠠᠷᠢᠯ᠂ ᠦᠷ᠎ᠡ ᠪᠦᠲᠦᠮᠵᠢ ᠶᠢ ᠬᠤᠪᠢᠶᠠᠯᠴᠠᠬᠤ ᠪᠠᠷ ᠲᠠᠮᠵᠢᠨ᠂ ︽ | ᠬᠠᠮᠢᠶᠠᠷᠤᠯᠳᠠ ᠬᠠᠷᠢᠯᠴᠠᠨ ᠨᠡᠪᠲᠡᠷᠡᠯᠴᠡᠬᠦ᠂ ᠴᠢᠨᠡᠷ ᠴᠢᠨᠰᠠᠭ᠎ᠠ ᠬᠠᠮᠲᠤᠪᠡᠷ ᠠᠬᠢᠬᠤ᠂ ᠪᠠᠭᠰᠢ ᠶᠢᠨ ᠡᠩᠨᠡᠭᠡ ᠶᠢ | ᠬᠠᠮᠲᠤᠪᠡᠷ ᠪᠠᠶᠢᠭᠤᠯᠬᠤ᠂ ᠰᠤᠷᠤᠭᠴᠢ ᠬᠠᠷᠢᠯᠴᠠᠨ ᠬᠦᠳᠦᠯᠦᠯᠴᠡᠬᠦ᠂ ᠰᠤᠶᠤᠯ ᠢ ᠬᠠᠮᠲᠤᠪᠡᠷ ᠪᠠᠶᠢᠭᠤᠯᠬᠤ᠂ ᠲᠦᠷᠤᠯ | ᠵᠦᠢᠯ ᠤᠨ ᠬᠠᠮᠲᠤᠷᠠᠯᠴᠠᠭᠠᠨ︾ ᠵᠢᠷᠭᠤᠭᠠᠨ ᠶᠡᠭᠡ ᠡᠬᠦᠷᠬᠡ ᠶᠢ ᠪᠡᠶᠡᠯᠡᠬᠦᠯᠵᠦ᠂ ᠤᠷᠤᠨ ᠲᠤᠭᠤᠷᠢᠭ ᠤᠨ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨᠴᠢ᠂ ᠡᠶ᠎ᠡ ᠨᠠᠶᠢᠷᠰᠠᠭ᠂ ᠲᠡᠩᠴᠡᠬᠦᠷᠢ ᠲᠠᠢ | ᠦᠷᠬᠦᠯᠵᠢᠯᠡᠬᠦ᠋ᠢᠴᠡ ᠬᠦᠭᠵᠢᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ ᠪᠤᠢ᠃ 5 ᠵᠢᠯ ᠤᠨ ᠦᠢᠯᠡᠳᠦᠯᠬᠡ | ᠰᠦᠪᠡᠭᠴᠢᠯᠡᠯᠲᠡ ᠪᠠᠷ ᠲᠠᠮᠵᠢᠨ᠂ ᠤᠳᠤᠬᠠᠨ ᠳᠤ ᠪᠦᠬᠦ ᠬᠤᠳᠠ ᠶᠢᠨ 8 ᠬᠤᠰᠢᠭᠤ ᠰᠢᠶᠠᠨ ᠬᠤᠳᠠ ᠲᠤᠭᠤᠷᠢᠭ ᠲᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠤᠯᠪᠤᠭ᠎ᠠ 64 ᠪᠠᠶᠢᠭᠤᠯᠵᠦ᠂ 223 ᠰᠤᠷᠭᠠᠭᠤᠯᠢ ᠶᠢ ᠪᠦᠷᠬᠦᠪᠡ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠤᠭ᠎ᠠ ᠰᠤᠷᠭᠠᠭᠤᠯᠢ ᠶᠢᠨ ᠬᠢᠨ ᠬᠠᠷᠠᠯᠳᠠ ᠪᠠᠨ ᠲᠤᠲᠤᠳᠬᠠᠵᠦ᠂ | ᠭᠤᠤᠯᠳᠠᠯᠭ᠎ᠠ ᠶᠢ ᠲᠤᠪᠤᠶᠢᠯᠭᠠᠵᠦ᠂ ᠬᠤᠯᠪᠤᠭ᠎ᠠ ᠶᠢᠨ ᠪᠤᠲᠠᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠦᠴᠦᠷᠬᠡᠭ ᠢᠶᠠᠷ ᠪᠠᠭᠤᠷᠠᠢ ᠶᠢ ᠲᠠᠭᠠᠭᠤᠯᠵᠦ᠂ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠲᠡᠩᠴᠡᠬᠦᠷᠢ ᠲᠠᠢ ᠬᠦᠭᠵᠢᠯᠲᠠ ᠶᠢ ᠠᠬᠢᠭᠤᠯᠬᠤ ᠳᠤ ᠬᠦᠴᠦᠨ ᠢᠶᠠᠨ ᠲᠦᠪᠯᠡᠷᠡᠬᠦᠯᠵᠦ᠂ ᠬᠢᠴᠢᠶᠡᠯᠯᠡᠭᠡ ᠶᠢᠨ | ᠦᠬᠡᠷᠡᠴᠢᠯᠡᠯᠲᠡ ᠪᠠᠷ ᠭᠠᠷᠳᠠᠴᠠ ᠪᠤᠯᠭᠠᠨ᠂ ᠰᠤᠷᠤᠭᠴᠢ ᠶᠢᠨ ᠶᠤᠰᠤ ᠮᠤᠷᠠᠯ ᠤᠶᠤᠨ ᠮᠡᠳᠡᠯᠬᠡ ᠪᠡᠶ᠎ᠡ ᠲᠠᠮᠢᠷ ᠭᠤ ᠤᠠ᠋ | ᠰᠠᠶᠢᠬᠠᠨ ᠬᠦᠳᠡᠯᠮᠦᠷᠢ ᠶᠢᠨ ᠪᠦᠬᠦ ᠲᠠᠯ᠎ᠠ ᠶᠢᠨ ᠬᠦᠭᠵᠢᠯᠲᠠ ᠶᠢ ᠠᠬᠢᠭᠤᠯᠵᠤ᠂ ᠰᠤᠷᠭᠠᠨ ᠬᠦᠮᠦᠵᠢᠯ ᠤᠨ ᠮᠡᠳᠡᠭᠡ | ᠵᠠᠩᠬᠢᠴᠢᠯᠠᠯᠲᠠ ᠪᠠᠷ ᠠᠷᠭ᠎ᠠ ᠪᠠᠷᠢᠯ ᠪᠤᠯᠭᠠᠨ᠂ ᠬᠤᠳᠠ ᠬᠦᠳᠡᠭᠡ ᠶᠢᠨ ᠰᠤᠷᠭᠠᠨ ᠬᠦᠮᠦᠵᠢᠯ ᠤᠨ ᠨᠢᠬᠡ | ᠴᠤᠭᠴᠠᠵᠢᠯᠲᠠ ᠶᠢᠨ ᠬᠦᠭᠵᠢᠯᠲᠠ ᠶᠢ ᠠᠬᠢᠭᠤᠯᠬᠤ ᠬᠡᠷᠡᠭᠲᠡᠢ᠃ ᠤᠳᠤ ᠦᠶ᠎ᠠ ᠶᠢᠨ ᠰᠤᠷᠭᠠᠭᠤᠯᠢ ᠶᠢᠨ ᠲᠦᠷᠢᠮ | ᠲᠤᠭᠳᠠᠭᠠᠯ ᠢ ᠪᠠᠶᠢᠭᠤᠯᠵᠦ᠂ ᠵᠠᠰᠠᠭ ᠤᠨ ᠤᠷᠳᠤᠨ᠂ ᠰᠤᠷᠭᠠᠭᠤᠯᠢ᠂ ᠨᠡᠶᠢᠬᠡᠮ ᠤᠨ ᠬᠤᠭᠤᠷᠤᠨᠳᠤᠬᠢ ᠰᠢᠨ᠎ᠡ | ᠮᠠᠶ᠋ᠢᠭ ᠤᠨ ᠬᠠᠷᠢᠴᠠᠭ᠎ᠠ ᠶᠢ ᠪᠠᠶᠢᠭᠤᠯᠵᠦ᠂ ᠬᠠᠷᠢᠯᠴᠠᠨ ᠠᠰᠢᠭ ᠲᠠᠢ᠂ ᠬᠠᠮᠲᠤᠪᠡᠷ ᠬᠦᠭᠵᠢᠵᠦ᠂ ᠬᠢᠨᠠᠨ ᠵᠢᠯᠤᠭᠤᠳᠬᠤ | ᠬᠢᠬᠡᠳ ᠰᠢᠯᠭᠠᠨ ᠪᠠᠶᠢᠴᠠᠭᠠᠯᠲᠠ ᠪᠠᠨ ᠴᠢᠩᠭᠠᠳᠬᠠᠵᠦ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠪᠠᠨ | ᠴᠢᠩᠭᠠᠳᠬᠠᠵᠦ᠂ ᠠᠮᠤᠷ ᠲᠦᠪᠰᠢᠨ ᠤ ᠬᠠᠮᠢᠶᠠᠷᠤᠯᠳᠠ ᠪᠠᠨ ᠨᠠᠷᠢᠨ ᠬᠢᠨᠠᠮᠠᠭᠠᠢ ᠠᠳᠬᠤᠬᠤ ᠬᠡᠷᠡᠭᠲᠡᠢ ᠬᠡᠪᠡ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠨ ᠲᠦᠯᠦᠬᠡᠯᠡᠭᠴᠢ ᠬᠤᠷᠴᠢᠨ ᠲᠤᠭᠤᠷᠢᠭ ᠤᠨ | ᠬᠤᠶᠠᠳᠤᠭᠠᠷ ᠲᠤᠮᠳᠠᠳᠤ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ᠂ ᠴᠢᠩ ᠡᠾᠧ ᠭᠤᠤᠯ ᠰᠤᠷᠭᠠᠭᠤᠯᠢ᠂ | ᠴᠢᠶᠠᠨ ᠵᠢᠶᠠ ᠳ᠋ᠢᠶᠠᠨ ᠲᠤᠷᠰᠢᠯᠲᠠ ᠶᠢᠨ ᠲᠤᠮᠳᠠᠳᠤ ᠰᠤᠷᠭᠠᠭᠤᠯᠢ ᠵᠡᠷᠬᠡ ᠲᠦᠷᠪᠡᠨ ᠰᠤᠷᠭᠠᠭᠤᠯᠢ ᠶᠢᠨ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠬᠤᠯᠪᠤᠭ᠎ᠠ ᠶᠢᠨ ᠪᠦᠲᠦᠬᠡᠨ ᠪᠠᠶᠢᠭᠤᠯᠤᠯᠲᠠ ᠶᠢᠨ ᠪᠠᠶᠢᠳᠠᠯ ᠢ ᠠᠬᠤᠢ | ᠲᠠᠯᠠᠪᠠᠢ ᠳᠤᠨᠢ ᠲᠤᠭᠤᠷᠢᠨ ᠦᠵᠡᠵᠦ᠂ ᠭᠤᠤᠯ ᠬᠤᠳᠠ ᠲᠤᠭᠤᠷᠢᠭ ᠤᠨ ᠬᠤᠯᠪᠤᠭ᠎ᠠ ᠶᠢᠨ ᠪᠠᠶᠢᠭᠤᠯᠤᠯᠲᠠ ᠶᠢᠨ | ᠠᠵᠢᠯ ᠤᠨ ᠦᠵᠡᠬᠦᠯᠤᠯᠬᠡ ᠶᠢ ᠲᠤᠭᠤᠷᠢᠨ ᠦᠵᠡᠪᠡ᠃ ᠬᠤᠷᠴᠢᠨ ᠲᠤᠭᠤᠷᠢᠭ᠂ ᠵᠠᠷᠤᠳ ᠬᠤᠰᠢᠭᠤ᠂ ᠨᠠᠢᠮᠠᠨ | ᠬᠤᠰᠢᠭᠤ᠂ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠠᠵᠢᠯ ᠤᠨ ᠲᠤᠷᠰᠢᠯᠭ᠎ᠠ ᠶᠢᠨ | ᠰᠤᠯᠢᠯᠴᠠᠭ᠎ᠠ ᠶᠢᠨ ᠮᠡᠳᠡᠬᠦᠯᠦᠯᠲᠡ ᠶᠢ ᠰᠤᠨᠤᠰᠴᠦ᠂ ᠰᠢᠯᠢᠳᠡᠭ ᠬᠤᠯᠪᠤᠭ᠎ᠠ ᠶᠢᠨ ᠲᠤᠰᠬᠠᠢ ᠰᠡᠳᠦᠪᠲᠤ ᠹᠢᠯᠢᠮ ᠤᠨ | ᠨᠡᠪᠲᠡᠷᠡᠬᠦᠯᠬᠡ ᠶᠢ ᠦᠵᠡᠵᠦ᠂ ᠡᠬᠦᠨ ᠤ ᠬᠠᠮᠲᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠦᠲᠦᠬᠡᠨ | ᠪᠠᠶᠢᠭᠤᠯᠤᠯᠲᠠ ᠵᠢᠴᠢ 2018 ᠤᠨ ᠤ ᠲᠦᠡᠭᠯᠢᠶᠤᠤ ᠬᠤᠳᠠ ᠶᠢᠨ ᠲᠤᠮᠳᠠᠳᠤ ᠰᠤᠷᠭᠠᠭᠤᠯᠢ ᠶᠢᠨ ᠲᠡᠬᠦᠰᠬᠦ | ᠰᠤᠷᠤᠭᠴᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠠᠵᠢᠯ ᠢ ᠬᠦᠬᠢᠬᠦᠯᠤᠨ ᠰᠠᠶᠢᠰᠢᠶᠠᠪᠠ᠃ | | |