ᠡᠯᠡᠰᠦᠨ ᠨᠤᠳᠤᠭ ᠤᠨ ᠲᠠᠭᠤᠤ ᠤᠷᠠᠯᠢᠭ ᠤᠨ ︽ᠰᠦᠯᠳᠡ︾
ᠨᠡᠶᠢᠲᠡᠯᠡᠭᠰᠡᠨ ᠴᠠᠭ᠄
2018-11-08
                   ᠡᠯᠡᠰᠦᠨ ᠪᠠᠯᠭᠠᠰᠤᠨ ᠤ ︽ᠰᠦᠯᠳᠡ︾ ᠤᠷᠠᠯᠢᠭ ᠤᠨ ᠪᠦᠯᠬᠦᠮ ᠢ ᠲᠡᠮᠳᠡᠭᠯᠡᠪᠡ      ᠲᠦᠷᠦᠭᠦᠬᠡᠨ᠂ ᠰᠤᠷᠪᠤᠯᠵᠢᠯᠠᠭᠴᠢ ᠬᠦᠷᠢᠶ᠎ᠡ ᠬᠤᠰᠢᠭᠤᠨ ᠤ ᠡᠯᠡᠰᠦᠨ ᠪᠠᠯᠭᠠᠰᠤᠨ ᠤ ︽ᠰᠦᠯᠳᠡ︾ ᠤᠷᠠᠯᠢᠭ ᠤᠨ ᠪᠦᠯᠬᠦᠮ ᠢ ᠰᠤᠷᠪᠤᠯᠵᠢᠯᠠᠬᠤ ᠪᠠᠷ ᠬᠦᠷᠬᠦ ᠳᠤ ᠲᠡᠳᠡᠨᠠᠷ ᠪᠤᠯᠪᠠᠰᠤᠷᠠᠯ ᠤᠨ ᠲᠠᠩᠬᠢᠮ ᠳᠠᠭᠠᠨ ᠲᠠᠭᠤᠤ ᠪᠦᠵᠢᠭ ᠢᠶᠠᠨ ᠪᠤᠯᠪᠠᠰᠤᠷᠠᠵᠤ᠂ ᠲᠤᠭᠯᠠᠯᠲᠠ ᠳᠠᠭᠠᠨ ᠪᠡᠯᠡᠳᠭᠡᠵᠦ ᠪᠠᠶᠢᠯ᠎ᠠ᠃ ︽ᠰᠦᠯᠳᠡ︾ ᠤᠷᠠᠯᠢᠭ ᠤᠨ ᠪᠦᠯᠬᠦᠮ 2013 ᠤᠨ ᠳᠤ ᠪᠠᠶᠢᠭᠤᠯᠤᠭᠳᠠᠵᠤ᠂ ᠠᠩᠬ᠎ᠠ ᠡᠬᠢᠨ ᠳᠡᠭᠡᠨ ᠨᠡᠶᠢᠭᠡᠮ ᠲᠤᠭᠤᠷᠢᠭ ᠤᠨ ᠤᠷᠠᠯᠢᠭ ᠤᠨ ᠪᠦᠯᠬᠦᠮ ᠪᠠᠶᠢᠵᠠᠢ᠃ 2017 ᠤᠨ ᠳᠤ ᠬᠦᠷᠢᠶ᠎ᠡ ᠬᠤᠰᠢᠭᠤ ᠪᠤᠯᠤᠨ ᠡᠯᠡᠰᠦᠨ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠱᠠᠭᠠᠷᠳᠠᠯᠭ᠎ᠠ ᠪᠠᠷ ︽ᠰᠦᠯᠳᠡ︾ ᠤᠷᠠᠯᠢᠭ ᠤᠨ ᠪᠦᠯᠬᠦᠮ ᠡᠯᠡᠰᠦᠨ ᠪᠠᠯᠭᠠᠰᠤᠨ ᠤ 11 ᠭᠠᠴᠠᠭ᠎ᠠ ᠲᠤᠰᠬᠤᠨ ᠠᠴᠠ ᠰᠢᠯᠢᠳᠡᠭ ᠲᠤᠭᠯᠠᠭᠴᠢᠳ ᠡᠯᠰᠡᠵᠦ᠂ ᠨᠡᠶᠢᠭᠡᠮ ᠲᠤᠭᠤᠷᠢᠭ ᠤᠨ ᠤᠷᠠᠯᠢᠭ ᠤᠨ ᠪᠦᠯᠬᠦᠮ ᠠᠴᠠ ᠪᠠᠨ ᠬᠦᠭᠵᠢᠭᠡᠳ 58 ᠭᠡᠰᠢᠭᠦᠨ ᠲᠠᠢ ᠪᠠᠯᠭᠠᠰᠤᠨ ᠤ ᠲᠡᠰ ᠤᠨ ᠤᠷᠠᠯᠢᠭ ᠤᠨ ᠪᠦᠯᠬᠦᠮ ᠪᠤᠯᠵᠠᠢ᠃      ― ᠪᠢ ᠪᠠᠭ᠎ᠠ ᠠᠴᠠ ᠪᠠᠨ ᠲᠠᠭᠤᠤ ᠪᠦᠵᠢᠭ ᠲᠤ ᠲᠤᠷ᠎ᠠ ᠪᠠᠭ᠋ᠠᠲᠠᠢ᠃ ᠨᠠᠮ ᠵᠠᠰᠠᠭ ᠠᠴᠠ ᠴᠤ ᠰᠤᠶᠤᠯ ᠤᠨ ᠠᠵᠢᠯ ᠢ ᠶᠡᠬᠡᠪᠡᠷ ᠴᠢᠬᠤᠯᠠᠴᠢᠯᠠᠨ ᠦᠵᠡᠵᠦ ᠪᠠᠶᠢᠭ᠎ᠠ ᠲᠤᠯᠠ ᠪᠢ ᠠᠵᠢᠯ ᠠᠴᠠ ᠪᠠᠨ ᠠᠮᠠᠷᠠᠭᠰᠠᠨ ᠤ ᠲᠠᠷᠠᠭ᠎ᠠ ︽ᠰᠦᠯᠳᠡ︾ ᠤᠷᠠᠯᠢᠭ ᠤᠨ ᠪᠦᠯᠬᠦᠮ ᠢ ᠪᠠᠶᠢᠭᠤᠯᠤᠭᠰᠠᠨ ᠪᠠᠶᠢᠨ᠎ᠠ᠃ ᠠᠩᠬ᠎ᠠ ᠡᠬᠢᠨ ᠳᠡᠭᠡᠨ ᠮᠠᠨ ᠤ ᠤᠷᠠᠯᠢᠭ ᠤᠨ ᠪᠦᠯᠬᠦᠮ 27 ᠭᠡᠰᠢᠭᠦᠨ ᠲᠠᠢ᠂ ᠪᠤᠯᠪᠠᠰᠤᠷᠠᠬᠤ ᠭᠡᠷ ᠭᠡᠵᠦ ᠦᠭᠡᠢ᠂ ᠭᠡᠰᠢᠭᠦᠳ ᠢᠳᠡᠵᠦ ᠤᠤᠭᠤᠬᠤ ᠪᠠᠨ ᠠᠷᠪᠢᠯᠠᠨ ᠪᠠᠶᠢᠵᠤ ᠲᠤᠭᠯᠠᠯᠲᠠ ᠶᠢᠨ ᠲᠤᠨᠤᠭ ᠲᠦᠭᠦᠭᠡᠷᠦᠮᠵᠢ᠂ ᠮᠤᠩᠭᠤᠯ ᠬᠤᠪᠴᠠᠰᠤ ᠵᠠᠰᠠᠯ᠂ ᠠᠨᠳᠠᠢ ᠶᠢᠨ ᠠᠯᠴᠢᠭᠤᠷ ᠵᠡᠷᠭᠡ ᠪᠠᠨ ᠪᠦᠷ ᠦᠪᠡᠷ ᠢᠶᠠᠨ ᠬᠤᠳᠠᠯᠳᠤᠨ ᠠᠪᠳᠠᠭ᠃ ᠭᠡᠳᠦ᠋ᠢᠪᠡᠷ ᠨᠦᠭᠦᠴᠡᠯ ᠠᠨᠠᠢ ᠪᠠᠶᠢᠭᠰᠠᠨ ᠴᠤ ᠪᠢᠳᠡ ᠲᠤᠷ᠎ᠠ ᠰᠤᠨᠢᠷᠬᠠᠯ ᠢᠵᠢᠯᠬᠡᠨ ᠬᠦᠰᠡᠯ ᠵᠤᠷᠢᠭ ᠨᠢᠭᠡᠳᠡᠢ ᠤᠴᠢᠷ ᠠᠴᠠ ᠲᠦᠢᠯ ᠤᠨ ᠪᠠᠶᠠᠷ ᠪᠠᠶᠠᠰᠤᠯ ᠲᠠᠢ ᠶᠠᠪᠤᠳᠠᠭ ᠭᠡᠵᠦ ᠪᠦᠯᠬᠦᠮ ᠤᠨ ᠲᠠᠷᠤᠭ᠎ᠠ ᠤᠷᠭ᠎ᠠ ᠰᠤᠷᠪᠤᠯᠵᠢᠯᠠᠭᠴᠢ ᠳᠤ ᠪᠠᠶᠠᠷᠳᠠᠶᠢᠬᠠᠨ ᠲᠠᠨᠢᠯᠴᠠᠭᠤᠯᠤᠨ᠎ᠠ᠃      ︽ᠰᠦᠯᠳᠡ︾ ᠤᠷᠠᠯᠢᠭ ᠤᠨ ᠪᠦᠯᠬᠦᠮ ᠤᠨ ᠲᠤᠭᠯᠠᠭᠴᠢᠳ ᠤᠨ ᠬᠠᠮᠤᠭ ᠠᠬᠠᠮᠠᠳ ᠨᠢ ᠲᠠᠯᠠᠨ ᠭᠤᠷᠪᠠᠨ ᠨᠠᠰᠤᠲᠠᠢ᠂ ᠬᠠᠮᠤᠭ ᠪᠠᠭ᠎ᠠ ᠨᠢ ᠵᠢᠷᠭᠤᠭᠠᠨ ᠨᠠᠰᠤᠲᠠᠢ᠃ ᠡᠭᠦᠨ ᠳᠤ 26 ᠪᠦᠵᠢᠭᠴᠢᠨ᠂ 11 ᠬᠤᠭᠤᠷᠴᠢ᠂ 15 ᠲᠠᠭᠤᠴᠢᠨ᠂ 6 ᠱᠤᠭ ᠵᠦᠴᠦᠭᠡᠴᠢᠨ ᠲᠠᠢ᠃ ᠲᠡᠳᠡ ᠵᠠᠪ ᠴᠢᠯᠦᠭᠡ ᠤᠯᠳᠠᠭᠰᠠᠭᠠᠷ ᠯᠠ ᠬᠠᠮᠳᠤ ᠳᠠᠭᠠᠨ ᠴᠤᠭᠯᠠᠷᠠᠵᠤ ᠲᠠᠭᠤᠤ ᠪᠦᠵᠢᠭ ᠢᠶᠠᠨ ᠪᠤᠯᠪᠠᠰᠤᠷᠠᠳᠠᠭ᠂ ᠵᠢᠯ ᠪᠦᠷᠢ 4 ᠊᠊᠊᠊ 5 ᠤᠳᠠᠭ᠎ᠠ ᠭᠠᠳᠠᠭᠰᠢ ᠶᠠᠪᠤᠵᠤ ᠬᠤᠰᠢᠭᠤᠨ ᠤ ᠲᠡᠰ ᠤᠨ ᠠᠨᠳᠠᠢ ᠪᠦᠵᠢᠭ ᠤᠨ ᠤᠷᠤᠯᠳᠤᠭᠠᠨ᠂ ᠬᠤᠰᠢᠭᠤᠨ ᠤ ᠰᠤᠶᠤᠯ ᠤᠨ ᠭᠡᠷ ᠠᠴᠠ ᠡᠷᠬᠢᠯᠡᠭᠰᠡᠨ ᠤᠷᠠᠨ ᠰᠠᠶᠢᠬᠠᠨ ᠤ ᠲᠤᠭᠯᠠᠯᠲᠠ᠂ ᠬᠤᠲᠠ ᠶᠢᠨ ᠲᠡᠰ ᠤᠨ ᠠᠨᠳᠠᠢ ᠪᠦ᠋ᠵᠢᠭ ᠤᠨ ᠤᠷᠤᠯᠳᠤᠭᠠᠨ ᠵᠡᠷᠭᠡ ᠳᠤ ᠤᠷᠤᠯᠴᠠᠳᠠᠭ᠃ ᠬᠤᠰᠢᠭᠤᠨ ᠤ ᠤᠷᠤᠯᠳᠤᠭᠠᠠ ᠲᠤᠭᠯᠠᠯᠲᠠ ᠳᠤ ᠤᠷᠤᠯᠴᠠᠬᠤ ᠳᠤ ᠬᠦᠮᠦᠨ ᠪᠦᠷᠢ 100 ᠭᠠᠷᠤᠢ ᠲᠦᠭᠦᠷᠢᠭ ᠭᠠᠷᠭᠠᠵᠤ᠂ ᠲᠦᠡᠭᠯᠢᠶᠤᠤ ᠬᠤᠲᠠ ᠶᠢᠨ ᠤᠷᠤᠯᠳᠤᠭᠠᠨ ᠲᠤᠭᠯᠠᠯᠲᠠ ᠳᠤ ᠤᠷᠤᠯᠴᠠᠬᠤ ᠪᠦᠷᠢ ᠳᠤ 200 ᠊᠊᠊᠊ 300 ᠲᠦᠭᠦᠷᠢᠭ ᠭᠠᠷᠭᠠᠳᠠᠭ᠃      ᠪᠦᠯᠬᠦᠮ ᠤᠨ ᠭᠡᠰᠢᠭᠦᠳ ᠤᠨ ᠤᠯᠠᠩᠬᠢ ᠨᠢ ᠮᠠᠯᠴᠢᠨ ᠲᠠᠷᠢᠶᠠᠴᠢᠨ᠂ ᠭᠡᠪᠡᠴᠦ ᠲᠡᠳᠡᠨᠡᠷ ᠤᠳᠠᠭ᠎ᠠ ᠪᠤᠯᠭᠠᠨ ᠠᠷᠤ ᠭᠡᠷ ᠤᠨ ᠠᠵᠢᠯ ᠢᠶᠠᠨ ᠬᠠᠶᠠᠵᠤ ᠪᠠᠶᠢᠭᠠᠳ ᠢᠳᠡᠪᠬᠢᠳᠡᠢ᠂ ᠬᠠᠷᠢᠭᠤᠴᠠᠯᠭ᠎ᠠ ᠲᠠᠢ ᠪᠠᠷ ᠤᠷᠤᠯᠳᠤᠭᠠᠨ ᠲᠤᠭᠯᠠᠯᠲᠠ ᠳᠤ ᠤᠷᠤᠯᠴᠠᠳᠠᠭ᠃ ᠲᠤᠷᠠᠳᠤᠭᠤᠰᠢᠳᠠᠢ ᠨᠢ᠂ ᠪᠦᠯᠬᠦᠮ ᠤᠨ ᠭᠡᠰᠢᠭᠦᠨ ᠢᠤᠢ ᠱᠠᠨ ᠤ ᠬᠢᠨ ᠡᠯᠡᠰᠦᠨ ᠪᠠᠯᠭᠠᠰᠤᠨ ᠤ ᠲᠠᠷᠳᠠᠩ ᠭᠠᠴᠠᠭ᠎ᠠ ᠳᠤ ᠲᠡᠷᠢᠶ᠎ᠠ ᠲᠠᠷᠢᠵᠦ ᠮᠠᠯ ᠮᠠᠯᠵᠢᠨ ᠠᠵᠤ ᠲᠦᠷᠦᠳᠡᠭ᠂ 2016 ᠤᠨ ᠳᠤ ︽ᠰᠦᠯᠳᠡ︾ ᠤᠷᠠᠯᠢᠭ ᠤᠨ ᠪᠦᠯᠬᠦᠮ ᠤᠨ ᠭᠡᠰᠢᠭᠦᠨ ᠪᠤᠯᠵᠠᠢ᠃ ᠲᠡᠷᠡ ᠦᠪᠡᠷ ᠢᠶᠠᠨ ᠪᠦᠯᠬᠦᠮ ᠳᠤ ᠤᠷᠤᠯᠴᠠᠭᠰᠠᠨ ᠢᠶᠠᠷ ᠦᠯᠦ ᠪᠠᠷᠠᠨ᠂ ᠵᠢᠷᠠᠨ ᠲᠤᠯᠤᠭᠠᠳᠠᠢ ᠨᠠᠰᠤᠲᠠᠨ ᠠᠪᠤ᠂ ᠵᠢᠷᠭᠤᠭᠠᠨ ᠨᠠᠰᠤᠲᠠᠢ ᠦᠬᠢᠨ ᠪᠤᠯᠤᠨ ᠡᠬᠡᠨᠡᠷ ᠢᠶᠠᠨ ᠴᠤ ︽ᠰᠦᠯᠳᠡ︾ ᠤᠷᠠᠯᠢᠭ ᠤᠨ ᠪᠦᠯᠬᠦᠮ ᠳᠤ ᠤᠷᠤᠯᠴᠠᠭᠤᠯᠵᠤ᠂ ᠠᠷᠤ ᠭᠡᠷ ᠤᠨ ᠠᠵᠢᠯ ᠨᠢ ᠬᠡᠳᠦᠢ ᠶᠠᠭᠠᠷᠠᠤ ᠪᠠᠶᠢᠭᠰᠠᠨ ᠴᠤ ᠪᠦᠯᠬᠦᠮ ᠤᠨ ᠬᠦᠳᠡᠯᠭᠡᠭᠡᠨ ᠲᠤᠭᠯᠠᠯᠲᠠ ᠶᠢ ᠠᠯᠳᠠᠯ ᠦᠭᠡᠢ᠂ ᠬᠦᠴᠦᠨ ᠵᠢᠳᠭᠦᠯ ᠢᠶᠠᠨ ᠡᠷᠭᠦᠭᠰᠡᠭᠡᠷ ᠢᠷᠡᠵᠡᠢ᠃      ᠤᠢᠢᠯᠠᠭᠠᠭᠰᠠᠨ ᠢᠶᠠᠷ᠂ ᠲᠡᠳᠡᠨᠠᠷ ᠡᠩ ᠤᠨ ᠦᠶ᠎ᠡ ᠳᠡᠭᠡᠨ ᠭᠠᠷᠠᠭ ᠤᠨ ᠨᠢᠭᠡᠨ᠂ ᠭᠤᠷᠪᠠᠨ᠂ ᠲᠠᠪᠤᠨ ᠤ ᠡᠳᠦᠷ ᠪᠦᠷᠢ 2 ᠊᠊᠊᠊ 3 ᠴᠠᠭ ᠲᠠᠭᠤᠤ ᠪᠦᠵᠢᠭ ᠢᠶᠠᠨ ᠪᠤᠯᠪᠠᠰᠤᠷᠠᠵᠤ᠂ ᠵᠠᠷᠢᠮ ᠪᠠᠴᠢᠮ ᠲᠤᠭᠯᠠᠯᠲᠠ ᠭᠠᠷᠭᠠᠬᠤ ᠴᠢᠬᠤᠯᠠ ᠲᠠᠢ ᠦᠶᠡᠰ ᠦᠷᠭᠦᠯᠵᠢᠯᠡᠨ ᠬᠡᠳᠦᠨ ᠡᠳᠦᠷ ᠰᠦᠨᠢ ᠪᠠᠷ ᠪᠤᠯᠪᠠᠰᠤᠷᠠᠳᠠᠭ᠃ ᠨᠢᠭᠡ ᠵᠢᠯ ᠳᠤ ᠶᠡᠭᠡ ᠪᠠᠭ᠎ᠠ ᠬᠡᠪᠴᠢᠶᠡᠨ ᠤ ᠲᠤᠭᠯᠠᠯᠲᠠ ᠨᠡᠶᠢᠲᠡ 8 ᠊᠊᠊᠊ 10 ᠤᠳᠠᠭ᠎ᠠ ᠭᠠᠷᠭᠠᠳᠠᠭ ᠪᠠᠶᠢᠨ᠎ᠠ᠃ ᠡᠭᠦᠨ ᠳᠤ᠂ ᠡᠯᠡᠰᠦᠨ ᠪᠠᠯᠭᠠᠰᠤᠨ ᠤ ᠡᠯ᠎ᠡ ᠭᠠᠴᠠᠭ᠎ᠠ ᠲᠤᠰᠬᠤᠨ ᠤ ᠤᠳᠤᠷᠢᠳᠤᠯᠭ᠎ᠠ ᠶᠢᠨ ᠤᠷᠢᠯᠭ᠎ᠠ ᠪᠠᠷ ᠲᠠᠪᠤᠨ ᠰᠠᠷ᠎ᠠ ᠶᠢᠨ ᠨᠢᠭᠡᠨ᠂ ᠲᠤᠯᠤᠭᠠᠨ ᠰᠠᠷ᠎ᠠ ᠶᠢᠨ ᠨᠢᠭᠡᠨ᠂ ᠨᠠᠢᠮᠠᠨ ᠰᠠᠷ᠎ᠠ ᠶᠢᠨ ᠨᠢᠭᠡᠨ ᠵᠡᠷᠭᠡ ᠪᠠᠶᠠᠷ ᠲᠤᠷᠠᠰᠬᠠᠯ ᠤᠨ ᠡᠳᠦᠷ ᠲᠤ ᠡᠯ᠎ᠡ ᠭᠠᠴᠠᠭ᠎ᠠ ᠲᠤᠰᠬᠤᠨ ᠳᠤ ᠤᠴᠢᠵᠤ ᠲᠤᠭᠯᠠᠯᠲᠠ ᠭᠠᠷᠭᠠᠬᠤ ᠪᠠᠷ ᠪᠠᠷᠠᠬᠤ ᠦᠭᠡᠢ ᠮᠠᠩᠬᠠᠨ ᠰᠤᠮᠤᠨ ᠤ ᠰᠤᠪᠤᠷᠭᠠᠨᠲᠠᠯ᠎ᠠ ᠭᠠᠴᠠᠭ᠎ᠠ᠂ ᠨᠠᠷᠢᠨᠲᠠᠯ᠎ᠠ ᠭᠠᠴᠠᠭ᠎ᠠ᠂ ᠬᠦᠷᠢᠶ᠎ᠡ ᠪᠠᠯᠭᠠᠰᠤᠨ ᠤ ᠶᠠᠩᠰᠢᠪ ᠭᠠᠴᠠᠭ᠎ᠠ ᠵᠡᠷᠭᠡ ᠭᠠᠵᠠᠷ ᠲᠤ ᠬᠦᠷᠴᠦ ᠤᠷ᠎ᠠ ᠠᠪᠢᠶᠠᠰ ᠢᠶᠠᠨ ᠪᠠᠳᠠᠷᠠᠭᠤᠯᠳᠠᠭ᠃      ︽ᠰᠦᠯᠳᠡ︾ ᠤᠷᠠᠯᠢᠭ ᠤᠨ ᠪᠦᠯᠬᠦᠮ ᠦᠨᠳᠦᠷ ᠬᠢᠷᠢ ᠲᠦᠪᠰᠢᠨ ᠤ ᠲᠤᠭᠯᠠᠯᠲᠠ ᠭᠠᠷᠭᠠᠬᠤ ᠶᠢᠨ ᠲᠦᠯᠦᠭᠡ ᠬᠤᠰᠢᠭᠤᠨ ᠤ ᠤᠯᠠᠭᠠᠨᠮᠦ᠋ᠴᠢᠷ ᠪᠤᠯᠤᠨ ᠡᠯᠡᠰᠦᠨ ᠪᠠᠯᠭᠠᠰᠤᠨ ᠤ ᠰᠤᠶᠤᠯ ᠤᠨ ᠦᠷᠳᠡᠭᠡ ᠠᠴᠠ ᠲᠤᠰᠬᠠᠢᠢᠯᠠᠨ ᠪᠠᠭᠰᠢ ᠵᠠᠯᠠᠳᠠᠭ ᠪᠠᠶᠢᠵᠠᠢ᠃ ︽ᠪᠢᠳᠡ ᠲᠤᠭᠯᠠᠯᠲᠠ ᠪᠠᠨ ᠨᠡᠩ ᠠᠮᠵᠢᠯᠲᠠ ᠲᠠᠢ ᠭᠠᠷᠭᠠᠬᠤ ᠶᠢᠨ ᠲᠦᠯᠦᠭᠡ᠂ ᠤᠳᠠᠭ᠎ᠠ ᠪᠤᠯᠭᠠᠨ ᠲᠤᠰᠬᠠᠢ ᠪᠠᠭᠰᠢ ᠪᠠᠷ ᠵᠢᠭᠠᠯᠭᠠᠳᠠᠭ ᠶᠤᠮ᠃ ᠵᠢᠱᠢᠶᠡᠯᠡᠪᠠᠯ᠄ ᠡᠯᠡᠰᠦᠨ ᠪᠠᠯᠭᠠᠰᠤᠨ ᠤ 2017 ᠤᠨ ᠪᠤᠯᠤᠨ 2018 ᠤᠨ ᠤ ᠴᠠᠭᠠᠨ ᠰᠠᠷ᠎ᠠ ᠶᠢᠨ ᠦᠳᠡᠰᠢᠯᠡᠭᠡ ᠳᠤ ᠤᠷᠤᠯᠴᠠᠬᠤ ᠳᠤ ᠬᠦᠷᠢᠶ᠎ᠡ ᠬᠤᠰᠢᠭᠤᠨ ᠤ ᠰᠤᠶᠤᠯ ᠤᠨ ᠭᠡᠷ ᠤᠨ ᠴᠧᠨ ᠰᠢᠶᠠᠨ ᠪᠢᠨ ᠢ ᠪᠦᠵᠢᠭ ᠤᠨ ᠪᠠᠭᠰᠢ ᠪᠠᠷ ᠤᠷᠢᠵᠠᠢ︔ ᠮᠤᠩᠭᠤᠯ ᠠᠷᠠᠳ ᠤᠨ ᠤᠷᠳᠤ ᠶᠢᠨ ᠲᠠᠭᠤᠤ ᠶᠢᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠳᠠᠢ ᠤᠯᠠᠮᠵᠢᠯᠠᠭᠴᠢ ᠰᠠᠶᠢᠡᠪᠢᠯᠢᠭ ᠪᠠ ᠬᠤᠷᠴᠢᠨ ᠠᠷᠠᠳ ᠤᠨ ᠲᠠᠭᠤᠤ ᠶᠢᠨ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠳᠠᠢ ᠤᠯᠠᠮᠵᠢᠯᠠᠭᠴᠢ ᠲᠦᠭᠦᠷᠡᠩ ᠢ ᠭᠠᠭᠴᠠ ᠬᠦᠮᠦᠨ ᠤ ᠲᠠᠭᠤᠤ᠂ ᠬᠤᠤᠰᠯᠠᠯ ᠲᠠᠭᠤᠤ ᠪᠤᠯᠤᠨ ᠬᠠᠮᠳᠤ ᠶᠢᠨ ᠲᠠᠭᠤᠤ ᠶᠢᠨ ᠪᠠᠭᠰᠢ ᠪᠠᠷ ᠤᠷᠢᠵᠠᠢ᠃ ᠮᠠᠨ ᠤ ᠤᠷᠠᠯᠢᠭ ᠤᠨ ᠪᠦᠯᠬᠦᠮ ᠤᠨ ᠭᠡᠰᠢᠭᠦᠳ ᠦᠪᠡᠷ ᠢᠶᠠᠨ ᠮᠦᠡᠭᠭᠦ ᠴᠤᠭᠯᠠᠭᠤᠯᠤᠨ ᠡᠳᠡᠭᠡᠷ ᠪᠠᠭᠰᠢ ᠨᠠᠷ ᠤᠨ ᠶᠠᠪᠤᠵᠤ ᠰᠠᠭᠤᠬᠤ ᠰᠦᠢᠳᠭᠡᠯ ᠢ ᠨᠢ ᠭᠠᠷᠭᠠᠵᠤ ᠦᠭᠳᠡᠭ︾ ᠭᠡᠵᠦ ᠤᠷᠭ᠎ᠠ ᠬᠡᠯᠡᠨ᠎ᠡ᠃ ᠬᠦᠷᠢᠶ᠎ᠡ ᠬᠤᠰᠢᠭᠤᠨ ᠤ ᠰᠤᠶᠤᠯ ᠤᠨ ᠭᠡᠷ ᠵᠢᠯ ᠪᠦᠷᠢ 2 ― 3  ᠤᠳᠠᠭ᠎ᠠ ᠲᠠᠭᠤᠤ᠂ ᠪᠦᠵᠢᠭ᠂ ᠬᠤᠭᠤᠷ᠂ ᠬᠤᠯᠪᠤᠭ᠎ᠠ ᠵᠡᠷᠭᠡ ᠶᠢᠨ  ᠪᠤᠯᠪᠠᠰᠤᠷᠠᠯ ᠤᠨ  ᠠᠩᠬᠢ  ᠡᠷᠬᠢᠯᠡᠳᠡᠭ᠃ ᠤᠷᠭ᠎ᠠ  ᠡᠨᠡᠬᠦ ᠲᠤᠬᠢᠶᠠᠯ ᠢ ᠠᠯᠳᠠᠯ ᠦᠭᠡᠢ ᠤᠷᠠᠯᠢᠭ ᠤᠨ  ᠪᠦᠯᠬᠦᠮ ᠤᠨ ᠭᠡᠰᠢᠭᠦᠨ ᠢᠶᠠᠨ ᠲᠤᠮᠢᠯᠠᠨ ᠤᠷᠤᠯᠴᠠᠭᠤᠯᠳᠠᠭ ᠪᠠᠶᠢᠨ᠎ᠠ᠃      ︽ᠰᠦᠯᠳᠡ︾ ᠤᠷᠠᠯᠢᠭ ᠤᠨ ᠪᠦᠯᠬᠦᠮ ᠪᠠᠶᠢᠭᠤᠯᠤᠭᠳᠠᠭᠰᠠᠨ ᠡᠨᠡ ᠲᠠᠪᠤᠨ ᠵᠢᠯ ᠤᠨ ᠬᠤᠭᠤᠴᠠᠭᠠᠨ ᠳᠤ ᠪᠠᠯᠭᠠᠰᠤ᠂ ᠬᠤᠰᠢᠭᠤ᠂ ᠬᠤᠳᠠ ᠶᠢᠨ ᠲᠡᠰ ᠤᠨ ᠤᠷᠤᠯᠳᠤᠭᠠᠨ ᠲᠤᠭᠯᠠᠯᠲᠠ ᠳᠤ ᠤᠷᠤᠯᠴᠠᠵᠤ ᠰᠢᠯᠢᠳᠡᠭ ᠠᠮᠵᠢᠯᠲᠠ ᠤᠯᠤᠭᠰᠠᠨ ᠢᠶᠠᠷ ᠪᠠᠷᠠᠬᠤ ᠦᠭᠡᠢ᠂ ᠨᠤᠳᠤᠭ ᠤᠰᠤᠨ ᠤ ᠪᠠᠨ ᠨᠠᠶᠢᠷ ᠨᠠᠭᠠᠳᠤᠮ᠂ ᠬᠤᠷᠢᠮ ᠬᠤᠷᠠᠯ᠂ ᠨᠠᠰᠤᠨ ᠪᠠᠶᠠᠷ ᠵᠡᠷᠭᠡ ᠳᠤ ᠦᠨ᠎ᠡ ᠲᠦᠯᠦᠪᠦᠷᠢ ᠦᠭᠡᠢ ᠪᠠᠷ ᠲᠤᠭᠯᠠᠯᠲᠠ ᠭᠠᠷᠭᠠᠨ ᠦᠭᠴᠦ ᠬᠦᠮᠦᠨ ᠠᠷᠠᠳ ᠢᠶᠠᠨ ᠪᠠᠶᠠᠰᠬᠠᠨ᠂ ᠪᠠᠶᠠᠷ ᠲᠡᠭᠡᠷ᠎ᠡ ᠨᠢ ᠬᠦᠷ ᠨᠡᠮᠡᠵᠦ ᠨᠠᠶᠢᠷ ᠲᠡᠭᠡᠷ᠎ᠡ ᠨᠢ ᠨᠠᠷᠭᠢᠶᠠᠨ ᠨᠡᠮᠡᠨ ᠬᠤᠯᠠ ᠤᠢᠢᠷ᠎ᠠ᠂ ᠬᠤᠳᠠᠯᠠ ᠤᠯᠠᠨ ᠳᠠᠭᠠᠨ ᠮᠠᠭᠳᠠᠭᠳᠠᠭᠰᠠᠭᠠᠷ ᠢᠷᠡᠪᠡ᠃ ︽ᠰᠦᠯᠳᠡ︾ ᠤᠷᠠᠯᠢᠭ ᠤᠨ ᠪᠦᠯᠬᠦᠮ ᠤᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠮᠠᠭᠳᠠᠨ ᠲᠠᠭᠤᠯᠠᠶ᠎ᠠ︾᠂ ︽ᠨᠠᠮ ᠤᠨ ᠠᠴᠢ ᠭᠠᠪᠢᠶ᠎ᠠ ᠶᠢ ᠮᠠᠭᠳᠠᠨ ᠲᠠᠭᠤᠯᠠᠶ᠎ᠠ︾ ᠵᠡᠷᠭᠡ ᠶᠢᠨ ᠬᠤᠯᠪᠤᠭ᠎ᠠ᠂︽ᠵᠤᠪ ᠤᠨᠤᠪᠴᠢᠲᠠᠢ ᠪᠠᠷ ᠶᠠᠳᠠᠭᠤ ᠶᠢ ᠲᠡᠳᠭᠦᠬᠦ ᠊᠊᠊᠊ ᠬᠠᠶᠢᠷ᠎ᠠ ᠬᠠᠯᠠᠮᠵᠢᠳᠦ ᠬᠡᠳᠦ ᠲᠡᠯᠭᠡᠭᠦᠷ︾᠂ ︽ᠡᠵᠢ ᠶᠢᠨ ᠭᠤᠷᠪᠠᠨ ᠬᠡᠤᠬᠡᠳ︾᠂ ︽ᠰᠢᠨ᠎ᠡ ᠬᠦᠳᠡᠭᠡ ᠲᠤᠰᠬᠤᠨ ᠤ ᠬᠤᠪᠢᠷᠠᠯᠲᠠ︾᠂ ︽ᠬᠤᠲᠠ ᠬᠦᠳᠡᠭᠡ ᠶᠢᠨ ᠡᠵᠢ ᠠᠪᠤ︾ᠵᠡᠷᠭᠡ ᠶᠢᠨ ᠱᠤᠭ ᠵᠦᠴᠦᠭᠡ᠂ ︽ᠮᠤᠩᠭᠤᠯ ᠤᠨ ᠡᠭᠦᠰᠦᠯ︾᠂ ︽ᠨᠠᠮ ᠤᠨ ᠬᠤᠪᠢᠰᠬᠠᠯ ᠤᠨ ᠲᠡᠤᠬᠡ︾ ᠵᠡᠷᠭᠡ ᠶᠢᠨ ᠲᠠᠭᠠᠷᠢᠯᠴᠠᠭ᠎ᠠ ᠬᠤᠯᠪᠤᠭ᠎ᠠ᠂ ︽︿ᠡᠯᠡᠰᠦᠨ﹀ ᠤ ᠮᠠᠭᠳᠠᠭᠠᠯ︾᠂ ︽ᠭᠡᠷ ᠪᠦᠯᠢ ᠶᠢᠨ ᠬᠠᠮᠳᠤᠯᠢᠭ︾᠂ ︽ᠬᠠᠰᠲᠤᠩᠭᠠᠯᠠᠭ ᠮᠠᠮᠠ︾᠂ ︽ᠣᠭᠶᠤᠳᠠᠢ︾ ᠵᠡᠷᠭᠡ ᠶᠢᠨ ᠤᠯᠠᠨ ᠬᠦᠮᠦᠨ ᠤ ᠨᠠᠶᠢᠷᠠᠯ ᠲᠠᠭᠤᠤ ᠶᠢ ᠵᠤᠬᠢᠶᠠᠨ ᠲᠤᠭᠯᠠᠵᠤ ᠶᠡᠬᠡᠬᠡᠨ ᠨᠡᠷ᠎ᠡ ᠨᠦᠯᠦᠭᠡ ᠭᠠᠷᠭᠠᠭᠰᠠᠨ ᠪᠠᠶᠢᠨ᠎ᠠ᠃      ᠡᠳᠡᠭᠡᠷ ᠵᠢᠯ ᠤᠨ ᠲᠤᠷᠰᠢ᠂ ︽ᠰᠦᠯᠳᠡ︾ ᠤᠷᠠᠯᠢᠭ ᠤᠨ ᠪᠦᠯᠬᠦᠮ ᠠᠷᠠᠳ ᠤᠯᠠᠨ ᠤ ᠨᠢᠳᠤ ᠶᠢ ᠬᠤᠵᠢᠷᠯᠠᠨ ᠰᠤᠨᠤᠷ ᠢ ᠮᠢᠯᠢᠶᠠᠭᠰᠠᠨ ᠤᠯᠠᠨ ᠰᠠᠶᠢᠬᠠᠨ ᠪᠦᠳᠦᠭᠡᠯ ᠢᠶᠠᠷ ᠢᠶᠠᠨ ᠱᠠᠩᠨᠠᠯ ᠬᠦᠬᠢᠭᠦᠯᠦᠯ ᠤᠯᠠᠨᠳᠠ ᠬᠦᠷᠳᠡᠵᠦ᠂ ᠭᠠᠨᠵᠤᠭ᠎ᠠ ᠲᠦᠭᠦᠷᠡᠩ ᠶᠠᠪᠤᠭᠰᠠᠨ ᠪᠠᠶᠢᠨ᠎ᠠ᠃ 2016 ᠤᠨ ᠳᠤ ᠡᠯᠡᠰᠦᠨ ᠪᠠᠯᠭᠠᠰᠤᠨ ᠤ ᠠᠩᠬᠠᠳᠤᠭᠠᠷ ᠤᠳᠠᠭᠠᠨ ᠤ ᠠᠨᠳᠠᠢ ᠪᠦᠵᠢᠭ ᠤᠨ ᠤᠷᠤᠯᠳᠤᠭᠠᠨ ᠤ ᠬᠤᠶᠠᠳᠤᠭᠠᠷ ᠲᠡᠰ ᠤᠨ ᠱᠠᠩᠨᠠᠯ᠂ 2016 ᠤᠨ ᠳᠤ ︽ᠯᠢ ᠨᠢᠩ︾ ᠬᠤᠨᠳᠠᠭᠠᠳᠤ ᠬᠦᠷᠢᠶ᠎ᠡ ᠵᠡᠭᠡᠯᠢ ᠭᠤᠳᠤᠮᠵᠢ ᠶᠢᠨ ᠲᠦᠷᠪᠡᠳᠦᠭᠡᠷ ᠬᠤᠭᠤᠴᠠᠭᠠᠨ ᠤ ᠠᠨᠳᠠᠢ ᠪᠦᠵᠢᠭ ᠤᠨ ᠤᠷᠤᠯᠳᠤᠭᠠᠨ ᠤ ᠬᠤᠶᠠᠳᠤᠭᠠᠷ ᠲᠡᠰ ᠤᠨ ᠱᠠᠩᠨᠠᠯ ᠢ ᠲᠤᠰᠴᠤ᠂ 2016 ᠤᠨ ᠳᠤ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ︽ᠰᠦᠯᠳᠡ︾ ᠤᠷᠠᠯᠢᠭ ᠤᠨ ᠪᠦᠯᠬᠦᠮ ᠤᠨ 2015 ᠤᠨ ᠤ ᠠᠵᠢᠯ ᠳᠤ ︽ᠰᠢᠯᠢᠳᠡᠭ ᠠᠷᠠᠳ ᠤᠨ ᠤᠷᠠᠯᠢᠭ ᠤᠨ ᠪᠦᠯᠬᠦᠮ︾ ᠤᠨ ᠢᠷᠠᠭᠤ ᠠᠯᠳᠠᠷ ᠤᠯᠭᠤᠵᠤ᠂ 2018 ᠤᠨ ᠳᠤ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ︽ᠰᠦᠯᠳᠡ︾ ᠤᠷᠠᠯᠢᠭ ᠤᠨ ᠪᠦᠯᠬᠦᠮ ᠢ ︽ᠪᠦᠬᠦ ᠬᠤᠰᠢᠭᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠲᠡᠷᠢᠭᠦᠨ ᠤ ᠬᠠᠮᠳᠤ ᠨᠡᠶᠢᠳᠡ︾ ᠪᠠᠷ ᠦᠨᠡᠯᠡᠭᠰᠡᠨ ᠪᠠᠶᠢᠨ᠎ᠠ᠃ 2016 ᠤᠨ ᠳᠤ ︽ᠰᠢᠨ ᠲᠧ ᠰᠢᠨ︾ ᠬᠤᠨᠳᠠᠭᠠᠳᠤ ᠲᠦᠡᠭᠯᠢᠶᠤᠤ ᠬᠤᠲᠠ ᠶᠢᠨ ᠬᠤᠶᠠᠳᠤᠭᠠᠷ ᠬᠤᠭᠤᠴᠠᠭᠠᠨ ᠤ ᠠᠨᠳᠠᠢ ᠶᠢᠨ ᠲᠠᠯᠠᠪᠤᠷ ᠤᠨ ᠪᠦᠵᠢᠭ ᠤᠨ ᠶᠡᠭᠡ ᠤᠷᠤᠯᠳᠤᠭᠠᠨ ᠤ ᠮᠦᠡᠭᠭᠦᠨ ᠮᠧᠳᠠᠯ᠂ ᠲᠤᠮᠳᠠᠳᠤ ᠤᠯᠤᠰ ᠤᠨ ᠦᠪᠦᠷ ᠮᠤᠩᠭᠤᠯ ᠤᠨ ᠭᠤᠷᠪᠠᠳᠤᠭᠠᠷ ᠬᠤᠭᠤᠴᠠᠭᠠᠨ ᠤ ᠲᠡᠯᠡᠭᠡᠢ ᠶᠢᠨ ᠮᠤᠷᠢᠨ ᠮᠡᠷᠭᠡᠵᠢᠯ ᠤᠨ ᠤᠷᠤᠯᠳᠤᠭᠠᠨ ᠤ ᠨᠠᠶᠢᠷ᠂ ᠬᠤᠶᠠᠳᠤᠭᠠᠷ ᠬᠤᠭᠤᠴᠠᠭᠠᠨ ᠤ ︽8 · 18︾ ᠤ ᠵᠢᠷᠢᠮ ᠤᠨ ᠮᠤᠷᠢᠨ ᠤᠷᠤᠯᠳᠤᠭᠠᠨ ᠤ ᠨᠠᠶᠢᠷ ᠵᠢᠴᠢ ︽ᠲᠠᠷᠢᠶᠠᠯᠠᠩ ᠤᠨ ᠢᠳᠡᠭᠡᠮᠵᠢᠲᠤ ᠬᠤᠨᠳᠠᠭᠠᠳᠤ︾ᠬᠦᠷᠢᠶ᠎ᠡ ᠶᠢᠨ ᠠᠩᠬᠠᠳᠤᠭᠠᠷ ᠬᠤᠭᠤᠴᠠᠭᠠᠨ ᠤ ᠡᠯᠡᠰᠦ ᠮᠠᠩᠬ᠎ᠠ ᠶᠢᠨ ᠨᠠᠭᠠᠳᠤᠮ ᠤᠨ ᠶᠡᠭᠡ ᠬᠤᠷᠠᠯ ᠤᠨ ᠠᠨᠳᠠᠢ ᠪᠦᠵᠢᠭ ᠤᠨ ᠰᠢᠯᠢᠳᠡᠭ ᠱᠠᠩᠨᠠᠯ ᠵᠡᠷᠭᠡ ᠬᠦᠬᠢᠭᠦᠯᠦᠯ ᠵᠤᠷᠢᠭᠵᠢᠭᠤᠯᠤᠯ ᠤᠨ ᠲᠡᠰ ᠳ᠋ᠤᠭᠠᠷ ᠤᠳ ᠰᠤᠷᠪᠤᠯᠵᠢᠯᠠᠭᠴᠢ ᠶᠢᠨ ᠬᠠᠷᠠᠭ᠎ᠠ ᠶᠢ ᠪᠠᠶᠠᠰᠬᠠᠵᠤ᠂ ᠰᠡᠳᠭᠢᠯ ᠤᠨ ᠬᠦᠪᠴᠢ ᠶᠢ ᠴᠢᠪᠬᠠᠳᠠᠨᠠᠮ᠃      ︽ᠮᠠᠨ ᠤ ᠤᠷᠠᠯᠢᠭ ᠤᠨ ᠪᠦᠯᠬᠦᠮ ᠨᠠᠮ ᠵᠠᠰᠠᠭ ᠤᠨ ᠲᠦᠷᠦ ᠶᠢᠨ ᠪᠤᠳᠤᠯᠭ᠎ᠠ ᠶᠢ ᠦᠨᠳᠦᠰᠦᠳᠡᠨ ᠤ ᠪᠠᠨ ᠲᠠᠭᠤᠤ ᠤᠷᠠᠯᠢᠭ ᠢᠶᠠᠷ ᠲᠠᠮᠵᠢᠨ ᠤᠬᠠᠭᠤᠯᠭ᠎ᠠ ᠬᠢᠳᠡᠭ᠂ ᠡᠨᠡᠬᠦ ᠬᠡᠯᠪᠡᠷᠢ ᠪᠤᠯ ᠮᠦᠨᠴᠦ ᠠᠷᠠᠳ ᠤᠯᠠᠨ ᠤ ᠬᠦᠯᠢᠶᠡᠨ ᠠᠪᠬᠤ ᠲᠤᠷᠠᠲᠠᠢ ᠬᠡᠯᠪᠡᠷᠢ ᠮᠦᠨ᠃ ᠲᠤᠭᠯᠠᠯᠲᠠ ᠪᠠᠷ ᠲᠠᠮᠵᠢᠭᠤᠯᠤᠨ ᠨᠠᠮ ᠪᠤᠯᠤᠨ ᠠᠷᠠᠳ ᠲᠦᠮᠡᠨ ᠤ ᠬᠠᠷᠢᠴᠠᠭ᠎ᠠ ᠶᠢ ᠤᠯᠠᠮ ᠨᠢᠭᠳᠠᠷᠠᠭᠤᠯᠵᠤ ᠪᠤᠢ︾ ᠭᠡᠵᠦ ᠶᠢᠨ ᠱᠠᠨ ᠰᠤᠷᠪᠤᠯᠵᠢᠯᠠᠭᠴᠢ ᠳᠤ ᠲᠡᠨᠢᠯᠴᠠᠭᠤᠯᠤᠨ᠎ᠠ᠃ ᠶᠢᠨ ᠱᠠᠨ ᠪᠤᠯ ᠨᠢᠭᠡᠨ ᠵᠢᠷ ᠤᠨ ᠲᠠᠷᠢᠶᠠᠴᠢᠨ ᠬᠦᠮᠦᠨ᠂ ᠠᠵᠢᠯ ᠤᠨ ᠴᠢᠯᠦᠭᠡᠨ ᠳᠡᠭᠡᠨ ᠪᠦᠯᠬᠦᠮ ᠤᠨ ᠲᠠᠷᠤᠭ᠎ᠠ ᠶᠢᠨ ᠬᠠᠪᠰᠤᠷᠤᠭᠴᠢ ᠶᠢᠨ ᠠᠵᠢᠯ ᠢ ᠬᠠᠷᠢᠭᠤᠴᠠᠵᠤ ᠪᠠᠶᠢᠨ᠎ᠠ᠃ ᠪᠦᠯᠬᠦᠮ ᠤᠨ ᠢᠶᠠᠨ ᠠᠷᠪᠠᠨ ᠬᠡᠳᠦᠨ ᠬᠤᠯᠪᠤᠭ᠎ᠠ ᠶᠢᠨ ᠦᠭᠡ᠂ ᠪᠦᠵᠢᠭ ᠤᠨ ᠠᠶ᠎ᠠ ᠶᠢ ᠵᠤᠬᠢᠶᠠᠨ ᠪᠦᠳᠦᠭᠡᠵᠦ ᠤᠳᠤᠷᠢᠳᠤᠨ ᠲᠤᠭᠯᠠᠵᠠᠢ᠃      ― ᠪᠢ ᠡᠨᠡᠬᠦ ᠤᠷᠠᠯᠢᠭ ᠤᠨ ᠪᠦᠯᠬᠦᠮ ᠢ ᠲᠠᠭᠠᠨ ᠤᠯᠠᠨ ᠵᠦᠢᠯ ᠤᠨ ᠲᠤᠭᠯᠠᠯᠲᠠ ᠭᠠᠷᠭᠠᠨ ᠤᠷ᠎ᠠ ᠠᠪᠢᠶᠠᠰ ᠢᠶᠠᠨ ᠪᠠᠳᠠᠷᠠᠭᠤᠯᠵᠤ᠂ ᠦᠳᠡᠯᠦᠭᠡ ᠨᠠᠰᠤᠨ ᠤ ᠠᠮᠢᠳᠤᠷᠠᠯ ᠢᠶᠠᠨ ᠤᠯᠠᠮ ᠤᠳᠬ᠎ᠠ ᠠᠭᠤᠯᠭ᠎ᠠ ᠲᠠᠢ ᠦᠡᠭᠭᠡᠷᠡᠭᠦᠯᠵᠦ ᠪᠤᠢ᠃ ᠪᠢ ᠡᠭᠦᠨ ᠢᠶᠠᠷ ᠲᠠᠮᠵᠢᠨ ᠪᠡᠶ᠎ᠡ ᠮᠠᠬᠠᠪᠤᠳ ᠢᠶᠠᠨ ᠴᠤ ᠴᠢᠬᠢᠷᠠᠭᠵᠢᠭᠤᠯᠵᠤ ᠪᠠᠶᠢᠨ᠎ᠠ ᠰᠢᠤ᠃ ᠤᠳᠤ ᠨᠢᠭᠡᠨᠳᠡ ᠡᠨᠡᠬᠦ ᠪᠦᠯᠬᠦᠮ ᠠᠴᠠ ᠰᠠᠯᠵᠤ ᠴᠢᠳᠠᠬᠤ ᠦᠭᠡᠢ ᠪᠤᠯᠤᠭᠰᠠᠨ ᠭᠡᠵᠦ 66 ᠨᠠᠰᠤᠲᠠᠢ ᠪᠦᠯᠬᠦᠮ ᠤᠨ ᠭᠡᠰᠢᠭᠦᠨ ᠨᠠᠳᠮᠢᠳ ᠰᠤᠷᠪᠤᠯᠵᠢᠯᠠᠭᠴᠢ ᠳᠤ ᠤᠷᠮᠠᠳᠠᠢ ᠶᠠᠷᠢᠨ᠎ᠠ᠃      ᠤᠢᠢᠷ᠎ᠠ ᠶᠢᠨ ᠵᠢᠯ ᠳᠤ᠂ ᠪᠠᠯᠭᠠᠰᠤᠨ ᠠᠴᠠ ︽ᠰᠦᠯᠳᠡ︾ ᠤᠷᠠᠯᠢᠭ ᠤᠨ ᠪᠦᠯᠬᠦᠮ ᠳᠤ ᠲᠤᠭᠯᠠᠯᠲᠠ ᠶᠢᠨ ᠬᠤᠪᠴᠠᠰᠤ ᠲᠡᠪᠡᠯ ᠬᠢᠵᠦ ᠦᠭᠬᠦᠭᠰᠡᠨ ᠢᠶᠠᠷ ᠪᠠᠷᠠᠬᠤ ᠦᠭᠡᠢ ᠪᠤᠯᠪᠠᠰᠤᠷᠠᠬᠤ ᠭᠡᠷ ᠬᠠᠨᠭ᠍ᠭᠠᠵᠤ᠂ ᠰᠤᠶᠤᠯ ᠤᠨ ᠠᠵᠢᠯ ᠳᠤᠨᠢ ᠶᠡᠬᠡᠬᠡᠨ ᠲᠡᠮᠵᠢᠯᠭᠡ ᠦᠵᠡᠭᠦᠯᠵᠡᠢ᠃ ᠨᠠᠮ ᠵᠠᠰᠠᠭ ᠤᠨ ᠬᠠᠶᠢᠷ᠎ᠠ ᠬᠠᠯᠠᠮᠵᠢ ᠨᠢ ᠲᠡᠳᠡᠨᠠᠷ ᠲᠤ ᠤᠯᠠᠮ ᠶᠡᠭᠡ ᠵᠤᠷᠢᠭᠵᠢᠭᠤᠯᠤᠯ ᠬᠦ᠋ᠷᠳᠡᠭᠡᠭᠰᠡᠨ ᠪᠠᠶᠢᠨ᠎ᠠ᠃      ᠤᠷᠠᠯᠢᠭ ᠤᠨ ᠪᠦᠯᠬᠦᠮ ᠢᠶᠠᠨ ᠲᠠᠩᠰᠠᠯᠠᠭᠤᠯᠵᠤ᠂ ᠬᠠᠤᠯᠢ ᠳᠤ ᠨᠡᠶᠢᠴᠡᠭᠰᠡᠨ᠂ ᠤᠯᠠᠨ ᠨᠡᠶᠢᠳᠡ ᠳᠤ ᠮᠡᠳᠡᠷᠡᠭᠳᠡᠭᠰᠡᠨ ᠤᠷᠠᠯᠢᠭ ᠤᠨ ᠪᠦᠯᠬᠦᠮ ᠪᠤᠯᠭᠠᠵᠤ᠂ ᠤᠯᠠᠮ ᠴᠢᠨᠠᠭᠰᠢᠲᠠ ᠲᠡᠯᠡᠬᠡᠢ ᠨᠡᠶᠢᠲᠡ ᠶᠢᠨ ᠬᠡᠪᠴᠢᠶ᠎ᠡ ᠲᠠᠢ ᠶᠡᠭᠡ ᠲᠠᠪᠴᠠᠩ ᠲᠡᠭᠡᠷ᠎ᠡ ᠲᠤᠭᠯᠠᠯᠳᠠ ᠭᠠᠷᠭᠠᠨ᠂ ᠦᠨᠳᠦᠰᠦᠳᠡᠨ ᠤ ᠦᠪ ᠰᠤᠶᠤᠯ ᠢᠶᠠᠨ ᠤᠯᠠᠮᠵᠢᠯᠠᠨ ᠬᠦᠭᠵᠢᠭᠦᠯᠬᠦ ᠪᠤᠯ ︽ᠰᠦᠯᠳᠡ︾ ᠤᠷᠠᠯᠢᠭ ᠤᠨ ᠪᠦᠯᠬᠦᠮ ᠤᠨ ᠭᠡᠰᠢᠭᠦᠨ ᠨᠢᠭᠡᠪᠦᠷᠢ ᠶᠢᠨ ᠬᠦᠰᠡᠯ ᠬᠦᠭᠡᠭᠡᠴᠡᠯᠳᠦᠯ ᠭᠡᠯᠳᠡᠢ᠃ ᠡᠨᠡᠬᠦ ᠬᠦᠰᠡᠯ ᠵᠤᠷᠢᠯᠲᠠ ᠳᠠᠭᠠᠨ ᠬᠦᠷᠬᠦ ᠶᠢᠨ ᠲᠦᠯᠦᠭᠡ ᠲᠡᠳᠡ ᠨᠡᠩ ᠤᠯᠡᠠ ᠰᠢᠯᠢᠳᠡᠭ ᠪᠦᠲᠦᠭᠡᠯ ᠵᠤᠬᠢᠶᠠᠨ ᠪᠦᠳᠦᠭᠡᠬᠦ ᠪᠠᠷ ᠴᠢᠷᠮᠠᠶᠢᠨ ᠲᠡᠮᠡᠤᠯᠵᠤ ᠪᠤᠢ᠃ ᠠᠷᠠᠳ ᠤᠨ ᠤᠷᠠᠯᠢᠭ ᠢᠶᠠᠨ ᠭᠡᠮᠡᠨ ᠱᠤᠬᠤᠭᠤᠷᠬᠠᠨ ᠵᠢᠳᠭᠦᠵᠦ᠂ ᠠᠷᠠᠳ ᠤᠯᠠᠠ ᠢᠶᠠᠨ ᠪᠠᠶᠠᠰᠬᠠᠵᠤ ᠶᠠᠪᠤᠭ᠎ᠠ ︽ᠰᠦᠯᠳᠡ︾ ᠤᠷᠠᠯᠢᠭ ᠤᠨ ᠪᠦᠯᠬᠦᠮ ᠤᠨ ᠰᠠᠨᠠᠭᠰᠠᠨ ᠪᠦᠬᠦᠨ ᠨᠢ ᠰᠡᠳᠭᠢᠯᠴᠢᠯᠡᠨ ᠪᠦᠲᠦᠬᠦ ᠪᠤᠯᠳᠤᠭᠠᠢ︕
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号