6 ᠰᠠᠷ᠎ᠠ ᠶᠢᠨ 23 ᠤ ᠡᠳᠤᠷ᠂ ᠲᠤᠮᠳᠠᠳᠤ ᠤᠯᠤᠰ · ᠲᠦᠡᠭᠯᠢᠶᠤᠤ ᠶᠢᠨ ︽ᠨᠢᠭᠡ ᠪᠦᠰᠡ ᠨᠢᠭᠡ ᠵᠡᠮ · | ᠤᠪᠤᠭᠠᠨ ᠳᠠᠬᠢ ᠠᠭᠤᠯᠵᠠᠯᠳᠠ︾ ᠤᠯᠠᠨ ᠤᠯᠤᠰ ᠤᠨ ᠰᠤᠶᠤᠯ ᠵᠤᠭᠠᠴᠠᠯ ᠤᠨ ᠨᠠᠶᠢᠷ ᠤᠨ ᠰᠤᠨᠢᠨ ᠮᠡᠳᠡᠭᠡ | ᠨᠡᠶᠢᠳᠡᠯᠡᠬᠦ ᠬᠤᠷᠠᠯ ᠠᠷᠠᠳ ᠤᠨ ᠰᠦᠯᠵᠢᠶ᠎ᠠ ᠶᠢᠨ 1 ᠳ᠋ᠤᠭᠡᠷ ᠨᠤᠮᠧᠷᠳᠤ ᠨᠡᠪᠳᠡᠷᠡᠬᠦᠯᠬᠡ ᠶᠢᠨ ᠲᠢᠩᠭᠢᠮ ᠳᠤ ᠶᠠᠪᠤᠭᠳᠠᠪᠠ᠃ | ᠠᠷᠠᠳ ᠤᠨ ᠰᠦᠯᠵᠢᠶ᠎ᠠ ᠶᠢᠨ ᠶᠡᠷᠤᠩᠬᠡᠢ ᠨᠠᠶᠢᠷᠠᠭᠤᠯᠤᠭᠴᠢ ᠢᠤᠢ ᠴᠢᠩ ᠴᠦ᠋᠂ ᠲᠤᠮᠳᠠᠳᠤ ᠤᠯᠤᠰ ᠤᠨ | ᠡᠨᠧᠷᠬᠢ ᠶᠢᠨ ᠮᠠᠰᠢᠨ ᠢ ᠲᠡᠯᠭᠡᠷᠡᠬᠦᠯᠬᠦ ᠪᠦᠯᠦᠭᠯᠡᠯ ᠤᠨ ᠭᠡᠷᠡᠭ ᠮᠡᠳᠡᠭᠴᠢ᠂ ᠲᠤᠮᠳᠠᠳᠤ ᠣᠯᠣᠰ ᠤᠨ ᠡᠨᠧᠷᠬᠢ ᠶᠢᠨ | ᠰᠤᠨᠢᠨ ᠤ ᠬᠤᠷᠢᠶ ᠠ ᠶᠢᠨ ᠶᠡᠷᠤᠩᠬᠡᠢ ᠨᠠᠶᠢᠷᠠᠭᠤᠯᠤᠭᠴᠢ ᠯᠢᠦ ᠵᠢᠶᠠᠨ ᠯᠢᠨ᠂ ᠠᠷᠠᠳ ᠤᠨ ᠰᠦᠯᠵᠢᠶ᠎ᠠ ᠶᠢᠨ ᠠᠵᠢᠯ | ᠦᠢᠯᠡᠰ ᠤᠨ ᠬᠦᠭᠵᠢᠬᠦᠯᠦᠯᠳᠡ ᠶᠢᠨ ᠬᠡᠯᠳᠡᠰ ᠤᠨ ᠡᠷᠬᠢᠯᠡᠭᠴᠢ ᠸᠧᠢ ᠪᠢᠩ ᠹᠧᠩ᠂ ᠠᠷᠠᠳ ᠤᠨ ᠰᠦᠯᠵᠢᠶ᠎ᠠ ᠶᠢᠨ | ᠦᠪᠤᠷ ᠮᠤᠩᠭᠤᠯ ᠤᠨ ᠬᠤᠪᠢᠶᠠᠷᠢ ᠺᠤᠮᠫᠠᠨᠢ ᠶᠢᠨ ᠶᠡᠷᠤᠩᠬᠡᠢ ᠨᠠᠶᠢᠷᠠᠭᠤᠯᠤᠭᠴᠢ᠂ ᠶᠡᠷᠤᠩᠬᠡᠢ ᠲᠠᠭᠠᠭᠠᠮᠠᠯ ᠪᠠᠢ ᠵᠢᠶᠠᠨ | ᠫᠢᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠯᠢ | ᠯᠢ᠂ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ᠂ ᠬᠤᠳᠠ ᠶᠢᠨ ᠰᠤᠶᠤᠯ ᠰᠤᠨᠢᠨ ᠮᠡᠳᠡᠭᠡ ᠷᠠᠳᠢᠣ᠋ ᠲᠧᠯᠧᠶᠢᠰ | ᠬᠡᠪᠯᠡᠯ ᠤᠨ ᠲᠤᠪᠴᠢᠶ᠎ᠠ᠂ ᠬᠤᠳᠠ ᠶᠢᠨ ᠪᠡᠶ ᠠ ᠶᠢᠨ ᠲᠠᠮᠢᠷ ᠤᠨ ᠲᠤᠪᠴᠢᠶ᠎ᠠ᠂ ᠬᠤᠳᠠ ᠶᠢᠨ ᠵᠤᠭᠠᠴᠠᠯ ᠤᠨ | ᠬᠦᠭᠵᠢᠬᠦᠯᠦᠯᠳᠡ ᠶᠢᠨ ᠵᠦᠪᠯᠡᠯ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠨᠦᠬᠦᠳ ᠰᠤᠨᠢᠨ ᠮᠡᠳᠡᠭᠡ ᠨᠡᠶᠢᠳᠡᠯᠡᠬᠦ | ᠬᠤᠷᠠᠯ ᠳᠤ ᠤᠷᠤᠯᠴᠠᠵᠠᠢ᠃ | ᠲᠤᠰ ᠤᠳᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠤᠯ ᠮᠠᠨ ᠤ ᠬᠤᠳᠠ ᠶᠢᠨ ᠠᠷᠠᠳ ᠤᠨ | ᠰᠦᠯᠵᠢᠶ᠎ᠠ ᠶᠢᠨ ᠲᠡᠪᠴᠡᠩ ᠤᠨ ᠲᠠᠪᠠᠭᠤᠯᠢᠭ ᠢ ᠠᠰᠢᠬᠯᠠᠨ᠂ ᠵᠠᠭᠤᠴᠢᠯᠠᠭᠤᠷ ᠤᠨ ᠬᠦᠴᠤᠨ ᠢᠶᠠᠷ ︽ᠨᠢᠭᠡ ᠪᠦᠰᠡ | ᠨᠢᠭᠡ ᠵᠠᠮ · ᠤᠪᠤᠭᠠᠨ ᠳᠠᠬᠢ ᠠᠭᠤᠯᠵᠠᠯᠳᠠ︾ ᠤᠯᠠᠨ ᠤᠯᠤᠰ ᠤᠨ ᠰᠤᠶᠤᠯ ᠵᠤᠭᠠᠴᠠᠯ ᠤᠨ ᠨᠠᠶᠢᠷ ᠲᠤ ᠪᠦᠬᠦ | ᠤᠷᠤᠨ ᠪᠠᠶᠢᠷᠢᠰᠢᠯ᠂ ᠪᠦᠬᠦ ᠬᠠᠷᠠᠭᠠᠰᠤ᠂ ᠦᠷᠭᠡᠨ ᠬᠡᠪᠴᠢᠶᠡᠨ ᠤ ᠤᠬᠠᠭᠤᠯᠭ᠎ᠠ ᠲᠠᠨᠢᠯᠴᠠᠭᠤᠯᠭ᠎ᠠ ᠬᠢᠭᠰᠡᠨ ᠶᠠᠪᠤᠳᠠᠯ | ᠪᠤᠯᠬᠤ ᠶᠤᠮ᠃ ᠠᠷᠠᠳ ᠤᠨ ᠡᠳᠤᠷ ᠤᠨ ᠰᠤᠨᠢᠨ᠂ ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠠ᠂ ᠰᠢᠨᠬᠤᠸᠠ | ᠰᠦᠯᠵᠢᠶ᠎ᠠ ᠵᠡᠷᠭᠡ 10 ᠭᠠᠷᠤᠢ ᠤᠯᠤᠰ ᠤᠨ ᠲᠤᠳᠤᠭᠠᠳᠤ ᠶᠢᠨ ᠡᠯ᠎ᠠ ᠶᠡᠭᠡ ᠰᠤᠨᠢᠨ ᠮᠡᠳᠡᠭᠡ ᠵᠠᠭᠤᠴᠢᠯᠠᠭᠤᠷ ᠤᠨ ᠬᠢᠨ | ᠬᠤᠷᠠᠯ ᠳᠤ ᠤᠷᠤᠯᠴᠠᠵᠠᠢ᠃ ᠤᠶᠢᠢᠯᠠᠭᠠᠭᠰᠠᠨ ᠢᠶᠠᠷ᠂ ᠮᠠᠨ ᠤ ᠬᠤᠳᠠ ᠡᠨᠡ ᠵᠢᠯ ᠤᠨ 8 ᠰᠠᠷ ᠠ ᠶᠢᠨ 17 ᠠᠴᠠ | 27 ᠤ ᠡᠳᠤᠷ ᠪᠤᠯᠳᠠᠯ᠎ᠠ᠂ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠭᠤᠯᠠ ᠦᠵᠡᠮᠵᠢ ᠶᠢᠨ ᠤᠷᠤᠨ ᠳᠤ | ᠲᠤᠮᠳᠠᠳᠤ ᠤᠯᠤᠰ · ᠲᠦᠡᠭᠯᠢᠶᠤᠤ ᠶᠢᠨ ︽ᠨᠢᠭᠡ ᠪᠦᠰᠡ ᠨᠢᠭᠡ ᠵᠠᠮ · ᠤᠪᠤᠭᠠᠨ ᠳᠠᠬᠢ ᠠᠭᠤᠯᠵᠠᠯᠳᠠ︾ ᠤᠯᠠᠨ | ᠤᠯᠤᠰ ᠤᠨ ᠰᠤᠶᠤᠯ ᠵᠤᠭᠠᠴᠠᠯ ᠤᠨ ᠨᠠᠶᠢᠷ ᠤᠨ ᠠᠵᠢᠯᠯᠠᠭ᠎ᠠ ᠶᠠᠪᠤᠬᠳᠠᠭᠤᠯᠬᠤ ᠪᠠᠷ ᠲᠦᠯᠦᠪᠯᠡᠵᠦ ᠪᠤᠢ᠃ 8 | ᠰᠠᠷ᠎ᠠ ᠶᠢᠨ 17 ᠤ ᠡᠳᠤᠷ᠂ ᠤᠪᠤᠭᠠᠨ ᠲᠠᠬᠢᠯᠭ᠎ᠠ᠂ ᠬᠤᠷᠴᠢᠨ ᠬᠤᠷᠢᠮ᠂ ᠬᠤᠷᠴᠢᠨ ᠨᠠᠭᠠᠳᠤᠮ᠂ ᠲᠡᠯᠡᠬᠡᠢ ᠶᠢᠨ | ᠵᠠᠯᠠᠭᠤᠴᠤᠳ ᠤᠨ ᠵᠤᠯ ᠵᠢᠷᠭᠠᠯ ᠤᠨ ᠶᠠᠷᠢᠶᠠᠨ ᠤ ᠲᠠᠪᠴᠠᠩ᠂ ᠬᠤᠷᠴᠢᠨ ᠠᠷᠠᠳ ᠤᠨ ᠲᠠᠭᠤᠤ ᠵᠡᠷᠭᠡ ᠭᠤᠤᠯ | ᠴᠤᠭᠴᠠᠳᠤ ᠠᠵᠢᠯᠯᠠᠭ᠎ᠠ ᠶᠢ ᠶᠠᠪᠤᠭᠳᠠᠭᠤᠯᠤᠨ᠎ᠠ᠃ 8 ᠰᠠᠷ ᠠ ᠶᠢᠨ 18 ᠠᠴᠠ 27 ᠤ ᠡᠳᠤᠷ ᠪᠤᠯᠳᠠᠯ᠎ᠠ᠂ | ᠨᠡᠭᠡᠭᠡᠯᠳᠡ ᠶᠢᠨ ᠡᠳᠤᠷ ᠤᠨ ᠠᠵᠢᠯᠯᠠᠭ᠎ᠠ ᠦᠷᠨᠢᠬᠦᠯᠵᠦ᠂ ᠵᠤᠭᠠᠴᠠᠭᠰᠠᠳ ᠢ ᠵᠤᠬᠢᠶᠠᠨ ᠪᠠᠶᠢᠭᠤᠯᠵᠦ ᠦᠨᠳᠤᠰᠤᠳᠡᠨ ᠤ | ᠪᠡᠶ ᠠ ᠶᠢᠨ ᠲᠠᠮᠢᠷ᠂ ᠦᠨᠳᠤᠰᠤᠳᠡᠨ ᠤ ᠰᠤᠶᠤᠯ᠂ ᠬᠡᠷᠡᠯ ᠵᠢᠷᠤᠭ ᠵᠡᠷᠭᠡ ᠠᠵᠢᠯᠯᠠᠭ᠎ᠠ ᠳᠤ ᠤᠷᠤᠯᠴᠠᠭᠤᠯᠵᠦ᠂ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ᠂ ᠵᠤᠭᠠᠴᠠᠯ ᠰᠤᠶᠤᠯ ᠤᠨ ᠪᠦᠳᠦᠭᠡᠭᠳᠡᠬᠦᠨ᠂ | ᠦᠨᠳᠤᠰᠤᠳᠡᠨ ᠤ ᠪᠡᠶ᠎ᠠ ᠶᠢᠨ ᠲᠠᠮᠢᠷ ᠤᠨ ᠡᠳ᠋ᠯᠡᠯ ᠬᠡᠷᠡᠭᠰᠡᠯ ᠢ ᠦᠢᠯᠡᠳᠤᠨ ᠲᠡᠯᠭᠡᠨ ᠦᠵᠡᠬᠦᠯᠬᠦ᠂ ᠪᠤᠷᠤᠯᠠᠭᠤᠯᠬᠤ᠂ | ᠪᠡᠶᠡᠴᠢᠯᠠᠨ ᠤᠶᠢᠢᠯᠠᠭᠠᠬᠤ ᠵᠡᠷᠭᠡ ᠠᠵᠢᠯᠯᠠᠭ᠎ᠠ ᠶᠢ ᠶᠠᠪᠤᠭᠳᠠᠭᠤᠯᠬᠤ ᠪᠤᠯᠤᠨ᠎ᠠ᠃ |