| | | | | ᠡᠮᠦᠨ᠎ᠡ ᠪᠤᠯᠠᠭᠳᠦ ᠶᠢᠨ ᠬᠠᠭᠤᠴᠢᠨ ᠪᠠᠭᠤᠷᠢ ᠶᠢᠨ ᠬᠠᠮᠠᠭᠠᠯᠠᠯᠳᠠ᠂ ᠲᠡᠯᠬᠡᠨ ᠦᠵᠡᠬᠦᠯᠦᠯᠬᠡ᠂ | ᠰᠤᠳᠤᠯᠤᠯᠳᠠ ᠪᠠᠨ ᠴᠢᠩᠭᠠᠳᠬᠠᠬᠤ ᠶᠢᠨ ᠲᠦᠯᠦᠬᠡ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠤᠷᠳᠦᠨ ᠠᠴᠠ ︽ᠡᠮᠦᠨ᠎ᠡ ᠪᠤᠯᠠᠭᠳᠦ ᠶᠢᠨ ᠬᠠᠭᠤᠴᠢᠨ ᠪᠠᠭᠤᠷᠢ ᠶᠢᠨ ᠴᠡᠴᠡᠷᠯᠢᠭ︾ ᠤᠨ ᠰᠠᠭᠤᠷᠢᠨ ᠲᠡᠭᠡᠷ᠎ᠡ ᠲᠠᠬᠢᠨ | 2800 ᠲᠦᠮᠡᠨ ᠲᠦᠬᠦᠷᠢᠭ ᠤᠨ ᠪᠡᠯᠡ ᠤᠷᠤᠭᠤᠯᠵᠦ᠂ 3700 ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ | ᠮᠦᠽᠸᠢ ᠪᠠᠶᠢᠭᠤᠯᠤᠬᠰᠠᠨ ᠶᠤᠮ᠃ ᠤᠶᠢᠷ᠎ᠠ ᠶᠢᠨ ᠡᠳᠤᠷ᠂ ᠲᠤᠰ ᠮᠦᠽᠸᠢ ᠨᠢ ᠡᠬᠦᠳᠡ ᠪᠠᠨ ᠨᠡᠬᠡᠬᠡᠬᠦ ᠶᠤᠰᠤᠯᠠᠯ | ᠶᠠᠪᠤᠭᠤᠯᠤᠭᠰᠠᠨ ᠪᠠᠶᠢᠨ᠎ᠠ᠃ ᠤᠳᠤ ᠠᠴᠠ ᠪᠠᠷᠤᠭ 4500 ᠠᠴᠠ 5000 ᠵᠢᠯ ᠤᠨ ᠡᠮᠦᠨᠡᠬᠢ ᠡᠮᠦᠨ᠎ᠡ | ᠪᠤᠯᠠᠭᠳᠦ ᠶᠢᠨ ᠬᠠᠭᠤᠴᠢᠨ ᠪᠠᠭᠤᠷᠢ ᠪᠤᠯ ᠵᠠᠷᠤᠳ ᠬᠤᠰᠢᠭᠤᠨ ᠤ ᠲᠤᠯᠤᠳᠦ ᠰᠤᠮᠤ ᠶᠢᠨ ᠬᠢᠯᠢ ᠳᠤ ᠪᠠᠶᠢᠷᠢᠯᠠᠵᠦ | ᠪᠠᠶᠢᠳᠠᠭ᠃ ᠪᠠᠭᠤᠷᠢ ᠶᠢᠨ ᠪᠦᠬᠦ ᠲᠠᠯᠠᠪᠠᠢ 32 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠦ᠂ ᠦᠪᠤᠷ | ᠮᠤᠩᠭᠤᠯ ᠤᠨ ᠵᠡᠬᠦᠨ ᠬᠡᠰᠡᠭ ᠴᠢᠨᠠᠭᠰᠢᠯᠠᠨ ᠪᠦᠬᠦ᠋ᠢᠯᠠ ᠵᠠᠬᠦᠨ ᠬᠤᠶᠢᠳᠦ ᠤᠷᠤᠨ ᠤ ᠬᠡᠪᠴᠢᠶᠠᠨ ᠳᠤ ᠢᠯᠡᠷᠡᠬᠦᠯᠦᠭᠰᠡᠨ | ᠬᠡᠪᠴᠢᠶ᠎ᠠ ᠪᠠᠷ ᠬᠠᠮᠤᠭ ᠶᠡᠭᠡ᠂ ᠮᠠᠯᠳᠠᠵᠦ ᠭᠠᠷᠭᠠᠭᠰᠠᠨ ᠲᠡᠤᠬᠡᠨ ᠲᠤᠷᠠᠰᠬᠠᠯᠳᠦ ᠵᠦᠢᠯᠡᠰ ᠬᠠᠮᠤᠭ ᠡᠯᠪᠡᠭ᠂ ᠰᠤᠶᠤᠯ | ᠪᠤᠯᠪᠠᠰᠦᠨ ᠤ ᠲᠦᠷᠬᠦ ᠨᠢ ᠤᠯᠠᠨ ᠠᠴᠠ ᠢᠯᠭᠠᠭᠳᠠᠭᠰᠠᠨ ᠦᠪᠡᠷᠮᠢᠴᠡ ᠤᠨᠴᠠᠯᠢᠭ ᠲᠠᠢ ᠰᠢᠨ᠎ᠡ ᠴᠢᠯᠠᠭᠤᠨ | ᠵᠠᠪᠰᠡᠭ ᠤᠨ ᠰᠡᠬᠦᠯᠴᠢ ᠶᠢᠨ ᠦᠶ᠎ᠠ ᠶᠢᠨ ᠲᠤᠮᠤ ᠬᠡᠪᠴᠢᠶᠠᠨ ᠤ ᠤᠩᠭᠤᠨ ᠤ ᠪᠠᠭᠤᠷᠢ ᠪᠤᠯᠤᠨ ᠤᠷᠤᠨ ᠰᠠᠭᠤᠴᠡ ᠶᠢᠨ | ᠪᠠᠭᠤᠷᠢ ᠶᠢᠨ ᠦᠯᠡᠳᠡᠭᠳᠡᠯ ᠪᠠᠶᠢᠵᠦ᠂ ᠬᠦᠷᠢᠶ᠎ᠠ ᠭᠡᠪᠴᠢᠶ᠎ᠠ ᠮᠠᠰᠢ ᠶᠡᠭᠡ ᠪᠠᠶᠢᠳᠠᠭ ᠢᠶᠠᠷ ᠢᠶᠠᠨ ᠰᠢᠨ᠎ᠡ ᠴᠢᠯᠠᠭᠤᠨ | ᠵᠠᠪᠰᠡᠭ ᠤᠨ ᠴᠠᠭ ᠦᠶ᠎ᠠ ᠶᠢᠨ ᠤᠩᠭᠤᠨ ᠤ ᠪᠠᠭᠤᠷᠢ ᠲᠤᠳᠤᠷ᠎ᠠ ᠬᠤᠪᠤᠷ ᠴᠤᠬᠠᠭ ᠡᠷᠳᠡᠨᠢ ᠬᠡᠮᠡᠨ ᠭᠠᠶᠢᠬᠠᠭᠳᠠᠵᠠᠢ᠃ | 2006 ᠤᠨ ᠠᠴᠠ ᠤᠳᠤ ᠪᠤᠯᠳᠠᠯ᠎ᠠ ᠬᠠᠭᠤᠴᠢᠨ ᠪᠠᠭᠤᠷᠢ ᠠᠴᠠ ᠨᠢᠬᠡᠨᠳᠡ 1500 ᠨᠠᠷᠢᠯᠢᠭ ᠭᠤᠴᠤ ᠲᠡᠤᠬᠡᠨ | ᠲᠤᠷᠠᠰᠬᠠᠯᠳᠦ ᠵᠦᠢᠯᠡᠰ ᠢ ᠮᠡᠯᠳᠡᠨ ᠭᠠᠷᠭᠠᠵᠦ᠂ 2007 ᠤᠨ ᠳᠤ ᠲᠤᠮᠳᠠᠳᠦ ᠤᠯᠤᠰ ᠤᠨ ᠨᠡᠶᠢᠬᠡᠮ ᠤᠨ ᠰᠢᠨᠵᠢᠯᠡᠬᠦ | ᠤᠬᠠᠭᠠᠨ ᠤ ᠬᠦᠷᠢᠶᠠᠯᠠᠩ ᠤᠨ ᠪᠦᠬᠦ ᠤᠯᠤᠰ ᠤᠨ ︽ᠵᠢᠷᠭᠤᠭᠠᠨ ᠲᠤᠮᠤ ᠬᠠᠭᠤᠴᠢ ᠰᠤᠳᠤᠯᠤᠯ ᠤᠨ ᠰᠢᠨ᠎ᠡ | ᠢᠯᠡᠷᠡᠬᠦᠯᠦᠯᠳᠡ︾ ᠶᠢᠨ ᠨᠢᠬᠡ ᠪᠠᠷ ᠴᠤᠯᠠᠯᠠᠭᠳᠠᠵᠦ᠂ 2013 ᠤᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ | ᠭᠤᠤᠯᠳᠠᠯᠭ᠎ᠠ ᠲᠠᠢ ᠲᠡᠤᠬᠡᠨ ᠲᠤᠷᠠᠰᠬᠠᠯᠳᠦ ᠵᠦᠢᠯᠡᠰ ᠤᠨ ᠬᠠᠮᠠᠭᠠᠯᠠᠯᠳᠠ ᠶᠢᠨ ᠨᠢᠬᠡᠴᠡ ᠶᠢᠨ ᠡᠩᠨᠡᠭᠡᠨ ᠳᠤ | ᠵᠢᠬᠰᠠᠭᠠᠭᠳᠠᠪᠠ᠃ | | | | |