10 ᠰᠠᠷ᠎ᠠ ᠶᠢᠨ 11 ᠤ ᠡᠳᠦᠷ᠂ ᠦᠪᠦᠷ ᠮᠤᠩᠭᠤᠯ ᠤᠨ ᠴᠡᠴᠡᠭᠲᠤ ᠤᠯᠠᠷᠢᠯ ᠤᠨ ᠵᠤᠭᠠᠴᠠᠯ ᠤᠳᠠᠨᠳᠠᠯ᠎ᠠ ᠶᠢᠨ | ᠪᠠᠲᠤᠴᠠᠭᠠᠨ ᠤ ᠨᠠᠶᠢᠷ ᠤᠨ ᠡᠬᠢᠯᠡᠯᠲᠡ ᠶᠢᠨ ᠶᠤᠰᠤᠯᠠᠯ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ | ᠤᠳᠠᠠᠳᠠᠯᠠ ᠪᠠᠲᠤᠴᠠᠭᠠᠨ ᠤ ᠤᠢ ᠰᠢᠭᠤᠢ ᠶᠢᠨ ᠴᠡᠴᠡᠷᠯᠢᠭ ᠲᠤ ᠦᠪᠡᠳᠡᠭᠰᠢ ᠶᠡᠬᠡᠪᠡᠷ ᠶᠠᠪᠤᠭᠳᠠᠪᠠ᠃ | ᠲᠤᠰ ᠤᠳᠠᠭᠠᠨ ᠤ ᠠᠵᠢᠯᠯᠠᠭ᠎ᠠ ᠶᠢ ᠦᠪᠡᠷᠲᠡᠬᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠦᠯᠲᠡ ᠶᠢᠨ | ᠵᠦᠪᠯᠡᠯ᠂ ᠲᠦᠡᠭᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠲᠦᠡᠭᠯᠢᠶᠤᠤ | ᠬᠤᠳᠠ ᠶᠢᠨ ᠵᠤᠭᠠᠴᠠᠯ ᠤᠨ ᠬᠦᠭᠵᠢᠬᠦᠯᠦᠯᠲᠡ ᠶᠢᠨ ᠵᠦᠪᠯᠡᠯ᠂ ᠲᠦᠡᠭᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ | ᠬᠦᠯᠢᠶᠡᠨ ᠠᠪᠬᠤ ᠠᠯᠪᠠᠨ ᠬᠡᠷ᠂ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠤᠷᠳᠤᠨ ᠠᠴᠠ | ᠲᠠᠭᠠᠭᠠᠨ ᠡᠷᠬᠢᠯᠡᠪᠡ᠃ ᠦᠪᠡᠷᠲᠡᠬᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠦᠯᠲᠡ ᠶᠢᠨ ᠵᠦᠪᠯᠡᠯ ᠤᠨ | ᠡᠷᠬᠢᠯᠡᠭᠴᠢ ᠵᠧᠡᠭ ᠢ ᠫᠢᠡᠭ ᠦᠪᠦᠷ ᠮᠤᠩᠭᠤᠯ ᠤᠨ ᠴᠡᠴᠡᠭᠲᠤ ᠤᠯᠠᠷᠢᠯ ᠤᠨ ᠵᠤᠭᠠᠴᠠᠯ ᠤᠳᠠᠨᠳᠠᠯ᠎ᠠ ᠶᠢᠨ | ᠪᠠᠲᠤᠴᠠᠭᠠᠨ ᠤ ᠨᠡᠶᠢᠷ ᠡᠬᠢᠯᠡᠭᠰᠡᠨ ᠢ ᠵᠠᠷᠯᠠᠪᠠ᠃ ᠬᠤᠳᠠ ᠶᠢᠨ ᠤᠳᠤᠷᠢᠳᠤᠯᠭ᠎ᠠ ᠬᠤᠤ ᠮᠤᠤ ᠷᠦᠡᠭ᠂ ᠭᠤᠤ ᠴᠧᠨ᠂ | ᠯᠢ ᠯᠢ᠂ ᠤᠷᠬᠢᠯ᠂ ᠢᠦᠢ ᠹᠧᠡᠭ᠂ ᠸᠠᠩ ᠸᠧᠢ ᠭᠤᠸᠠᠩ ᠨᠠᠷ ᠤᠷᠤᠯᠴᠠᠪᠠ᠃ ᠦᠪᠡᠷᠲᠡᠬᠡᠨ ᠵᠠᠰᠠᠬᠤ ᠤᠷᠤᠨ ᠤ | ᠵᠤᠭᠠᠴᠠᠯ ᠤᠨ ᠬᠦᠭᠵᠢᠬᠦᠯᠦᠯᠲᠡ ᠶᠢᠨ ᠵᠦᠪᠯᠡᠯ ᠤᠨ ᠲᠡᠳ᠋ ᠡᠷᠬᠢᠯᠡᠭᠴᠢ ᠵᠦ ᠯᠢ ᠫᠢᠡᠭ᠂ ᠲᠡᠳ᠋ ᠬᠤᠳᠠ ᠶᠢᠨ ᠲᠠᠷᠤᠭ᠎ᠠ | ᠢᠤᠢ ᠹᠧᠡᠭ᠂ ᠲᠤᠰ ᠲᠤᠰ ᠶᠠᠷᠢᠶ᠎ᠠ ᠲᠠᠯᠪᠢᠪᠠ᠃ | ᠢᠦᠢ ᠹᠧᠡᠭ ᠵᠢᠭᠠᠵᠦ ᠭᠠᠷᠭᠠᠭᠰᠠᠨ ᠨᠢ᠂ ᠵᠢᠯ ᠤᠨ ᠡᠬᠢᠨ ᠠᠴᠠ ᠨᠠᠰᠢ᠂ ᠦᠪᠡᠷᠲᠡᠬᠡᠨ ᠵᠠᠰᠠᠬᠤ ᠤᠷᠤᠨ ᠤ ︽ | ᠲᠦᠷᠪᠡᠨ ᠤᠯᠠᠷᠢᠯ ᠤᠨ ᠵᠤᠭᠠᠴᠠᠯ ᠢ ᠰᠠᠶᠢᠳᠤᠷ ᠠᠳᠬᠤᠵᠦ᠂ ᠴᠡᠴᠡᠭᠲᠤ ᠤᠯᠠᠷᠢᠯ ᠤᠨ ᠵᠤᠭᠠᠴᠠᠯ ᠢ ᠬᠦᠭᠵᠢᠬᠦᠯᠬᠦ︾ | ᠶᠡᠷᠦᠩᠬᠡᠢ ᠪᠠᠶᠢᠷᠢᠯᠠᠭᠤᠯᠤᠯᠲᠠ ᠶᠢ ᠦᠨᠳᠦᠰᠦᠯᠡᠵᠦ᠂ ᠮᠠᠨ ᠤ ᠬᠤᠳᠠ ᠬᠦᠢᠯᠡᠰᠦᠨ ᠴᠡᠴᠡᠭ᠂ ᠵᠢᠭᠠᠷ ᠡᠪᠡᠰᠦ᠂ | ᠬᠤᠷᠴᠠ ᠤᠯᠠᠭᠠᠨ ᠴᠡᠴᠡᠭ ᠵᠡᠷᠬᠡ ᠤᠯᠠᠨ ᠲᠦᠷᠦᠯ ᠤᠨ ᠴᠡᠴᠡᠭᠲᠤ ᠤᠯᠠᠷᠢᠯ ᠤᠨ ᠵᠤᠭᠠᠴᠠᠯ ᠤᠨ ᠰᠢᠷᠢᠰ | ᠠᠵᠢᠯᠯᠠᠭᠠᠨ ᠢ ᠠᠮᠵᠢᠯᠲᠡ ᠲᠠᠢ ᠵᠤᠬᠢᠶᠠᠨ ᠪᠠᠶᠢᠭᠤᠯᠪᠠ᠃ ᠤᠨᠴᠠᠭᠠᠢᠢᠯᠠᠨ ᠲᠤᠰ ᠤᠳᠠᠭᠠᠨ ᠤ ᠤᠳᠠᠨᠳᠠᠯ᠎ᠠ ᠶᠢᠨ | ᠪᠠᠲᠤᠴᠠᠭᠠᠨ ᠤ ᠨᠠᠶᠢᠷ ᠨᠢ ᠵᠤᠯ ᠢᠶᠠᠷ ᠦᠪᠡᠷᠲᠡᠬᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠦᠯᠲᠡ ᠶᠢᠨ | ᠵᠦᠪᠯᠡᠯ ᠳᠤ ᠦᠪᠤᠷ ᠮᠤᠩᠭᠤᠯ ᠤᠨ ᠴᠡᠴᠡᠭᠲᠤ ᠤᠯᠠᠷᠢᠯ ᠤᠨ ᠵᠤᠭᠠᠴᠠᠯ ᠤᠨ ᠠᠵᠢᠯᠯᠠᠭᠠᠨ ᠳᠤ ᠰᠤᠩᠭᠤᠭᠳᠠᠨ | ᠤᠷᠤᠭᠰᠠᠨ ᠪᠠᠶᠢᠨ᠎ᠠ᠃ ᠡᠨᠡ ᠨᠢ ᠪᠢᠳᠡᠨ ᠳᠤ ᠠᠪᠴᠦ ᠬᠡᠯᠡᠪᠡᠯ ᠨᠢᠬᠡ ᠵᠦᠢᠯ ᠤᠨ ᠢᠳᠡᠬᠡᠯ ᠬᠢᠬᠡᠳ ᠨᠤᠲᠠᠯᠠᠯᠳᠠ | ᠪᠤᠯᠤᠨ᠎ᠠ᠂ ᠨᠡᠩ ᠴᠦ ᠵᠤᠷᠢᠭᠵᠢᠭᠤᠯᠤᠯ ᠬᠢᠬᠡᠳ ᠤᠷᠮᠠᠰᠢᠭᠤᠯᠤᠯ ᠪᠤᠯᠤᠨ᠎ᠠ᠃ ᠪᠢᠳᠡ ᠡᠨᠡᠬᠦ ᠤᠯᠳᠠᠰᠢ ᠦᠬᠡᠢ | ᠵᠠᠪᠰᠢᠶᠠᠨ ᠢ ᠰᠠᠶᠢᠳᠤᠷ ᠠᠳᠬᠤᠵᠦ᠂ ᠠᠬ᠎ᠠ ᠲᠡᠬᠦᠦ ᠠᠶᠢᠮᠠᠭ ᠬᠤᠳᠠ ᠶᠢᠨ ᠬᠤᠭᠤᠷᠤᠨᠳᠤᠬᠢ ᠰᠤᠯᠢᠯᠴᠠᠭ᠎ᠠ ᠬᠢᠬᠡᠳ | ᠬᠠᠮᠲᠤᠷᠠᠯᠴᠠᠭ᠎ᠠ ᠶᠢ ᠴᠢᠩᠭᠠᠳᠬᠠᠵᠦ᠂ ᠤᠷᠤᠨ ᠪᠦᠰᠡ ᠶᠢᠨ ᠵᠤᠭᠠᠴᠠᠯ ᠤᠨ ᠬᠠᠮᠲᠤᠷᠠᠯᠴᠠᠭᠠᠨ ᠤ ᠬᠦᠭᠵᠢᠯᠲᠡ ᠶᠢᠨ | ᠶᠡᠭᠡ ᠦᠢᠯᠡᠰ ᠢ ᠬᠠᠮᠲᠤᠪᠡᠷ ᠲᠦᠯᠬᠢᠨ ᠠᠬᠢᠭᠤᠯᠵᠦ᠂ ᠪᠦᠬᠦ ᠤᠷᠤᠨ ᠤ ᠵᠤᠭᠠᠴᠠᠯ ᠤᠨ ᠬᠦᠭᠵᠢᠯᠲᠡ ᠶᠢ | ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠬᠡᠪᠡ᠃ | ᠵᠦ ᠯᠢ ᠫᠢᠡᠭ ᠵᠢᠭᠠᠵᠦ ᠭᠠᠷᠭᠠᠭᠰᠠᠨ ᠨᠢ᠂ ᠴᠡᠴᠡᠭᠲᠤ ᠤᠯᠠᠷᠢᠯ ᠤᠨ ᠵᠤᠭᠠᠴᠠᠯ ᠨᠢᠬᠡᠨᠲᠡ ᠦᠪᠦᠷ ᠮᠤᠩᠭᠤᠯ ᠤᠨ | ᠵᠤᠭᠠᠴᠠᠯ ᠤᠨ ᠰᠢᠨ᠎ᠡ ᠬᠠᠯᠠᠭᠤᠷᠠᠯ᠂ ᠰᠢᠨ᠎ᠡ ᠨᠡᠷᠡᠲᠦ ᠲᠡᠮᠳᠡᠭ ᠬᠢᠬᠡᠳ ᠦᠪᠦᠷ ᠮᠤᠩᠭᠤᠯ ᠤᠨ ᠪᠦᠬᠦ ᠴᠠᠷᠠᠭ᠎ᠠ ᠶᠢᠨ | ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ᠂ ᠴᠢᠨᠠᠷ ᠰᠠᠶᠢᠲᠠᠢ ᠵᠤᠭᠠᠴᠠᠯ ᠢ ᠲᠦᠯᠬᠢᠨ ᠠᠬᠢᠭᠤᠯᠬᠤ ᠰᠢᠨ᠎ᠡ | ᠬᠦᠳᠡᠯᠬᠡᠬᠦᠷ ᠪᠤᠯᠤᠭᠰᠠᠨ ᠪᠠᠶᠢᠨ᠎ᠠ᠃ ᠤᠢᠢᠷ᠎ᠠ ᠶᠢᠨ ᠵᠢᠯ ᠳᠤ᠂ ᠲᠦᠡᠭᠯᠢᠶᠤᠤ ᠬᠤᠳᠠ ᠶᠢᠨ ᠵᠤᠭᠠᠴᠠᠯ ᠤᠨ ᠠᠵᠢᠯ ᠤᠨ | ᠬᠢᠯᠠᠰ ᠴᠡᠭ ᠤᠯᠠᠰᠢᠷᠠᠪᠠ᠃ ᠤᠳᠠᠨᠳᠠᠯ᠎ᠠ ᠶᠢᠨ ᠪᠠᠲᠤᠴᠠᠭᠠᠨ ᠤ ᠨᠠᠶᠢᠷ ᠪᠤᠯ ᠡᠨᠡ ᠵᠢᠯ ᠤᠨ ᠪᠦᠬᠦ ᠤᠷᠤᠨ ᠤ ᠴᠡᠴᠡᠭᠲᠤ | ᠤᠯᠠᠷᠢᠯ ᠤᠨ ᠵᠤᠭᠠᠴᠠᠯ ᠤᠨ ᠬᠠᠮᠤᠭ ᠰᠡᠬᠦᠯᠴᠢ ᠶᠢᠨ ᠠᠵᠢᠯᠯᠠᠭ᠎ᠠ ᠪᠠᠶᠢᠵᠦ᠂ ᠪᠢᠳᠡ ᠦᠵᠡᠰᠬᠦᠯᠡᠩ ᠰᠠᠶᠢᠬᠠᠨ | ᠬᠤᠷᠴᠢᠨ ᠤ ᠲᠠᠯ᠎ᠠ ᠨᠤᠲᠤᠭ ᠲᠤ᠂ ︽ᠤᠪᠤᠭᠠᠨ ᠳᠡᠬᠡᠷᠡᠬᠢ ᠠᠭᠤᠯᠵᠠᠯᠲᠠ ᠶᠢᠨ ᠭᠠᠵᠠᠷ︾ ᠲᠤ ᠦᠪᠦᠷ | ᠮᠤᠩᠭᠤᠯ ᠤᠨ ᠴᠡᠴᠡᠭᠲᠤ ᠤᠯᠠᠷᠢᠯ ᠤᠨ ᠭᠤᠶᠢᠲᠠ ᠰᠠᠶᠢᠬᠠᠨ ᠢ ᠦᠷᠬᠦᠯᠵᠢᠯᠡᠨ ᠰᠤᠨᠢᠷᠬᠠᠵᠦ᠂ ᠪᠠᠲᠤᠴᠠᠭᠠᠨ ᠤ | ᠭᠤᠶᠢᠲᠠ ᠰᠠᠶᠢᠬᠠᠨ ᠦᠵᠡᠮᠵᠢ ᠶᠢ ᠰᠤᠨᠢᠷᠬᠠᠵᠦ᠂ ︽ᠦᠪᠦᠷ ᠮᠤᠩᠭᠤᠯ ᠤᠨ ᠠᠮᠳᠠ︾ ᠲᠦᠡᠭᠯᠢᠶᠤᠤ ᠶᠢᠨ | ᠤᠨᠴᠠᠯᠢᠭᠲᠤ ᠢᠳᠡᠬᠡᠨ ᠢ ᠠᠮᠳᠠᠷᠬᠠᠵᠦ᠂ ᠬᠤᠷᠴᠢᠨ ᠤ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠢ | ᠰᠤᠨᠢᠷᠬᠠᠵᠦ᠂ ᠦᠪᠦᠷ ᠮᠤᠩᠭᠤᠯ ᠤᠨ ᠴᠡᠴᠡᠭᠲᠤ ᠤᠯᠠᠷᠢᠯ ᠤᠨ ᠬᠡᠷᠡᠯ ᠵᠢᠷᠤᠭ ᠤᠨ ᠦᠵᠡᠬᠦᠯᠦᠯᠬᠡ ᠶᠢ ᠰᠤᠨᠢᠷᠬᠠᠵᠦ᠂ | ᠦᠪᠦᠷ ᠮᠤᠩᠭᠤᠯ ᠤᠨ ᠵᠤᠭᠠᠴᠠᠯ ᠤᠨ ᠰᠤᠶᠤᠯ ᠤᠨ ᠰᠢᠷᠢᠰ ᠠᠵᠢᠯᠯᠠᠭ᠎ᠠ ᠳᠤ ᠤᠷᠤᠯᠵᠠᠵᠦ᠂ ᠪᠦᠬᠦ ᠲᠠᠯ᠎ᠠ ᠪᠠᠷ ᠤᠯᠠᠨ | ᠬᠠᠷᠠᠭᠠᠨ ᠠᠴᠠ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ︾ ᠤᠨ ᠦᠪᠡᠷᠮᠢᠴᠡ ᠷᠢᠳᠢ ᠰᠢᠳᠢ ᠶᠢ ᠬᠠᠷᠠᠭᠤᠯᠬᠤ | ᠪᠤᠯᠤᠨ᠎ᠠ ᠬᠡᠪᠡ᠃ | ᠡᠬᠢᠯᠡᠯᠲᠡ ᠶᠢᠨ ᠶᠤᠰᠤᠯᠠᠯ ᠳᠤ᠂ ︽ᠰᠠᠬᠢᠨ ᠪᠠᠷᠠᠯᠠᠵᠦ ᠬᠠᠷᠢᠯᠴᠠᠨ ᠬᠠᠪᠰᠤᠷᠠᠯᠴᠠᠬᠤ︾᠂ ᠬᠤᠷᠴᠢᠨ ᠤ | ᠦᠨᠳᠦᠰᠦᠲᠡᠨ ᠤ ᠬᠤᠪᠴᠠᠰᠤ ᠵᠠᠰᠠᠯ ᠤᠨ ᠦᠵᠡᠬᠦᠯᠦᠯᠬᠡ ᠵᠡᠷᠬᠡ ᠲᠤᠭᠯᠠᠯᠲᠠ ᠨᠢ ᠦᠵᠡᠭᠴᠢᠳ ᠤᠯᠠᠨ ᠤ | ᠪᠠᠭ᠋ᠠᠷᠬᠠᠯ ᠢ ᠤᠯᠪᠠ᠃ ᠲᠠᠷᠠᠭ᠎ᠠ ᠨᠢ᠂ ᠬᠦᠨᠳᠦᠳᠤ ᠵᠤᠴᠢᠳ ᠮᠤᠳᠤᠨ ᠬᠦᠬᠦᠷᠬᠡᠨ ᠵᠠᠮ ᠢᠶᠠᠷ ᠦᠪᠦᠷ ᠮᠤᠩᠭᠤᠯ ᠤᠨ | ᠴᠡᠴᠡᠭᠲᠤ ᠤᠯᠠᠷᠢᠯ ᠤᠨ ᠵᠤᠭᠠᠴᠠᠯ ᠤᠨ ᠬᠡᠷᠡᠯ ᠵᠢᠷᠤᠭ ᠤᠨ ᠦᠵᠡᠬᠦᠯᠦᠯᠬᠡ ᠶᠢ ᠰᠤᠨᠢᠷᠬᠠᠵᠦ᠂ ᠪᠦᠬᠦ ᠤᠷᠤᠨ ᠤ ᠡᠯ᠎ᠡ | ᠠᠶᠢᠮᠠᠭ ᠬᠤᠳᠠ ᠶᠢᠨ ᠴᠡᠴᠡᠭᠲᠤ ᠤᠯᠠᠷᠢᠯ ᠤᠨ ᠵᠤᠭᠠᠴᠠᠯ ᠢ ᠬᠠᠷᠠᠭᠤᠯᠤᠭᠰᠠᠨ 100 ᠭᠠᠷᠤᠢ ᠬᠡᠷᠡᠯ ᠵᠢᠷᠤᠭ ᠨᠢ | ᠦᠷᠬᠡᠨ ᠤᠯᠠᠨ ᠵᠤᠭᠠᠴᠠᠬᠰᠡᠳ ᠲᠤ ᠦᠪᠡᠷᠲᠡᠬᠡᠨ ᠵᠠᠰᠠᠬᠤ ᠤᠷᠤᠨ ᠤ ᠴᠡᠴᠡᠭᠲᠤ ᠤᠯᠠᠷᠢᠯ ᠤᠨ ᠵᠤᠭᠠᠴᠠᠯ ᠤᠨ | ᠬᠦᠭᠵᠢᠯᠲᠡ ᠶᠢᠨ ᠦᠷ᠎ᠡ ᠪᠦᠲᠦᠮᠵᠢ ᠶᠢ ᠭᠠᠶᠢᠬᠠᠭᠤᠯᠪᠠ᠃ ᠪᠠᠲᠤᠴᠠᠭᠠᠨ ᠤ ᠦᠵᠡᠮᠵᠢ ᠰᠤᠨᠢᠷᠬᠠᠬᠤ ᠲᠠᠪᠴᠠᠩ ᠳᠤ᠂ | ᠵᠤᠭᠠᠴᠠᠬᠰᠡᠳ ᠶᠡᠭᠡ ᠪᠠᠶᠢᠭᠠᠯᠠᠢ ᠠᠴᠠ ᠰᠤᠶᠤᠷᠬᠠᠭᠰᠠᠨ ᠡᠨᠡᠬᠦ ᠰᠦᠷᠯᠢᠭ ᠰᠠᠶᠢᠬᠠᠨ ᠦᠵᠡᠮᠵᠢ ᠳᠤ ᠬᠦᠳᠦᠯᠦᠭᠳᠡᠵᠦ᠂ | ᠦᠵᠡᠮᠵᠢ ᠳᠤ ᠠᠭᠤᠰᠤᠭᠰᠠᠨ ᠪᠠᠲᠤᠴᠠᠭᠠᠨ ᠤ ᠤᠢ ᠶᠢ ᠵᠢᠷᠤᠭᠯᠠᠬᠤ᠂ ᠬᠤᠷᠢᠮ ᠤᠨ ᠰᠡᠬᠦᠳᠡᠷ᠂ ᠤᠪᠤᠭᠠᠨ ᠤ | ᠲᠠᠬᠢᠯᠭ᠎ᠠ ᠵᠡᠷᠬᠡ ᠠᠵᠢᠯᠯᠠᠭ᠎ᠠ ᠶᠢ ᠪᠠᠭ᠋ᠠᠷᠤᠨ ᠮᠠᠬᠳᠤᠭᠰᠠᠨ ᠪᠠᠶᠢᠨ᠎ᠠ᠃ ᠠᠵᠢᠯᠯᠠᠭ᠎ᠠ ᠶᠢᠨ ᠡᠴᠤᠰ ᠲᠤ᠂ | ᠠᠵᠢᠯᠯᠠᠭ᠎ᠠ ᠳᠤ ᠤᠷᠤᠯᠴᠠᠭᠰᠠᠨ ᠤᠳᠤᠷᠢᠳᠤᠯᠭ᠎ᠠ ᠪᠠᠲᠤᠴᠠᠭᠠᠨ ᠤ ᠦᠷ᠎ᠡ ᠶᠢ ᠲᠡᠬᠦᠵᠦ᠂ ᠤᠯᠤᠰ ᠤᠨ ᠦᠷ ᠡ ᠶᠢᠨ | ᠭᠧᠨ ᠤ ᠬᠦᠮᠦᠷᠬᠡ ᠳᠤ ᠤᠷᠤᠭᠤᠯᠵᠦ ᠬᠤᠶᠢᠰᠢᠲᠠ ᠶᠢᠨ ᠡᠬᠦᠯᠳᠡᠷ ᠪᠤᠶᠢᠵᠢᠭᠤᠯᠬᠤ ᠳᠤ ᠬᠠᠨᠭ᠍ᠭᠠᠯᠲᠠ ᠬᠢᠪᠡ᠃ | ᠦᠪᠡᠷᠲᠡᠬᠡᠨ ᠵᠠᠰᠠᠬᠤ ᠤᠷᠤᠨ ᠤ ᠡᠯ᠎ᠡ ᠠᠶᠢᠮᠠᠭ ᠬᠤᠳᠠ ᠶᠢᠨ ᠵᠤᠭᠠᠴᠠᠯ ᠤᠨ ᠬᠦᠭᠵᠢᠬᠦᠯᠦᠯᠲᠡ ᠶᠢᠨ | ᠵᠦᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ᠂ ᠮᠠᠨ ᠤ ᠬᠤᠳᠠ ᠶᠢᠨ ᠡᠯ᠎ᠡ ᠬᠤᠰᠢᠭᠤ ᠰᠢᠶᠠᠨ ᠬᠤᠳᠠ | ᠲᠤᠭᠤᠷᠢᠭ ᠤᠨ ᠵᠠᠰᠠᠭ ᠤᠨ ᠤᠷᠳᠤᠨ᠂ ᠵᠤᠭᠠᠴᠠᠯ ᠤᠨ ᠲᠤᠪᠴᠢᠶ᠎ᠠ᠂ ᠵᠤᠭᠠᠴᠠᠯ ᠤᠨ ᠠᠵᠦ ᠠᠬᠤᠢᠢᠯᠠᠯ᠂ | ᠬᠤᠳᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠵᠢᠴᠢ ᠪᠦᠬᠦ ᠤᠯᠤᠰ ᠤᠨ ᠡᠯ᠎ᠡ | ᠭᠠᠵᠠᠷ ᠤᠷᠤᠨ ᠠᠴᠠ ᠬᠦᠷᠦᠯᠴᠡᠨ ᠢᠷᠡᠭᠰᠡᠨ ᠬᠡᠷᠡᠯ ᠵᠢᠷᠤᠭ ᠤᠨ ᠺᠯᠦ᠋ᠪ᠂ ᠬᠡᠷ ᠤᠨ ᠭᠠᠳᠠᠨᠠᠬᠢ ᠬᠦᠳᠡᠯᠬᠡᠬᠡᠨ ᠤ | ᠨᠡᠶᠢᠬᠡᠮᠯᠢᠭ ᠤᠨ ᠬᠡᠰᠢᠬᠦᠨ᠂ ᠹᠧᠡᠭ ᠬᠤᠸᠠᠩ ᠤᠳᠤᠨ ᠲᠧᠯᠧᠢᠰ᠂ ᠠᠷᠠᠳ ᠤᠨ ᠰᠦᠯᠵᠢᠶ᠎ᠠ᠂ ᠰᠢᠨ ᠬᠤᠸᠠ | ᠰᠦᠯᠵᠢᠶ᠎ᠠ᠂ ᠲᠤᠮᠳᠠᠳᠤ ᠤᠯᠤᠰ ᠤᠨ ᠵᠤᠭᠠᠴᠠᠯ ᠤᠨ ᠰᠤᠨᠢᠨ ᠵᠡᠷᠬᠡ ᠡᠯ᠎ᠡ ᠵᠢᠭᠤᠴᠢᠯᠠᠭᠤᠷ ᠤᠨ ᠰᠤᠷᠪᠤᠯᠵᠢᠯᠠᠭᠴᠢ | ᠬᠢᠬᠡᠳ ᠦᠷᠬᠡᠨ ᠤᠯᠠᠨ ᠵᠢᠭᠤᠯᠴᠢᠯᠠᠭᠴᠢᠳ ᠲᠦᠮᠡᠨ ᠰᠢᠬᠠᠮ ᠬᠦᠮᠦᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ | | | |