ᠰᠤᠷᠪᠤᠯᠵᠢᠯᠠᠭ᠎ᠠ ᠶᠢᠨ ᠨᠡᠷ᠎ᠡ᠄ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ ᠠᠷᠠᠳ ᠤᠨ | ᠠᠮᠢᠳᠤᠷᠠᠯ ᠢ ᠦᠨᠡᠨ ᠬᠦ ᠪᠠᠳᠤᠯᠠᠬᠤ ᠬᠡᠷᠡᠭᠳᠡᠢ | ᠰᠤᠷᠪᠤᠯᠵᠢᠯᠠᠭᠰᠠᠨ ᠴᠠᠭ᠄ 2018-05-21 10:04 | ᠰᠤᠷᠪᠤᠯᠵᠢᠯᠠᠭᠰᠠᠨ ᠵᠣᠴᠢᠨ᠄ ᠠᠷᠠᠳ ᠤᠨ ᠶᠠᠪᠤᠳᠠᠯ ᠤᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ | ᠭᠤᠣᠯ ᠠᠭᠤᠯᠭ᠎ᠠ᠄ ᠨᠡᠶᠢᠭᠡᠮ ᠤᠨ ᠠᠪᠤᠷᠠᠨ ᠲᠤᠰᠠᠯᠠᠬᠤ ᠠᠵᠢᠯ ᠪᠣᠯ ᠠᠷᠠᠳ ᠤᠨ ᠶᠠᠪᠤᠳᠠᠯ ᠤᠨ ᠠᠵᠢᠯ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠨᠳᠦᠰᠦᠨ | ᠠᠮᠢᠳᠤᠷᠠᠯ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠳᠠᠯ ᠪᠠ ᠲᠥᠪ | ᠭᠤᠣᠯᠴᠢ ᠰᠢᠳᠤᠷᠭᠤ ᠶᠣᠰᠣ ᠲᠠᠢ ᠬᠤᠯᠪᠣᠭᠳᠠᠵᠤ ᠪᠠᠶᠢᠳᠠᠭ᠃ ᠠᠷᠠᠳ ᠤᠨ ᠠᠮᠢᠳᠤᠷᠠᠯ ᠢ ᠬᠠᠷᠠᠭᠠᠯᠵᠠᠬᠤ᠂ | ᠠᠷᠠᠳ ᠤᠨ ᠵᠤᠪᠠᠭᠤᠷᠢ ᠶᠢ ᠰᠢᠶᠳᠪᠦᠷᠢᠯᠡᠬᠦ᠂ ᠲᠣᠭᠲᠠᠭᠤᠨ ᠪᠠᠶᠢᠬᠤ ᠶᠢ ᠪᠠᠲᠤᠯᠠᠬᠤ᠂ ᠡᠶ᠎ᠡ ᠵᠣᠬᠢᠴᠠᠯ ᠢ | ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠰᠠᠭᠤᠷᠢ ᠶᠢᠨ ᠴᠢᠨᠠᠷᠳᠠᠢ ᠤᠶᠢᠯᠡᠳᠤᠯ ᠢ ᠦᠵᠡᠭᠦᠯᠵᠦ᠂ ᠨᠡᠶᠢᠭᠡᠮ | ᠤᠨ ᠪᠠᠲᠤᠯᠠᠭ᠎ᠠ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠪᠠ ᠠᠶᠤᠯᠭᠦᠶ ᠶᠢᠨ ᠲᠣᠣᠷ | ᠪᠠᠶᠢᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠡᠶ᠎ᠡ | ᠵᠤᠬᠢᠴᠠᠯᠳᠤ ᠨᠡᠶᠢᠭᠡᠮ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | | | | ﹇ᠬᠥᠲᠥᠯᠥᠭᠴᠢ﹈ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠰᠠᠶᠢᠨ ᠪᠠᠶᠢᠴᠠᠭᠠᠨ᠎ᠠ ᠤᠤ︖ ᠲᠣᠰ | ᠬᠤᠭᠤᠴᠠᠭᠠᠨ ᠤ ᠺᠠᠶᠢᠯᠦ ᠰᠢᠶᠠᠨ ᠤ ᠵᠠᠰᠠᠭ ᠤᠨ ᠣᠷᠳᠣᠨ ᠤ ᠰᠦᠯᠵᠢᠶ᠎ᠡ ᠠᠴᠠ ᠭᠠᠷᠭᠠᠭᠰᠠᠨ ᠰᠦᠯᠵᠢᠶᠡᠨ | ᠰᠤᠷᠪᠤᠯᠵᠢᠯᠠᠭ᠎ᠠ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠥᠳᠦᠷ ᠮᠠᠨ ᠤ | ᠤᠷᠢᠭᠰᠠᠨ ᠵᠣᠴᠢᠨ ᠪᠣᠯ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠠᠩ ᠢᠦᠢ ᠬᠦᠢ ᠳᠡᠳ᠋ | ᠲᠣᠪᠴᠢᠶᠠᠨ ᠳᠠᠷᠤᠭ᠎ᠠ ᠪᠤᠯᠤᠨ᠎ᠠ᠂ ᠵᠠᠩ ᠲᠤᠪᠴᠢᠶᠠᠨ ᠲᠠᠷᠤᠭ᠎ᠠ ᠲᠠ ᠰᠠᠶᠢᠨ ᠪᠠᠶᠢᠨ᠎ᠠ ᠤᠤ︕ | ﹇ᠵᠠᠩ ᠳᠡᠳ᠋ ᠲᠣᠪᠴᠢᠶᠠᠨ ᠳᠠᠷᠤᠭ᠎ᠠ﹈ ᠬᠥᠲᠥᠯᠥᠭᠴᠢ ᠰᠠᠶᠢᠨ ᠪᠠᠶᠢᠨ᠎ᠠ ᠤᠤ︕ | ﹇ᠬᠥᠲᠥᠯᠥᠭᠴᠢ﹈ ᠵᠠᠩ ᠲᠣᠪᠴᠢᠶᠠᠨ ᠳᠠᠷᠤᠭ᠎ᠠ᠂ ᠣᠳᠣ ᠨᠡᠶᠢᠭᠡᠮ ᠤᠨ ᠠᠪᠤᠷᠠᠨ ᠲᠤᠰᠠᠯᠠᠮᠵᠢ ᠭᠡᠵᠦ | ᠶᠠᠷᠢᠭᠰᠠᠭᠠᠷ ᠤᠯᠠᠨ ᠢᠶᠠᠷ ᠢᠶᠠᠨ ᠶᠠᠭᠤᠨ ᠤ ᠤᠷᠢᠳ ᠠᠷᠠᠳ ᠤᠨ ᠶᠠᠪᠤᠳᠠᠯ ᠢ ᠪᠤᠳᠤᠵᠦ ᠣᠯᠬᠤ ᠶᠤᠮ᠂ ᠬᠡᠭᠦ | ᠳᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠤᠬᠠᠢ᠂ ᠰᠦᠯᠵᠢᠶᠡᠨ ᠤ ᠨᠠᠶᠢᠵᠠ ᠨᠠᠷ ᠪᠣᠯᠤᠨ ᠪᠢ | ᠠᠳᠠᠯᠢᠬᠠᠨ ᠲᠤᠳᠤᠷᠬᠠᠢ ᠤᠶᠢᠯᠠᠭᠠᠯᠳᠠ ᠦᠭᠡᠢ ᠪᠠᠶᠢᠨ᠎ᠠ᠂ ᠲᠡᠭᠡᠪᠡᠯ ᠲᠠ ᠪᠢᠳᠡᠨ ᠳᠤ ᠨᠡᠶᠢᠭᠡᠮ ᠤᠨ | ᠠᠪᠤᠷᠠᠨ ᠲᠤᠰᠠᠯᠠᠬᠤ ᠠᠵᠢᠯ ᠤᠨ ᠲᠤᠬᠠᠢ ᠶᠠᠷᠢᠭᠠᠳ ᠦᠭᠭᠦ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠪᠤᠯᠤᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ 2014 | ᠣᠨ ᠳᠤ ︽ᠨᠡᠶᠢᠭᠡᠮ ᠤᠨ ᠲᠡᠳᠬᠦᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠳᠡᠯᠡᠪᠡ᠂ | ᠡᠨᠡ ᠪᠣᠯ ᠮᠠᠨ ᠤ ᠤᠯᠤᠰ ᠤᠨ ᠠᠩᠬᠠᠳᠠᠭᠴᠢ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ | ᠲᠤᠬᠳᠠᠭᠠᠯ ᠢ ᠨᠢᠭᠡᠳᠦᠯᠲᠡᠶ ᠲᠦᠯᠦᠪᠯᠡᠭᠰᠡᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠᠶᠢᠵᠦ᠂ ᠬᠠᠮᠤᠭ | ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ | ᠲᠡᠵᠢᠭᠡᠬᠦ᠂ ᠭᠠᠮᠰᠢᠭᠳᠠᠭᠰᠠᠨ ᠬᠦᠮᠦᠰ ᠢ ᠠᠪᠤᠷᠠᠨ ᠲᠤᠰᠠᠯᠠᠬᠤ ᠵᠢᠴᠢ ᠡᠮ ᠡᠮᠨᠡᠯᠭᠡ᠂ ᠰᠤᠷᠭᠠᠨ | ᠬᠦᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠪᠠ ᠲᠦᠷ ᠴᠠᠭ ᠤᠨ ᠠᠪᠤᠷᠠᠨ ᠲᠤᠰᠠᠯᠠᠬᠤ ᠪᠠᠷ | ᠭᠤᠣᠯ ᠴᠣᠭᠴᠠ ᠪᠤᠯᠠᠭᠠᠨ ᠨᠢᠭᠡᠳᠦᠯᠲᠡᠶ ᠲᠥᠯᠥᠪᠯᠡᠨ ᠪᠠᠶᠢᠭᠤᠯᠵᠦ᠂ ᠨᠡᠶᠢᠭᠡᠮ ᠤᠨ ᠬᠦᠴᠦᠨ ᠤ ᠣᠷᠣᠯᠴᠠᠬᠤ | ᠪᠠᠷ ᠨᠥᠬᠦᠪᠥᠷᠢ ᠪᠣᠯᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠰᠢᠰᠲ᠋ᠧᠮ ᠢ ᠪᠠᠶᠢᠭᠤᠯᠪᠠ᠃ | ᠡᠭᠦᠨ ᠠᠴᠠ ᠪᠢᠳᠡ ᠣᠯᠵᠣ ᠮᠡᠳᠡᠬᠦ ᠨᠢ᠂ ᠨᠡᠶᠢᠭᠡᠮ ᠤᠨ ᠠᠪᠤᠷᠠᠨ ᠲᠤᠰᠠᠯᠠᠬᠤ ᠨᠡᠶᠢᠲᠡ 9 ᠵᠦᠢᠯ ᠤᠨ | ᠠᠵᠢᠯ ᠲᠠᠢ ᠪᠠᠶᠢᠵᠦ᠂ ᠡᠭᠦᠨ ᠤ ᠳᠣᠲᠣᠷ᠎ᠠ 5 ᠵᠦᠢᠯ ᠨᠢ ᠪᠣᠯ ᠮᠠᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠬᠠᠷᠢᠭᠤᠴᠠᠵᠤ᠂ ᠲᠤᠰ ᠪᠦᠷᠢ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ | ᠲᠠᠢ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ᠂ ᠡᠮ ᠡᠮᠨᠡᠯᠭᠡ ᠶᠢᠨ ᠠᠪᠤᠷᠠᠨ | ᠲᠤᠰᠠᠯᠠᠮᠵᠢ᠂ ᠲᠦᠷ ᠴᠠᠭ ᠤᠨ ᠠᠪᠤᠷᠠᠨ ᠲᠤᠰᠠᠯᠠᠮᠵᠢ ᠪᠠ ᠭᠠᠮᠰᠢᠭᠳᠠᠭᠰᠠᠨ ᠬᠦᠮᠦᠰ ᠤᠨ ᠠᠪᠤᠷᠠᠨ | ᠲᠤᠰᠠᠯᠠᠮᠵᠢ ᠪᠤᠯᠤᠨ᠎ᠠ᠃ | ﹇ᠬᠥᠲᠥᠯᠥᠭᠴᠢ﹈ ᠲᠠᠨ ᠤ ᠲᠠᠨᠢᠯᠴᠠᠭᠤᠯᠭ᠎ᠠ ᠪᠠᠷ ᠲᠠᠮᠵᠢᠨ ᠪᠢᠳᠡ ᠨᠡᠶᠢᠭᠡᠮ ᠤᠨ ᠠᠪᠣᠷᠠᠨ ᠲᠤᠰᠠᠯᠠᠬᠤ ᠠᠵᠢᠯ | ᠢ ᠶᠡᠭᠡ ᠲᠥᠯᠥᠪ ᠤᠶᠢᠯᠠᠭᠠᠬᠰᠠᠨ᠂ ᠭᠡᠪᠡᠴᠦ ᠬᠡᠪᠴᠢᠶ᠎ᠡ ᠨᠢ ᠨᠡᠯᠢᠶᠡᠳ ᠥᠷᠭᠡᠨ ᠪᠠᠶᠢᠨ᠎ᠠ᠂ ᠲᠠ ᠪᠢᠳᠡᠨ | ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠡᠨᠡ ᠲᠠᠯ᠎ᠠ ᠪᠠᠷ | ᠪᠦᠷ ᠶᠠᠮᠠᠷ ᠠᠵᠢᠯ ᠬᠢᠵᠦ ᠪᠠᠶᠢᠬᠤ ᠶᠢ ᠲᠠᠨᠢᠯᠴᠠᠭᠤᠯᠤᠨ ᠥᠭᠬᠦ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠨᠡᠶᠢᠭᠡᠮ ᠤᠨ ᠠᠪᠤᠷᠠᠨ ᠲᠤᠰᠠᠯᠠᠮᠵᠢ ᠪᠣᠯ ᠨᠢᠭᠡᠨ ᠰᠠᠭᠤᠷᠢ ᠶᠢ | ᠪᠠᠲᠤᠯᠠᠬᠤ᠂ ᠬᠦᠴᠢᠷᠳᠡᠢ ᠠᠴᠠ ᠠᠪᠤᠷᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠦᠨᠳᠦᠰᠦᠨ ᠴᠢᠨᠠᠷᠲᠠᠶ | ᠳᠦᠷᠢᠮ ᠪᠣᠯᠤᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ | ᠪᠠᠷ ᠴᠢᠬᠤᠯᠠᠴᠢᠯᠠᠬᠰᠠᠨ ᠪᠠ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠣᠶᠢᠷ᠎ᠠ ᠶᠢᠨ ᠵᠢᠯ ᠤᠳ | ᠲᠤ᠂ ᠮᠠᠨ ᠤ ᠰᠢᠶᠠᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠦᠢᠯᠡᠰ ᠤᠨ ᠬᠥᠭᠵᠢᠯᠲᠡ ᠮᠠᠰᠢ | ᠲᠦᠷᠭᠡᠨ ᠪᠠᠶᠢᠵᠦ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠬᠤᠳᠠ ᠬᠥᠳᠡᠭᠡ ᠶᠢ ᠬᠠᠮᠤᠷᠤᠭᠰᠠᠨ᠂ | ᠠᠵᠢᠯᠯᠠᠭᠠᠨ ᠤ ᠵᠢᠷᠤᠮ ᠢ ᠲᠣᠳᠣᠷᠬᠠᠶ ᠲᠦᠷᠢᠮᠵᠢᠭᠦᠯᠦᠭᠰᠡᠨ᠂ ᠬᠦᠴᠢᠷᠳᠡᠯ ᠲᠠᠢ ᠣᠯᠠᠨ ᠲᠦᠮᠡᠨ ᠳᠤ | ᠪᠠᠲᠤᠯᠠᠬᠤ ᠶᠣᠰᠣᠲᠠᠶ ᠶᠢ ᠨᠢ ᠪᠠᠳᠤᠯᠠᠬᠰᠠᠨ᠂ ᠲᠤᠰᠠᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ | ᠲᠡᠭᠡᠭᠰᠢᠭᠦᠯᠬᠦ ᠵᠡᠷᠭᠡ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠨ᠎ᠠ᠃ | ﹇ᠬᠥᠲᠥᠯᠥᠭᠴᠢ﹈ ᠵᠠᠩ ᠲᠣᠪᠴᠢᠶᠠᠨ ᠳᠠᠷᠤᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ | ᠤᠨ ᠠᠪᠤᠷᠠᠨ ᠲᠤᠰᠠᠯᠠᠬᠤ ᠶᠢᠨ ᠠᠵᠢᠯ ᠳᠣᠲᠣᠷ᠎ᠠ ᠬᠦᠴᠢᠷᠳᠡᠯ ᠢᠶᠠᠷ ᠨᠡᠯᠢᠶᠡᠳ ᠶᠡᠭᠡ ᠶᠢᠨ ᠨᠢᠭᠡ ᠨᠢ ᠭᠡᠵᠦ | ᠬᠡᠯᠡᠵᠦ ᠪᠣᠯᠤᠨ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠤᠨ ᠠᠩᠬᠠᠷᠤᠯ ᠢ ᠳᠡᠭᠡᠳᠦ ᠬᠡᠮᠵᠢᠶ᠎ᠡ | ᠪᠠᠷ ᠲᠠᠲᠠᠵᠤ᠂ ᠬᠠᠮᠢᠶᠠᠷᠬᠤ ᠳᠤ ᠬᠦᠴᠢᠷ ᠪᠠᠶᠢᠳᠠᠭ᠃ ᠪᠢᠳᠡ ᠤᠷᠢᠳᠠᠪᠠᠷ ᠭᠤᠣᠯᠳᠠᠯᠭ᠎ᠠ ᠲᠠᠢ ᠪᠠᠷ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠬᠠᠢ ᠶᠠᠷᠢᠯᠴᠠᠬᠤ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠪᠤᠯᠤᠨ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ | ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ᠂ ᠪᠢᠳᠡ ᠶᠡᠷᠦ ᠳᠡᠭᠡᠨ ᠳᠥᠭᠦᠮᠴᠢᠯᠡᠭᠡᠳ ᠬᠤᠳᠠ ᠬᠥᠳᠡᠭᠡ | ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠡᠳᠡᠭ᠂ ᠤᠯᠤᠰ ᠠᠴᠠ ᠬᠠᠮᠲᠤ ᠠᠮᠢᠳᠤᠷᠠᠵᠤ ᠪᠠᠶᠢᠭ᠎ᠠ | ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ᠂ ᠲᠡᠶᠢᠮᠦ ᠮᠦᠷᠳᠡᠭᠡᠨ ᠲᠤᠬᠠᠶ | ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ | ᠶᠢᠨ ᠪᠠᠶᠢᠳᠠᠯ ᠤᠨ ᠲᠤᠬᠳᠠᠭᠠᠯ ᠲᠠᠢ ᠨᠡᠶᠢᠴᠡᠭᠰᠡᠨ᠂ ᠵᠣᠬᠢᠬᠤ ᠪᠠᠳᠤᠯᠠᠭ᠎ᠠ ᠥᠭᠬᠦ ᠨᠢᠭᠡᠨ ᠵᠤᠶᠢᠯ ᠤᠨ ᠨᠡᠶᠢᠭᠡᠮ | ᠤᠨ ᠲᠤᠰᠠᠯᠠᠮᠵᠢ ᠶᠢᠨ ᠳᠦᠷᠢᠮ ᠲᠤᠬᠳᠠᠭᠠᠯ ᠢ ᠵᠢᠭᠠᠨ᠎ᠠ᠃ ᠮᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠵᠢᠯ ᠤᠨ ᠵᠠᠷᠴᠢᠮ ᠨᠢ ᠭᠤᠣᠯᠳᠠᠭᠤ ᠳᠦᠷᠪᠡᠨ ᠦᠨᠳᠦᠰᠦᠨ ᠵᠠᠷᠴᠢᠮ ᠲᠠᠢ᠂ ᠨᠢᠭᠡ ᠳᠤ | ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠠᠷᠢᠮᠳᠠᠯᠠᠬᠤ︔ ᠬᠤᠶᠠᠷ ᠲᠤ ᠡᠷᠬᠡ ᠲᠡᠭᠰᠢ ᠲᠥᠪ | ᠭᠤᠣᠯᠴᠢ ᠪᠠᠶᠢᠬᠤ ᠶᠢ ᠪᠠᠳᠤᠯᠠᠬᠤ︔ ᠭᠤᠷᠪᠠ ᠳᠤ ᠬᠥᠳᠡᠯᠦᠩᠭᠦᠶ ᠬᠠᠮᠢᠶᠠᠷᠤᠯᠳᠠ ᠶᠢ ᠪᠠᠷᠢᠮᠳᠠᠯᠠᠬᠤ︔ | ᠳᠦᠷᠪᠡ ᠳᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠬᠤ ᠪᠤᠯᠤᠨ᠎ᠠ᠃ | ﹇ᠬᠥᠲᠥᠯᠥᠭᠴᠢ﹈ ᠲᠡᠭᠡᠪᠡᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠶᠠᠪᠤᠴᠠ ᠨᠢ ᠶᠠᠮᠠᠷ ᠪᠠᠶᠢᠳᠠᠭ ᠪᠤᠢ︖ | ﹇ᠵᠠᠩ ᠳᠡᠳ᠋ ᠲᠣᠪᠴᠢᠶᠠᠨ ᠳᠠᠷᠤᠭ᠎ᠠ﹈ ᠨᠥᠬᠦᠴᠡᠯ ᠳᠤ ᠨᠡᠶᠢᠴᠡᠭᠰᠡᠨ ᠬᠤᠳᠠ ᠬᠥᠳᠡᠭᠡ ᠶᠢᠨ ᠰᠠᠭᠤᠭᠠᠯᠢ | ᠠᠷᠠᠳ ᠭᠡᠷ ᠪᠦᠯᠢ ᠪᠠᠷ ᠨᠢᠭᠡᠴᠢ ᠪᠣᠯᠭᠠᠨ᠂ ᠡᠷᠥᠭᠡ ᠶᠢᠨ ᠡᠵᠡᠨ ᠪᠤᠶᠤ ᠲᠡᠭᠦᠨ ᠤ ᠨᠠᠶᠢᠳᠠᠭᠴᠢ ᠠᠴᠠ ᠡᠷᠦᠬᠡ | ᠶᠢᠨ ᠡᠵᠡᠨ ᠤ ᠨᠡᠷ᠎ᠡ ᠪᠠᠷ ᠰᠢᠭᠤᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ᠪᠠᠯᠭᠠᠰᠤ᠂ | ᠲᠠᠯᠠᠪᠠᠢ ᠶᠢᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭ ᠤᠨ | ᠭᠤᠶᠤᠴᠢᠯᠠᠯ ᠡᠷᠭᠦᠵᠦ ︵ᠭᠡᠷ ᠪᠦᠯᠢ ᠶᠢᠨ ᠪᠦᠷᠢᠯᠳᠦᠬᠦᠨ ᠠᠴᠠ ᠶᠠᠳᠠᠭᠤ ᠬᠦᠴᠢᠷᠳᠡᠢ ᠶᠢ ᠭᠤᠶᠤᠴᠢᠯᠠᠬᠰᠠᠨ | ᠪᠠᠶᠢᠪᠠᠯ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠨᠠᠶᠢᠳᠠᠨ ᠭᠤᠶᠤᠴᠢᠯᠠᠯ | ᠢ ᠣᠷᠣᠯᠠᠨ ᠲᠤᠰᠢᠶᠠᠵᠤ ᠪᠣᠯᠤᠨ᠎ᠠ︶᠂ ᠲᠤᠬᠳᠠᠭᠠᠯ ᠶᠤᠰᠤᠭᠠᠷ ᠡᠷᠦᠬᠡ ᠠᠮᠠ ᠶᠢᠨ ᠪᠠᠶᠢᠳᠠᠯ᠂ ᠣᠷᠣᠯᠭ᠎ᠠ | ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠵᠢᠴᠢ ᠴᠢᠬᠤᠯᠠᠲᠠᠶ ᠪᠤᠰᠤᠳ ᠭᠡᠷᠡᠴᠢᠯᠡᠬᠦ ᠮᠠᠲ᠋ᠧᠷᠢᠶᠠᠯ ᠢᠶᠠᠨ | ᠬᠠᠩᠭᠠᠬᠤ ᠬᠡᠷᠡᠭᠲᠡᠶ᠃ | ﹇ᠵᠠᠩ ᠳᠡᠳ᠋ ᠲᠣᠪᠴᠢᠶᠠᠨ ᠳᠠᠷᠤᠭ᠎ᠠ﹈ ᠪᠠᠯᠭᠠᠰᠤ᠂ ᠲᠠᠯᠠᠪᠠᠢ ︵ᠵᠡᠭᠡᠯᠢ ᠭᠤᠳᠤᠮᠵᠢ︶ ᠪᠣᠯ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ | ᠠᠪᠴᠤ ᠰᠢᠢᠳᠪᠤᠷᠢᠯᠡᠭᠰᠡᠨ ᠤ ᠳᠠᠷᠠᠭ᠎ᠠ᠂ ᠭᠠᠴᠠᠭ᠎ᠠ ᠲᠣᠰᠬᠤᠨ ︵ᠰᠠᠭᠤᠭᠠᠯᠢ︶ ᠠᠷᠠᠳ ᠤᠨ ᠵᠥᠪᠯᠡᠯ | ᠤᠨ ᠬᠠᠪᠰᠤᠷᠤᠯ ᠳᠣᠣᠷ᠎ᠠ᠂ ᠪᠠᠳᠤᠯᠠᠨ ᠲᠤᠬᠳᠠᠭᠠᠯ ᠤᠨ ᠨᠦᠭᠦᠴᠡᠯ ᠢ ᠦᠨᠳᠦᠰᠦᠯᠡᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠭᠡᠷ ᠪᠦᠯᠢ ᠶᠢ ᠡᠷᠦᠬᠡ ᠳᠠᠷᠠᠭᠠᠯᠠᠨ ᠪᠠᠶᠢᠴᠠᠭᠠᠵᠤ᠂ | ᠪᠠᠶᠢᠴᠠᠭᠠᠬᠤ ᠳᠤ ᠪᠠᠨ ᠡᠯ᠎ᠡ ᠪᠠᠯᠭᠠᠰᠤ ︵ᠲᠠᠯᠠᠪᠠᠢ︶᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠭᠤᠶᠤᠴᠢᠯᠠᠭᠴᠢ ᠶᠢᠨ ᠭᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠪᠠᠶᠢᠴᠠᠭᠠᠬᠤ ᠭᠤᠶᠤᠴᠢᠯᠠᠯ ᠲᠤᠷᠠᠳᠴᠦ᠂ ᠭᠤᠶᠤᠴᠢᠯᠠᠭᠰᠠᠨ ᠮᠠᠲ᠋ᠧᠷᠢᠶᠠᠯ ᠵᠢᠴᠢ | ᠡᠯ᠎ᠡ ᠵᠤᠶᠢᠯ ᠤᠨ ᠢᠯᠡᠷᠬᠡᠶᠢᠯᠡᠭᠰᠡᠨ ᠵᠦᠢᠯᠡᠰ ᠤᠨ ᠦᠨᠡᠨ ᠪᠣᠳᠠᠲᠤ ᠴᠢᠨᠠᠷ ᠪᠣᠯᠤᠨ ᠪᠦᠷᠢᠨ ᠪᠦᠲᠦᠨ ᠴᠢᠨᠠᠷ | ᠲᠠᠢ ᠪᠠᠶᠢᠬᠤ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠦ᠂ ᠪᠠᠶᠢᠴᠠᠭᠠᠬᠤ ᠠᠵᠢᠯᠲᠠᠨ ᠪᠠ ᠭᠤᠶᠤᠴᠢᠯᠠᠭᠴᠢ | ᠠᠴᠠ ᠬᠠᠮᠲᠤᠪᠠᠷ ᠭᠠᠷ ᠤᠨ ᠦᠰᠦᠭ ᠵᠢᠷᠤᠬᠤ ᠪᠤᠯᠤᠨ᠎ᠠ᠃ ᠬᠡᠷ ᠡᠷᠦᠭᠡ ᠳᠤ ᠣᠷᠣᠵᠤ ᠪᠠᠶᠢᠴᠠᠭᠠᠯᠲᠠ | ᠬᠢᠵᠦ ᠳᠠᠭᠤᠰᠤᠭᠰᠠᠨ ᠤ ᠲᠠᠷᠠᠭ᠎ᠠ ᠪᠠᠯᠭᠠᠰᠤ᠂ ᠲᠠᠯᠠᠪᠠᠢ ︵ᠵᠡᠭᠡᠯᠢ ᠭᠤᠳᠤᠮᠵᠢ︶ ᠠᠴᠠ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠲᠥᠯᠥᠭᠡᠯᠡᠭᠴᠢ ᠪᠤᠶᠤ ᠨᠡᠶᠢᠭᠡᠮ ᠲᠣᠭᠤᠷᠢᠭ ᠤᠨ ᠵᠥᠪᠯᠡᠨ | ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠦ᠂ ᠭᠤᠶᠤᠴᠢᠯᠠᠭᠴᠢ ᠶᠢᠨ ᠢᠯᠡᠷᠬᠡᠶᠢᠯᠡᠭᠰᠡᠨ ᠭᠡᠷ ᠪᠦᠯᠢ | ᠶᠢᠨ ᠣᠷᠣᠯᠭ᠎ᠠ᠂ ᠡᠳ᠋ ᠬᠦᠷᠦᠩᠭᠡ ᠶᠢᠨ ᠪᠠᠶᠢᠳᠠᠯ ᠵᠢᠴᠢ ᠡᠷᠦᠬᠡ ᠳᠤ ᠣᠷᠣᠵᠦ ᠪᠠᠶᠢᠴᠠᠭᠠᠭᠰᠠᠨ ᠦᠷ᠎ᠡ ᠳ᠋ᠦᠩ | ᠤᠨ ᠦᠨᠡᠨ ᠪᠣᠳᠠᠲᠤ ᠴᠢᠨᠠᠷ ᠪᠠ ᠪᠦᠷᠢᠨ ᠭᠦᠢᠴᠡᠳ ᠴᠢᠨᠠᠷ ᠢ ᠠᠷᠠᠳᠴᠢᠯᠠᠯ ᠢᠶᠠᠷ ᠶᠠᠷᠢᠯᠴᠠᠨ ᠲᠣᠭᠲᠠᠭᠠᠬᠤ | ᠬᠡᠷᠡᠭᠲᠡᠶ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢᠨ ᠭᠤᠣᠯ ᠴᠣᠭᠴᠠ᠂ ᠬᠢᠨᠠᠨ ᠲᠣᠭᠲᠠᠭᠠᠭᠰᠠᠨ | ᠰᠢᠶᠳᠪᠦᠷᠢ ᠭᠠᠷᠭᠠᠬᠤ ᠠᠴᠠ ᠡᠮᠦᠨ᠎ᠡ᠂ ᠡᠯ᠎ᠡ ᠪᠠᠯᠭᠠᠰᠤ ︵ᠲᠠᠯᠠᠪᠠᠢ︶᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠳᠡᠭᠡᠭᠰᠢ ᠮᠡᠳᠡᠭᠦᠯᠦᠭᠰᠡᠨ ᠪᠠᠶᠢᠴᠠᠭᠠᠯᠲᠠ ᠶᠢᠨ ᠮᠠᠲ᠋ᠧᠷᠢᠶᠠᠯ ᠪᠣᠯᠤᠨ ᠬᠢᠨᠠᠬᠰᠠᠨ ᠰᠠᠨᠠᠯ | ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠰᠠᠨ ᠪᠠᠳᠤᠯᠠᠭ᠎ᠠ | ᠬᠥᠷᠳᠡᠬᠦ ᠡᠲᠡᠭᠡᠳ 30 % ᠬᠠᠷᠢᠴᠠᠯ ᠠᠴᠠ ᠲᠤᠤᠷ᠎ᠠ ᠪᠢᠰᠢ ᠪᠣᠯ ᠡᠷᠦᠬᠡ ᠳᠤ ᠣᠷᠣᠵᠦ ᠰᠤᠭᠤᠴᠠᠨ | ᠪᠠᠶᠢᠴᠠᠭᠠᠬᠤ ᠶᠢᠨ ᠬᠠᠮᠳᠤ ᠬᠤᠯᠪᠣᠭᠳᠠᠯ ᠪᠦᠬᠦᠢ ᠳᠠᠩᠰᠠ ᠡᠪᠬᠡᠮᠡᠯ ᠳᠤ ᠳᠠᠩᠰᠠᠯᠠᠭᠤᠯᠬᠤ ᠠᠵᠢᠯ ᠢ ᠰᠠᠶᠢᠲᠤᠷ | ᠬᠢᠨ᠎ᠡ᠃ ᠡᠯ᠎ᠡ ᠪᠠᠯᠭᠠᠰᠤ ︵ᠲᠠᠯᠠᠪᠠᠢ︶᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠡᠷᠦᠭᠡ | ᠳᠤ ᠣᠷᠣᠵᠤ ᠪᠠᠶᠢᠴᠠᠭᠠᠬᠤ᠂ ᠠᠷᠠᠳᠴᠢᠯᠠᠯ ᠢᠶᠠᠷ ᠦᠨᠡᠯᠡᠬᠦ ᠪᠠ ᠬᠢᠨᠠᠨ ᠬᠠᠷᠭᠤᠭᠤᠯᠤᠭᠰᠠᠨ ᠦᠷ᠎ᠡ ᠳ᠋ᠦᠩ | ᠶᠢ ᠨᠡᠶᠢᠲᠡ ᠳᠤ ᠵᠠᠷᠯᠠᠬᠤ ᠶᠢ ᠬᠠᠷᠢᠭᠤᠴᠠᠵᠦ᠂ ᠵᠠᠷᠯᠠᠬᠤ ᠬᠤᠭᠤᠴᠠᠭ᠎ᠠ ᠨᠢ ᠨᠡᠶᠢᠲᠡ 7 ᠡᠳᠦᠷ ᠪᠤᠯᠤᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢᠭᠡᠳᠦᠯᠲᠡᠶ ᠬᠡᠷᠡᠭᠵᠢᠭᠦᠯᠵᠦ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠨᠡᠶᠢᠭᠡᠮ ᠤᠨ ᠴᠢᠨᠠᠷᠳᠠᠢ ᠲᠠᠷᠬᠠᠭᠠᠨ᠎ᠠ᠃ ᠰᠢᠶᠠᠨ ᠤ ᠠᠷᠠᠳ ᠤᠨ ᠶᠠᠪᠤᠳᠠᠯ | ᠤᠨ ᠲᠣᠪᠴᠢᠶ᠎ᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠨᠠᠭᠠᠳᠤ ᠵᠠᠬ᠎ᠠ ᠶᠢᠨ | ᠪᠠᠲᠤᠯᠠᠭ᠎ᠠ ᠬᠥᠷᠳᠡᠬᠦ ᠡᠲᠡᠭᠡᠳ ᠤᠨ ᠨᠡᠷ᠎ᠡ ᠶᠢᠨ ᠪᠦᠷᠢᠳᠬᠡᠯ ᠪᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ | ᠶᠢ ᠣᠯᠭᠤᠬᠤ ᠨᠠᠷᠢᠨ ᠳᠠᠩᠰᠠ ᠶᠢ ᠲᠤᠰᠢᠶᠠᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ | ᠬᠠᠷᠭᠤᠭᠤᠯᠬᠤ ᠪᠦᠭᠡᠳ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ | ᠶᠤᠰᠤᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠰᠠᠷ᠎ᠠ ︵ᠤᠯᠠᠷᠢᠯ︶ ᠪᠣᠯᠭᠠᠨ | ᠣᠷᠣᠯᠠᠨ ᠲᠠᠷᠬᠠᠭᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠭᠤᠳ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠷ ᠪᠦᠯᠢ ᠶᠢᠨ ᠲᠠᠩᠰᠠᠨ ᠳᠤ ᠣᠷᠣᠭᠤᠯᠵᠦ ᠥᠭᠬᠦ ᠪᠤᠯᠤᠨ᠎ᠠ᠃ ᠬᠤᠳᠠ ᠶᠢᠨ ᠨᠠᠭᠠᠳᠤ ᠵᠠᠬ᠎ᠠ | ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ ᠰᠠᠷ᠎ᠠ ᠪᠠᠷ ᠦᠭᠴᠦ᠂ ᠬᠥᠳᠡᠭᠡ ᠲᠣᠰᠬᠤᠨ ᠮᠠᠯᠵᠢᠬᠤ | ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠤᠯᠠᠷᠢᠯ ᠢᠶᠠᠷ ᠦᠭᠭᠦᠨ᠎ᠡ᠃ | ﹇ᠬᠥᠲᠥᠯᠥᠭᠴᠢ﹈ ᠶᠠᠮᠠᠷ ᠬᠥᠮᠦᠰ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠦ ᠶᠢᠨ | ᠪᠤᠳᠤᠯᠭ᠎ᠠ ᠶᠢ ᠡᠳ᠋ᠯᠡᠵᠦ ᠴᠢᠳᠠᠬᠤ ᠦᠭᠡᠢ ᠪᠤᠢ︖ | ﹇ᠵᠠᠩ ᠳᠡᠳ᠋ ᠲᠣᠪᠴᠢᠶᠠᠨ ᠳᠠᠷᠤᠭ᠎ᠠ﹈ ᠪᠡᠯᠡᠨ ᠵᠣᠭᠤᠰ᠂ ᠬᠠᠳᠠᠭᠠᠯᠠᠮᠵᠢ᠂ ᠦᠨᠡᠲᠦ ᠲᠡᠮᠳᠡᠭᠲᠦ᠂ | ᠬᠤᠳᠠᠯᠳᠤᠭᠠᠨ ᠤ ᠳᠠᠭᠠᠳᠬᠠᠯ᠂ ᠺᠣᠮᠫᠠᠨᠢ ᠪᠤᠶᠤ ᠠᠵᠤ ᠠᠬᠤᠶᠢᠯᠠᠯ ᠵᠡᠷᠭᠡ ᠬᠤᠪᠢ ᠬᠥᠮᠦᠨ ᠤ ᠨᠡᠷ᠎ᠡ ᠳᠡᠭᠡᠷ᠎ᠡ | ᠳᠠᠩᠰᠠᠯᠠᠭᠤᠯᠤᠭᠰᠠᠨ ᠪᠡᠯᠡ ᠮᠥᠩᠭᠦ ᠵᠡᠷᠭᠡ ᠪᠦᠬᠦ ᠦᠷᠲᠡᠭ ᠲᠤᠰ ᠭᠠᠵᠠᠷ ᠤᠨ ᠰᠠᠷ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ 24 ᠲᠠᠬᠢᠨ ᠪᠠᠶᠢᠬᠤ︔ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠡᠭᠡᠷ᠎ᠡ | ᠲᠦᠷᠢᠶᠡᠰᠦᠯᠡᠭᠰᠡᠨ ᠨᠡᠶᠢᠲᠡ ᠶᠢᠨ ᠥᠮᠴᠢᠯᠡᠯ ᠤᠨ ᠣᠷᠣᠨ ᠰᠠᠭᠤᠴᠠ ᠪᠠ ᠬᠤᠪᠢ ᠶᠢᠨ ᠣᠷᠣᠨ ᠰᠠᠭᠤᠴᠠ | ᠶᠢᠨ ᠲᠤᠭ᠎ᠠ ᠨᠡᠶᠢᠲᠡ ᠬᠤᠶᠠᠷ ᠵᠢᠴᠢ ᠲᠡᠭᠦᠨ ᠠᠴᠠ ᠲᠡᠭᠡᠭᠰᠢ ᠪᠠᠶᠢᠬᠤ︔ ᠭᠡᠷ ᠪᠦᠯᠢ ᠶᠢᠨ ᠪᠦᠷᠢᠯᠳᠦᠬᠦᠨ ᠤ | ᠨᠡᠷ᠎ᠡ ᠳᠡᠭᠡᠷ᠎ᠡ ᠬᠤᠳᠠᠯᠳᠤᠭᠠᠨ ᠤ ᠲᠡᠯᠭᠡᠭᠦᠷ ᠪᠤᠶᠤ ᠳᠠᠩᠰᠠᠯᠠᠭᠤᠯᠤᠭᠰᠠᠨ ᠠᠵᠤ ᠠᠬᠤᠶᠢᠯᠠᠯ᠂ ᠺᠣᠮᠫᠠᠨᠢ | ᠪᠠᠶᠢᠬᠤ︔ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠡᠭᠡᠷ᠎ᠡ ᠡᠳ᠋ᠯᠡᠵᠦ ᠪᠠᠶᠢᠭ᠎ᠠ ᠪᠤᠶᠤ ᠬᠡᠷᠡᠭᠯᠡᠵᠦ ᠪᠠᠶᠢᠭ᠎ᠠ | ᠮᠠᠰᠢᠨᠲᠤ ᠲᠡᠷᠭᠡ ︵ᠵᠡᠮᠳᠡᠭ ᠬᠥᠮᠦᠨ ᠤ ᠲᠡᠷᠭᠡ ᠠᠴᠠ ᠭᠠᠳᠠᠨ᠎ᠠ︶᠂ ᠪᠠᠷᠢᠯᠭ᠎ᠠ ᠶᠢᠨ ᠮᠧᠬᠠᠨᠢᠭ᠂ ᠲᠤᠮᠤ | ᠮᠠᠰᠢᠨ ᠪᠤᠶᠤ ᠮᠠᠰᠢᠨ ᠤ ᠪᠠᠭᠠᠵᠢ︔ ᠠᠮᠢᠳᠤᠷᠠᠯ ᠤᠨ ᠴᠢᠬᠤᠯᠠ ᠪᠤᠰᠤ ᠪᠦᠬᠦᠢ ᠪᠤᠰᠤᠳ ᠳᠡᠭᠡᠳᠦ ᠲᠡᠰ ᠤᠨ | ᠬᠡᠷᠡᠭᠯᠡᠭᠡᠨ ᠤ ᠵᠦᠢᠯ ᠪᠠᠶᠢᠬᠤ ᠵᠡᠷᠭᠡ ᠬᠦᠮᠦᠰ ᠲᠤᠰ ᠲᠦᠷᠥ ᠶᠢᠨ ᠪᠤᠳᠤᠯᠭ᠎ᠠ ᠶᠢ ᠡᠳ᠋ᠯᠡᠵᠦ ᠴᠢᠳᠠᠬᠤ ᠦᠭᠡᠢ᠃ | ﹇ᠬᠥᠲᠥᠯᠥᠭᠴᠢ﹈ ᠡᠭᠦᠨ ᠠᠴᠠ ᠦᠵᠡᠬᠦ ᠳᠤ ᠪᠢᠳᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠲᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠴᠢᠬᠤᠯᠠᠲᠠᠶ | ᠪᠠᠶᠢᠨ᠎ᠠ᠃ ᠲᠠ ᠪᠢᠳᠡᠨ ᠳᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠬᠡᠪᠴᠢᠶ᠎ᠡ ᠮᠠᠰᠢ ᠥᠷᠭᠡᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ | ᠲᠡᠵᠢᠭᠡᠬᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠶᠢ ᠬᠠᠮᠤᠷᠤᠨ᠎ᠠ ᠭᠡᠵᠦ ᠲᠠᠨᠢᠯᠴᠠᠭᠤᠯᠤᠬᠰᠠᠨ᠂ | ᠰᠠᠶ᠋ᠢᠬᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠡᠯᠡᠭᠰᠡᠨ᠂ ᠲᠠ ᠪᠤᠰᠤᠳ ᠲᠠᠯ᠎ᠠ ᠶᠢᠨ ᠠᠵᠢᠯ | ᠢ ᠪᠠᠰᠠ ᠮᠠᠨ ᠳᠤ ᠲᠠᠨᠢᠯᠴᠠᠭᠤᠯᠵᠤ ᠥᠭᠬᠦ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠣᠯ ᠦᠨᠡᠨ | ᠳᠡᠭᠡᠨ ᠡᠮᠦᠨᠡᠬᠢ ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠷᠦᠭᠡ ᠶᠢ ᠠᠰᠠᠷᠠᠨ ᠲᠡᠵᠢᠭᠡᠬᠦ ᠪᠠ ︽ᠬᠤᠳᠠ | ᠶᠢᠨ ᠭᠤᠷᠪᠠᠨ ᠥᠭᠡᠢ︾ ᠬᠥᠮᠦᠰ ᠳᠠᠬᠢ ᠠᠪᠤᠷᠠᠨ ᠲᠤᠰᠠᠯᠠᠮᠵᠢ ᠶᠢ ᠬᠡᠯᠡᠵᠦ ᠪᠠᠶᠢᠨ᠎ᠠ᠃᠂ 2014 ᠣᠨ | ᠳᠤ ᠨᠡᠶᠢᠲᠡᠯᠡᠭᠰᠡᠨ ︽ᠨᠡᠶᠢᠭᠡᠮ ᠤᠨ ᠲᠡᠳᠬᠦᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ | ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠷᠦᠭᠡ ᠪᠣᠯᠤᠨ ᠬᠤᠳᠠ ᠶᠢᠨ ︽ᠭᠤᠷᠪᠠ ᠥᠭᠡᠢ︾ ᠬᠥᠮᠦᠰ | ᠢ ᠠᠪᠤᠷᠠᠨ ᠲᠤᠰᠠᠯᠠᠬᠤ ᠶᠢ ᠡᠮᠬᠢᠯᠡᠨ ᠨᠡᠶᠢᠯᠡᠭᠦᠯᠵᠦ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ | ᠲᠦᠷᠢᠮ ᠪᠣᠯᠭᠠᠨ᠂ ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠬᠤ ᠰᠤᠷᠪᠤᠯᠵᠢ ᠦᠭᠡᠢ᠂ ᠬᠠᠤᠯᠢ ᠪᠠᠷ | ᠲᠣᠭᠲᠠᠭᠠᠭᠰᠠᠨ ᠦᠭᠡᠢ ᠠᠴᠢᠯᠠᠨ ᠲᠡᠵᠢᠭᠡᠬᠦ᠂ ᠠᠰᠠᠷᠠᠬᠤ᠂ ᠲᠡᠳᠭᠦᠨ ᠲᠡᠵᠢᠭᠡᠬᠦ ᠡᠭᠦᠷᠭᠡᠳᠡᠨ ᠡᠰᠡᠭᠦᠯ᠎ᠡ | ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠬᠤ᠂ ᠲᠡᠳᠭᠦᠨ ᠲᠡᠵᠢᠭᠡᠬᠦ ᠡᠭᠦᠷᠭᠡ | ᠲᠠᠢ ᠬᠥᠮᠦᠨ ᠨᠢ ᠨᠠᠰᠤᠳᠠᠶᠢᠴᠦᠳ᠂ ᠵᠡᠮᠳᠡᠭᠴᠦᠳ ᠵᠢᠴᠢ ᠪᠦᠬᠦᠯᠢ 16 ᠨᠠᠰᠤᠨ ᠳᠤ ᠥᠯᠥ ᠬᠦᠷᠦᠭᠰᠡᠳ | ᠢ ᠠᠴᠢᠯᠠᠨ ᠲᠡᠵᠢᠭᠡᠭᠰᠡᠨ ᠦᠭᠡᠢ᠂ ᠠᠰᠠᠷᠠᠬᠰᠠᠨ ᠦᠭᠡᠢ᠂ ᠲᠡᠳᠬᠦᠨ ᠲᠡᠵᠢᠭᠡᠭᠰᠡᠨ ᠦᠭᠡᠢ ᠣᠨᠴᠠ | ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠭᠡᠵᠦ ᠲᠤᠬᠳᠠᠭᠠᠪᠠ᠃ ᠣᠨᠴᠠ ᠬᠦᠴᠢᠷᠳᠡᠯ ᠲᠠᠢ ᠬᠥᠮᠦᠰ | ᠢ ᠠᠰᠠᠷᠠᠨ ᠲᠡᠵᠢᠭᠡᠬᠦ ᠭᠤᠶᠤᠴᠢᠯᠠᠯ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠶᠠᠪᠤᠴᠠ ᠨᠢ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠶᠠᠪᠤᠴᠠ ᠲᠠᠢ ᠦᠨᠳᠦᠰᠦᠨ ᠳᠡᠭᠡᠨ ᠠᠳᠠᠯᠢ᠂ ᠣᠳᠣᠬᠠᠨ ᠳᠤ ᠮᠠᠨ ᠤ ᠰᠢᠶᠠᠨ | ᠤ ᠠᠰᠠᠷᠠᠨ ᠲᠡᠵᠢᠭᠡᠬᠦ ᠪᠠᠷᠢᠮᠵᠢᠶ᠎ᠠ ᠪᠣᠯ᠄ ᠬᠥᠳᠡᠭᠡ ᠲᠣᠰᠬᠤᠨ ᠤ ᠣᠨᠴᠠ ᠬᠦᠴᠢᠷᠳᠡᠯ ᠲᠠᠢ ᠬᠥᠮᠦᠰ ᠢ | ᠲᠥᠪᠯᠡᠷᠡᠭᠦᠯᠦᠨ ᠠᠰᠠᠷᠠᠨ ᠲᠡᠵᠢᠭᠡᠬᠦ 10000 ᠲᠥᠭᠦᠷᠢᠭ \ ᠬᠥᠮᠦᠨ \ ᠵᠢᠯ᠂ ᠳᠠᠷᠬᠠᠶ ᠪᠤᠲᠠᠷᠬᠠᠶ | ᠠᠰᠠᠷᠠᠨ ᠲᠡᠵᠢᠭᠡᠬᠦ 6700 ᠲᠥᠭᠦᠷᠢᠭ \ ᠬᠥᠮᠦᠨ \ ᠵᠢᠯ ᠪᠣᠯᠤᠨ᠎ᠠ︔ ᠬᠤᠳᠠ ᠶᠢᠨ ᠣᠨᠴᠠ ᠬᠦᠴᠢᠷᠳᠡᠯ | ᠲᠠᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ 1500 ᠲᠥᠭᠦᠷᠢᠭ \ ᠬᠥᠮᠦᠨ \ ᠰᠠᠷ᠎ᠠ᠂ ᠳᠠᠷᠬᠠᠶ | ᠪᠤᠲᠠᠷᠬᠠᠶ ᠠᠰᠠᠷᠠᠨ ᠲᠡᠵᠢᠭᠡᠬᠦ 1000 ᠲᠥᠭᠦᠷᠢᠭ \ ᠬᠥᠮᠦᠨ \ ᠰᠠᠷ᠎ᠠ ᠪᠣᠯᠤᠨ᠎ᠠ᠃ | ﹇ᠬᠥᠲᠥᠯᠥᠭᠴᠢ﹈ ᠲᠠ ᠡᠮ ᠡᠮᠨᠡᠯᠭᠡ ᠶᠢᠨ ᠲᠤᠰᠠᠯᠠᠮᠵᠢ ᠶᠢᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ | ᠲᠤᠬᠠᠢ ᠤᠯᠠᠨ ᠳᠤ ᠲᠠᠶᠢᠯᠤᠮᠵᠢ ᠬᠢᠵᠦ ᠥᠭᠬᠦ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠡᠮ ᠡᠮᠨᠡᠯᠭᠡ ᠶᠢᠨ ᠲᠤᠰᠠᠯᠠᠮᠵᠢ ᠪᠣᠯ ᠰᠢᠨ᠎ᠡ ᠴᠠᠭ ᠦᠶ᠎ᠡ ᠳᠠᠬᠢ | ᠤᠯᠤᠰ ᠠᠴᠠ ᠬᠤᠳᠡ ᠬᠥᠳᠡᠭᠡ ᠶᠢᠨ ᠬᠦᠴᠢᠷᠳᠡᠯᠲᠡᠶ ᠤᠯᠡᠨ ᠲᠦᠮᠡᠨ ᠤ ᠡᠪᠡᠳᠴᠢᠨ ᠦᠵᠡᠭᠦᠯᠬᠦ ᠳᠤ | ᠬᠦᠴᠢᠷ ᠪᠠᠶᠢᠬᠤ ᠠᠰᠠᠭᠤᠳᠠᠯ ᠢ ᠨᠠᠮᠳᠠᠭᠤᠯᠬᠤ ᠭᠡᠵᠦ ᠭᠠᠷᠭᠠᠭᠰᠠᠨ ᠨᠢᠭᠡᠨ ᠳᠦᠷᠢᠮ ᠤᠨ ᠴᠢᠨᠠᠷᠲᠠᠶ | ᠲᠣᠬᠢᠷᠠᠭᠤᠯᠤᠯᠲᠠ ᠪᠣᠯᠤᠨ᠎ᠠ᠂ ᠮᠦᠨ ᠴᠤ ᠮᠠᠨ ᠤ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ | ᠤᠨ ᠴᠢᠬᠤᠯᠠ ᠪᠦᠷᠢᠯᠳᠦᠬᠦᠨ ᠬᠡᠰᠡᠭ ᠮᠥᠨ᠃ ᠠᠩᠬᠠᠷᠠᠬᠤ ᠨᠢ᠂ ᠡᠨᠡ ᠨᠢ ᠵᠥᠪᠬᠡᠨ ᠬᠦᠴᠢᠷᠳᠡᠯᠲᠡᠶ ᠤᠯᠠᠨ | ᠲᠦᠮᠡᠨ ᠳᠤ ᠴᠢᠭᠯᠡᠭᠦᠯᠦᠭᠰᠡᠨ ᠲᠦᠷᠦ ᠶᠢᠨ ᠪᠤᠳᠤᠯᠭ᠎ᠠ᠂ ᠥᠭᠡᠷ᠎ᠡ ᠪᠠᠷ ᠬᠡᠯᠡᠪᠡᠯ ᠬᠦᠴᠢᠷᠳᠡᠯᠲᠡᠶ ᠤᠯᠠᠨ | ᠲᠦᠮᠡᠨ ᠡᠪᠡᠳᠴᠢᠨ ᠦᠵᠡᠭᠦᠯᠵᠦ᠂ ᠦᠨᠳᠦᠰᠦᠨ ᠡᠮ ᠡᠮᠨᠡᠯᠭᠡ᠂ ᠬᠦᠨᠳᠦ ᠡᠪᠡᠳᠴᠢᠨ ᠤ ᠳᠠᠭᠠᠳᠬᠠᠯ ᠤᠨ | ᠵᠠᠷᠤᠳᠠᠯ ᠢᠶᠠᠨ ᠮᠡᠳᠡᠭᠦᠯᠦᠭᠰᠡᠨ ᠤ ᠲᠠᠷᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠲᠠᠮᠵᠢᠨ | ᠵᠣᠬᠢᠬᠤ ᠬᠡᠮᠵᠢᠶᠡᠨ ᠤ ᠡᠮ ᠡᠮᠨᠡᠯᠭᠡ ᠶᠢᠨ ᠲᠤᠰᠠᠯᠠᠮᠵᠢ ᠶᠢ ᠡᠳ᠋ᠯᠡᠬᠦ ᠪᠣᠯᠤᠨ᠎ᠠ᠃ | ﹇ᠬᠥᠲᠥᠯᠥᠭᠴᠢ﹈ ᠲᠡᠭᠡᠪᠡᠯ ᠡᠮ ᠡᠮᠨᠡᠯᠭᠡ ᠶᠢᠨ ᠲᠤᠰᠠᠯᠠᠮᠵᠢ ᠵᠣᠬᠢᠬᠤ ᠬᠦᠷᠢᠶ᠎ᠡ ᠬᠡᠪᠴᠢᠶ᠎ᠡ ᠲᠠᠢ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠡᠮ ᠡᠮᠨᠡᠯᠭᠡ ᠶᠢᠨ ᠠᠪᠤᠷᠠᠨ ᠲᠤᠰᠠᠯᠠᠬᠤ ᠡᠲᠡᠭᠡᠳ ᠨᠢ ᠭᠤᠣᠯᠳᠠᠭᠤ | ᠮᠠᠨ ᠤ ᠳᠡᠭᠡᠷ᠎ᠡ ᠳᠤᠷᠠᠳᠤᠭᠰᠠᠨ ᠣᠨᠴᠠ ᠬᠦᠴᠢᠷᠳᠡᠯᠲᠡᠶ ᠬᠥᠮᠦᠰ ᠪᠣᠯᠤᠨ ᠨᠠᠭᠠᠳᠤ ᠵᠠᠬ᠎ᠠ ᠶᠢᠨ ᠪᠠᠲᠤᠯᠠᠭ᠎ᠠ | ᠶᠢᠨ ᠬᠦᠮᠦᠰ᠂ ᠡᠨᠡ ᠬᠤᠶᠠᠷ ᠵᠦᠢᠯ ᠤᠨ ᠡᠲᠡᠭᠡᠳ ᠠᠴᠠ ᠭᠠᠳᠠᠨ᠎ᠠ ᠪᠢᠳᠡ ᠪᠠᠰᠠ ᠬᠦᠷᠢᠶ᠎ᠡ ᠬᠡᠪᠴᠢᠶ᠎ᠡ ᠪᠠᠨ | ᠪᠤᠰᠤᠳ ᠡᠲᠡᠭᠡᠳ ᠲᠤ ᠲᠠᠯᠪᠢᠬᠰᠠᠨ᠂ ᠪᠣᠳᠠᠲᠠᠶ ᠡᠶᠢᠮᠦ ᠬᠡᠳᠦᠨ ᠵᠦᠢᠯ ᠪᠠᠶᠢᠳᠠᠭ᠃ ᠨᠢᠭᠡ ᠳᠤ ᠭᠤᠣᠯᠳᠠᠯᠭ᠎ᠠ | ᠲᠠᠢ ᠲᠤᠰᠠᠯᠠᠬᠤ ᠡᠲᠡᠭᠡᠳ᠄ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠲᠠᠢ ᠬᠦᠮᠦᠰ᠃ ᠬᠤᠶᠠᠷ ᠲᠤ ᠣᠷᠣᠯᠭ᠎ᠠ ᠪᠠᠭ᠎ᠠ ᠲᠠᠢ ᠲᠤᠰᠠᠯᠠᠬᠤ ᠡᠲᠡᠭᠡᠳ ᠪᠤᠶᠤ ᠳᠠᠩᠰᠠ | ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ᠄ ᠡᠭᠦᠨ ᠤ ᠳᠣᠲᠣᠷ᠎ᠠ | ᠣᠷᠣᠯᠭ᠎ᠠ ᠪᠠᠭ᠎ᠠ ᠲᠠᠢ ᠠᠪᠤᠷᠠᠨ ᠲᠤᠰᠠᠯᠠᠬᠤ ᠭᠡᠳᠡᠭ ᠪᠣᠯ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ | ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ | ᠶᠢᠨ 1.5 ᠳᠠᠬᠢᠨ ᠠᠴᠠ ᠪᠠᠭ᠎ᠠ᠂ ᠲᠡᠶᠢᠮᠦ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠨᠢ ᠲᠤᠬᠠᠶ ᠶᠢᠨ | ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠨᠥᠬᠦᠴᠡᠯ | ᠳᠤ ᠨᠡᠶᠢᠴᠡᠭᠰᠡᠨ ᠰᠠᠭᠤᠭᠠᠯᠢ ᠠᠷᠠᠳ ᠤᠨ ᠭᠡᠷ ᠪᠦᠯᠢ᠃ ᠭᠤᠷᠪᠠ ᠳᠤ ᠲᠤᠰᠬᠠᠶ ᠲᠤᠰᠠᠯᠠᠬᠤ ᠡᠲᠡᠭᠡᠳ᠄ | ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ︵1 – 6 ᠳᠡᠰ ᠤᠨ ᠵᠡᠮᠳᠡᠭ ᠴᠡᠷᠢᠭ᠂ 7 – 10 ᠲᠡᠰ | ᠤᠨ ᠬᠠᠭᠤᠴᠢᠨ ᠰᠢᠷᠬ᠎ᠠ ᠨᠢ ᠳᠠᠭᠢᠭᠰᠠᠨ ᠵᠡᠮᠳᠡᠭ ᠴᠡᠷᠢᠭ ᠪᠠᠭᠲᠠᠬᠤ ᠦᠭᠡᠢ︶᠂ ᠦᠨᠡᠨ ᠶᠣᠰᠣᠨ ᠤ | ᠲᠥᠯᠥᠭᠡ ᠡᠷᠡᠯᠬᠡᠭ ᠢᠶᠠᠷ ᠲᠡᠮᠡᠴᠡᠬᠦ ᠳᠤᠮᠳᠠ ᠬᠥᠨᠥᠭᠡᠯ ᠬᠦᠷᠭᠡᠭᠰᠡᠨ ᠦᠭᠡᠢ ᠬᠥᠮᠦᠨ ᠡᠰᠡᠬᠦᠯ᠎ᠡ | ᠬᠠᠷᠢᠭᠤᠴᠠᠯᠭ᠎ᠠ ᠲᠠᠢ ᠬᠥᠮᠦᠨ ᠵᠢᠴᠢ ᠬᠥᠨᠥᠭᠡᠯ ᠬᠦᠷᠭᠡᠭᠰᠡᠨ ᠬᠦᠮᠦᠨ ᠪᠤᠶᠤ ᠬᠠᠷᠢᠭᠤᠴᠠᠯᠭ᠎ᠠ ᠲᠠᠢ ᠬᠥᠮᠦᠨ | ᠨᠢ ᠳᠤᠲᠠᠭᠠᠵᠤ ᠵᠠᠶᠢᠯᠠᠬᠰᠠᠨ ᠡᠰᠡᠬᠦᠯ᠎ᠡ ᠡᠮ ᠡᠮᠨᠡᠯᠭᠡ ᠶᠢᠨ ᠵᠠᠷᠤᠳᠠᠯ ᠢᠶᠠᠨ ᠡᠭᠦᠷᠭᠡᠯᠡᠬᠦ ᠴᠢᠳᠠᠯ ᠦᠭᠡᠢ | ᠰᠢᠷᠬᠠᠲᠤᠭᠰᠠᠨ ᠬᠦᠮᠦᠨ᠃ | ﹇ᠬᠥᠲᠥᠯᠥᠭᠴᠢ﹈ ᠪᠢᠳᠡ ᠡᠨᠡ ᠭᠤᠷᠪᠠᠨ ᠲᠦᠷᠦᠯ ᠢ ᠤᠶᠢᠯᠠᠭᠠᠬᠰᠠᠨ᠃ ᠵᠠᠯᠭᠠᠭᠠᠳ ᠲᠠ ᠮᠠᠨ ᠳᠤ | ᠲᠤᠰᠠᠯᠠᠮᠵᠢ ᠶᠢᠨ ᠭᠤᠣᠯ ᠠᠷᠭ᠎ᠠ ᠬᠡᠯᠪᠡᠷᠢ ᠶᠠᠭᠤ ᠶᠠᠭᠤ ᠪᠠᠶᠢᠳᠠᠭ ᠲᠤᠬᠠᠢ ᠬᠡᠯᠡᠭᠡᠳ ᠦᠭᠭᠦ ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠡᠮ ᠡᠮᠨᠡᠯᠭᠡ ᠶᠢᠨ ᠲᠤᠰᠠᠯᠠᠮᠵᠢ ᠶᠢᠨ ᠭᠤᠣᠯ ᠠᠷᠭ᠎ᠠ ᠬᠡᠯᠪᠡᠷᠢ ᠨᠢ | ᠡᠮᠨᠡᠯᠭᠡ ᠳᠤ ᠰᠠᠭᠤᠬᠤ ᠲᠤᠰᠠᠯᠠᠮᠵᠢ ᠪᠠᠷ ᠭᠤᠣᠯ ᠪᠣᠯᠭᠠᠨ᠂ ᠡᠭᠦᠳᠡᠨ ᠡᠮᠨᠡᠯᠭᠡ ᠶᠢᠨ ᠲᠤᠰᠠᠯᠠᠮᠵᠢ ᠶᠢ ᠵᠡᠷᠭᠡᠪᠡᠷ | ᠶᠠᠪᠤᠭᠤᠯᠬᠤ ᠪᠣᠯᠤᠨ᠎ᠠ᠃ ᠡᠮ ᠡᠮᠨᠡᠯᠭᠡ ᠶᠢᠨ ᠲᠤᠰᠠᠯᠠᠬᠤ ᠬᠠᠷᠢᠴᠠᠯ ᠪᠠ ᠬᠠᠮᠤᠭ ᠤᠨ ᠥᠨᠳᠥᠷ ᠲᠤᠰᠠᠯᠠᠬᠤ | ᠬᠢᠵᠠᠭᠠᠷᠲᠤ ᠲᠤᠭ᠎ᠠ ᠶᠢ ᠲᠥᠷᠥᠯ ᠵᠤᠶᠢᠯ᠂ ᠬᠡᠰᠡᠭ ᠬᠤᠪᠢᠶᠠᠨ ᠪᠠᠶᠢᠷᠢᠯᠠᠭᠤᠯᠤᠨ ᠬᠡᠷᠡᠭᠵᠢᠭᠦᠯᠪᠡ᠃ ᠵᠠᠷᠴᠢᠮ | ᠳᠡᠭᠡᠷ᠎ᠡ ᠪᠠᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ᠡᠮᠨᠡᠯᠭᠡ ᠶᠢᠨ ᠲᠤᠰᠠᠯᠠᠮᠵᠢ ᠶᠢᠨ ᠬᠠᠷᠢᠴᠠᠯ | ᠨᠢ ᠪᠠᠭ᠎ᠠ ᠣᠷᠣᠯᠭ᠎ᠠ ᠲᠠᠢ ᠲᠤᠰᠠᠯᠠᠬᠤ ᠡᠲᠡᠭᠡᠳ ᠠᠴᠠ ᠥᠨᠳᠥᠷ ᠪᠠᠶᠢᠵᠦ᠂ ᠪᠠᠭ᠎ᠠ ᠣᠷᠣᠯᠭ᠎ᠠ ᠲᠠᠢ | ᠲᠤᠰᠠᠯᠠᠬᠤ ᠡᠲᠡᠭᠡᠳ ᠨᠢ ᠪᠤᠰᠤᠳ ᠲᠤᠰᠠᠯᠠᠬᠤ ᠡᠲᠡᠭᠡᠳ ᠠᠴᠠ ᠥᠨᠳᠦᠷ ᠪᠠᠶᠢᠳᠠᠭ︔ ᠠᠳᠠᠯᠢ ᠲᠥᠷᠥᠯ | ᠤᠨ ᠲᠤᠰᠠᠯᠠᠬᠤ ᠡᠲᠡᠭᠡᠳ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠤᠨ ᠲᠤᠭ᠎ᠠ ᠶᠢᠨ | ᠬᠡᠮᠵᠢᠶ᠎ᠡ ᠨᠢ ᠤᠯᠠᠮ ᠶᠡᠭᠡ ᠪᠠᠶᠢᠬᠤ ᠲᠤᠲᠤᠮ ᠲᠤᠰᠠᠯᠠᠬᠤ ᠬᠠᠷᠢᠴᠠᠯ ᠨᠢ ᠤᠯᠠᠮ ᠥᠨᠳᠥᠷ ᠪᠣᠯᠤᠨ᠎ᠠ᠃ | ﹇ᠬᠥᠲᠥᠯᠥᠭᠴᠢ﹈ ᠡᠭᠦᠨ ᠠᠴᠠ ᠦᠵᠡᠬᠦ ᠳᠤ ᠡᠨᠡ ᠬᠦ ᠲᠣᠭᠲᠠᠭᠠᠯ ᠨᠢ ᠮᠠᠰᠢ ᠴᠢᠩᠭ᠎ᠠ ᠪᠠᠶᠢᠨ᠎ᠠ᠃ ᠤᠯᠵᠦ | ᠮᠡᠳᠡᠭᠰᠡᠨ ᠢᠶᠠᠷ ᠮᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠵᠦ ᠪᠠᠶᠢᠭ᠎ᠠ ᠨᠡᠶᠢᠭᠡᠮ | ᠤᠨ ᠠᠪᠤᠷᠠᠨ ᠲᠤᠰᠠᠯᠠᠬᠤ ᠠᠵᠢᠯ ᠳᠣᠲᠣᠷ᠎ᠠ ᠪᠠᠰᠠ ᠨᠢᠭᠡ ᠵᠦᠢᠯ ᠤᠨ ᠲᠤᠬᠠᠶᠢᠯᠠᠭᠰᠠᠨ ᠠᠵᠢᠯ ᠲᠦᠷ ᠴᠠᠭ | ᠤᠨ ᠠᠪᠤᠷᠠᠨ ᠲᠤᠰᠠᠯᠠᠯᠳᠠ ᠪᠠᠶᠢᠳᠠᠭ᠂ ᠡᠭᠦᠨ ᠤ ᠲᠤᠬᠠᠢ ᠲᠠ ᠪᠢᠳᠡᠨ ᠳᠤ ᠲᠠᠨᠢᠯᠴᠠᠭᠤᠯᠤᠭᠠᠳ ᠥᠭᠬᠦ | ᠤᠤ︖ | ﹇ᠵᠠᠩ ᠳᠡᠳ᠋ ᠲᠣᠪᠴᠢᠶᠠᠨ ᠳᠠᠷᠤᠭ᠎ᠠ﹈ ᠲᠦᠷ ᠴᠠᠭ ᠤᠨ ᠠᠪᠤᠷᠠᠨ ᠲᠤᠰᠠᠯᠠᠬᠤ ᠬᠡᠷᠡᠭ ᠳᠡᠭᠡᠷ᠎ᠡ ᠪᠠᠨ | ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠶᠢᠨ ᠨᠢᠭᠡ ᠵᠦᠢᠯ ᠤᠨ ᠨᠥᠬᠦᠪᠥᠷᠢ᠂ ᠥᠭᠡᠷ᠎ᠡ ᠪᠠᠷ ᠬᠡᠯᠡᠪᠡᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠣᠯᠳᠠᠭᠤ ᠦᠨᠳᠦᠰᠦᠨ ᠠᠮᠢᠳᠤᠷᠠᠯ ᠢ ᠰᠢᠢᠳᠪᠤᠷᠢᠯᠡᠵᠦ᠂ | ᠡᠮ ᠡᠮᠨᠡᠯᠭᠡ ᠶᠢᠨ ᠠᠪᠤᠷᠠᠨ ᠲᠤᠰᠠᠯᠠᠮᠵᠢ ᠭᠤᠣᠯᠳᠠᠭᠤ ᠡᠪᠡᠳᠴᠢᠨ ᠥᠵᠡᠭᠦᠯᠭᠦ ᠠᠰᠠᠭᠤᠳᠠᠯ ᠢ | ᠰᠢᠢᠳᠪᠤᠷᠢᠯᠡᠵᠦ᠂ ᠰᠤᠷᠭᠠᠨ ᠬᠥᠮᠦᠵᠢᠯ ᠤᠨ ᠲᠤᠰᠠᠯᠠᠮᠵᠢ ᠭᠤᠣᠯᠳᠠᠭᠤ ᠰᠤᠷᠭᠠᠭᠤᠯᠢ ᠳᠤ ᠰᠠᠭᠤᠬᠤ ᠠᠰᠠᠭᠤᠳᠠᠯ | ᠢ ᠰᠢᠢᠳᠪᠤᠷᠢᠯᠡᠵᠦ᠂ ᠣᠷᠣᠨ ᠰᠠᠭᠤᠴᠠ ᠶᠢᠨ ᠲᠤᠰᠠᠯᠠᠮᠵᠢ ᠭᠤᠣᠯᠳᠠᠭᠤ ᠭᠡᠷ ᠰᠠᠭᠤᠴᠠ ᠶᠢᠨ ᠠᠰᠠᠭᠤᠳᠠᠯ ᠢ | ᠰᠢᠢᠳᠪᠤᠷᠢᠯᠡᠳᠡᠭ᠃ ᠭᠡᠪᠡᠴᠦ ᠵᠠᠷᠢᠮ ᠦᠶ᠎ᠡ ᠳᠤ ᠭᠡᠨᠡᠳᠲᠡ ᠶᠢᠨ ᠴᠢᠨᠠᠷᠲᠠᠶ᠂ ᠲᠦᠷ ᠴᠠᠭ ᠤᠨ ᠴᠢᠨᠠᠷᠳᠠᠢ᠂ | ᠲᠤᠯᠭᠠᠮ᠎ᠠ ᠴᠢᠨᠠᠷᠳᠠᠢ ᠠᠰᠠᠭᠤᠳᠠᠯ ᠡᠭᠦᠰᠳᠡᠭ᠂ ᠡᠨᠡ ᠦᠶ᠎ᠡ ᠳᠤ ᠮᠠᠨ ᠤ ᠲᠦᠷ ᠴᠠᠭ ᠤᠨ ᠠᠪᠤᠷᠠᠨ | ᠲᠤᠰᠠᠯᠠᠮᠵᠢ ᠲᠤᠰᠬᠠᠶᠢᠯᠠᠨ ᠡᠨᠡ ᠠᠰᠠᠭᠤᠳᠠᠯ ᠢ ᠰᠢᠢᠳᠪᠤᠷᠢᠯᠡᠳᠡᠭ ᠶᠤᠮ᠃ ᠲᠦᠷ ᠴᠠᠭ ᠤᠨ ᠠᠪᠤᠷᠠᠨ | ᠲᠤᠰᠠᠯᠠᠬᠤ ᠡᠲᠡᠭᠡᠳ ᠭᠤᠣᠯᠳᠠᠭᠤ ᠳᠣᠣᠷᠠᠬᠢ ᠬᠡᠳᠦᠨ ᠵᠦᠢᠯ ᠤᠨ ᠪᠠᠶᠢᠳᠠᠭ᠄ ᠨᠢᠭᠡ ᠳᠤ ᠭᠠᠯ ᠤᠨ | ᠭᠠᠮᠰᠢᠭ᠂ ᠲᠡᠯᠪᠡᠷᠡᠯᠳᠡ᠂ ᠵᠠᠮ ᠬᠠᠷᠢᠯᠴᠠᠭᠠᠨ ᠤ ᠠᠳᠡᠯ᠂ ᠤᠰᠦᠠ ᠳᠤ ᠤᠨᠠᠬᠤ᠂ ᠬᠥᠮᠦᠨ ᠤ ᠪᠡᠶ᠎ᠡ ᠶᠢ | ᠭᠡᠮᠲᠦᠭᠡᠭᠰᠡᠨ ᠵᠡᠷᠭᠡ ᠰᠠᠨᠠᠭᠠᠨ ᠳᠤ ᠦᠭᠡᠢ ᠬᠡᠷᠡᠭ ᠠᠴᠠ ᠪᠤᠯᠵᠤ ᠭᠡᠷ ᠪᠦᠯᠢ ᠶᠢᠨ ᠡᠳ᠋ ᠬᠤᠭᠰᠢᠯ ᠢ ᠬᠦᠨᠳᠦ | ᠶᠡᠭᠡ ᠬᠤᠬᠢᠷᠠᠭᠤᠯᠤᠭᠰᠠᠨ ᠪᠤᠶᠤ ᠭᠤᠣᠯ ᠠᠵᠤ ᠠᠬᠤᠶ ᠶᠢᠨ ᠢᠷᠡᠯᠳᠡ ᠲᠠᠰᠤᠷᠠᠬᠳᠠᠬᠰᠠᠨ ᠠᠴᠠ | ᠦᠨᠳᠦᠰᠦᠨ ᠠᠮᠢᠳᠤᠷᠠᠯ ᠳᠤ ᠨᠢ ᠲᠦᠷ ᠴᠠᠭ ᠬᠦᠴᠢᠷᠳᠡᠯ ᠲᠤᠯᠭᠠᠷᠠᠬᠰᠠᠨ ᠬᠡᠷ ᠪᠦᠯᠢ︔ ᠬᠤᠶᠠᠷ ᠲᠤ ᠭᠡᠷ | ᠪᠦᠯᠢ ᠶᠢᠨ ᠪᠦᠷᠢᠯᠳᠦᠬᠦᠨ ᠭᠡᠨᠡᠳᠲᠡ ᠶᠢᠨ ᠬᠦᠨᠳᠦ ᠶᠡᠭᠡ ᠡᠪᠡᠳᠴᠢᠨ ᠡᠮᠭᠡᠭ ᠵᠡᠷᠭᠡ ᠰᠢᠯᠲᠠᠭᠠᠨ ᠠᠴᠠ | ᠡᠮᠴᠢᠯᠡᠭᠡᠨ ᠤ ᠵᠠᠷᠤᠳᠠᠯ ᠵᠡᠷᠭᠡ ᠵᠠᠷᠤᠯᠭ᠎ᠠ ᠬᠡᠲᠦᠷᠬᠡᠶ ᠶᠡᠭᠡ ᠠᠴᠠ ᠦᠨᠳᠦᠰᠦᠨ ᠠᠮᠢᠳᠤᠷᠠᠯ ᠳᠤ ᠨᠢ ᠲᠦᠷ | ᠴᠠᠭ ᠬᠦᠴᠢᠷᠳᠡᠯ ᠲᠤᠯᠭᠠᠷᠠᠬᠰᠠᠨ ᠬᠡᠷ ᠪᠦᠯᠢ︔ ᠭᠤᠷᠪᠠ ᠳᠤ᠂ ᠦᠨᠳᠦᠰᠦᠨ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠦᠨ᠎ᠡ ᠬᠠᠩᠰᠢ ᠥᠰᠬᠦ᠂ ᠭᠡᠷ ᠪᠦᠯᠢ ᠶᠢᠨ ᠪᠦᠷᠢᠯᠳᠦᠬᠦᠨ ᠡᠪᠡᠳᠴᠢᠨ ᠡᠮᠭᠡᠭ | ᠣᠯᠵᠦ ᠦᠨᠳᠦᠰᠦᠨ ᠡᠮᠴᠢᠯᠡᠭᠡᠨ ᠬᠢᠬᠦ᠂ ᠠᠯᠪᠠᠨ ᠵᠢᠷᠥᠮ ᠤᠨ ᠪᠤᠰᠣ ᠰᠤᠷᠭᠠᠨ ᠬᠥᠮᠦᠵᠢᠯ ᠬᠦᠯᠢᠶᠡᠬᠦ ᠵᠡᠷᠭᠡ | ᠰᠢᠯᠳᠠᠭᠠᠨ ᠠᠴᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠵᠠᠷᠤᠳᠠᠯ ᠨᠢ ᠭᠡᠷ ᠪᠦᠯᠢ ᠶᠢᠨ | ᠳᠠᠭᠠᠭᠠᠬᠤ ᠴᠢᠳᠠᠪᠤᠷᠢ ᠠᠴᠠ ᠬᠡᠲᠦᠷᠡᠭᠰᠡᠨ ᠠᠴᠠ ᠦᠨᠳᠦᠰᠦᠨ ᠠᠮᠢᠳᠤᠷᠠᠯ ᠳᠤ ᠨᠢ ᠲᠦᠷ ᠴᠠᠭ ᠬᠦᠴᠢᠷᠳᠡᠯ | ᠲᠤᠯᠭᠠᠷᠠᠬᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠦ ᠪᠠᠶᠢᠭ᠎ᠠ ᠬᠡᠷ ᠪᠦᠯᠢ ᠪᠤᠶᠤ | ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠭᠡᠷ ᠪᠦᠯᠢ︔ ᠲᠦᠷᠪᠡ ᠳᠤ ᠭᠠᠯ ᠤᠨ | ᠭᠠᠮᠰᠢᠭ᠂ ᠵᠠᠮ ᠬᠠᠷᠢᠯᠴᠠᠭᠠᠨ ᠤ ᠠᠳᠡᠯ᠂ ᠭᠡᠨᠡᠳᠲᠡ ᠶᠢᠨ ᠬᠦᠨᠳᠦ ᠶᠡᠭᠡ ᠡᠪᠡᠳᠴᠢᠨ ᠡᠮᠭᠡᠭ ᠲᠤ | ᠨᠡᠷᠪᠡᠭᠳᠡᠭᠰᠡᠨ ᠡᠰᠡᠬᠦᠯ᠎ᠡ ᠪᠤᠰᠤᠳ ᠤᠨᠴᠠᠭᠠᠢ ᠬᠦᠴᠢᠷᠲᠡᠶ᠂ ᠲᠦᠷ ᠴᠠᠭ ᠭᠡᠷ ᠪᠦᠯᠢ ᠶᠢᠨ ᠳᠡᠮᠵᠢᠯᠭᠡ | ᠤᠯᠬᠤ ᠦᠭᠡᠢ᠂ ᠦᠨᠳᠦᠰᠦᠨ ᠠᠮᠢᠳᠤᠷᠠᠯ ᠳᠤ ᠨᠢ ᠬᠦᠴᠢᠷᠳᠡᠯ ᠲᠤᠯᠭᠠᠷᠠᠬᠰᠠᠨ ᠬᠤᠪᠢ ᠬᠥᠮᠦᠨ ᠢ ᠵᠢᠭᠠᠵᠤ | ᠪᠠᠶᠢᠨ᠎ᠠ᠃ | ﹇ᠵᠠᠩ ᠳᠡᠳ᠋ ᠲᠣᠪᠴᠢᠶᠠᠨ ᠳᠠᠷᠤᠭ᠎ᠠ﹈ ᠲᠦᠷ ᠴᠠᠭ ᠤᠨ ᠠᠪᠤᠷᠠᠨ ᠲᠤᠰᠠᠯᠠᠮᠵᠢ ᠶᠢᠨ ᠭᠤᠶᠤᠴᠢᠯᠠᠯ | ᠭᠠᠷᠭᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠨᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠲᠠᠢ ᠦᠨᠳᠦᠰᠦᠨ ᠳᠡᠭᠡᠨ ᠠᠳᠠᠯᠢᠪᠲᠤᠷ᠂ ᠪᠠᠴᠢᠮ ᠪᠠᠶᠢᠳᠠᠯ ᠳᠤ ᠳᠠᠷᠤᠶ ᠲᠦᠷᠭᠡᠨ ᠠᠷᠭ᠎ᠠ | ᠬᠡᠮᠵᠢᠶ᠎ᠡ ᠠᠪᠴᠤ᠂ ᠬᠤᠬᠢᠷᠠᠯ ᠡᠭᠦᠰᠦᠭᠰᠡᠨ ᠢ ᠰᠡᠷᠭᠦᠭᠡᠨ ᠪᠤᠴᠠᠭᠠᠵᠦ ᠴᠢᠳᠠᠬᠤ ᠦᠭᠡᠢ ᠪᠤᠶᠤ ᠬᠦᠨᠳᠦ | ᠨᠣᠴᠢᠲᠠᠶ ᠦᠷ᠎ᠡ ᠳ᠋ᠦᠩ ᠭᠠᠷᠤᠬᠰᠠᠨ ᠢ ᠬᠤᠪᠢᠷᠠᠭᠤᠯᠵᠦ ᠴᠢᠳᠠᠬᠤ ᠦᠭᠡᠢ ᠪᠠᠶᠢᠳᠠᠯ ᠲᠤᠤᠷ᠎ᠠ ᠪᠠᠯᠭᠠᠰᠤᠨ ᠤ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠰᠢᠶᠠᠨ ᠤ ᠱᠠᠲᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠷᠢᠳᠠᠪᠠᠷ ᠠᠪᠤᠷᠠᠨ ᠲᠤᠰᠠᠯᠠᠨ᠎ᠠ᠃ ᠪᠠᠴᠢᠮ ᠪᠠᠶᠢᠳᠠᠯ | ᠥᠩᠭᠡᠷᠡᠭᠰᠡᠨ ᠤ ᠲᠠᠷᠠᠭ᠎ᠠ᠂ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠢ ᠨᠥᠬᠦᠵᠦ ᠬᠢᠬᠦ ᠬᠡᠷᠡᠭᠲᠡᠶ᠃ ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠪᠠᠷᠢᠮᠵᠢᠶ᠎ᠠ ᠲᠤᠬᠠᠶ | ᠶᠢᠨ ᠭᠠᠵᠠᠷ ᠤᠨ 1 – 6 ᠰᠠᠷ᠎ᠠ ᠶᠢᠨ ᠬᠤᠳᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠶᠢᠨ ᠪᠠᠷᠢᠮᠵᠢᠶ᠎ᠠ ᠪᠠᠷ ᠭᠦᠢᠴᠡᠳᠬᠡᠬᠦ ᠬᠡᠷᠡᠭᠲᠡᠶ᠃ | ﹇ᠬᠥᠲᠥᠯᠥᠭᠴᠢ﹈ ᠲᠠᠨ ᠤ ᠶᠠᠷᠢᠬᠰᠠᠨ ᠢ ᠰᠤᠨᠤᠰᠪᠠᠯ ᠮᠠᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ | ᠤᠨ ᠲᠦᠷᠦ ᠶᠢᠨ ᠪᠤᠳᠤᠯᠭ᠎ᠠ ᠶᠢᠨ ᠴᠢᠨᠠᠷ ᠮᠠᠰᠢ ᠴᠢᠩᠭ᠎ᠠ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ | ᠮᠠᠰᠢ ᠥᠷᠭᠡᠨ ᠪᠠᠶᠢᠨ᠎ᠠ᠃ ᠨᠡᠶᠢᠭᠡᠮ ᠤᠨ ᠨᠥᠯᠥᠭᠡᠯᠡᠬᠦ ᠬᠦᠴᠦᠨ ᠤ ᠲᠠᠯ᠎ᠠ ᠪᠠᠷ ᠵᠢᠯ ᠳᠠᠷᠠᠭᠠᠯᠠᠨ ᠨᠡᠮᠡᠭᠳᠡᠬᠦ | ᠳᠤ ᠢᠳᠡᠭᠡᠯ ᠲᠠᠢ ᠪᠠᠶᠢᠨ᠎ᠠ᠃ ᠮᠠᠨ ᠤ ᠨᠡᠶᠢᠭᠡᠮ ᠤᠨ ᠠᠪᠤᠷᠠᠨ ᠲᠤᠰᠠᠯᠠᠮᠵᠢ ᠶᠢᠨ ᠠᠵᠢᠯ ᠢ ᠨᠢᠭᠡᠨ | ᠰᠢᠰᠲ᠋ᠧᠮᠲᠦ ᠢᠨᠵᠧᠨᠧᠷᠢᠩ ᠮᠥᠨ ᠭᠡᠵᠦ ᠬᠡᠯᠡᠵᠦ ᠪᠣᠯᠤᠨ᠎ᠠ᠃ ᠥᠨᠥᠳᠦᠷ ᠲᠠᠨ ᠤ ᠡᠨᠡ ᠬᠦ ᠲᠠᠶᠢᠯᠦᠮᠵᠢ ᠪᠠᠷ | ᠲᠠᠮᠵᠢᠨ ᠮᠠᠨ ᠤ ᠰᠦᠯᠵᠢᠶᠡᠨ ᠤ ᠨᠠᠶᠢᠵᠠ ᠨᠠᠷ ᠨᠡᠶᠢᠭᠡᠮ ᠤᠨ ᠲᠤᠰᠠᠯᠠᠮᠵᠢ ᠶᠢᠨ ᠲᠠᠯ᠎ᠠ ᠶᠢᠨ ᠲᠥᠷᠥ ᠶᠢᠨ | ᠪᠤᠳᠣᠯᠭ᠎ᠠ ᠶᠢᠨ ᠲᠤᠬᠠᠢ ᠤᠶᠢᠯᠠᠭᠠᠯᠳᠠ ᠭᠦᠨ ᠪᠤᠯᠤᠬᠰᠠᠨ ᠪᠠᠶᠢᠬ᠎ᠠ᠃ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠮᠠᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠮᠠᠨ ᠤ ᠨᠡᠶᠢᠭᠡᠮ ᠤᠨ ᠠᠪᠤᠷᠠᠨ ᠲᠤᠰᠠᠯᠠᠮᠵᠢ ᠶᠢᠨ ᠠᠵᠢᠯ | ᠨᠡᠩ ᠵᠢᠷᠤᠮᠵᠢᠯ ᠲᠠᠢ᠂ ᠨᠡᠩ ᠲᠡᠭᠦᠰ ᠲᠡᠭᠦᠯᠳᠡᠷ᠂ ᠨᠡᠩ ᠴᠠᠭ ᠲᠤᠬᠠᠶ ᠳᠤᠨᠢ᠂ ᠦᠨᠡᠨ ᠬᠦ ᠲᠤᠰᠠᠯᠠᠮᠵᠢ | ᠴᠢᠬᠤᠯᠠᠲᠠᠶ ᠬᠦᠴᠢᠷᠳᠡᠯᠲᠡᠶ ᠤᠯᠠᠨ ᠲᠦᠮᠡᠨ ᠳᠤ ᠲᠤᠰᠠᠯᠠᠮᠵᠢ ᠥᠭᠬᠦ ᠪᠤᠯᠤᠨ᠎ᠠ᠃ ᠴᠠᠭ ᠤᠨ ᠬᠠᠷᠠᠭ᠎ᠠ ᠠᠴᠠ | ᠪᠤᠯᠵᠦ ᠮᠠᠨ ᠤ ᠦᠨᠦᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠶᠡ᠂ ᠲᠠᠬᠢᠨᠳᠠ ᠵᠠᠩ | ᠲᠤᠪᠴᠢᠶᠠᠨ ᠲᠠᠷᠤᠭ᠎ᠠ ᠳᠤ ᠪᠠᠶᠠᠷᠯᠠᠵᠦ ᠪᠠᠶᠢᠨ᠎ᠠ᠂ ᠪᠠᠰᠠ ᠰᠦᠯᠵᠢᠶᠡᠨ ᠤ ᠨᠠᠶᠢᠵᠠ ᠨᠠᠷ ᠤᠨ ᠢᠳᠡᠪᠬᠢᠳᠡᠢ | ᠤᠷᠤᠯᠴᠠᠬᠰᠠᠨ ᠳᠤ ᠪᠠᠶᠠᠷᠯᠠᠵᠦ ᠪᠠᠶᠢᠨ᠎ᠠ᠂ ᠪᠠᠶᠠᠷᠳᠠᠢ᠃ | ﹇ᠵᠠᠩ ᠳᠡᠳ᠋ ᠲᠣᠪᠴᠢᠶᠠᠨ ᠳᠠᠷᠤᠭ᠎ᠠ﹈ ᠬᠠᠮᠢᠶ᠎ᠠ ᠦᠭᠡᠢ᠂ ᠪᠠᠶᠠᠷᠲᠠᠶ︕ |