ᠬᠥᠮᠦᠨ ᠪᠦᠬᠦᠨ ᠢᠳᠡᠭᠡᠨ ᠪᠤᠯᠤᠨ ᠡᠮ ᠤᠨ ᠠᠮᠤᠷ ᠲᠦᠪᠰᠢᠨ ᠳᠤ ᠠᠩᠬᠠᠷᠤᠯ ᠲᠠᠯᠪᠢᠵᠦ᠂ ᠭᠡᠷ ᠪᠦᠯᠢ ᠪᠣᠯᠭᠠᠨ ᠵᠣᠯ ᠵᠢᠷᠭᠠᠯᠲᠤ ᠠᠮᠢᠳᠤᠷᠠᠯ ᠢ ᠡᠳ᠋ᠯᠡᠬᠦ
ᠨᠡᠶᠢᠲᠡᠯᠡᠭᠰᠡᠨ ᠴᠠᠭ᠄
2018/5/9
ᠰᠤᠷᠪᠤᠯᠵᠢᠯᠠᠭ᠎ᠠ ᠶᠢᠨ ᠨᠡᠷ᠎ᠡ᠄ ᠬᠥᠮᠦᠨ ᠪᠦᠬᠦᠨ ᠢᠳᠡᠭᠡᠨ ᠪᠤᠯᠤᠨ ᠡᠮ ᠤᠨ ᠠᠮᠤᠷ ᠲᠦᠪᠰᠢᠨ ᠳᠤ ᠠᠩᠬᠠᠷᠤᠯ ᠲᠠᠯᠪᠢᠵᠦ᠂ ᠭᠡᠷ ᠪᠦᠯᠢ ᠪᠣᠯᠭᠠᠨ ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠰᠤᠷᠪᠤᠯᠵᠢᠯᠠᠭᠰᠠᠨ ᠴᠠᠭ᠄  2018-05-08  08:27ᠰᠤᠷᠪᠤᠯᠵᠢᠯᠠᠭᠰᠠᠨ ᠵᠣᠴᠢᠨ᠄ ᠺᠠᠶᠢᠯᠦ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠲᠠᠯᠪᠢᠵᠦ ᠬᠠᠮᠢᠶᠠᠷᠠᠬᠤ ᠲᠤᠪᠴᠢᠶ᠎ᠠ ᠶᠢᠨ ᠲᠣᠪᠴᠢᠶᠠᠨ ᠳᠠᠷᠤᠭ᠎ᠠ ᠭᠤᠣ ᠶᠢᠩ ᠵᠢᠶᠦ᠋ᠨᠭᠤᠣᠯ ᠠᠭᠤᠯᠭ᠎ᠠ᠄ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠠᠶᠢᠬᠤ ᠡᠰᠡᠬᠦ ᠨᠢ ᠥᠷᠭᠡᠨ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠠᠢ ᠰᠢᠭᠤᠳ ᠬᠤᠯᠪᠤᠬᠳᠠᠵᠦ ᠪᠠᠶᠢᠳᠠᠭ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠥᠷᠭᠡᠨ ᠤᠯᠠᠨ ᠠᠷᠠᠳ ᠤᠯᠠᠨ ᠢ ᠡᠷᠡᠭᠦᠯ ᠢᠳᠡᠭᠡᠨ ᠤᠮᠳᠠᠭᠠᠨ᠂  ᠵᠦᠢ ᠵᠣᠬᠢᠰᠲᠠᠶ ᠪᠠᠷ ᠡᠮ ᠬᠡᠷᠡᠭᠯᠡᠬᠦ ᠲᠠᠯ᠎ᠠ ᠪᠠᠷ ᠬᠦᠳᠦᠯᠵᠦ᠂ ᠠᠰᠠᠭᠤᠳᠠᠯ ᠲᠠᠢ ᠪᠦᠲᠦᠭᠡᠭᠳᠡᠬᠦᠨ ᠢ ᠠᠷᠢᠯᠭᠠᠵᠦ᠂ ᠬᠠᠤᠯᠢ ᠪᠤᠰᠤ ᠪᠠᠷ ᠬᠤᠳᠠᠯᠳᠤᠭᠴᠢ ᠶᠢ ᠬᠠᠤᠯᠢ ᠶᠤᠰᠤᠭᠠᠷ ᠰᠢᠢᠳᠭᠡᠵᠦ᠂ ᠬᠡᠷᠡᠭᠯᠡᠭᠴᠢᠳ ᠤᠨ ᠬᠤᠳᠠᠯᠳᠤᠨ ᠠᠪᠬᠤ ᠳᠤ ᠰᠠᠨᠠᠭ᠎ᠠ ᠠᠮᠤᠷ᠂ ᠬᠡᠷᠡᠭᠯᠡᠬᠦ ᠳᠤ ᠠᠮᠤᠷ ᠲᠦᠪᠰᠢᠨ ᠪᠠᠶᠢᠯᠭᠠᠬᠤ ᠶᠢᠨ ᠲᠥᠯᠦᠭᠡ ᠪᠢᠳᠠ ᠬᠠᠮᠲᠤ ᠪᠠᠷ ᠴᠢᠷᠮᠠᠶᠢᠬᠤ ᠬᠡᠷᠡᠭᠲᠡᠶ᠃
﹇ᠬᠥᠲᠥᠯᠥᠭᠴᠢ﹈ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ ᠰᠦᠯᠵᠢᠶᠡᠨ ᠰᠤᠷᠪᠤᠯᠵᠢᠯᠠᠭ᠎ᠠ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠮᠠᠨ ᠤ ᠤᠷᠢᠭᠰᠠᠨ ᠵᠣᠴᠢᠨ ᠪᠣᠯ ᠺᠠᠶᠢᠯᠦ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠲᠠᠯᠪᠢᠵᠦ ᠬᠠᠮᠢᠶᠠᠷᠠᠬᠤ ᠲᠤᠪᠴᠢᠶ᠎ᠠ ᠶᠢᠨ ᠲᠣᠪᠴᠢᠶᠠᠨ ᠳᠠᠷᠤᠭ᠎ᠠ ᠭᠤᠣ ᠶᠢᠩ ᠵᠢᠶᠦ᠋ᠨ ᠪᠤᠯᠤᠨ᠎ᠠ᠃ ᠭᠤᠣ ᠲᠣᠪᠴᠢᠶᠠᠨ ᠳᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕ ᠲᠤᠰ ᠬᠤᠭᠤᠴᠠᠭᠠᠨ ᠳᠤ ᠪᠢᠳᠡ ᠮᠠᠨ ᠤ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠰᠡᠳᠦᠪ ᠢᠶᠠᠷ ᠭᠤᠤᠯᠯᠠᠵᠦ᠂ ᠶᠠᠮᠠᠷ ᠠᠰᠠᠭᠤᠵᠦ ᠰᠤᠷᠬᠤ ᠵᠤᠶᠢᠯ ᠪᠠᠶᠢᠪᠠᠯ ᠭᠤᠣ ᠲᠣᠪᠴᠢᠶᠠᠨ ᠳᠠᠷᠤᠭ᠎ᠠ ᠲᠠᠢ ᠶᠠᠷᠢᠯᠴᠠᠵᠦ ᠪᠤᠯᠤᠨ᠎ᠠ᠃ ᠰᠦᠯᠵᠢᠶᠡᠨ ᠤ ᠨᠠᠶᠢᠵᠠ ᠭᠤᠤ ᠲᠣᠪᠴᠢᠶᠠᠨ ᠳᠠᠷᠤᠭ᠎ᠠ ᠠᠴᠠ ᠭᠡᠷ ᠲᠤ ᠬᠡᠷᠡᠭᠯᠡᠵᠦ ᠪᠠᠶᠢᠬᠰᠠᠨ ᠬᠤᠭᠤᠴᠠᠭ᠎ᠠ ᠥᠩᠭᠡᠷᠡᠭᠰᠡᠨ ᠡᠮ ᠢ ᠬᠡᠷᠬᠢᠨ ᠰᠢᠶᠳᠪᠦᠷᠢᠯᠡᠬᠦ ᠪᠤᠢ︖ ᠲᠤᠰᠬᠠᠶ ᠬᠤᠷᠢᠶᠠᠨ ᠠᠪᠬᠤ ᠪᠠᠶᠢᠭᠤᠯᠤᠮᠵᠢ ᠪᠠᠶᠢᠬᠤ ᠤᠤ︖ ᠭᠡᠵᠦ ᠠᠰᠠᠭᠤᠵᠦ ᠪᠠᠶᠢᠨ᠎ᠠ᠃﹇ᠭᠤᠤ ᠲᠣᠪᠴᠢᠶᠠᠨ ᠳᠠᠷᠤᠭ᠎ᠠ﹈ ᠰᠦᠯᠵᠢᠶᠡᠨ ᠤ ᠨᠠᠶᠢᠵᠠ ᠶᠢᠨ ᠳᠤᠷᠠᠳᠤᠭᠰᠠᠨ ᠭᠡᠷ ᠪᠦᠯᠢ ᠶᠢᠨ ᠬᠤᠭᠤᠴᠠᠭ᠎ᠠ ᠥᠩᠭᠡᠷᠡᠭᠰᠡᠨ ᠡᠮ ᠢ ᠬᠡᠷᠬᠢᠨ ᠰᠢᠶᠳᠪᠦᠷᠢᠯᠡᠬᠦ ᠠᠰᠠᠭᠤᠳᠠᠯ ᠳᠤ᠂ ᠪᠢᠳᠡ ᠡᠶᠢᠮᠦᠷᠬᠦ ᠪᠠᠶᠢᠳᠠᠯ ᠳᠤ ᠶᠠᠭ ᠰᠠᠶᠢᠬᠠᠨ ᠵᠢᠷᠦᠮᠵᠢᠯ ᠬᠢᠵᠦ ᠪᠤᠢ᠂ ᠮᠠᠨ ᠤ ᠲᠣᠪᠴᠢᠶ᠎ᠠ ᠣᠳᠣ ᠨᠢᠭᠡᠨᠲᠡ ᠠᠷᠪᠠᠨ ᠡᠮ ᠤᠨ ᠲᠡᠯᠭᠡᠭᠦᠷ ᠢ ᠭᠡᠷ ᠪᠦᠯᠢ ᠤᠨ ᠬᠤᠭᠤᠴᠠᠭ᠎ᠠ ᠥᠩᠭᠡᠷᠡᠭᠰᠡᠨ ᠡᠮ ᠢ ᠬᠤᠷᠢᠶᠠᠨ ᠠᠪᠬᠤ ᠪᠠᠷ ᠵᠢᠭᠠᠨ ᠲᠤᠬᠳᠠᠭᠠᠵᠦ᠂ ᠲᠤᠰᠬᠠᠶ ᠬᠥᠮᠦᠨ ᠲᠤᠰᠬᠠᠶ ᠳᠠᠩᠰᠠᠨ ᠤ ᠬᠠᠷᠢᠭᠤᠴᠠᠯᠭᠠᠳᠠᠨ ᠠᠴᠠ ᠲᠠᠩᠰᠠᠯᠠᠨ ᠲᠡᠮᠳᠡᠭᠯᠡᠬᠦ ᠪᠠ ᠬᠠᠳᠠᠭᠠᠯᠠᠵᠤ᠂ ᠬᠠᠮᠤᠭ ᠰᠡᠭᠦᠯ ᠳᠤᠨᠢ ᠢᠳᠡᠭᠡᠨ ᠤ ᠵᠦᠶᠯ ᠡᠮ ᠤᠨ ᠵᠦᠶᠯ ᠤᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠦ ᠨᠢᠭᠡᠳᠦᠯᠲᠡᠶ ᠪᠠᠷ ᠤᠰᠠᠳᠬᠠᠵᠤ ᠬᠠᠶᠠᠨ᠎ᠠ᠃ ᠬᠡᠷᠪᠡ ᠡᠮ ᠤᠨ ᠳᠡᠯᠭᠡᠭᠦᠷ ᠬᠤᠭᠤᠴᠠᠭ᠎ᠠ ᠥᠩᠭᠡᠷᠡᠭᠰᠡᠨ ᠡᠮ ᠢ ᠬᠤᠳᠠᠯᠳᠤᠵᠦ ᠪᠠᠶᠢᠬᠤ ᠶᠢ ᠤᠯᠵᠦ ᠮᠡᠳᠡᠪᠡᠯ ᠴᠢᠩᠭ᠎ᠠ ᠰᠢᠢᠳᠭᠡᠯ ᠬᠢᠵᠦ᠂ ᠬᠤᠭᠤᠴᠠᠭ᠎ᠠ ᠦᠩᠭᠡᠷᠡᠭᠰᠡᠨ ᠡᠮ ᠤᠨ ᠵᠦᠢᠯ ᠢ ᠬᠤᠷᠢᠶᠠᠨ ᠠᠪᠴᠤ ᠲᠦᠪᠯᠡᠷᠡᠭᠦᠯᠦᠨ ᠣᠰᠠᠳᠬᠠᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃﹇ᠬᠥᠲᠥᠯᠥᠭᠴᠢ﹈ ᠶᠡᠷᠦ ᠳᠡᠭᠡᠨ ᠪᠢᠳᠡ ᠰᠠᠨᠠᠭ᠎ᠠ ᠠᠮᠦᠷ ᠤᠨ ᠡᠭᠦᠳᠡᠨ ᠠᠴᠠ ᠲᠤᠮᠦ ᠬᠡᠳᠦ ᠳᠡᠯᠭᠡᠭᠦᠷ ᠲᠤ ᠣᠴᠢᠵᠦ ᠶᠠᠭᠤᠮ᠎ᠠ ᠬᠤᠳᠠᠯᠳᠤᠨ ᠠᠪᠳᠠᠭ᠂ ᠭᠡᠬᠦ ᠳᠤ ᠤᠳᠤ ᠬᠡᠳᠦ ᠳᠡᠯᠭᠡᠭᠦᠷ ᠪᠠᠰᠠ ᠡᠳᠦᠶ ᠲᠡᠳᠦᠶ ᠵᠢᠵᠢᠭ ᠦᠢᠯᠡᠳᠬᠡᠯ ᠤᠨ ᠤᠶᠢᠯᠡᠳᠪᠤᠷᠢᠯᠡᠭᠰᠡᠨ ᠲᠠᠸᠠᠷ ᠢ ᠪᠣᠷᠣᠯᠠᠭᠤᠯᠵᠤ ᠪᠠᠶᠢᠨ᠎ᠠ᠃ ᠲᠠᠨ ᠤ ᠦᠵᠡᠬᠦ ᠪᠠᠷ ᠬᠡᠳᠦ ᠳᠡᠯᠭᠡᠭᠦᠷ ᠤᠨ ᠡᠶᠢᠮᠦᠷᠬᠦ ᠦᠢᠯᠡ ᠠᠵᠢᠯᠯᠠᠭ᠎ᠠ ᠳᠤ ᠴᠢᠭᠯᠡᠭᠦᠯᠵᠦ ᠶᠠᠮᠠᠷ ᠠᠷᠭ᠎ᠠ ᠠᠪᠴᠠᠯ ᠠᠪᠬᠤ ᠤᠤ︖ ᠬᠡᠷᠪᠡ ᠬᠡᠳᠦ ᠳᠡᠯᠭᠡᠭᠦᠷ ᠪᠠᠰᠠ ᠢᠩᠭᠢᠵᠦ ᠬᠢᠪᠠᠯ ᠪᠢᠳᠡ ᠰᠠᠨᠠᠭ᠎ᠠ ᠠᠮᠤᠷ ᠪᠠᠶᠢᠵᠦ ᠲᠡᠶᠢᠯᠦᠨ᠎ᠡ ᠤᠤ︖ ᠭᠡᠵᠦ ᠰᠦᠯᠵᠢᠶᠡᠨ ᠤ ᠨᠠᠶᠢᠵᠠ ᠠᠰᠠᠭᠤᠵᠦ ᠪᠠᠶᠢᠨ᠎ᠠ᠃ ᠰᠦᠯᠵᠢᠶᠡᠨ ᠤ ᠨᠠᠶᠢᠵᠠ ᠶᠢᠨ ᠳᠤᠷᠠᠳᠤᠭᠰᠠᠨ ᠡᠨᠡ ᠠᠰᠠᠭᠤᠳᠠᠯ ᠪᠣᠯ ᠤᠳᠤ ᠬᠡᠷᠬᠢᠨ ᠢᠳᠡᠭᠡᠨ ᠤ ᠭᠦᠢᠯᠭᠡᠭᠡᠨ ᠤ ᠵᠠᠮ ᠤᠨ ᠠᠮᠤᠷ ᠲᠦᠪᠰᠢᠨ ᠢ ᠪᠠᠲᠤᠯᠠᠬᠤ᠂ ᠲᠠᠷᠤᠢ ᠬᠡᠳᠦ ᠳᠡᠯᠭᠡᠭᠦᠷ ᠳᠣᠲᠣᠷᠠᠬᠢ ᠢᠳᠡᠭᠡᠨ ᠢ ᠶᠠᠭᠠᠬᠢᠪᠠᠯ ᠨᠡᠩ ᠠᠮᠤᠷ ᠲᠦᠪᠰᠢᠨ᠂ ᠨᠡᠩ ᠰᠠᠨᠠᠭ᠎ᠠ ᠠᠮᠤᠷ  ᠪᠠᠶᠢᠯᠭᠠᠬᠤ ᠪᠤᠢ︖﹇ᠭᠤᠤ ᠲᠣᠪᠴᠢᠶᠠᠨ ᠳᠠᠷᠤᠭ᠎ᠠ﹈ ᠲᠤᠰ ᠬᠡᠷᠡᠭᠯᠡᠭᠴᠢᠳ ᠤᠨ ᠳᠤᠷᠠᠳᠤᠭᠰᠠᠨ ᠡᠨᠡ ᠠᠰᠠᠭᠤᠳᠠᠯ ᠪᠣᠯ ᠮᠥᠨ ᠴᠦ ᠨᠢᠭᠡᠨ ᠪᠣᠳᠠᠲᠠᠶ ᠪᠠᠶᠢᠳᠠᠯ ᠮᠦᠨ᠂ ᠮᠠᠨ ᠤ ᠤᠳᠤ ᠶᠢᠨ ᠵᠠᠷᠢᠮ ᠬᠡᠳᠦ ᠳᠡᠯᠭᠡᠭᠦᠷ ᠠᠵᠤ ᠠᠬᠤᠶ ᠶᠢᠨ ᠦᠷ᠎ᠡ ᠠᠰᠢᠭ ᠢᠶᠠᠨ ᠲᠡᠭᠡᠭᠰᠢᠯᠡᠭᠦᠯᠵᠦ᠂ ᠡᠵᠡᠩᠨᠡᠨ ᠪᠣᠷᠣᠯᠠᠭᠤᠯᠬᠤ ᠬᠡᠪᠴᠢᠶ᠎ᠡ ᠪᠠᠨ ᠦᠷᠭᠡᠳᠭᠡᠬᠦ ᠶᠢᠨ ᠲᠥᠯᠦᠭᠡ ᠵᠠᠷᠢᠮ ᠵᠥᠪᠰᠢᠶᠡᠷᠡᠭᠦᠯᠦᠭᠰᠡᠨ ᠦᠭᠡᠢ ᠪᠤᠶᠤ ᠵᠢᠷᠤᠮᠵᠢᠭᠤᠨ ᠪᠤᠰᠤ ᠦᠢᠯᠡᠳᠬᠦᠨ ᠢ ᠣᠷᠣᠭᠤᠯᠵᠤ ᠪᠤᠷᠤᠯᠠᠭᠤᠯᠵᠦ ᠪᠠᠶᠢᠨ᠎ᠠ᠂ ᠲᠠᠨ ᠤ ᠳᠤᠷᠠᠳᠤᠭᠰᠠᠨ ᠡᠶᠢᠮᠦᠷᠬᠦ ᠮᠡᠳᠦ ᠶᠢᠨ ᠠᠰᠠᠭᠤᠳᠠᠯ ᠳᠤ ᠪᠢᠳᠡ ᠬᠢᠨᠠᠮᠠᠭᠠᠶ ᠵᠣᠬᠢᠶᠠᠨ ᠪᠠᠶᠢᠭᠤᠯᠵᠦ ᠪᠠᠶᠢᠴᠠᠭᠠᠯᠳᠠ ᠬᠢᠵᠦ᠂ ᠠᠰᠠᠭᠤᠳᠠᠯ ᠣᠷᠣᠰᠢᠵᠦ ᠪᠠᠶᠢᠪᠠᠯ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠮᠠᠨ ᠤ ᠰᠢᠶᠠᠨ ᠤ ᠲᠤᠮᠤ ᠬᠡᠯᠪᠡᠷᠢ ᠶᠢᠨ ᠬᠡᠳᠦ ᠳᠡᠯᠭᠡᠭᠦᠷ ᠨᠡᠯᠢᠶᠡᠳ ᠵᠢᠷᠤᠮᠵᠢᠭᠰᠠᠨ᠂ ᠭᠡᠪᠡᠴᠦ ᠣᠨᠴᠠ ᠵᠠᠷᠢᠮ ᠳᠡᠯᠭᠡᠭᠦᠷ ᠲᠤ ᠬᠠᠤᠯᠢ ᠲᠦᠷᠢᠮ ᠢ ᠵᠦᠷᠢᠴᠡᠭᠰᠡᠨ ᠪᠠᠶᠢᠳᠠᠯ ᠣᠷᠣᠰᠢᠵᠤ ᠪᠠᠶᠢᠨ᠎ᠠ᠃ ᠡᠨᠡ ᠪᠠᠶᠢᠳᠠᠯ ᠳᠤ ᠪᠢᠳᠡ ᠪᠠᠰᠠ ᠰᠢᠢᠳᠭᠡᠯ ᠬᠢᠵᠦ ᠥᠩᠭᠡᠷᠡᠭᠰᠡᠨ᠂ ᠡᠭᠦᠨ ᠳᠤ ᠲᠤᠮᠤ ᠬᠡᠯᠪᠡᠷᠢ ᠶᠢᠨ ᠬᠤᠯᠪᠣᠯᠳᠤᠭᠰᠠᠨ ᠬᠡᠳᠦ ᠳᠡᠯᠭᠡᠭᠦᠷ ᠪᠠᠰᠠ ᠪᠤᠢ᠃ ᠬᠤᠶᠢᠰᠢᠳᠠ ᠪᠢᠳᠡ ᠦᠷᠭᠦᠯᠵᠢᠯᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠬᠤᠳᠠᠯᠳᠤᠭᠠᠴᠢᠨ ᠢ ᠰᠢᠢᠳᠭᠡᠬᠦ ᠪᠤᠯᠤᠨ᠎ᠠ᠃﹇ᠬᠥᠲᠥᠯᠥᠭᠴᠢ﹈ ᠵᠤᠨ ᠤ ᠴᠠᠭ ᠪᠣᠯᠬᠤ ᠪᠦᠷᠢ ᠵᠠᠳᠠᠭᠠᠢ ᠬᠤᠭᠤᠯᠠᠨ ᠭᠡᠷ᠂ ᠰᠢᠷᠠᠮᠠᠯ ᠢᠳᠡᠭᠡᠨ ᠤ ᠬᠠᠯᠠᠭᠤᠷᠠᠯ ᠡᠬᠢᠯᠡᠳᠡᠭ᠃ ᠬᠠᠶᠠ ᠵᠠᠷᠢᠮ ᠰᠢᠷᠠᠮᠠᠯ ᠢᠳᠡᠭᠡᠨ ᠳᠠᠬᠢ ᠬᠤᠨᠢᠨ ᠮᠢᠬ᠎ᠠ ᠬᠠᠭᠤᠷᠮᠠᠭ ᠬᠤᠯᠢᠰᠢ ᠲᠠᠢ ᠬᠡᠷᠡᠭ ᠭᠠᠷᠤᠬᠰᠠᠨ ᠢ ᠰᠤᠨᠤᠰᠳᠠᠭ᠂ ᠲᠡᠯᠭᠡᠭᠦᠷ ᠠᠴᠠ ᠬᠤᠳᠠᠯᠳᠤᠵᠦ ᠠᠪᠤᠬᠰᠠᠨ ᠮᠢᠬᠠᠨ ᠳᠤ ᠡᠶᠢᠮᠦᠷᠬᠦ ᠬᠤᠳᠠᠯ ᠬᠠᠭᠤᠷᠮᠠᠭ ᠵᠤᠶᠢᠯ ᠪᠠᠰᠠ ᠪᠠᠶᠢᠬᠤ ᠠᠴᠠ ᠠᠶᠤᠵᠦ ᠪᠢᠳᠡ ᠶᠡᠬᠡᠳᠡ ᠰᠠᠨᠠᠭ᠎ᠠ ᠵᠤᠪᠠᠵᠦ ᠪᠠᠶᠢᠭ᠎ᠠ᠂ ᠲᠡᠭᠡᠪᠡᠯ ᠮᠢᠬᠠᠨ ᠤ ᠲᠦᠷᠦᠯ ᠢ ᠬᠡᠷᠬᠢᠨ ᠪᠠᠶᠢᠴᠠᠭᠠᠵᠦ ᠪᠠᠶᠢᠬᠤ ᠪᠤᠢ︖ ᠰᠤᠭᠤᠴᠠᠨ ᠪᠠᠶᠢᠴᠠᠭᠠᠵᠦ ᠪᠠᠶᠢᠨ᠎ᠠ ᠤᠤ︖  ᠭᠡᠵᠦ ᠰᠦᠯᠵᠢᠶᠡᠨ ᠤ ᠨᠠᠶᠢᠵᠠ ᠠᠴᠠ ᠠᠰᠠᠭᠤᠵᠦ ᠪᠠᠶᠢᠨ᠎ᠠ᠃﹇ᠭᠤᠤ ᠲᠣᠪᠴᠢᠶᠠᠨ ᠳᠠᠷᠤᠭ᠎ᠠ﹈ ᠮᠢᠬᠠᠨ ᠤ ᠲᠦᠷᠦᠯ ᠳᠤ ᠬᠤᠯᠢᠰᠢ ᠪᠠᠶᠢᠬᠤ ᠡᠨᠡ ᠶᠠᠪᠤᠳᠠᠯ ᠤᠳᠤ ᠬᠡᠷᠡᠭᠯᠡᠭᠡᠨ ᠤ ᠣᠷᠴᠢᠨ ᠲᠣᠭᠤᠷᠢᠨ ᠨᠡᠯᠢᠶᠡᠳ ᠪᠤᠳᠤᠯᠢᠶᠠᠨᠲᠠᠶ᠂ ᠬᠠᠩᠭᠠᠯᠭ᠎ᠠ ᠶᠢᠨ ᠵᠠᠮ ᠴᠦ ᠪᠠᠰᠠ ᠲᠦᠢᠯ ᠤᠨ ᠪᠤᠳᠤᠯᠢᠶᠠᠨᠲᠠᠶ᠂ ᠬᠡᠷᠡᠭᠯᠡᠭᠴᠢᠳ ᠪᠠᠰᠠ ᠣᠯᠠᠨ ᠳᠠᠪᠬᠤᠷᠭ᠎ᠠ ᠶᠢᠨ ᠪᠠᠶᠢᠨ᠎ᠠ᠃ ᠡᠶᠢᠮᠦ ᠠᠴᠠ ᠪᠢᠳᠡᠨ ᠤ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠠᠩ ᠶᠡᠭᠡ ᠪᠠᠷ ᠬᠢᠨᠠᠨ ᠬᠠᠮᠢᠶᠠᠷᠬᠤ ᠡᠷᠴᠢᠮ ᠢᠶᠠᠨ ᠨᠡᠮᠡᠭᠳᠡᠭᠦᠯᠵᠦ᠂ ᠲᠤᠬᠢᠶᠠᠯᠳᠤᠯ ᠢᠶᠠᠷ ᠦᠯᠢᠭᠡᠷ ᠮᠠᠶ᠋ᠢᠭ ᠠᠪᠴᠦ ᠪᠠᠶᠢᠴᠠᠭᠠᠨ ᠬᠡᠮᠵᠢᠨ᠎ᠡ᠃ ᠦᠷᠭᠡᠨ ᠤᠯᠠᠨ ᠠᠷᠠᠳ ᠲᠦᠮᠡᠨ ᠬᠡᠷᠪᠡ ᠡᠶᠢᠮᠦᠷᠬᠦ ᠠᠰᠠᠭᠤᠳᠠᠯ ᠪᠠᠶᠢᠬᠤ ᠶᠢ ᠣᠯᠵᠤ ᠮᠡᠳᠡᠪᠡᠯ ᠮᠠᠨ ᠲᠠᠢ ᠬᠠᠮᠳᠤᠪᠠᠷ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠢᠩᠭ᠎ᠠ ᠪᠠᠶᠢᠴᠠᠭᠠᠨ ᠰᠢᠢᠳᠪᠤᠷᠢᠯᠡᠬᠦ ᠶᠢ ᠬᠦᠰᠡᠵᠦ ᠪᠠᠶᠢᠨ᠎ᠠ᠃ ᠬᠡᠷᠪᠡ ᠠᠰᠠᠭᠤᠳᠠᠯ ᠣᠷᠣᠰᠢᠵᠦ ᠪᠠᠶᠢᠪᠠᠯ ᠮᠠᠨ ᠤ ᠵᠠᠭᠠᠯᠳᠤᠯᠭ᠎ᠠ ᠶᠢᠨ ᠣᠳᠠᠰᠤ 12331 ᠳᠤ ᠣᠳᠠᠰᠦ ᠢᠷᠡᠭᠦᠯᠵᠦ ᠢᠯᠡᠴᠢᠯᠡᠨ ᠮᠡᠳᠡᠭᠦᠯᠵᠦ ᠪᠤᠯᠤᠨ᠎ᠠ ᠂ ᠪᠢᠳᠡ ᠴᠠᠭ ᠲᠤᠬᠠᠶ ᠳᠤᠨᠢ ᠪᠠᠶᠢᠴᠠᠭᠠᠨ ᠰᠢᠢᠳᠪᠤᠷᠢᠯᠡᠨ᠎ᠡ᠃﹇ᠬᠥᠲᠥᠯᠥᠭᠴᠢ﹈ ᠤᠳᠦ ᠵᠠᠷᠢᠮ ᠰᠤᠯᠠ ᠢᠳᠡᠭᠡᠨ ᠳᠡᠯᠭᠡᠭᠦᠷ ᠤᠨ ᠠᠳᠠᠯᠢ ᠪᠤᠰᠤ ᠯᠠᠩᠭᠦᠶ ︵ᠬᠤᠷᠭᠤ︶ ᠳᠤ ᠲᠠᠯᠪᠢᠬᠳᠠᠵᠦ ᠪᠠᠶᠢᠨ᠎ᠠ᠂ ᠵᠢᠱᠢᠶᠡᠯᠡᠭᠡᠳ ᠶᠠᠷᠢᠪᠠᠯ ᠶᠠᠮᠠᠷ ᠠᠮᠲᠠ ᠣᠷᠣᠭᠤᠯᠬᠤ ᠡᠳ᠋᠂ ᠲᠠᠪᠤᠨ ᠲᠠᠷᠢᠶ᠎ᠠ ᠶᠢᠨ ᠲᠠᠷᠢᠮᠠᠯ ᠠᠮᠤ ᠤᠨ ᠲᠦᠷᠦᠯ ᠤᠳ᠃ ᠲᠡᠭᠡᠪᠡᠯ ᠡᠨᠡ ᠬᠦ ᠬᠢᠨᠠᠨ ᠬᠠᠮᠢᠶᠠᠷᠤᠯᠳᠠ ᠶᠢᠨ ᠲᠠᠯ᠎ᠠ ᠪᠠᠷ ᠬᠡᠷᠬᠢᠨ ᠲᠣᠭᠲᠠᠭᠠᠭᠰᠠᠨ ᠪᠤᠢ︖ ﹇ᠭᠤᠣ ᠲᠣᠪᠴᠢᠶᠠᠨ ᠳᠠᠷᠤᠭ᠎ᠠ﹈ ᠰᠤᠯᠠ ᠢᠳᠡᠭᠡᠨ ᠨᠢ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠵᠤ ᠪᠣᠯᠤᠨ᠎ᠠ᠂ ᠤᠴᠢᠷ ᠨᠢ ᠮᠠᠰᠢ ᠠᠷᠪᠢᠨ ᠢᠳᠡᠰᠢᠨ ᠨᠣᠭᠤᠭ᠎ᠠ᠂ ᠪᠠᠭ᠎ᠠ ᠲᠠᠷᠢᠮᠠᠯ ᠠᠮᠤ ᠤᠳ ᠤᠨ ᠠᠷᠪᠢᠨ ᠨᠢ ᠰᠢᠭᠤᠳ ᠪᠤᠷᠤᠯᠠᠭᠤᠯᠵᠦ ᠪᠤᠯᠳᠠᠭ᠃ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠯᠤᠬᠰᠠᠨ ᠤ ᠬᠤᠪᠢ ᠳᠤ᠂ ᠵᠠᠬ᠎ᠠ ᠳᠡᠯᠭᠡᠭᠦᠷ ᠳᠡᠭᠡᠷ᠎ᠡ ᠲᠤᠬᠢᠶᠠᠯᠳᠤᠯ ᠢᠶᠠᠷ ᠰᠤᠭᠤᠴᠠᠨ ᠪᠠᠶᠢᠴᠠᠭᠠᠬᠤ ᠪᠠᠷ ᠲᠠᠮᠵᠢᠨ ᠡᠳᠡᠬᠡᠷ ᠢᠳᠡᠭᠡᠨ ᠤ ᠶᠠᠰᠤ ᠴᠢᠨᠠᠷ ᠠᠮᠤᠷ ᠲᠦᠪᠰᠢᠨ ᠤ ᠠᠰᠠᠭᠤᠳᠠᠯ ᠢ ᠬᠢᠵᠠᠭᠠᠷᠯᠠᠵᠤ ᠪᠠᠶᠢᠳᠠᠭ᠃ ﹇ᠬᠥᠲᠥᠯᠥᠭᠴᠢ﹈ ᠡᠳᠡᠭᠡᠷ ᠪᠤᠷᠤᠯᠠᠭᠤᠯᠵᠦ ᠪᠠᠶᠢᠭ᠎ᠠ ᠢᠳᠡᠭᠡᠨ ᠳᠤ ᠲᠤᠬᠢᠶᠠᠯᠳᠤᠯ ᠢᠶᠠᠷ ᠰᠤᠭᠤᠴᠠᠨ ᠪᠠᠶᠢᠴᠠᠭᠠᠯᠳᠠ ᠬᠢᠳᠡᠭ ᠤᠤ︖ ﹇ᠭᠤᠣ ᠲᠣᠪᠴᠢᠶᠠᠨ ᠳᠠᠷᠤᠭ᠎ᠠ﹈ ᠲᠡᠶᠢᠮᠦ ᠡ᠂ ᠲᠤᠬᠢᠶᠠᠯᠳᠤᠯ ᠢᠶᠠᠷ ᠰᠤᠭᠤᠴᠠᠨ ᠪᠠᠶᠢᠴᠠᠭᠠᠳᠠᠭ᠃ 2017 ᠣᠨ ᠤ ᠪᠦᠬᠦ ᠵᠢᠯ ᠳᠤ ᠨᠡᠶᠢᠲᠡ 1640 ᠪᠦᠯᠦᠭ ᠣᠳᠠᠭ᠎ᠠ ᠢᠳᠡᠭᠡᠨ ᠤ ᠰᠤᠭᠤᠴᠠᠨ ᠪᠠᠶᠢᠴᠠᠭᠠᠯᠳᠠ ᠶᠢ ᠬᠢᠪᠡ᠃ ᠡᠭᠦᠨ ᠳᠤ 11 ᠪᠦᠯᠦᠭ ᠤᠳᠠᠭ᠎ᠠ ᠬᠢᠷᠢ ᠲᠡᠩᠴᠡᠭᠰᠡᠨ ᠦᠭᠡᠢ ᠪᠠᠶᠢᠵᠦ᠂ ᠬᠢᠷᠢ ᠲᠡᠩᠴᠡᠭᠰᠡᠨ ᠨᠤᠷᠮ᠎ᠠ ᠨᠢ 99.3% ᠳᠤ ᠬᠦᠷᠪᠡ᠃ ᠢᠳᠡᠭᠡᠨ ᠤ ᠠᠮᠤᠷ ᠲᠠᠪᠰᠢᠨ ᠤ ᠲᠦᠷᠭᠡᠨ ᠪᠠᠶᠢᠴᠠᠭᠠᠯᠳᠠ ᠶᠢ 4121 ᠪᠦᠯᠦᠭ ᠤᠳᠠᠭ᠎ᠠ ᠬᠢᠵᠦ᠂ 4 ᠪᠦᠯᠦᠭ ᠤᠳᠠᠭ᠎ᠠ ᠬᠢᠷᠢ ᠲᠡᠩᠴᠡᠭᠰᠡᠨ ᠦᠭᠡᠢ ᠪᠠᠶᠢᠵᠦ᠂ ᠬᠢᠷᠢ ᠲᠡᠩᠴᠡᠭᠰᠡᠨ ᠨᠤᠷᠮ᠎ᠠ ᠨᠢ 99.3% ᠳᠤ ᠬᠦᠷᠪᠡ᠃ ᠡᠮ ᠤᠨ ᠵᠦᠢᠯ ᠤᠨ ᠰᠤᠭᠤᠴᠠᠨ ᠪᠠᠶᠢᠴᠠᠭᠠᠯᠳᠠ ᠶᠢ 66 ᠪᠦᠯᠦᠭ ᠤᠳᠠᠭ᠎ᠠ ᠪᠡᠶᠡᠯᠡᠭᠦᠯᠵᠦ᠂ ᠡᠭᠦᠨ ᠤ ᠳᠣᠲᠣᠷ᠎ᠠ 2 ᠪᠦᠯᠦᠭ ᠤᠳᠠᠭ᠎ᠠ ᠬᠢᠷᠢ ᠲᠡᠩᠴᠡᠭᠰᠡᠨ ᠦᠭᠡᠶ᠂ ᠬᠢᠷᠢ ᠲᠡᠩᠴᠡᠭᠰᠡᠨ ᠨᠣᠷᠮ᠎ᠠ 97.0% ᠳᠤ ᠬᠦᠷᠪᠡ᠃  ﹇ᠬᠥᠲᠥᠯᠥᠭᠴᠢ﹈ ᠵᠠᠷᠢᠮ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠭᠡᠬᠦ ᠲᠠᠯ᠎ᠠ ᠪᠠᠷ ᠬᠡᠲᠦᠷᠬᠡᠶ ᠬᠦᠩᠭᠡᠠ ᠪᠠᠶᠢᠨ᠎ᠠ᠃ ᠰᠢᠶᠳᠬᠡᠯ ᠢᠶᠠᠨ ᠬᠦᠨᠳᠦᠷᠡᠭᠦᠯᠵᠦ ᠪᠠᠶᠢᠭᠠᠳ ᠵᠠᠷᠢᠮ ᠮᠠᠭᠤ ᠰᠤᠷᠲᠠᠯ ᠢ ᠴᠡᠭᠴᠡᠯᠡᠨ ᠵᠠᠰᠠᠪᠠᠯ ᠵᠤᠬᠢᠰᠳᠠᠢ ᠪᠠᠶᠢᠬᠤ ᠤᠤ︖﹇ᠭᠤᠣ ᠲᠣᠪᠴᠢᠶᠠᠨ ᠳᠠᠷᠤᠭ᠎ᠠ﹈  ᠲᠣᠰ ᠰᠠᠨᠠᠭᠤᠯᠭ᠎ᠠ ᠶᠢ ᠲᠤᠩ ᠰᠠᠶᠢᠬᠠᠨ ᠤᠷᠠᠳᠤᠬᠰᠠᠨ ᠪᠠᠶᠢᠨ᠎ᠠ᠂ ᠢᠳᠡᠭᠡᠨ ᠤ ᠵᠤᠶᠢᠯ ᠪᠠ ᠡᠮ ᠤᠨ ᠵᠦᠢᠯ ᠤᠨ ᠠᠮᠤᠷ ᠲᠦᠪᠰᠢᠨ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠨᠢ ᠶᠣᠰᠣᠲᠠᠶ ᠶᠤᠮ᠃ ︽ᠢᠳᠡᠭᠡᠨ ᠤ ᠠᠮᠤᠷ ᠲᠦᠪᠰᠢᠨ ᠤ ᠬᠠᠤᠯᠢ︾ ᠶᠢ ᠰᠢᠨ᠎ᠡ ᠪᠠᠷ ᠵᠠᠰᠠᠪᠤᠷᠢᠯᠠᠨ ᠲᠣᠭᠲᠠᠭᠠᠭᠰᠠᠨ ᠠᠴᠠ ᠨᠠᠰᠢ᠂ ᠮᠠᠨ ᠤ ᠲᠣᠪᠴᠢᠶ᠎ᠠ ᠰᠢᠢᠳᠭᠡᠬᠦ ᠡᠷᠴᠢᠮ ᠢᠶᠠᠨ ᠠᠯᠬᠤᠮ ᠠᠯᠬᠤᠮ ᠢᠶᠠᠷ ᠴᠢᠩᠭᠠᠷᠠᠭᠤᠯᠤᠬᠰᠠᠨ ᠪᠠᠶᠢᠨ᠎ᠠ᠃ ᠡᠭᠦᠨ ᠳᠤ ᠵᠠᠷᠢᠮ ᠬᠡᠯᠪᠡᠷᠢ ᠳᠡᠭᠡᠷᠡᠬᠢ ᠰᠢᠢᠳᠭᠡᠯ᠂ ᠵᠠᠷᠢᠮ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠶ ᠶᠠᠯᠠᠲᠤ ᠠᠵᠢᠯᠯᠠᠭ᠎ᠠ᠂ ᠪᠠᠰᠠ ᠡᠷᠡᠭᠦᠦ ᠶᠢᠨ ᠰᠢᠢᠳᠭᠡᠯ ᠤᠨ ᠬᠡᠷᠡᠭ ᠢ ᠰᠢᠳᠬᠡᠭᠰᠡᠨ ᠪᠠᠶᠢᠨ᠎ᠠ᠃ ᠰᠠᠶ᠋ᠢ ᠰᠦᠯᠵᠢᠶᠡᠨ ᠤ ᠨᠠᠶᠢᠵᠠ ᠮᠠᠨ ᠤ ᠰᠢᠢᠳᠭᠡᠯ ᠢ ᠬᠡᠳᠦ ᠬᠦᠡᠭᠭᠡᠨ ᠭᠡᠵᠦ ᠶᠠᠷᠢᠬᠰᠠᠨ᠂ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠴᠢᠩᠭ᠎ᠠ ᠶᠤᠰᠤᠳᠠᠢ ᠬᠠᠤᠯᠢ ᠶᠣᠰᠣᠭᠠᠷ ᠵᠠᠰᠠᠭ ᠶᠠᠪᠤᠭᠤᠯᠵᠦ᠂ ᠵᠠᠷᠢᠮ ᠵᠤᠶᠢᠯᠡᠰ ᠨᠢ ᠬᠠᠤᠯᠢ ᠴᠠᠭᠠᠵᠠ ᠶᠢ ᠲᠡᠭᠦᠯᠳᠡᠷᠵᠢᠭᠦᠯᠬᠦ ᠲᠠᠯ᠎ᠠ ᠪᠠᠷ ᠦᠷᠭᠦᠯᠵᠢᠯᠡᠨ ᠲᠡᠭᠡᠭᠰᠢᠯᠡᠭᠦᠯᠭᠦ ᠶᠢ ᠱᠠᠭᠠᠷᠳᠠᠵᠦ ᠪᠤᠢ᠃ 2017 ᠣᠨ ᠤ ᠳᠣᠣᠷ᠎ᠠ ᠬᠠᠭᠠᠰ ᠵᠢᠯ ᠠᠴᠠ ᠡᠬᠢᠯᠡᠨ ᠮᠠᠨ ᠤ ᠲᠣᠪᠴᠢᠶ᠎ᠠ ᠲᠤᠰᠬᠠᠶᠢᠯᠠᠨ ᠢᠳᠡᠭᠡᠨ ᠤ ᠵᠤᠶᠢᠯ ᠡᠮ ᠤᠨ ᠵᠦᠢᠯ ᠤᠨ ᠰᠡᠷᠭᠡᠶᠢᠯᠡᠨ ᠪᠠᠶᠢᠴᠠᠭᠠᠬᠤ ᠰᠠᠯᠪᠤᠷᠢ ᠶᠢ ᠪᠠᠶᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ 2017 ᠣᠨ ᠳᠤ ᠮᠠᠨ ᠤ ᠲᠤᠪᠴᠢᠶ᠎ᠠ ᠶᠢᠨ ᠪᠠᠶᠢᠴᠠᠭᠠᠨ ᠰᠢᠢᠳᠪᠤᠷᠢᠯᠡᠭᠰᠡᠨ ᠬᠡᠷᠡᠭ ᠵᠠᠭᠤ ᠭᠠᠷᠤᠶ ᠪᠠᠶᠢᠵᠦ᠂ ᠲᠤᠷᠭᠠᠭᠤᠯᠢ ᠶᠢᠨ ᠮᠦᠩᠭᠦ ᠵᠠᠭᠤᠨ ᠲᠦᠮᠡ ᠰᠢᠬᠠᠮ ᠵᠣᠭᠤᠰ ᠲᠤ ᠬᠦᠷᠪᠡ᠃ ᠡᠨᠡ ᠵᠢᠯ ᠪᠢᠳᠡ ᠦᠷᠭᠦᠯᠵᠢᠯᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠴᠢᠩᠭ᠎ᠠ ᠪᠠᠶᠢᠬᠤ︾ ᠱᠠᠭᠠᠷᠳᠠᠯᠭ᠎ᠠ ᠶᠢ ᠦᠨᠳᠦᠰᠦᠯᠡᠨ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠮᠠᠨ ᠤ ᠰᠢᠶᠠᠨ ᠤ ᠬᠡᠷᠡᠭᠯᠡᠭᠡᠨ ᠤ ᠣᠷᠴᠢᠨ ᠤ ᠨᠥᠬᠦᠴᠡᠯ ᠢ ᠲᠠᠰᠤᠷᠠᠯᠲᠠ ᠥᠬᠡᠶ ᠲᠡᠭᠡᠭᠰᠢᠯᠡᠭᠦᠯᠬᠦ ᠪᠤᠯᠤᠨ᠎ᠠ᠃﹇ᠬᠥᠲᠥᠯᠥᠭᠴᠢ﹈ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠶᠢᠨ ᠬᠠᠮᠳᠤ ᠵᠤᠷᠢᠬᠵᠢᠭᠤᠯᠬᠤ ᠡᠷᠴᠢᠮ ᠢᠶᠠᠨ ᠶᠡᠬᠡᠪᠡᠷ ᠨᠡᠮᠡᠭᠳᠡᠭᠦᠯᠬᠦ ᠬᠡᠷᠡᠭᠲᠡᠶ᠂ 2016 ᠣᠨ ᠠᠴᠠ ᠡᠬᠢᠯᠡᠨ᠂ ᠮᠠᠨ ᠤ ᠲᠤᠪᠴᠢᠶ᠎ᠠ ᠢᠳᠡᠭᠡᠨ ᠤ ᠠᠮᠤᠷ ᠲᠦᠪᠰᠢᠨ ᠤ ᠲᠤᠬᠠᠶ ᠢᠯᠡᠴᠢᠯᠡᠨ ᠮᠡᠳᠡᠭᠦᠯᠦᠯᠲᠡ ᠶᠢᠨ ᠣᠶᠢᠯᠡ ᠠᠵᠢᠯᠯᠠᠭ᠎ᠠ ᠳᠠᠬᠢ ᠵᠤᠷᠢᠭᠵᠢᠭᠤᠯᠤᠯ ᠤᠨ ᠡᠷᠴᠢᠮ ᠢ ᠨᠡᠮᠡᠭᠳᠡᠭᠦᠯᠬᠦ ᠲᠤᠬᠳᠠᠭᠠᠯ ᠨᠡᠶᠢᠳᠡᠯᠭᠰᠡᠨ ᠢ ᠪᠢ ᠤᠯᠵᠦ ᠦᠵᠡᠭᠰᠡᠨ᠂ ᠡᠨᠡ ᠬᠡᠰᠡᠭ ᠢ ᠮᠠᠨ ᠤ ᠲᠠᠪᠴᠠᠩ ᠢᠶᠠᠷ ᠳᠠᠮᠵᠢᠭᠤᠯᠤᠨ ᠲᠠ ᠤᠯᠠᠨ ᠲᠦᠮᠡᠨ ᠤ ᠬᠠᠮᠳᠤᠪᠠᠷ ᠤᠷᠤᠯᠴᠠᠬᠤ ᠶᠢ ᠲᠠᠬᠢᠨ ᠤᠷᠢᠶᠠᠯᠠᠬᠤ ᠤᠤ︖﹇ᠭᠤᠤ ᠲᠣᠪᠴᠢᠶᠠᠨ ᠳᠠᠷᠤᠭ᠎ᠠ﹈ ᠪᠤᠯᠤᠨ᠎ᠠ᠃ ᠡᠩ ᠲᠡᠷᠢᠭᠦᠨ ᠳᠤ ᠬᠠᠤᠯᠢ ᠶᠢ ᠵᠥᠷᠢᠴᠡᠭᠰᠡᠳ ᠲᠤ ᠴᠢᠩᠭ᠎ᠠ ᠴᠣᠬᠢᠯᠲᠠ ᠥᠭᠬᠦ ᠪᠣᠯ ᠬᠠᠤᠯᠢ ᠶᠣᠰᠣᠨ ᠳᠤ ᠨᠡᠶᠢᠴᠡᠭᠰᠡᠳ ᠳᠠᠬᠢ ᠨᠢᠭᠡ ᠵᠦᠢᠯ ᠤᠨ ᠬᠠᠮᠠᠭᠠᠯᠠᠯᠲᠠ ᠪᠣᠯᠬᠤ ᠶᠤᠮ᠃ ᠰᠠᠶ᠋ᠢᠬᠠᠨ ᠬᠡᠯᠡᠭᠰᠡᠨ᠂ ᠮᠠᠨ ᠤ ᠺᠠᠶᠢᠯᠦ ᠰᠢᠶᠠᠨ ᠤ ᠠᠷᠠᠳ ᠤᠯᠠᠨ ᠤ ᠬᠠᠮᠲᠤ ᠪᠠᠷ ᠣᠷᠣᠯᠴᠠᠬᠤ ᠶᠢ ᠪᠢᠳᠡ ᠬᠦᠰᠡᠵᠦ ᠪᠠᠶᠢᠨ᠎ᠠ᠂ ᠮᠠᠨ ᠤ ᠢᠯᠡᠴᠢᠯᠡᠨ ᠮᠡᠳᠡᠭᠦᠯᠬᠦ ᠣᠳᠠᠰᠤ 12331 ᠪᠠ ᠲᠤᠪᠴᠢᠶᠠᠨ ᠤ ᠠᠯᠪᠠᠨ ᠭᠡᠷ ᠤᠨ ᠬᠠᠷᠢᠯᠴᠠᠬᠤ ᠣᠳᠠᠰᠤ 6210550 ᠬᠦᠯᠢᠶᠡᠨ ᠠᠪᠴᠤ ᠰᠢᠢᠳᠪᠤᠷᠢᠯᠡᠨ᠎ᠡ᠃ ᠡᠭᠦᠨ ᠤ ᠬᠠᠮᠲᠤ ᠴᠢᠩ ᠰᠡᠳᠬᠢᠯ ᠠᠴᠠ ᠪᠠᠨ ᠮᠠᠨ ᠤ ᠰᠢᠶᠠᠨ ᠤ ᠠᠷᠠᠳ ᠤᠯᠠᠨ ᠢ ᠬᠦᠰᠡᠬᠦ ᠨᠢ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠳᠡᠭᠡᠷ᠎ᠡ ᠬᠠᠯᠠᠭᠤᠨ ᠰᠡᠳᠬᠢᠯ ᠢᠶᠠᠷ ᠢᠳᠡᠪᠬᠢᠲᠡᠶ ᠤᠷᠤᠯᠴᠠᠵᠦ᠂ 2018 ᠣᠨ ᠳᠤ ᠪᠢᠳᠠ ᠨᠢᠭᠡᠨᠲᠡ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠴᠢ ᠶᠢᠨ ᠰᠢᠰᠲ᠋ᠧᠮ ᠢ ᠪᠠᠶᠢᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠵᠦ ᠲᠡᠶᠢᠯᠬᠦ ᠪᠤᠯᠤᠬᠰᠠᠨ ᠪᠠᠶᠢᠨ᠎ᠠ᠃ ᠲᠠᠬᠢᠪᠠᠯ ᠤᠯᠤᠰ ᠠᠴᠠ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠦᠷᠦ ᠶᠢᠨ ᠪᠤᠳᠤᠯᠭ᠎ᠠ ᠶᠢ ᠨᠡᠶᠢᠳᠡᠯᠡᠭᠰᠡᠨ ᠪᠠᠶᠢᠨ᠎ᠠ᠂ ᠪᠦᠬᠦ ᠰᠢᠶᠠᠨ ᠤ ᠠᠷᠠᠳ ᠤᠯᠠᠨ ᠤ ᠢᠳᠡᠪᠬᠢᠲᠡᠶ ᠪᠠᠷ ᠣᠷᠣᠯᠴᠠᠬᠤ ᠶᠢ ᠪᠠᠶᠠᠷᠯᠠᠨ ᠤᠭᠲᠤᠵᠤ᠂ ᠮᠠᠨ ᠤ ᠺᠠᠶᠢᠯᠦ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠠᠶᠢᠬᠤ ᠶᠢ ᠬᠠᠮᠳᠤᠪᠠᠷ ᠪᠠᠳᠤᠯᠠᠶ᠎ᠠ᠃﹇ᠬᠥᠲᠥᠯᠥᠭᠴᠢ﹈ ᠵᠠᠷᠢᠮ ᠰᠦᠯᠵᠢᠶᠡᠨ ᠤ ᠨᠠᠶᠢᠵᠠ ᠠᠴᠠ ᠮᠢᠨᠦ ᠡᠵᠢ ᠣᠳᠠᠯ ᠦᠭᠡᠢ 80 ᠨᠠᠰᠤ ᠬᠦᠷᠬᠦ ᠭᠡᠵᠦ ᠪᠠᠶᠢᠭ᠎ᠠ᠂ ᠲᠡᠭᠦᠨ ᠤ ᠬᠠᠳᠠᠭᠠᠯᠠᠮᠵᠢ ᠨᠢ ᠪᠦᠷ ᠮᠡᠬᠡᠯᠡᠭᠴᠢ ᠳᠤ ᠮᠡᠬᠡᠯᠡᠭᠳᠡᠵᠦ ᠪᠠᠷᠠᠯ᠎ᠠ᠂ ᠠᠪᠤᠭᠠᠳ ᠶᠠᠷᠢᠪᠠᠯ ᠣᠷᠤᠨ ᠤ ᠲᠠᠪᠢᠰᠭᠡᠷ ᠠᠴᠠ ᠬᠥᠯ ᠤᠭᠢᠶᠠᠬᠤ ᠲᠦᠮᠫᠠᠨ᠂ ᠡᠯ᠎ᠡ ᠵᠦᠢᠯ ᠤᠨ ᠡᠪᠡᠳᠴᠢᠨ ᠵᠠᠰᠠᠬᠤ ᠬᠤᠪᠢᠯᠭᠠᠨ ᠡᠮ ᠬᠥᠷᠳᠡᠯ᠎ᠡ ᠬᠡᠳᠦᠶ ᠵᠣᠭᠤᠰ ᠵᠠᠷᠤᠴᠠᠭᠤᠯᠵᠤ ᠪᠠᠶᠢᠬᠤ ᠶᠢ ᠮᠡᠳᠡᠬᠦ ᠦᠭᠡᠢ᠂ ᠡᠷᠡᠭᠦᠯᠵᠢᠯ ᠡᠳ᠋ ᠤᠨ ᠵᠠᠬ᠎ᠠ ᠳᠡᠯᠭᠡᠭᠦᠷ ᠢ ᠴᠢᠬᠤᠯᠠᠴᠢᠯᠠᠨ ᠦᠵᠡᠬᠦ ᠪᠤᠯᠪᠠᠦ ᠭᠡᠵᠦ ᠭᠤᠣ ᠲᠣᠪᠴᠢᠶᠠᠨ ᠳᠠᠷᠤᠭ᠎ᠠ ᠳᠤ ᠬᠦᠰᠡᠵᠦ ᠪᠠᠶᠢᠨ᠎ᠠ᠃ ﹇ᠭᠤᠣ ᠲᠣᠪᠴᠢᠶᠠᠨ ᠳᠠᠷᠤᠭ᠎ᠠ﹈ ᠲᠠᠨ ᠤ ᠲᠤᠷᠠᠳᠤᠬᠰᠠᠨ ᠡᠨᠡ ᠠᠰᠠᠭᠤᠳᠠᠯ ᠢ ᠪᠢᠳᠡ ᠪᠠᠰᠠ ᠨᠢᠭᠡ ᠬᠡᠰᠡᠭ ᠬᠤᠭᠤᠴᠠᠭ᠎ᠠ ᠤᠯᠵᠦ ᠮᠡᠳᠡᠭᠰᠡᠨ᠂ ᠵᠠᠷᠢᠮ ᠡᠷᠡᠭᠦᠯᠵᠢᠯ ᠡᠳ᠋ ᠵᠠᠬ᠎ᠠ ᠳᠡᠯᠭᠡᠭᠦᠷ ᠳᠡᠭᠡᠷ᠎ᠡ ᠡᠯ᠎ᠡ ᠵᠤᠶᠢᠯ ᠤᠨ ᠠᠷᠭ᠎ᠠ ᠪᠠᠷᠢᠯ᠂ ᠡᠯ᠎ᠡ ᠵᠦᠢᠯ ᠤᠨ ᠬᠡᠯᠪᠡᠷᠢ ᠮᠠᠶ᠋ᠢᠭ᠂ ᠡᠯ᠎ᠡ ᠵᠦᠢᠯ ᠤᠨ ᠠᠷᠭ᠎ᠠ ᠵᠠᠮ ᠢᠶᠠᠷ ᠪᠤᠷᠤᠯᠠᠭᠤᠯᠠᠬᠳᠠᠵᠦ ᠪᠠᠶᠢᠨ᠎ᠠ᠃ ᠡᠭᠦᠨ ᠳᠤ ᠡᠷᠡᠭᠦᠯᠵᠢᠯ ᠤᠨ ᠢᠳᠡᠭᠡᠨ ᠤ ᠲᠠᠯ᠎ᠠ ᠪᠠᠷ ᠮᠠᠨ ᠤ ᠲᠤᠪᠴᠢᠶ᠎ᠠ ᠬᠢᠨᠠᠨ ᠬᠠᠮᠢᠶᠠᠷᠳᠠᠭ᠂ ᠤᠷᠤᠨ ᠤ ᠲᠡᠪᠢᠰᠭᠡᠷ ᠵᠡᠷᠭᠡ ᠡᠶᠢᠮᠦᠷᠬᠦ ᠦᠢᠯᠡᠳᠬᠦᠨ ᠢ ᠥᠭᠡᠷ᠎ᠡ ᠨᠢᠭᠡ ᠰᠠᠯᠠᠭ᠎ᠠ ᠮᠥᠴᠢᠷ ᠬᠢᠨᠠᠨ ᠬᠠᠮᠢᠶᠠᠷᠳᠠᠭ ᠪᠤᠯᠤᠨ᠎ᠠ᠃ ᠮᠠᠨ ᠤ ᠲᠤᠪᠴᠢᠶ᠎ᠠ ᠪᠣᠯ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯᠵᠢᠯ ᠤᠨ ᠢᠳᠡᠭᠡᠨ ᠢ ᠬᠢᠨᠠᠨ ᠬᠠᠮᠢᠶᠠᠷᠬᠤ ᠪᠣᠯ ᠮᠠᠨ ᠤ ᠵᠠᠶᠢᠯᠠᠭᠤᠯᠵᠤ ᠪᠣᠯᠤᠰᠢ ᠤᠶᠢᠭᠡᠢ ᠬᠠᠷᠢᠭᠤᠴᠠᠯᠭ᠎ᠠ ᠶᠤᠮ᠃ ᠶᠠᠭᠤᠨ ᠤ ᠡᠮᠦᠨ᠎ᠡ ᠪᠢᠳᠡ ᠡᠷᠡᠭᠦᠯᠵᠢᠯ ᠤᠨ ᠢᠳᠡᠭᠡᠨ ᠢ ᠴᠢᠩᠭ᠎ᠠ ᠵᠥᠪᠰᠢᠶᠡᠷᠡᠨ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠠᠷᠠᠭ᠎ᠠ ᠳᠤ ᠡᠷᠡᠭᠦᠯᠵᠢᠯ ᠤᠨ ᠢᠳᠡᠭᠡᠨ ᠤ ᠡᠵᠡᠩᠨᠡᠨ ᠪᠣᠷᠣᠯᠠᠭᠤᠯᠬᠤ ᠦᠢᠯᠡ ᠠᠵᠢᠯᠯᠠᠭ᠎ᠠ ᠶᠢ ᠵᠢᠷᠦᠮᠵᠢᠭᠤᠯᠤᠨ᠎ᠠ᠃ ᠭᠤᠷᠪᠠ ᠳᠤ ᠡᠷᠡᠭᠦᠯᠵᠢᠯ ᠢᠳᠡᠭᠡᠨ ᠤ ᠲᠦᠷᠢᠮ ᠢ ᠵᠦᠷᠢᠴᠡᠭᠰᠡᠨ ᠬᠠᠤᠯᠢ ᠶᠢ ᠵᠥᠷᠢᠴᠡᠭᠰᠡᠨ ᠵᠠᠷᠢᠮ ᠦᠵᠡᠭᠳᠡᠯ ᠳᠤ ᠪᠢᠳᠡ ᠴᠢᠩᠭ᠎ᠠ ᠠᠷᠭ᠎ᠠ ᠠᠪᠴᠠᠯ ᠠᠪᠤᠨ᠎ᠠ᠃ ᠤᠳᠤ ᠪᠣᠯᠲᠠᠯ᠎ᠠ ᠪᠠᠰᠠ ᠣᠨᠴᠠ ᠵᠠᠷᠢᠮ ᠡᠷᠡᠭᠦᠯᠵᠢᠯ ᠢᠳᠡᠭᠡᠨ ᠳᠤ ᠵᠢᠷᠤᠮᠵᠢᠭᠰᠠᠨ ᠪᠣᠰᠤ ᠪᠠᠶᠢᠳᠠᠯ ᠣᠷᠣᠰᠢᠵᠦ ᠪᠤᠢ᠂ ᠤᠴᠢᠷ ᠨᠢ ᠡᠷᠡᠭᠦᠯᠵᠢᠯ ᠢᠳᠡᠭᠡᠨ ᠤ ᠣᠯᠠᠩᠬᠢ ᠨᠢ ᠣᠯᠣᠰ ᠠᠴᠠ ᠵᠦᠪᠰᠢᠶᠡᠷᠡᠭᠰᠡᠨ ᠰᠢᠭᠤᠳ ᠪᠤᠷᠤᠯᠠᠭᠤᠯᠭ᠎ᠠ ᠪᠠᠶᠢᠵᠦ ᠮᠠᠰᠢ ᠠᠷᠪᠢᠨ ᠴᠢᠳᠠᠮᠵᠢ ᠳᠤ ᠬᠦᠷᠬᠦ ᠦᠭᠡᠢ ᠪᠤᠳᠠᠳᠤ ᠲᠡᠯᠭᠡᠭᠦᠷ ᠪᠠᠶᠢᠨ᠎ᠠ᠂ ᠡᠶᠢᠮᠦ ᠠᠴᠠ ᠢᠩᠭᠢᠵᠦ ᠪᠣᠷᠣᠯᠠᠭᠤᠯᠬᠤ ᠶᠠᠪᠤᠴᠠ ᠳᠤ ᠬᠡᠷᠡᠭᠯᠡᠭᠴᠢᠳ ᠲᠤ ᠰᠢᠭᠤᠳ ᠥᠰᠬᠡᠭᠡᠨ ᠲᠥᠰᠬᠡᠭᠡᠨ ᠲᠠᠢ ᠪᠠᠷ ᠤᠬᠠᠭᠤᠯᠤᠭᠰᠠᠨ᠂ ᠮᠠᠨ ᠤ ᠬᠡᠷᠡᠭᠯᠡᠭᠴᠢᠳ ᠢ ᠪᠤᠷᠤᠭᠤ ᠵᠦᠭ ᠬᠥᠲᠥᠯᠬᠦ ᠵᠡᠷᠭᠡ ᠠᠰᠠᠭᠤᠳᠠᠯ ᠣᠷᠣᠰᠢᠵᠦ ᠪᠤᠢ᠃ ᠨᠦᠭᠦᠭᠡ ᠨᠢᠭᠡ ᠳᠤ᠂ ᠠᠬᠠᠮᠠᠳ ᠨᠠᠰᠤᠳᠠᠳ ᠢ ᠬᠦᠰᠡᠬᠦ ᠨᠢ ᠨᠢᠭᠡ ᠨᠠᠰᠤᠨ ᠳᠠᠭᠠᠨ ᠴᠤᠭᠯᠠᠭᠤᠯᠤᠭᠰᠠᠨ ᠵᠣᠭᠤᠰ ᠮᠦᠩᠭᠦ ᠪᠠᠨ ᠪᠢᠳᠡᠭᠡᠢ ᠡᠳᠡᠭᠡᠷ ᠬᠦᠮᠦᠰ ᠲᠤ ᠮᠡᠬᠡᠯᠡᠭᠳᠡᠴᠢᠭᠡ᠂ ᠤᠯᠠᠨ ᠢᠶᠠᠷ ᠢᠶᠠᠨ ᠵᠢᠩᠬᠢᠨᠢ ᠲᠡᠯᠭᠡᠭᠦᠷ ᠪᠠ ᠪᠤᠷᠤᠯᠠᠭᠤᠬᠴᠢ ᠠᠴᠠ ᠡᠷᠡᠭᠦᠯᠵᠢᠯ ᠢᠳᠡᠭᠡᠨ ᠢ ᠬᠤᠳᠤᠯᠳᠤᠨ ᠠᠪᠤᠭᠠᠷᠠᠢ᠃﹇ᠬᠥᠲᠥᠯᠥᠭᠴᠢ﹈ ᠵᠠ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠢᠳᠡᠪᠬᠢᠲᠡᠶ ᠪᠠᠷ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠳᠤ ᠠᠩᠬᠠᠷᠤᠯ ᠲᠠᠯᠪᠢᠬᠤ ᠶᠢ ᠬᠦᠰᠡᠵᠦ ᠪᠠᠶᠢᠨ᠎ᠠ᠃ ᠭᠤᠣ ᠲᠣᠪᠴᠢᠶᠠᠨ ᠳᠠᠷᠤᠭ᠎ᠠ ᠶᠢᠨ ᠰᠠᠨᠠᠭᠤᠯᠤᠮᠵᠢ ᠪᠠ ᠬᠠᠷᠢᠭᠤ ᠲᠤᠰᠬᠠᠯ ᠦᠭᠭᠦᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠶ᠎ᠡ᠂ ᠭᠤᠣ ᠲᠣᠪᠴᠢᠶᠠᠨ ᠳᠠᠷᠤᠭ᠎ᠠ ᠳᠤ ᠪᠠᠶᠠᠷᠯᠠᠯ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠳᠠᠭᠠᠨ ᠠᠪᠤᠭᠰᠠᠨ ᠳᠤ ᠪᠠᠰᠠ ᠪᠠᠶᠠᠷᠯᠠᠵᠦ ᠪᠠᠶᠢᠨ᠎ᠠ᠃﹇ᠭᠤᠣ ᠲᠤᠪᠴᠢᠶᠠᠨ ᠲᠠᠷᠤᠭ᠎ᠠ﹈  ᠬᠠᠮᠢᠶ᠎ᠠ ᠦᠭᠡᠢ᠂ ᠪᠠᠶ᠋ᠷᠠᠳᠠᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号