ᠦᠢᠷ᠎ᠠ ᠶᠢᠨ ᠡᠳᠦᠷ᠂ ᠤᠯᠠᠮ ᠨᠢᠭᠡ ᠠᠯᠬᠤᠮ ᠲᠠᠷᠢᠶᠠᠴᠢᠨ ᠤ ᠠᠵᠢᠯ ᠤᠨ ᠴᠢᠯᠥᠭᠡᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ | ᠲᠥᠯᠦᠭᠡ ᠳ᠋ᠠ ᠢᠦᠢ ᠱᠤ᠋ ᠪᠠᠯᠭᠠᠰᠤ ᠠᠴᠠ ᠨᠠᠷᠢᠯᠢᠭ ᠣᠨᠤᠪᠴᠢᠳᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠢ | ᠥᠷᠨᠢᠭᠦᠯᠬᠦ ᠲᠠᠢ ᠤᠶᠠᠯᠳᠤᠭᠤᠯᠤᠨ᠂ ᠪᠦᠬᠦ ᠪᠠᠯᠭᠠᠰᠤᠨ ᠤ ᠬᠡᠪᠴᠢᠶᠡᠨ ᠳᠤ 18 ᠲᠠᠯᠠᠪᠠᠶ ᠶᠢᠨ ᠪᠥᠵᠢᠭ ᠤᠨ ᠠᠩᠭᠢ᠂ | 16 ᠲᠥᠷᠥᠯ ᠤᠨ ᠤᠷ᠎ᠠ ᠠᠪᠢᠶᠠᠰ ᠤᠨ ᠬᠥᠮᠦᠰ ᠣᠷᠣᠯᠴᠠᠭᠰᠠᠨ ᠲᠠᠭᠤᠤ᠂ ᠤᠷ᠎ᠠ ᠠᠪᠢᠶᠠᠰ᠂ ᠲᠠᠯᠠᠪᠠᠢ ᠶᠢᠨ | ᠪᠦᠵᠢᠭ ᠤᠨ ᠤᠷᠤᠯᠳᠤᠭᠠᠨ ᠢ ᠶᠠᠪᠤᠭᠤᠯᠤᠭᠰᠠᠨ ᠪᠠᠶᠢᠨ᠎ᠠ᠃ ᠦᠢᠷ᠎ᠠ ᠶᠢᠨ ᠵᠢᠯ ᠤᠳ ᠲᠤ᠂ ᠳ᠋ᠠ ᠢᠦᠢ ᠱᠤ᠋ ᠪᠠᠯᠭᠠᠰᠦ | ᠤᠯᠠᠨ ᠲᠦᠮᠡᠨ ᠤ ᠰᠣᠶᠣᠯ ᠤᠨ ᠬᠦᠳᠡᠯᠭᠡᠭᠡᠨ ᠦᠷᠨᠢᠭᠦᠯᠭᠦ ᠶᠢ ᠴᠢᠬᠤᠯᠠᠴᠢᠯᠠᠵᠦ᠂ ᠡᠯ᠎ᠡ ᠭᠠᠴᠠᠭ᠎ᠠ ᠲᠤᠰᠬᠠᠤᠨ ᠤ | ᠰᠣᠶᠣᠯ ᠲᠠᠮᠢᠷ ᠤᠨ ᠬᠦᠳᠡᠯᠭᠡᠭᠡᠨ ᠤ ᠳᠠᠯᠠᠪᠠᠢ ᠪᠠᠶᠢᠭᠤᠯᠬᠤ ᠲᠦᠰᠦᠯ ᠵᠤᠶᠢᠯ ᠪᠤᠯᠤᠨ ᠪᠡᠯᠡ ᠮᠦᠩᠭᠦ ᠣᠯᠭᠤᠬᠤ | ᠲᠠᠯ᠎ᠠ ᠪᠠᠷ ᠢᠳᠡᠪᠬᠢᠳᠡᠢ ᠬᠠᠪᠰᠦᠷᠴᠦ᠂ ᠲᠠᠷᠢᠶᠠᠴᠢᠨ ᠤ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠤᠨ ᠬᠦᠳᠡᠯᠭᠡᠭᠡᠨ | ᠬᠢᠬᠦ ᠶᠢ ᠵᠤᠷᠢᠭᠵᠢᠭᠤᠯᠤᠨ ᠲᠡᠮᠵᠢᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠳ᠋ᠠ ᠢᠦᠢ ᠱᠤ᠋ ᠪᠠᠯᠭᠠᠰᠦᠨ ᠳᠤ ᠨᠡᠶᠢᠲᠡ | 16 ᠪᠠᠭᠠᠵᠢ ᠲᠦᠭᠦᠬᠡᠷᠦᠮᠵᠢ ᠲᠠᠢ ᠰᠣᠶᠣᠯ ᠲᠠᠮᠢᠷ ᠤᠨ ᠬᠦᠳᠡᠯᠭᠡᠭᠡᠨ ᠤ ᠲᠠᠯᠠᠪᠠᠢ ᠲᠠᠢ᠂ 14 ᠭᠠᠴᠠᠭᠠᠨ ᠤ | ᠱᠠᠲᠤᠨ ᠤ ᠰᠣᠶᠣᠯ ᠤᠨ ᠬᠥᠳᠡᠯᠭᠡᠭᠡᠨ ᠤ ᠲᠠᠰᠤᠭ ᠲᠠᠢ᠂ ᠲᠠᠯᠠᠪᠠᠢ ᠶᠢᠨ ᠪᠦᠵᠢᠭ ᠪᠠ ᠶᠠᠩᠭᠠᠷ ᠤᠨ ᠪᠦᠵᠢᠭ ᠤᠨ | ᠠᠩᠭᠢ 31 ᠪᠠᠶᠢᠵᠦ᠂ 440 ᠭᠠᠷᠤᠢ ᠬᠦᠮᠦᠨ ᠲᠠᠢ ᠶᠤᠮ᠃ |