6 ᠰᠠᠷ᠎ᠠ ᠶᠢᠨ 12 ᠤ ᠡᠳᠦᠷ ᠤᠨ ᠦᠳᠡ ᠶᠢᠨ ᠡᠮᠦᠨ᠎ᠡ᠂ ᠰᠢᠶᠤᠤ ᠵᠢᠶᠧ ᠵᠢᠶ ᠪᠠᠯᠭᠠᠰᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠠᠬᠤ ᠲᠤᠬᠠᠶ ᠶᠢᠨ ᠭᠠᠵᠠᠷ ᠤᠨ ᠠᠬᠢᠭᠤᠯᠬᠤ ᠬᠤᠷᠠᠯ ᠢ ᠬᠤᠷᠠᠯᠳᠤᠭᠤᠯᠵᠤ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠽᠤᠩ | ᠬᠤᠸᠠ ᠬᠤᠷᠠᠯ ᠳᠤ ᠰᠠᠭᠠᠳᠠᠵᠦ᠂ ᠰᠢᠶᠤᠤ ᠵᠢᠶᠧ ᠵᠢᠶ ᠪᠠᠯᠭᠠᠰᠤ ᠶᠢᠨ 35 ᠵᠠᠰᠠᠭ ᠵᠠᠬᠢᠷᠭᠠᠨ ᠤ ᠭᠠᠴᠠᠭ᠎ᠠ | ᠲᠣᠰᠬᠤᠨ ᠳᠤ ᠰᠠᠭᠤᠭ᠎ᠠ ᠠᠵᠢᠯᠲᠠᠨ ᠵᠢᠴᠢ ᠶᠠᠳᠠᠭᠤ ᠶᠢ ᠲᠡᠳᠬᠦᠬᠦ ᠲᠤᠰᠬᠠᠶ ᠲᠤᠰᠢᠶᠠᠯᠲᠠᠨ ᠨᠡᠶᠢᠲᠡ 140 ᠭᠠᠷᠤᠢ | ᠬᠥᠮᠦᠨ ᠬᠤᠷᠠᠯ ᠳᠤ ᠣᠷᠣᠯᠴᠠᠵᠠᠶ᠃ | ᠸᠠᠩ ᠽᠤᠩ ᠬᠤᠸᠠ ᠨᠠᠷ ᠡᠮᠦᠨ᠎ᠡ ᠬᠤᠶᠢᠨ᠎ᠡ ᠱᠤᠣ ᠭᠧᠨ ᠲᠤᠰᠬᠤᠨ᠂ ᠰᠢᠩ ᠨᠦᠩ ᠲᠤᠰᠬᠤᠨ ᠳᠤ | ᠣᠴᠢᠵᠦ᠂ ᠲᠣᠰᠬᠤᠨ ᠳᠤ ᠰᠠᠭᠤᠭ᠎ᠠ ᠣᠯᠠᠨ ᠲᠦᠮᠡᠨ ᠳᠤ ᠳᠥᠭᠦᠮ ᠦᠵᠡᠭᠦᠯᠬᠦ ᠲᠢᠩᠬᠢᠮ ᠪᠠ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠶᠢᠨ ᠠᠯᠪᠠᠨ ᠭᠡᠷ ᠢ ᠲᠤᠭᠤᠷᠢᠨ ᠦᠵᠡᠵᠦ᠂ ᠲᠣᠰᠬᠤᠨ ᠳᠤ ᠰᠠᠭᠤᠭ᠎ᠠ ᠺᠠᠳᠠᠷ ᠤᠨ | ᠶᠠᠳᠠᠭᠤ ᠠᠴᠠ ᠠᠩᠭᠢᠵᠢᠷᠠᠭᠤᠯᠬᠤ ᠣᠳᠣᠬᠢ ᠱᠠᠲᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠢᠴᠢ ᠡᠯ᠎ᠡ ᠲᠣᠰᠬᠤᠨ ᠤ ᠥᠪᠡᠷ ᠢᠶᠠᠨ ᠬᠦᠴᠦᠷᠬᠡᠭᠵᠢᠨ | ᠪᠡᠶ᠎ᠡ ᠪᠠᠨ ᠲᠠᠭᠠᠭᠠᠵᠦ ᠶᠠᠳᠠᠭᠤ ᠠᠴᠠ ᠠᠩᠭᠢᠵᠢᠷᠠᠭᠤᠯᠬᠤ ᠨᠡᠶᠢᠲᠡᠯᠢᠭ ᠲᠤᠷᠰᠢᠯᠭ᠎ᠠ ᠶᠢ ᠬᠤᠪᠢᠶᠠᠯᠴᠠᠬᠰᠠᠨ ᠪᠠᠶᠢᠨ᠎ᠠ᠃ | ᠱᠤᠣ ᠭᠧᠨ ᠲᠤᠰᠬᠤᠨ ᠤ ᠲᠤᠬᠠᠶ ᠶᠢᠨ ᠭᠠᠵᠠᠷ ᠤᠨ ᠠᠬᠢᠭᠤᠯᠬᠤ ᠬᠤᠷᠠᠯ ᠳᠤ ᠸᠠᠩ ᠽᠤᠩ ᠬᠤᠸᠠ ᠪᠤᠯᠤᠨ ᠪᠦᠬᠦ | ᠬᠤᠷᠠᠯ ᠳᠤ ᠤᠷᠤᠯᠴᠠᠭᠰᠠᠳ ᠬᠠᠮᠳᠦᠪᠡᠷ ᠱᠤᠣ ᠭᠧᠨ ᠲᠤᠰᠬᠤᠨ ᠤ ᠰᠤᠶᠤᠯ ᠢᠶᠠᠷ ᠶᠠᠳᠠᠭᠤ ᠶᠢ ᠲᠡᠳᠬᠦᠬᠦ ᠭᠤᠣᠯ | ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠦᠵᠡᠭᠰᠡᠨ ᠪᠠᠶᠢᠨ᠎ᠠ᠃ ᠲᠤᠰᠬᠤᠨ ᠤ ᠠᠷᠠᠳ ᠤᠨ ᠦᠪᠡᠷᠳᠡᠭᠡᠨ | ᠨᠠᠶᠢᠷᠠᠭᠤᠯᠤᠨ ᠦᠪᠡᠷᠳᠡᠭᠡᠨ ᠵᠤᠭᠢᠶᠠᠨ ᠦᠪᠡᠷᠳᠡᠭᠡᠨ ᠲᠣᠭᠯᠠᠭᠰᠠᠨ ᠴᠠᠷᠭᠢᠯ ᠬᠤᠯᠪᠤᠭ᠎ᠠ ︽ᠨᠠᠷᠢᠯᠢᠭ | ᠣᠨᠤᠪᠴᠢᠳᠠᠢ ᠪᠠᠷ ᠶᠠᠳᠠᠭᠤ ᠶᠢ ᠲᠡᠳᠭᠦᠭᠦ ᠨᠢ ᠦᠨᠡᠨ ᠪᠠᠶᠢᠳᠠᠯ ᠢ ᠢᠯᠡᠷᠡᠬᠦᠯᠭᠦ︾᠂ ᠠᠷᠪᠠᠨ ᠲᠤᠯᠦᠭᠠᠠ ᠦᠰᠦᠭᠲᠦ | ᠰᠢᠯᠦᠭ ︽ᠨᠠᠷᠢᠯᠢᠭ ᠣᠨᠤᠪᠴᠢᠳᠠᠢ ᠪᠠᠷ ᠶᠠᠳᠠᠭᠤ ᠶᠢ ᠲᠡᠳᠭᠦᠭᠦ ᠨᠢ ᠠᠷᠠᠳ ᠲᠤ ᠠᠰᠢᠭ ᠲᠤᠰᠠ ᠬᠦᠷᠲᠡᠭᠡᠬᠦ︾᠂ | ᠱᠤᠭ ᠵᠦᠴᠦᠭᠡ ︽ᠬᠠᠳᠠᠮ ᠡᠵᠢ ᠨᠢ ᠴᠦ ᠮᠦᠮᠦ ᠮᠥᠨ︾ ᠵᠡᠷᠭᠡ ᠲᠣᠭᠯᠠᠯᠲᠠ ᠨᠢ ᠲᠤᠰ ᠭᠠᠴᠠᠭ᠎ᠠ ᠲᠣᠰᠬᠤᠨ ᠤ | ᠰᠤᠷᠲᠠᠯ ᠪᠣᠯᠪᠠᠰᠤᠨ ᠵᠠᠩ ᠳᠠᠳᠬᠠᠯ ᠢ ᠬᠤᠪᠢᠷᠠᠭᠤᠯᠤᠬᠰᠠᠨ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ | ᠵᠢᠴᠢ ᠨᠠᠰᠤᠲᠠᠨ ᠢᠶᠠᠨ ᠠᠴᠢᠯᠠᠵᠦ ᠠᠬᠠᠮᠠᠳ ᠢᠶᠠᠨ ᠬᠦᠨᠳᠦᠯᠡᠬᠦ ᠰᠠᠶᠢᠢᠨ ᠰᠠᠶᠢᠬᠠᠨ ᠣᠶᠤᠨ ᠰᠠᠨᠠᠭᠠᠨ ᠤ ᠳᠦᠷᠰᠦ | ᠪᠠᠶᠢᠳᠠᠯ ᠢ ᠳᠡᠯᠭᠡᠨ ᠦᠵᠡᠭᠦᠯᠦᠭᠰᠡᠨ ᠪᠠᠶᠢᠨ᠎ᠠ᠃ ᠸᠠᠩ ᠽᠤᠩ ᠬᠤᠸᠠ ᠪᠠ ᠪᠠᠯᠭᠠᠰᠦ ᠲᠤᠰᠬᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ︽ᠨᠠᠰᠤᠲᠠᠨ ᠢᠶᠠᠨ ᠠᠴᠢᠯᠠᠵᠦ ᠠᠬᠠᠮᠠᠳ ᠢᠶᠠᠨ ᠬᠦᠨᠳᠦᠯᠡᠬᠦ︾᠂ ︽ᠨᠡᠶᠢᠲᠡ ᠶᠢᠨ | ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ︾ ᠵᠡᠷᠭᠡ ᠲᠤᠬᠯᠠᠯᠳᠠ ᠶᠢᠨ ᠲᠡᠷᠢᠭᠦᠨ ᠤ ᠨᠡᠶᠢᠲᠡᠯᠢᠭ | ᠵᠢᠱᠢᠶ᠎ᠡ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | ᠲᠤᠰ ᠣᠳᠠᠭᠠᠨ ᠤ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ ᠤᠨ ᠭᠤᠤᠯ ᠰᠠᠨᠠᠭ᠎ᠠ ᠲᠣᠰᠬᠤᠨ ᠳᠤ | ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠨ ᠲᠡᠷᠢᠭᠦᠨ ᠤ ᠬᠢ ᠠᠴᠠ ᠰᠤᠷᠤᠯᠴᠠᠬᠤ᠂ ᠵᠥᠷᠢᠶ᠎ᠡ ᠪᠠᠨ ᠡᠷᠢᠵᠦ᠂ | ᠬᠤᠶᠢᠰᠢᠳᠠ ᠶᠢᠨ ᠶᠠᠳᠠᠭᠤ ᠶᠢ ᠲᠡᠳᠬᠦᠬᠦ ᠠᠵᠢᠯ ᠤᠨ ᠳᠤᠮᠳᠠ ᠪᠠᠨ ᠤᠯᠠᠮ ᠨᠢᠭᠡ ᠠᠯᠬᠤᠮ ᠭᠤᠣᠯᠳᠠᠯᠭ᠎ᠠ ᠪᠠᠨ | ᠲᠤᠪᠤᠶᠢᠢᠯᠭᠠᠵᠦ᠂ ᠦᠵᠡᠯ ᠵᠣᠭᠰᠣᠯᠲᠠ ᠪᠠᠨ ᠲᠡᠭᠡᠭᠰᠢᠭᠦᠯᠵᠦ᠂ ᠵᠣᠷᠢᠭᠲᠠᠶ᠂ ᠬᠠᠯᠠᠭᠤᠨ ᠰᠡᠳᠬᠢᠯᠭᠡ ᠲᠠᠢ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠠᠬᠤ ᠠᠵᠢᠯ ᠳᠤ ᠤᠷᠤᠯᠴᠠᠬᠤ ᠪᠤᠯᠤᠨ᠎ᠠ᠃ ᠬᠤᠷᠠᠯ ᠳᠤ | ᠣᠷᠣᠯᠴᠠᠭᠰᠠᠳ ᠪᠠᠰᠠ ᠮᠢᠩ ᠱᠧᠩ ᠲᠤᠰᠬᠤᠨ᠂ ᠴᠢᠶᠠᠨ ᠡᠾᠧ ︵ᠤᠷᠢᠳ ᠭᠤᠣᠯ ᠤᠨ︶ ᠲᠤᠰᠬᠤᠨ | ᠪᠤᠯᠤᠨ ᠰᠢᠩ ᠯᠦᠩ ᠵᠤᠸᠠᠩ ᠲᠣᠰᠬᠤᠨ ᠤ ᠲᠣᠰᠬᠤᠨ ᠳᠤ ᠰᠠᠭᠤᠭ᠎ᠠ ᠠᠵᠢᠯ ᠤᠨ ᠭᠠᠵᠠᠷ ᠢᠶᠠᠷ ᠲᠣᠭᠤᠷᠢᠨ ᠦᠵᠡᠵᠦ᠂ | ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠶᠠᠳᠠᠭᠤ ᠶᠢ | ᠲᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠨ | ᠰᠤᠷᠤᠯᠴᠠᠪᠠ᠃ |