ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠢᠨᠠᠨ ᠪᠠᠶᠢᠴᠠᠭᠠᠬᠰᠠᠨ
ᠨᠡᠶᠢᠲᠡᠯᠡᠭᠰᠡᠨ ᠴᠠᠭ᠄
2018-06-18
     6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠤᠨ ᠡᠷᠬᠢᠯᠡᠭᠴᠢ ᠪᠤᠣ ᠵᠢᠶᠠᠨ ᠵᠦᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠬᠢᠨᠠᠨ ᠪᠠᠶᠢᠴᠠᠭᠠᠯᠳᠠ ᠬᠢᠪᠡ᠃ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠤᠣ ᠴᠠᠩ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠵᠢᠦ ᠶᠠᠠ ᠨᠠᠷ ᠪᠠᠷ᠎ᠠ ᠪᠣᠯᠵᠤ ᠪᠠᠶᠢᠴᠠᠭᠠᠯᠳᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠦᠩ ᠹᠧᠩ ᠪᠠᠯᠭᠠᠰᠦᠨ ᠤ ᠠᠷᠠᠳ ᠲᠤ ᠲᠥᠭᠦᠮ ᠦᠵᠡᠭᠦᠯᠬᠦ ᠤᠶᠢᠯᠡᠴᠢᠯᠡᠭᠡᠨ ᠤ ᠲᠥᠪ᠂ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠢᠶᠠᠷ ᠲᠤᠭᠤᠷᠢᠨ ᠪᠠᠶᠢᠴᠠᠭᠠᠵᠦ᠂ ᠦᠨᠳᠦᠰᠦᠨ ᠪᠠᠶᠢᠳᠠᠯ ᠢ ᠤᠶᠢᠯᠠᠭᠠᠨ᠂ ᠡᠯ᠎ᠡ ᠴᠢᠳᠠᠮᠵᠢ ᠪᠦᠬᠦᠢ ᠣᠷᠣᠨ ᠬᠦᠷᠢᠶ᠎ᠡ ᠵᠢᠴᠢ ᠠᠵᠢᠯᠯᠠᠬᠤ ᠭᠠᠵᠠᠷ ᠲᠤ ᠬᠦᠷᠴᠦ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠵᠤᠶᠢᠯ ᠤᠨ ᠠᠵᠢᠯ ᠳᠤ ᠭᠦᠢᠴᠡᠳ ᠨᠤᠳᠠᠯᠠᠯᠳᠠ ᠦᠭᠴᠦ᠂ ᠲᠡᠷᠡᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠲᠤᠷᠠᠳᠪᠠ᠃ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠡᠭᠦᠷᠭᠡ ᠴᠢᠳᠠᠪᠤᠷᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠦ᠂ ᠪᠣᠳᠠᠲᠠᠶ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠳᠭᠡᠨ ᠨᠡᠶᠢᠯᠡᠭᠦᠯᠵᠦ᠂ ᠬᠠᠮᠳᠤ ᠪᠠᠷ ᠬᠤᠪᠢᠶᠠᠯᠴᠠᠬᠤ ᠵᠢᠴᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号