6 ᠰᠠᠷ᠎ᠠ ᠶᠢᠨ 18 ᠤ ᠡᠳᠦᠷ ᠲᠠᠷᠤᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠯᠭᠠᠬᠤ ᠠᠵᠢᠯ ᠤᠨ ᠶᠡᠷᠦᠩᠬᠡᠶ ᠠᠩᠭᠢ ᠶᠢᠨ ᠳᠡᠳ᠋ ᠳᠠᠷᠤᠭ᠎ᠠ ᠰᠦᠩ | ᠷᠦᠢ ᠳ᠋ᠠ ᠢᠦᠢ ᠱᠤ᠋ ᠪᠠᠯᠭᠠᠰᠤ ᠳᠤ ᠬᠦᠷᠴᠦ ᠲᠤᠰ ᠪᠠᠯᠭᠠᠰᠤᠨ ᠤ ᠬᠡᠰᠡᠭ ᠶᠠᠳᠠᠭᠤ ᠬᠦᠴᠢᠷᠳᠡᠯ ᠲᠠᠢ ᠡᠷᠦᠬᠡ ᠪᠠ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠪᠣᠯᠭᠤᠭᠠᠨ ᠲᠤᠬᠤᠨᠢᠭᠤᠯᠪᠠ᠃ | ᠰᠦᠩ ᠷᠦᠢ ᠨᠠᠷ ᠳ᠋ᠠ ᠢᠦᠢ ᠱᠤ᠋ ᠪᠠᠯᠭᠠᠰᠤ ᠶᠢᠨ ᠯᠢᠨ ᠴᠠᠩ ᠲᠤᠰᠬᠤᠨ᠂ ᠯᠢ ᠮᠢᠨ ᠲᠤᠰᠬᠤᠨ᠂ ᠯᠢᠶᠤᠤ | ᠶᠤᠶᠠᠨ ᠲᠤᠰᠬᠤᠨ ᠳᠤ ᠬᠦᠷᠴᠦ᠂ ᠬᠡᠰᠡᠭ ᠶᠠᠳᠠᠭᠤ ᠬᠦᠴᠢᠷᠳᠡᠯ ᠲᠠᠢ ᠡᠷᠦᠬᠡ ᠪᠠ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠳᠤ ᠢᠳᠡᠰᠢᠨ ᠲᠤᠰᠤ᠂ ᠠᠮᠤ ᠪᠤᠳᠠᠭ᠎ᠠ ᠵᠡᠷᠭᠡ ᠲᠣᠬᠤᠨᠢᠭᠤᠯᠬᠤ ᠪᠣᠳᠠᠰ ᠢ ᠬᠦᠷᠭᠡᠵᠦ ᠲᠡᠳᠡᠨ ᠳᠤ | ᠮᠡᠨᠳᠦᠴᠢᠯᠡᠯ ᠪᠠ ᠪᠠᠶᠠᠷ ᠤᠨ ᠡᠳᠦᠷ ᠤᠨ ᠢᠷᠥᠭᠡᠯ ᠳᠡᠪᠰᠢᠭᠦᠯᠵᠡᠶ᠃ ᠰᠦᠩ ᠷᠦᠢ ᠣᠴᠢᠭᠰᠠᠨ ᠡᠷᠦᠬᠡ ᠪᠤᠯᠠᠭᠠᠨ ᠤ | ᠲᠤᠰᠬᠤᠨ ᠤ ᠠᠷᠠᠳ ᠲᠠᠢ ᠳᠣᠲᠣᠨᠣᠰᠤᠭ ᠶᠠᠷᠢᠯᠴᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠭᠡᠷ | ᠪᠦᠯᠢ ᠶᠢᠨ ᠣᠷᠣᠯᠭ᠎ᠠ ᠶᠢᠨ ᠪᠠᠶᠢᠳᠠᠯ ᠵᠢᠴᠢ ᠤᠶᠢᠯᠡᠳᠪᠤᠷᠢᠯᠡᠯ ᠤᠨ ᠬᠦᠭᠵᠢᠯᠳᠡ ᠶᠢᠨ ᠪᠠᠶᠢᠳᠠᠯ ᠵᠡᠷᠭᠡ ᠶᠢ ᠤᠯᠠᠮ ᠨᠢᠭᠡ | ᠠᠯᠬᠤᠮ ᠣᠶᠢᠯᠠᠭᠠᠵᠤ᠂ ᠰᠠᠶᠢᠨ ᠰᠠᠶᠢᠬᠠᠨ ᠠᠮᠢᠳᠤᠷᠠᠬᠤ ᠶᠢ ᠵᠤᠷᠢᠬᠵᠢᠭᠤᠯᠵᠦ᠂ ᠬᠦᠴᠢᠷ ᠪᠡᠷᠬᠡ ᠲᠤᠬᠢᠶᠠᠯᠳᠤᠪᠠᠯ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ᠬᠠᠷᠢᠭᠤ ᠲᠤᠰᠬᠠᠵᠦ᠂ ᠡᠷᠲᠡᠬᠡᠨ ᠶᠠᠳᠠᠭᠤ ᠠᠴᠠ ᠠᠩᠭᠢᠵᠢᠷᠠᠬᠤ | ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ ᠭᠡᠰᠡᠨ ᠪᠠᠶᠢᠨ᠎ᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠠᠯᠪᠠᠨ ᠭᠠᠵᠠᠷ ᠲᠤ ᠲᠡᠳᠡᠨ ᠤ ᠠᠵᠢᠯ ᠪᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠣᠶᠢᠯᠠᠭᠠᠵᠤ᠂ ᠠᠵᠢᠯᠯᠠᠬᠤ | ᠠᠩᠭᠢ ᠶᠢᠨ ᠭᠡᠰᠢᠭᠦᠨ ᠪᠠ ᠲᠤᠰᠬᠤᠨ ᠤ ᠺᠠᠳᠠᠷ ᠨᠠᠷ ᠲᠠᠢ ᠭᠦᠨᠵᠡᠭᠡᠶ ᠶᠠᠷᠢᠯᠴᠠᠭᠰᠠᠨ ᠪᠠᠶᠢᠨ᠎ᠠ᠃ ᠲᠡᠷᠡ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠶᠠᠳᠠᠭᠤ ᠬᠦᠴᠢᠷᠳᠡᠢ ᠡᠷᠦᠬᠡ ᠶᠢᠨ ᠪᠠᠶᠢᠳᠠᠯ ᠢ ᠭᠦᠨᠵᠡᠭᠡᠶ ᠤᠶᠢᠯᠠᠭᠠᠵᠦ᠂ ᠲᠡᠳᠡᠨ ᠳᠤ ᠶᠠᠳᠠᠭᠤ ᠠᠴᠠ ᠠᠩᠭᠢᠵᠢᠷᠠᠨ | ᠪᠠᠶᠠᠵᠢᠬᠤ ᠠᠷᠭ᠎ᠠ ᠤᠬᠠᠭᠠᠨ ᠢ ᠭᠠᠷᠭᠠᠨ ᠦᠭᠴᠦ᠂ ᠢᠯᠡᠭᠦᠬᠡᠨ ᠬᠠᠶᠢᠷ᠎ᠠ ᠬᠠᠯᠠᠮᠵᠢ ᠪᠠ ᠬᠠᠪᠰᠦᠷᠮᠵᠢ ᠬᠦᠷᠳᠡᠭᠡᠵᠦ᠂ | ᠦᠢᠯᠡᠳᠪᠦᠷᠢᠯᠡᠯ᠂ ᠠᠮᠢᠳᠤᠷᠠᠯ ᠤᠨ ᠳᠤᠮᠳᠠᠬᠢ ᠪᠣᠳᠠᠲᠠᠶ ᠠᠰᠠᠭᠤᠳᠠᠯ ᠪᠠ ᠬᠦᠴᠢᠷᠳᠡᠯ ᠢ ᠬᠠᠪᠰᠦᠷᠴᠦ ᠰᠢᠢᠳᠪᠤᠷᠢᠯᠡᠨ | ᠦᠭᠴᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠡᠨᠡ ᠬᠦ ᠰᠢᠪᠳᠤᠯᠤᠯᠳᠠ ᠶᠢᠨ ᠲᠠᠶᠢᠨ ᠢ ᠢᠯᠠᠨ | ᠳᠠᠪᠠᠭ᠋ᠤ ᠬᠡᠷᠡᠭᠳᠡᠢ ᠭᠡᠵᠦ ᠱᠠᠭᠠᠷᠳᠠᠪᠠ᠃ |