6 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠵᠢᠯ ᠳᠤ 20 ᠲᠦᠮᠡᠨ | ᠲᠤᠯᠤᠭᠠᠢ ᠠᠯᠠᠰᠢᠨ ᠦᠬᠡᠷ ᠢ ᠠᠯᠠᠵᠦ ᠨᠢᠳᠤᠯᠠᠬᠤ᠂ ᠬᠤᠪᠢᠶᠠᠬᠤ ᠲᠦᠰᠦᠯ ᠵᠤᠶᠢᠯ ᠬᠤᠶᠠᠷ ᠵᠢᠯ ᠤᠨ ᠪᠦᠳᠦᠭᠡᠨ | ᠪᠠᠶᠢᠭᠤᠯᠤᠯᠲᠠ ᠪᠠᠷ ᠲᠠᠮᠵᠢᠨ ᠲᠤᠷᠰᠢᠨ ᠦᠢᠯᠡᠳᠪᠦᠷᠢᠯᠡᠵᠦ ᠪᠠᠶᠢᠭ᠎ᠠ ᠱᠠᠲᠤᠨ ᠳᠤ ᠵᠢᠩᠬᠢᠨᠢ ᠪᠠᠷ ᠣᠷᠣᠬᠰᠠᠨ ᠪᠠᠶᠢᠨ᠎ᠠ᠃ | ᠰᠢᠶᠠᠨ ᠤ ᠤᠳᠤᠷᠢᠳᠤᠯᠭ᠎ᠠ ᠵᠣᠣ ᠴᠠᠩ ᠶᠦᠩ᠂ ᠸᠠᠩ ᠭᠦᠸᠧ ᠴᠢᠤᠸᠠᠨ᠂ ᠯᠦ ᠴᠦᠨ ᠢᠦᠢ ᠨᠠᠷ ᠠᠵᠤ | ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠣᠴᠢᠵᠤ ᠤᠶᠢᠯᠡᠳᠪᠤᠷᠢᠯᠠᠯ ᠤᠨ ᠶᠠᠪᠤᠴᠠ ᠶᠢ ᠪᠠᠶᠢᠴᠠᠭᠠᠨ | ᠦᠵᠡᠭᠰᠡᠨ ᠪᠠᠶᠢᠨ᠎ᠠ᠃ | ᠾᠧᠨᠠᠨ ᠤ ᠢ ᠰᠠᠢ ᠦᠬᠡᠷ ᠤᠨ ᠮᠢᠬ᠎ᠠ ᠶᠢᠨ ᠬᠢᠵᠠᠭᠠᠷᠲᠤ ᠺᠣᠮᠫᠠᠨᠢ ᠠᠴᠠ 30.5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠣᠭᠰᠠᠨ 20 ᠲᠦᠮᠡᠨ ᠲᠤᠯᠤᠭᠠᠢ ᠠᠯᠠᠰᠢᠨ ᠦᠬᠡᠷ ᠤᠨ ᠠᠵᠦ | ᠤᠶᠢᠯᠡᠰᠵᠢᠭᠦᠯᠦᠯᠳᠡ ᠶᠢᠨ ᠲᠦᠰᠦᠯ ᠵᠤᠶᠢᠯ ᠨᠢ ᠨᠡᠶᠢᠲᠡ ᠬᠤᠶᠠᠷ ᠬᠤᠭᠤᠴᠠᠭ᠎ᠠ ᠶᠢᠨ ᠲᠠᠪᠤᠨ ᠵᠢᠯ ᠤᠨ ᠪᠦᠳᠤᠭᠡᠨ | ᠪᠠᠶᠢᠭᠤᠯᠤᠯᠲᠠ ᠲᠠᠢ᠃ ᠡᠭᠦᠨ ᠳᠤ ᠨᠢᠭᠡᠳᠦᠭᠡᠷ ᠬᠤᠭᠤᠴᠠᠭ᠎ᠠ ᠠᠯᠠᠰᠢᠨ ᠦᠬᠡᠷ ᠢ ᠨᠢᠳᠤᠯᠠᠵᠦ ᠡᠳ᠋ᠰᠢᠯᠡᠭᠦᠯᠭᠦ᠂ | ᠲᠡᠵᠢᠭᠡᠨ ᠪᠤᠷᠳᠤᠬᠤ ᠲᠦᠰᠦᠯ ᠵᠤᠶᠢᠯ ᠨᠢ 2016 ᠣᠨ ᠤ 7 ᠰᠠᠷ᠎ᠠ ᠠᠴᠠ ᠡᠬᠢᠯᠡᠨ ᠠᠵᠢᠯᠯᠠᠵᠦ᠂ ᠬᠤᠶᠠᠳᠤᠭᠠᠷ | ᠬᠤᠭᠤᠴᠠᠭ᠎ᠠ ᠦᠬᠡᠷ ᠤᠨ ᠮᠢᠬ᠎ᠠ ᠶᠢ ᠭᠦᠨ ᠪᠣᠯᠪᠠᠰᠤᠷᠠᠭᠤᠯᠬᠤ ᠲᠦᠰᠦᠯ ᠵᠤᠶᠢᠯ ᠪᠠᠶᠢᠵᠦ᠂ ᠥᠨᠦ ᠵᠢᠯ ᠤᠨ ᠲᠤᠤᠷ᠎ᠠ | ᠬᠠᠭᠠᠰ ᠵᠢᠯ ᠠᠴᠠ ᠡᠬᠢᠯᠡᠨ ᠠᠵᠢᠯᠯᠠᠬᠤ ᠪᠠᠷ ᠲᠦᠯᠦᠪᠯᠡᠵᠦ ᠪᠠᠶᠢᠨ᠎ᠠ᠃ ᠢ ᠰᠠᠢ ᠪᠦᠯᠦᠭᠯᠡᠯ ᠪᠣᠯ ᠠᠯᠠᠰᠢᠨ ᠦᠬᠡᠷ | ᠲᠡᠵᠢᠭᠡᠨ ᠦᠷᠡᠵᠢᠭᠦᠯᠬᠦ᠂ ᠪᠣᠷᠳᠤᠭ᠎ᠠ ᠶᠢᠨ ᠦᠢᠯᠡᠳᠪᠦᠷᠢᠯᠡᠯ᠂ ᠨᠢᠳᠦᠯᠠᠵᠦ ᠬᠤᠪᠢᠶᠠᠬᠤ᠂ ᠢᠳᠡᠭᠡᠨ ᠢ | ᠪᠣᠯᠪᠠᠰᠤᠷᠠᠭᠤᠯᠬᠤ᠂ ᠬᠤᠯᠪᠤᠭᠠᠳᠤ ᠲᠤᠰᠬᠠᠶ ᠬᠤᠳᠠᠯᠳᠤᠭ᠎ᠠ ᠪᠠ ᠬᠠᠩᠭᠠᠯᠭ᠎ᠠ ᠶᠢᠨ ᠦᠢᠯᠡᠴᠢᠯᠡᠭᠡ ᠶᠢ | ᠪᠦᠷᠢᠳᠦᠭᠦᠯᠦᠭᠰᠡᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠳᠠ ᠶᠢᠨ ᠯᠠᠯᠤ ᠶᠢᠨ ᠢᠳᠡᠭᠡᠨ ᠤ | ᠪᠦᠯᠦᠭᠯᠡᠯ ᠪᠤᠯᠤᠨ᠎ᠠ᠃ ᠢ ᠰᠠᠢ ᠥᠪᠥᠷ ᠮᠣᠩᠭᠤᠯ ᠤᠨ ᠬᠤᠪᠢᠶᠠᠷᠢ ᠺᠣᠮᠫᠠᠨᠢ 2016 ᠣᠨ ᠳᠤ ᠺᠠᠶᠢᠯᠦ ᠰᠢᠶᠠᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭᠤᠯᠤᠬᠳᠠᠵᠦ᠂ 20 ᠲᠦᠮᠡᠨ ᠲᠤᠯᠤᠭᠠᠢ ᠠᠯᠠᠰᠢᠨ | ᠦᠬᠡᠷ ᠢ ᠠᠯᠠᠵᠦ ᠨᠢᠳᠤᠯᠠᠬᠤ᠂ ᠬᠤᠪᠢᠶᠠᠬᠤ ᠲᠦᠰᠦᠯ ᠵᠤᠶᠢᠯ ᠢ ᠲᠠᠭᠠᠭᠠᠴᠢᠯᠠᠵᠦ᠂ ᠲᠠᠷᠤᠢ 10 ᠲᠦᠮᠡᠨ ᠲᠤᠨ | ᠲᠡᠵᠢᠭᠡᠯ ᠪᠣᠷᠳᠤᠭ᠎ᠠ ᠶᠢ ᠪᠣᠯᠪᠠᠰᠤᠷᠠᠭᠤᠯᠬᠤ᠂ 2 ᠲᠦᠮᠡᠨ ᠲᠤᠯᠤᠭᠠᠢ ᠠᠯᠠᠰᠢᠨ ᠦᠬᠡᠷ ᠢ ᠲᠡᠵᠢᠭᠡᠨ ᠦᠷᠡᠵᠢᠭᠦᠯᠬᠦ᠂ | 20 ᠲᠦᠮᠡᠨ ᠲᠤᠯᠤᠭᠠᠢ ᠠᠯᠠᠰᠢᠨ ᠦᠬᠡᠷ ᠢ ᠠᠯᠠᠵᠦ ᠨᠢᠳᠤᠯᠠᠨ ᠬᠤᠪᠢᠶᠠᠬᠤ᠂ 2 ᠲᠦᠮᠡᠨ ᠲᠣᠨ ᠮᠢᠬᠠᠨ ᠢᠳᠡᠭᠡᠨ ᠢ | ᠨᠠᠷᠢᠯᠢᠭ ᠪᠤᠯᠪᠠᠰᠤᠷᠠᠭᠤᠯᠬᠤ ᠵᠢᠴᠢ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠶᠢᠨ ᠬᠥᠮᠥᠷᠭᠡᠯᠡᠨ ᠬᠠᠳᠠᠭᠠᠯᠠᠬᠤ | ᠦᠢᠯᠡᠴᠢᠯᠡᠭᠡ᠂ ᠡᠯᠧᠺᠲᠷᠣᠨ ᠬᠤᠳᠠᠯᠳᠤᠭ᠎ᠠ ᠶᠢ ᠨᠢᠭᠡ ᠴᠤᠭᠴᠠᠵᠢᠭᠤᠯᠤᠭᠰᠠᠨ ᠣᠳᠣᠬᠢᠴᠢᠯᠠᠭᠰᠠᠨ ᠯᠠᠯᠤ ᠶᠢᠨ | ᠢᠳᠡᠭᠡᠨ ᠤ ᠠᠵᠤ ᠦᠢᠯᠡᠰ ᠤᠨ ᠬᠦᠷᠢᠶᠡᠯᠡᠩ ᠪᠤᠯᠤᠨ᠎ᠠ᠃ ᠲᠦᠰᠦᠯ ᠵᠤᠶᠢᠯ 300 ᠮᠥ ᠭᠠᠵᠠᠷ ᠢ ᠡᠵᠡᠯᠡᠵᠦ᠂ | ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 3.05 ᠳ᠋ᠦᠩᠰᠢᠭᠤᠷ ᠲᠥᠭᠦᠷᠢᠭ ᠪᠣᠯᠤᠨ᠎ᠠ᠃ |