ᠺᠠᠶᠢᠯᠦ ᠰᠢᠶᠠᠨ ᠤ ᠬᠤᠶᠠᠳᠤᠭᠠᠷ ᠬᠤᠭᠤᠴᠠᠭᠠᠨ ᠤ ᠣᠷᠣᠨ ᠨᠤᠲᠤᠭ ᠤᠨ ᠬᠢᠯᠢ ᠠᠯᠤᠰᠯᠠᠭᠰᠠᠨ ᠠᠵᠤ ᠠᠬᠤᠶᠢᠯᠠᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠲᠡᠭᠡᠷ᠎ᠡ ᠰᠢᠭᠤᠳ ᠠᠷᠠᠯᠵᠢᠶᠠᠯᠠᠭᠰᠠᠨ ᠲᠤᠭ᠎ᠠ ᠨᠢ 50 ᠲᠦᠮᠡᠨ ᠲᠥᠭᠦᠷᠢᠭ ᠲᠤ ᠬᠦᠷᠦᠭᠰᠡᠨ
ᠨᠡᠶᠢᠲᠡᠯᠡᠭᠰᠡᠨ ᠴᠠᠭ᠄
2018-08-03
     ᠦᠢᠷ᠎ᠠ ᠶᠢᠨ ᠡᠳᠦᠷ᠂ ᠺᠠᠶᠢᠯᠦ ᠰᠢᠶᠠᠨ ᠤ ᠬᠤᠶᠠᠳᠤᠭᠠᠷ ᠬᠤᠭᠤᠴᠠᠭᠠᠨ ᠤ ᠣᠷᠣᠨ ᠨᠤᠲᠤᠭ ᠤᠨ ᠳᠡᠯᠭᠡᠨ ᠪᠣᠷᠣᠯᠠᠭᠤᠯᠬᠤ ᠴᠤᠭᠯᠠᠭᠠᠨ ᠡᠬᠢᠯᠡᠪᠡ᠃ ᠲᠤᠰ ᠤᠳᠠᠭᠠᠨ ᠤ ᠠᠵᠢᠯᠯᠠᠭ᠎ᠠ ᠤᠨ ᠭᠤᠣᠯ ᠵᠤᠷᠢᠯᠳᠠ ᠪᠣᠯ ᠰᠢᠶᠠᠨ ᠤ ᠬᠡᠪᠴᠢᠶᠡᠨ ᠤ ᠣᠷᠣᠨ ᠨᠤᠲᠤᠭ ᠤᠨ ᠬᠢᠯᠢ ᠠᠯᠤᠰᠯᠠᠭᠰᠠᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠨᠡᠷ᠎ᠡ ᠠᠯᠳᠠᠷ ᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠦᠨᠡᠨ ᠬᠦ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠢᠯᠢ ᠠᠯᠤᠰᠯᠠᠭᠰᠠᠨ ᠢ ᠪᠡᠶᠡᠯᠡᠭᠦᠯᠵᠦ᠂ ᠺᠠᠶᠢᠯᠦ ᠰᠢᠶᠠᠨ ᠤ ᠠᠵᠤ ᠠᠬᠤᠶ‌‍ᠶᠢ ᠲᠠᠳᠠᠬᠤ ᠬᠦᠴᠦᠨ ᠴᠢᠳᠠᠯ ᠢ ᠡᠷᠭᠦᠬᠦ ᠬᠡᠷᠡᠭᠲᠡᠶ᠃ ᠲᠣᠰ ᠬᠤᠭᠤᠴᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠤ ᠨᠡᠶᠢᠲᠡ 13 ᠣᠷᠣᠨ ᠨᠤᠲᠤᠭ ᠤᠨ ᠠᠵᠤ ᠠᠬᠤᠶᠢᠯᠠᠯ ᠣᠷᠣᠯᠴᠠᠵᠦ᠂ ᠲᠤᠰ ᠲᠤᠰ ᠢᠳᠡᠭᠡᠨ᠂ ᠴᠠᠬᠢᠯᠭᠠᠨ ᠬᠥᠳᠡᠯᠭᠡᠭᠦᠷᠲᠦ ᠲᠡᠷᠭᠡ᠂ ᠵᠠᠰᠠᠯ ᠴᠢᠮᠡᠭᠯᠡᠯ ᠤᠨ ᠮᠠᠲ᠋ᠧᠷᠢᠶᠠᠯ᠂ ᠮᠠᠰᠢᠨ ᠲᠡᠷᠭᠡ ᠪᠠ ᠲᠡᠷᠭᠡᠨ ᠬᠦᠷᠳᠦ ᠵᠡᠷᠭᠡ ᠪᠦᠲᠦᠭᠡᠭᠳᠡᠬᠦᠨ ᠢ ᠳᠡᠯᠭᠡᠨ ᠦᠵᠡᠭᠦᠯᠪᠡ᠃ ᠳᠡᠯᠭᠡᠨ ᠪᠣᠷᠣᠯᠠᠭᠤᠯᠬᠤ ᠴᠤᠭᠯᠠᠭᠠᠨ ᠨᠡᠶᠢᠲᠡ 3 ᠡᠳᠦᠷ ᠶᠠᠪᠤᠬᠳᠠᠵᠦ᠂ ᠳᠡᠯᠭᠡᠨ ᠪᠣᠷᠣᠯᠠᠭᠤᠯᠬᠤ ᠠᠩᠬᠠᠨ ᠤ ᠡᠳᠦᠷ ᠤᠨ ᠬᠥᠮᠦᠨ ᠤ ᠲᠤᠭ᠎ᠠ 2 ᠲᠦᠮᠡᠨ ᠬᠦᠮᠦᠨ ᠳᠤ ᠬᠦᠷᠴᠦ᠂ ᠰᠢᠭᠤᠳ ᠤᠲᠠᠰᠤ ᠪᠠᠷ ᠠᠷᠠᠯᠵᠢᠶᠠᠯᠠᠭᠰᠠᠨ ᠲᠤᠭ᠎ᠠ 20 ᠭᠠᠷᠤᠶ ᠲᠦᠮᠡᠨ ᠲᠥᠭᠦᠷᠢᠭ ᠲᠤ ᠬᠦᠷᠪᠡ᠃ ᠦᠵᠡᠭᠦᠯᠦᠯᠭᠡ ᠶᠢᠨ ᠬᠤᠭᠤᠴᠠᠭᠠᠨ ᠳᠤ ᠰᠢᠭᠤᠳ ᠠᠷᠠᠯᠵᠢᠶᠠᠯᠠᠭᠰᠠᠨ ᠲᠤᠭ᠎ᠠ 50 ᠲᠦᠮᠡ ᠰᠢᠬᠠᠮ ᠲᠥᠭᠦᠷᠢᠭ ᠲᠤ ᠬᠦᠷᠴᠦ᠂ ᠳᠠᠮ ᠠᠷᠠᠯᠵᠢᠶᠠᠨ ᠤ ᠲᠤᠭ᠎ᠠ ᠪᠠᠷᠤᠭ 350 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号