ᠵᠣᠨ ᠤ ᠤᠯᠠᠷᠢᠯ ᠤᠨ ᠵᠤᠭᠠᠴᠠᠯ ᠢ ᠠᠬᠢᠭᠤᠯᠵᠤ᠂ ᠣᠷᠣᠨ ᠤ ᠲᠤᠲᠤᠨ᠎ᠠ ᠭᠠᠳᠠᠨᠠᠬᠢ ᠭᠠᠷᠠᠭ ᠤᠨ | ᠰᠡᠭᠦᠯᠴᠢ ᠶᠢᠨ ᠵᠢᠭᠤᠯᠴᠢᠯᠠᠯ ᠵᠢᠴᠢ ᠡᠷᠭᠢᠨ ᠲᠣᠭᠤᠷᠢᠨ ᠤ ᠵᠢᠭᠤᠯᠴᠢᠯᠠᠯ ᠤᠨ ᠳᠠᠪᠲᠠᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ 5 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠤᠭᠠᠴᠠᠯ ᠤᠨ ᠲᠢᠩᠬᠢᠮ ᠤᠨ ᠬᠢᠨ ᠤ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ | ᠪᠦᠲᠦᠭᠡᠯᠴᠢ ᠵᠤᠭᠠᠴᠠᠯ ᠢᠶᠠᠷ ᠥᠪᠥᠷ ᠮᠣᠩᠭᠤᠯ ᠢ ᠲᠣᠭᠤᠷᠢᠨ ᠦᠵᠡᠬᠦ ᠨᠠᠷᠠᠲᠤ ᠲᠥᠷᠥᠯ ᠲᠡᠮᠳᠡᠭᠲᠦ ᠶᠢᠨ ᠲᠥᠷᠥᠯ | ᠵᠦᠶᠯ ᠢ ᠲᠠᠨᠢᠯᠴᠠᠭᠤᠯᠬᠤ ᠬᠤᠷᠠᠯ ᠪᠡᠭᠡᠵᠢᠩ ᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠨᠡ ᠵᠤᠨ ᠭᠠᠷᠭᠠᠭᠰᠠᠨ ᠬᠤᠪᠢ ᠶᠢᠨ ᠮᠠᠰᠢᠨ ᠢᠶᠠᠷ ᠵᠤᠭᠠᠴᠠᠬᠤ | ᠵᠤᠭᠠᠴᠠᠯ ᠤᠨ ᠵᠠᠮ ᠱᠤᠭᠤᠮ 20 ᠵᠣᠷᠪᠣᠰ ᠪᠤᠢ ᠶᠤᠮ ᠪᠠᠶᠢᠨ᠎ᠠ᠂ ᠲᠤᠰ ᠲᠤᠰ ᠪᠡᠭᠡᠵᠢᠩ ᠲᠢᠶᠠᠨᠵᠢᠨ ᠾᠧᠪᠧᠢ ᠶᠢᠨ | ᠬᠤᠲᠠ ᠶᠢᠨ ᠪᠥᠭᠡᠮᠨᠡᠷᠡᠯ᠂ ᠱᠠᠨᠰᠢ ᠭᠠᠨᠰᠦ ᠱᠠᠨ ᠰᠢ ᠨᠢᠩᠰᠢᠶᠠ ᠬᠤᠲᠠ ᠶᠢᠨ ᠪᠥᠭᠡᠮᠨᠡᠷᠡᠯ᠂ ᠬᠠᠷᠠᠮᠥ᠋ᠷᠡᠨ ᠭᠢᠷᠢᠨ | ᠯᠢᠶᠣᠤᠨᠢᠩ ᠬᠤᠲᠠ ᠶᠢᠨ ᠪᠥᠭᠡᠮᠨᠡᠷᠡᠯ ᠵᠢᠴᠢ ᠪᠥᠬᠦ ᠤᠯᠤᠰ ᠤᠨ ᠡᠯ᠎ᠡ ᠭᠠᠵᠠᠷ ᠤᠨ ᠬᠤᠪᠢ ᠶᠢᠨ ᠮᠠᠰᠢᠨ ᠢᠶᠠᠷ | ᠵᠤᠭᠠᠴᠠᠬᠤ ᠠᠶᠠᠨᠴᠢᠳ ᠤᠨ ᠰᠦᠷᠦᠭᠵᠢᠯ ᠳᠤ ᠬᠠᠨᠳᠤᠭᠤᠯᠤᠭᠰᠠᠨ ᠪᠠᠶᠢᠨ᠎ᠠ᠃ ᠱᠤᠭᠤᠮ ᠨᠢᠭᠡᠪᠦᠷᠢ ᠨᠢ ᠴᠥᠮ | ᠥᠪᠡᠷᠮᠢᠴᠡ ᠴᠢᠨᠠᠷ ᠪᠠ ᠡᠷᠬᠡ ᠴᠢᠯᠥᠭᠡ ᠶᠢ ᠡᠷᠬᠢᠮᠯᠡᠵᠦ᠂ ᠪᠡᠶᠡᠴᠢ ᠣᠶᠢᠯᠠᠭᠠᠯᠲᠠ ᠪᠠ ᠰᠡᠳᠬᠢᠯᠭᠡ ᠶᠢ ᠬᠤᠯᠪᠣᠬᠤ ᠶᠢ | ᠴᠢᠬᠤᠯᠠᠴᠢᠯᠠᠨ᠂ ᠥᠪᠡᠷ ᠥᠪᠡᠷ ᠤᠨ ᠢᠶᠠᠨ ᠠᠳᠠᠯᠢ ᠪᠤᠰᠤ ᠭᠤᠣᠯ ᠰᠡᠳᠦᠪ ᠲᠠᠢ ᠪᠠᠶᠢᠳᠠᠭ᠃ ᠪᠡᠭᠡᠵᠢᠩ ᠲᠢᠶᠠᠨᠵᠢᠨ | ᠾᠧᠪᠧᠢ ᠣᠷᠣᠨ ᠳᠤ ᠬᠠᠨᠳᠤᠭᠤᠯᠤᠨ ᠵᠢᠷᠤᠵᠤ ᠲᠥᠯᠥᠪᠯᠡᠭᠰᠡᠨ 3 ᠵᠤᠷᠪᠤᠰ ᠵᠤᠭᠠᠴᠠᠯ ᠤᠨ ᠱᠤᠭᠤᠮ ᠢᠶᠠᠷ | ᠵᠢᠱᠢᠶᠡᠯᠡᠬᠦ ᠳᠤ᠄ ᠨᠢᠭᠡ ᠨᠢ ︽ᠪᠡᠭᠡᠵᠢᠩ ᠲᠢᠶᠠᠨᠵᠢᠨ ᠾᠧᠪᠧᠢ — ᠰᠢᠯᠢ ᠶᠢᠨ ᠭᠤᠤᠯ ᠠᠶᠢᠮᠠᠭ ᠤᠨ ᠰᠢᠯᠤᠭᠤᠨ | ᠬᠥᠬᠡ ᠬᠤᠰᠢᠭᠤ — ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ — ᠲᠠᠶᠢᠪᠤᠰᠧ ᠬᠤᠰᠢᠭᠤ — ᠬᠠᠭᠠᠨ ᠤ | ᠠᠳᠤᠭᠤᠳ ᠤᠨ ᠬᠦᠷᠢᠶᠡᠯᠡᠩ ︵ᠢᠤᠢ ᠮᠠ ᠶᠤᠸᠠᠨ︶ — ᠭᠦᠨᠪᠤᠯᠠᠭ ᠤᠨ ᠲᠠᠯ᠎ᠠ ᠨᠤᠲᠤᠭ︾ ᠱᠤᠭᠤᠮ ᠢᠶᠠᠷ | ᠪᠡᠭᠡᠵᠢᠩ ᠲᠢᠶᠠᠨᠵᠢᠨ ᠾᠧᠪᠧᠢ ᠣᠷᠣᠨ ᠠᠴᠠ ᠮᠣᠷᠳᠠᠵᠤ᠂ 72 ᠴᠠᠭ ᠤᠨ ᠳᠣᠲᠣᠷ᠎ᠠ ᠮᠠᠰᠢᠨ ᠲᠡᠷᠭᠡ ᠵᠢᠯᠣᠭᠤᠳᠴᠤ | ᠲᠠᠯ᠎ᠠ ᠨᠤᠲᠤᠭ ᠤᠨ ᠠᠳᠤᠭᠤᠨ ᠤ ᠵᠠᠮ ᠢᠶᠠᠷ ᠠᠶᠠᠯᠠᠵᠤ᠂ ᠵᠤᠭᠠᠴᠠᠭᠰᠠᠳ ᠶᠤᠸᠠᠨ ᠤᠯᠤᠰ ᠤᠯᠤᠰ ᠤᠨ ᠳᠡᠭᠡᠳᠦ | ᠨᠡᠶᠢᠰᠯᠡᠯ ᠤᠨ ᠪᠠᠭᠤᠷᠢ ᠶᠢ ᠲᠣᠭᠤᠷᠢᠬᠤ ᠪᠠᠷ ᠪᠠᠷᠠᠬᠤ ᠦᠭᠡᠢ᠂ ᠪᠠᠰᠠ ᠠᠯᠲᠠᠩᠬᠸ᠎ᠠ ᠶᠢᠨ ᠲᠠᠯ᠎ᠠ ᠶᠢᠨ ᠦᠵᠡᠰᠭᠦᠯᠡᠩᠲᠦ | ᠰᠠᠶᠢᠬᠠᠨ ᠦᠩᠭᠡ ᠦᠵᠡᠮᠵᠢ ᠶᠢ ᠰᠣᠨᠢᠷᠬᠠᠵᠤ᠂ ᠲᠠᠶᠢᠹᠣᠰᠧ ᠳᠠᠬᠢ ᠬᠠᠭᠠᠨ ᠤ ᠠᠳᠤᠭᠤᠳ ᠤᠨ ᠬᠦᠷᠢᠶᠡᠯᠡᠩ ᠳᠤ | ᠬᠦᠷᠴᠦ ᠮᠣᠷᠢᠨ ᠮᠡᠷᠭᠡᠵᠢᠯ ᠤᠨ ᠤᠷᠤᠯᠳᠤᠭᠤᠨ ᠢ ᠰᠣᠨᠢᠷᠬᠠᠨ᠂ ᠬᠠᠭᠠᠨ ᠤ ᠠᠳᠤᠭᠤᠳ ᠤᠨ ᠬᠦᠷᠢᠶᠡᠯᠡᠩ ᠤᠨ | ᠮᠦᠽᠧᠶ ᠶᠢ ᠲᠣᠭᠤᠷᠢᠨ ᠦᠵᠡᠵᠦ᠂ ᠠᠳᠤᠭᠤᠨ ᠰᠣᠶᠣᠯ ᠤᠨ ᠲᠡᠤᠬᠡ ᠶᠢᠨ ᠡᠬᠢ ᠰᠤᠷᠪᠤᠯᠵᠢ ᠶᠢ ᠭᠦᠨᠵᠡᠭᠡᠢ | ᠣᠶᠢᠯᠠᠭᠠᠨ᠂ ᠳᠠᠷᠠᠭ᠎ᠠ ᠨᠢ ᠭᠦᠨᠪᠤᠯᠠᠭ ᠤᠨ ᠲᠠᠯ᠎ᠠ ᠨᠤᠲᠤᠭ ᠢᠶᠠᠷ ᠵᠤᠭᠠᠴᠠᠵᠤ᠂ ᠲᠠᠯ᠎ᠠ ᠨᠤᠲᠤᠭ ᠤᠨ ᠴᠡᠴᠡᠭ ᠤᠨ | ᠳᠠᠯᠠᠢ ᠪᠠᠷ ᠱᠤᠩᠪᠠᠨ᠎ᠠ︔ ᠬᠤᠶᠠᠷ ᠲᠤ᠂ ︽ᠪᠡᠭᠡᠵᠢᠩ ᠲᠢᠶᠠᠨᠵᠢᠨ ᠾᠧᠪᠧᠢ — ᠤᠯᠠᠭᠠᠨᠴᠠᠪ ᠬᠤᠲᠠ — | ᠬᠦᠢᠲᠡᠨᠰᠢᠯᠢ ᠶᠢᠨ ᠶᠢᠨ ᠲᠠᠯ᠎ᠠ ᠨᠤᠲᠤᠭ — ᠬᠥᠬᠡᠬᠤᠲᠠ︾ ᠤᠨ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ | ᠣᠷᠣᠨ ᠠᠴᠠ ᠮᠣᠷᠳᠠᠵᠤ᠂ 72 ᠴᠠᠭ ᠤᠨ ᠳᠣᠲᠣᠷ᠎ᠠ ᠬᠤᠪᠢ ᠶᠢᠨ ᠮᠠᠰᠢᠨ ᠢᠶᠠᠨ ᠵᠢᠯᠣᠭᠤᠳᠴᠤ ᠮᠣᠩᠭᠤᠯ ᠶᠤᠸᠠᠨ ᠤ | ᠰᠣᠶᠣᠯ ᠤᠨ ᠠᠮᠢᠳᠤᠷᠠᠯ ᠢ ᠣᠶᠢᠯᠠᠭᠠᠵᠤ᠂ ᠵᠤᠭᠠᠴᠠᠭᠰᠠᠳ ᠲᠡᠷᠭᠡᠨ ᠠᠴᠠ ᠪᠠᠨ ᠪᠠᠭᠤᠮᠠᠭᠴᠠ ᠬᠦᠯᠦᠭ ᠤᠨ | ᠨᠢᠷᠤᠭᠤᠨ ᠳᠤ ᠮᠣᠷᠳᠠᠨ᠂ ᠬᠦᠢᠲᠡᠨᠰᠢᠯᠢ ᠶᠢᠨ ᠲᠠᠯ᠎ᠠ ᠨᠤᠲᠤᠭ ᠢᠶᠠᠷ ᠳᠠᠪᠬᠢᠨ᠂ ᠠᠽᠢᠶ᠎ᠠ ᠲᠢᠪ ᠤᠨ ᠨᠢᠭᠡᠳᠦᠭᠡᠷ ᠶᠡᠭᠡ | ᠰᠠᠯᠬᠢᠨ ᠤ ᠬᠦᠴᠦᠨ ᠤ ᠴᠠᠬᠢᠯᠭᠠᠨ ᠦᠶᠯᠡᠳᠪᠦᠷᠢ ᠶᠢᠨ ᠪᠠᠶᠢᠳᠠᠯ ᠣᠶᠢᠯᠠᠭᠠᠵᠤ᠂ ᠲᠠᠯ᠎ᠠ ᠨᠤᠲᠤᠭ ᠤᠨ ᠮᠠᠯᠴᠢᠨ | ᠠᠶᠢᠯ ᠤᠳ ᠢᠶᠠᠷ ᠬᠦᠷᠴᠦ ᠬᠤᠷᠤᠳ ᠵᠦᠭᠡᠬᠡᠢ ᠵᠡᠷᠭᠡ ᠴᠠᠭᠠᠨ ᠢᠳᠡᠭᠡᠨ ᠢ ᠠᠮᠲᠠᠯᠠᠭᠠᠳ᠂ ᠬᠥᠬᠡᠬᠤᠲᠠ ᠳᠤ ᠪᠤᠴᠠᠨ | ᠢᠷᠡᠵᠦ᠂ ᠳᠤᠮᠳᠠᠳᠤ ᠤᠯᠤᠰ ᠤᠨ ᠮᠦᠽᠧᠢ ᠶᠢᠨ ᠬᠢᠨ ᠤ ︽ᠤᠰᠺᠠᠷ︾ ᠬᠡᠮᠡᠭᠳᠡᠭᠰᠡᠨ ᠮᠦᠽᠧᠢ ᠵᠡᠷᠭᠡ ᠬᠤᠲᠠ ᠶᠢᠨ | ᠳᠤᠮᠳᠠᠬᠢ ᠦᠵᠡᠮᠵᠢ ᠶᠢᠨ ᠣᠷᠣᠨ ᠢᠶᠠᠷ ᠵᠤᠭᠠᠴᠠᠨ᠎ᠠ︔ ᠭᠤᠷᠪᠠ ᠳᠤ᠂ ︽ᠪᠡᠭᠡᠵᠢᠩ ᠲᠢᠶᠠᠨᠵᠢᠨ ᠾᠧᠪᠧᠢ — | ᠤᠯᠠᠭᠠᠨᠬᠠᠳᠠ ᠬᠤᠲᠠ — ᠢᠤᠢ ᠯᠦᠩ ᠡᠯᠡᠰᠦᠨ ᠨᠠᠭᠤᠷ — ᠬᠡᠰᠢᠭᠲᠡᠨ ᠬᠤᠰᠢᠭᠤ — ᠲᠠᠯᠠᠶᠢᠨᠠᠭᠤᠷ︾ | ᠤᠨ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠣᠷᠣᠨ ᠠᠴᠠ ᠮᠣᠷᠳᠠᠵᠤ᠂ 72 ᠴᠠᠭ ᠤᠨ ᠳᠣᠲᠣᠷ᠎ᠠ ᠮᠠᠰᠢᠨ | ᠲᠡᠷᠭᠡ ᠪᠠᠷ ᠲᠠᠯ᠎ᠠ ᠨᠤᠲᠤᠭ ᠤᠨ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠶᠢ ᠰᠣᠨᠢᠷᠬᠠᠨ᠎ᠠ᠃ | ᠥᠪᠥᠷ ᠮᠣᠩᠭᠤᠯ ᠤᠨ ᠵᠤᠭᠠᠴᠠᠯ ᠤᠨ ᠡᠬᠢ ᠪᠠᠶᠠᠯᠢᠭ ᠲᠦᠢᠯ ᠤᠨ ᠡᠯᠪᠡᠭ᠂ ᠲᠠᠯ᠎ᠠ ᠨᠤᠲᠤᠭ᠂ ᠡᠯᠡᠰᠦ ᠮᠠᠩᠬ᠎ᠠ | ᠂ ᠪᠠᠯᠠᠷ ᠣᠢ ᠰᠢᠭᠤᠶ ᠠᠴᠠ ᠭᠠᠳᠠᠨ᠎ᠠ᠂ ᠪᠠᠰᠠ ᠥᠨᠳᠥᠷ ᠠᠭᠤᠯᠠ ᠨᠠᠭᠤᠷ ᠴᠥᠭᠦᠷᠥᠮ᠂ ᠭᠤᠤ ᠬᠠᠪᠴᠢᠯ ᠴᠢᠯᠠᠭᠤᠨ | ᠣᠢ᠂ ᠡᠯᠳᠡᠪ ᠬᠡᠯᠪᠡᠷᠢ ᠶᠠᠩᠵᠤ ᠶᠢᠨ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ᠂ ᠭᠠᠵᠠᠷ ᠰᠠᠢ ᠦᠭᠡᠢ | ᠮᠠᠨᠤ ᠲᠠᠢ ᠭᠤᠪᠢ ᠮᠠᠩᠬ᠎ᠠ ᠪᠤᠢ᠃ ᠠᠭᠠᠭᠢᠮ᠎ᠠ ᠬᠠᠯᠠᠭᠤᠨ ᠵᠤᠨ ᠤ ᠡᠳᠦᠷ ᠴᠦ ᠲᠡᠷᠡ᠂ ᠲᠠᠰᠬᠢᠮ᠎ᠠ ᠭᠦᠢᠲᠡᠨ | ᠡᠪᠦᠯ ᠤᠨ ᠤᠯᠠᠷᠢᠯ ᠴᠤ ᠲᠡᠷᠡ᠂ ᠥᠪᠥᠷ ᠮᠣᠩᠭᠤᠯ ᠤᠨ ᠭᠠᠵᠠᠷ ᠪᠣᠯᠭᠠᠨ ᠳᠤ ᠭᠤᠶᠢᠳᠠ ᠦᠵᠡᠮᠵᠢ ᠲᠠᠢ᠂ ᠳᠥᠷᠪᠡᠨ | ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠨᠢ ᠥᠨᠢ ᠤᠳᠠᠭᠠᠨ ᠲᠡᠤᠬᠡ ᠰᠣᠶᠣᠯ᠂ ᠬᠤᠪᠢᠰᠬᠠᠯ ᠤᠨ ᠭᠧᠨ᠂ | ᠪᠠᠭᠠᠲᠤᠷᠯᠢᠭ ᠦᠯᠢᠭᠡᠷ᠂ ᠠᠷᠠᠳ ᠤᠨ ᠵᠠᠩ ᠦᠢᠯᠡ᠂ ᠣᠨᠴᠠᠭᠠᠢ ᠣᠷᠣᠨ ᠤ ᠵᠠᠩ ᠦᠢᠯᠡ ᠵᠡᠷᠭᠡ ᠲᠠᠢ ᠰᠣᠯᠪᠢᠴᠠᠨ | ᠭᠡᠷᠡᠯᠲᠦᠵᠦ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠳᠦᠭᠦᠯᠵᠡᠢ᠃ | ᠥᠪᠥᠷ ᠮᠣᠩᠭᠤᠯ ᠬᠢᠭᠡᠳ ᠬᠠᠷᠠᠮᠥ᠋ᠷᠡᠨ᠂ ᠭᠢᠷᠢᠨ᠂ ᠯᠢᠶᠣᠤᠨᠢᠩ᠂ ᠾᠧᠪᠧᠢ᠂ ᠱᠠᠨ ᠰᠢ᠂ ᠱᠠᠨᠰᠢ᠂ | ᠨᠢᠩᠰᠢᠶᠠ᠂ ᠭᠠᠨᠰᠦ ᠵᠡᠷᠭᠡ ᠮᠣᠵᠢ ᠣᠷᠣᠨ ᠯᠤᠭ᠎ᠠ ᠶᠢᠨ ᠵᠠᠶ ᠨᠢ ᠲᠡᠶᠢᠮᠦ ᠬᠤᠯᠠ ᠪᠢᠰᠢ᠄ ᠢᠷᠭᠠᠢ ᠠᠴᠠ ᠮᠣᠷᠳᠠᠵᠤ᠂ | ᠲᠡᠷᠭᠡ ᠵᠢᠯᠣᠭᠤᠳᠤᠭᠠᠳ 2 ᠴᠠᠭ ᠭᠠᠷᠤᠶ ᠵᠠᠮᠨᠠᠪᠠᠯ ᠦᠬᠠᠢ ᠬᠤᠲᠠ ᠳᠤ ᠬᠦᠷᠴᠢᠬᠡᠨ᠎ᠡ︔ ᠮᠦᠭᠳᠡᠨ ᠠᠴᠠ ᠮᠣᠷᠳᠠᠵᠤ᠂ | 3 ᠴᠠᠭ ᠢᠯᠡᠭᠦᠦ ᠲᠡᠷᠭᠡ ᠵᠢᠯᠣᠭᠤᠳᠪᠠᠯ ᠲᠦᠩᠯᠢᠶᠣᠤ ᠬᠦᠷᠴᠢᠬᠡᠨ᠎ᠡ︔ ᠲᠠᠶᠢᠶᠤᠸᠠᠨ ᠠᠴᠠ ᠮᠣᠷᠳᠠᠵᠤ᠂ 4 ᠴᠠᠭ | ᠢᠯᠡᠭᠦᠦ ᠲᠡᠷᠭᠡ ᠵᠢᠯᠣᠭᠤᠳᠪᠠᠯ ᠤᠯᠠᠭᠠᠨᠴᠠᠪ ᠬᠤᠲᠠ ᠳᠤ ᠬᠦᠷᠴᠢᠬᠡᠨ᠎ᠡ︔ ᠪᠡᠭᠡᠵᠢᠩ ᠠᠴᠠ ᠮᠣᠷᠳᠠᠵᠤ᠂ ᠲᠡᠷᠭᠡ | ᠵᠢᠯᠣᠭᠤᠳᠤᠭᠠᠳ 4 ᠴᠠᠭ ᠭᠠᠷᠤᠢ ᠵᠠᠮᠨᠠᠪᠠᠯ ᠤᠯᠠᠭᠠᠨᠬᠠᠳᠠ᠂ ᠤᠯᠠᠭᠠᠨᠴᠠᠪ ᠲᠤ ᠬᠦᠷᠴᠦ᠂ 5 ᠴᠠᠭ ᠭᠠᠷᠤᠢ | ᠵᠢᠯᠣᠭᠤᠳᠪᠠᠯ ᠰᠢᠯᠢ ᠶᠢᠨ ᠭᠤᠣᠯ ᠳᠤ ᠬᠦᠷᠴᠢᠬᠡᠲᠡᠭ᠃ 2018 ᠣᠨ ᠳᠤ᠂ ᠥᠪᠥᠷ ᠮᠣᠩᠭᠤᠯ ᠤᠨ ᠰᠢᠨ᠎ᠡ ᠪᠠᠷ | ᠨᠡᠮᠡᠭᠳᠡᠭᠰᠡᠨ ᠵᠠᠰᠠᠮᠠᠯ ᠵᠠᠮ 3200 ᠭᠠᠷᠤᠶ ᠺᠢᠯᠣᠮᠧᠳ᠋ᠷ ᠲᠤ ᠬᠦᠷᠴᠦ᠂ ᠵᠠᠰᠠᠮᠠᠯ ᠵᠠᠮ ᠤᠨ ᠪᠥᠬᠦ ᠣᠷᠳᠣ ᠨᠢ 20 | ᠲᠦᠮᠡᠨ ᠺᠢᠯᠣᠮᠧᠳ᠋ᠷ ᠢ ᠳᠠᠪᠠᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ 6800 ᠺᠢᠯᠣᠮᠧᠳ᠋ᠷ | ᠵᠠᠰᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠬᠥᠳᠡᠭᠡ ᠲᠣᠰᠬᠤᠨ ᠢ | ᠬᠠᠮᠤᠷᠤᠭᠰᠠᠨ᠂ ᠣᠷᠣᠨ ᠤ ᠭᠠᠳᠠᠨ᠎ᠠ ᠲᠠᠢ ᠵᠠᠯᠭᠠᠭᠰᠠᠨ᠂ ᠮᠥᠷᠡᠨ ᠳᠠᠯᠠᠢ ᠲᠠᠩᠭᠢᠰ ᠳᠤ ᠨᠡᠪᠲᠡᠷᠡᠭᠰᠡᠨ᠂ ᠵᠠᠪᠰᠠᠷ | ᠥᠬᠡᠶ ᠵᠠᠮ ᠤᠨ ᠲᠣᠤᠷ ᠢ ᠪᠦᠲᠦᠮᠵᠢᠲᠡᠶ ᠪᠤᠢ ᠪᠣᠯᠭᠠᠵᠤ᠂ ᠬᠤᠪᠢ ᠶᠢᠨ ᠮᠠᠰᠢᠨ ᠢᠶᠠᠷ ᠵᠤᠭᠠᠴᠠᠬᠤ ᠳᠤ ᠵᠠᠮ | ᠬᠠᠷᠢᠯᠴᠠᠭᠠᠨ ᠤ ᠳᠠᠪᠠᠭᠤᠯᠢᠭ ᠨᠥᠬᠦᠴᠡᠯ ᠢ ᠬᠠᠩᠭᠠᠭᠰᠠᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠳᠠᠷᠤᠭ᠎ᠠ | ᠾᠧ ᡁᠢ ᠯᠢᠶᠠᠩ ︽ᠥᠪᠥᠷ ᠮᠣᠩᠭᠤᠯ ᠤᠨ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ ᠪᠦᠲᠦᠭᠡᠯᠴᠢ | ᠵᠤᠭᠠᠴᠠᠯ︾ ᠤᠨ ᠲᠤᠬᠠᠢ ᠲᠠᠨᠢᠯᠴᠠᠭᠤᠯᠬᠤ ᠳᠠᠭᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ | ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠤᠨ ᠰᠣᠶᠣᠯ ᠵᠤᠭᠠᠴᠠᠯ ᠤᠨ ᠰᠠᠯᠠᠭ᠎ᠠ ᠮᠥᠴᠢᠷ ᠨᠢ 6 ᠰᠠᠷ᠎ᠠ | ᠦᠷᠭᠦᠯᠵᠢᠯᠡᠭᠰᠡᠨ ᠵᠣᠨ ᠤ ᠤᠯᠠᠷᠢᠯ ᠤᠨ ᠵᠢᠭᠤᠯᠴᠢᠯᠠᠯ ᠤᠨ ᠱᠠᠲᠤᠨ ᠳᠤ ᠵᠠᠪᠠᠯ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠴᠢᠩᠭ᠎ᠠ ᠬᠠᠮᠢᠶᠠᠷᠤᠨ ᠡᠵᠡᠮᠳᠡᠵᠦ᠂ ᠣᠷᠣᠨ ᠤ ᠲᠤᠲᠤᠨ᠎ᠠ ᠭᠠᠳᠠᠨᠠᠬᠢ ᠵᠤᠭᠠᠴᠠᠭᠰᠠᠳ ᠤᠨ ᠠᠮᠤᠷ ᠲᠦᠪᠰᠢᠨ᠂ | ᠤᠷᠤᠭᠰᠢᠲᠠᠶ᠂ ᠪᠠᠶᠠᠷ ᠬᠥᠷ ᠲᠠᠢ ᠪᠠᠷ ᠵᠤᠭᠠᠴᠠᠯ ᠤᠨ ᠠᠮᠠᠷᠠᠯᠲᠠ ᠶᠢᠨ ᠡᠳᠦᠷ ᠢ ᠡᠳ᠋ᠯᠡᠬᠦ ᠶᠢ ᠦᠨᠡᠨ ᠬᠦ ᠪᠠᠳᠤᠯᠠᠨ᠎ᠠ᠃ | ᠡᠭᠦᠨ ᠤ ᠬᠠᠮᠲᠤ᠂ ᠥᠷᠭᠡᠨ ᠣᠯᠠᠨ ᠵᠤᠭᠠᠴᠠᠭᠰᠠᠳ ᠤᠨ ᠲᠠᠰᠤᠷᠠᠯᠲᠠ ᠥᠬᠡᠶ ᠳᠡᠰ ᠳᠠᠪᠰᠢᠵᠤ ᠪᠠᠶᠢᠭ᠎ᠠ | ᠬᠡᠷᠡᠭᠯᠡᠭᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠠᠯᠪᠠᠨ ᠰᠦᠯᠵᠢᠶ᠎ᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠠᠯᠪᠠᠨ ᠸᠢᠴᠠᠲ ︽ | ᠥᠪᠥᠷ ᠮᠣᠩᠭᠤᠯ ᠤᠨ ᠰᠣᠶᠣᠯ ᠵᠤᠭᠠᠴᠠᠯ ᠤᠨ ᠮᠡᠳᠡᠭᠡ ᠵᠠᠩᠭᠢ︾ ᠳᠤ ᠪᠠᠰᠠ ᠵᠦᠭᠯᠡᠭᠦᠷ ᠢ ᠵᠡᠷᠭᠡᠪᠡᠷ ᠵᠣᠬᠢᠶᠠᠵᠤ᠂ | ᠡᠨᠡ ᠵᠤᠨ ᠭᠠᠷᠭᠠᠭᠰᠠᠨ 20 ᠵᠤᠷᠪᠤᠰ ︽ᠥᠪᠥᠷ ᠮᠣᠩᠭᠤᠯ ᠤᠨ 72 ᠴᠠᠭ ᠤᠨ ᠬᠤᠪᠢ ᠶᠢᠨ ᠮᠠᠰᠢᠨ ᠢᠶᠠᠷ | ᠵᠤᠭᠠᠴᠠᠬᠤ ᠪᠦᠲᠦᠭᠡᠯᠴᠢ ᠵᠤᠭᠠᠴᠠᠯ︾ ᠤᠨ ᠱᠤᠭᠤᠮ ᠢ ᠴᠥᠮ ᠰᠦᠯᠵᠢᠶᠡᠨ ᠳᠡᠭᠡᠷ᠎ᠡ ᠪᠠᠶᠢᠴᠠᠭᠠᠨ ᠦᠵᠡᠵᠦ ᠪᠣᠯᠬᠤ | ᠪᠣᠯᠭᠠᠭᠰᠠᠨ ᠪᠠᠶᠢᠨ᠎ᠠ ᠭᠡᠵᠡᠢ᠃ | ᠠᠭᠠᠭᠢᠮ᠎ᠠ ᠬᠠᠯᠠᠭᠤᠨ ᠵᠤᠨ ᠤ ᠴᠠᠭ ᠲᠤ᠂ ᠣᠷᠣᠨ ᠤ ᠳᠣᠲᠣᠨ᠎ᠠ ᠭᠠᠳᠠᠨᠠᠬᠢ ᠵᠤᠭᠠᠴᠠᠭᠰᠠᠳ ︽ᠭᠠᠷᠠᠭ ᠤᠨ | ᠰᠡᠭᠦᠯᠴᠢ + 1︾ ᠶᠢᠨ ᠠᠮᠠᠷᠠᠯᠲᠠ ᠪᠠ ᠪᠠᠭ᠎ᠠ ᠠᠮᠠᠷᠠᠯᠲᠠ ᠶᠢᠨ ᠴᠠᠭ ᠢᠶᠠᠷ ᠢᠶᠠᠨ ᠥᠪᠡᠷ ᠤᠨ ᠬᠠᠶᠢᠷᠠᠲᠠᠢ | ᠮᠠᠰᠢᠨ ᠢᠶᠠᠨ ᠪᠠᠷᠢᠴᠢᠬᠠᠬᠰᠠᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠴᠡᠩᠬᠡᠷ ᠰᠠᠯᠬᠢ ᠪᠠᠷ ᠬᠠᠴᠠᠷ | ᠨᠢᠭᠤᠷ ᠢᠶᠠᠨ ᠦᠨᠦᠰᠦᠬᠦᠯᠦᠨ᠂ ᠢᠰᠡᠬᠡᠢ ᠭᠡᠷ ᠲᠤᠨᠢ ᠲᠠᠭᠠᠲᠠᠢ ᠨᠦᠢᠷᠰᠤᠵᠤ᠂ ᠡᠯᠡᠰᠦᠨ ᠴᠥᠯ ᠤᠨ ᠲᠠᠰᠢᠬᠤ | ᠨᠠᠷᠠ ᠶᠢ ᠰᠤᠨᠢᠷᠬᠠᠨ᠂ ᠲᠠᠩᠰᠤᠭ ᠰᠠᠶᠢᠬᠠᠨ ᠬᠤᠨᠢᠨ ᠮᠢᠬ᠎ᠠ ᠶᠢ ᠨᠢ ᠲᠠᠪᠲᠠᠢ ᠰᠠᠭᠤᠮᠠᠨ ᠵᠤᠭᠤᠭᠯᠠᠵᠤ᠂ ᠪᠡᠶ᠎ᠡ ᠶᠢᠨ | ᠲᠠᠭ᠎ᠠ ᠪᠠᠷ ᠠᠮᠤᠰᠬᠢᠨ᠂ ᠰᠡᠳᠬᠢᠯ ᠤᠨ ᠲᠠᠭ᠎ᠠ ᠪᠠᠷ ᠵᠤᠭᠠᠴᠠᠰᠤᠭᠠᠢ︕ | |