7 ᠰᠠᠷ᠎ᠠ ᠶᠢᠨ 27 ᠤ ᠥᠳᠡ ᠶᠢᠨ ᠡᠮᠥᠨ᠎ᠡ᠂ ᠳᠤᠮᠳᠠᠳᠤ ᠤᠯᠤᠰ · ᠥᠪᠤᠷ ᠮᠤᠩᠭᠤᠯ ᠤᠨ ᠮᠤᠷᠢᠨ | ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠥᠪᠥᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ | ᠤᠨ ᠨᠠᠶᠢᠷ ᠤᠨ ᠵᠠᠭᠦᠨ ᠬᠡᠰᠡᠭ ᠤᠨ ᠤᠷᠤᠯᠳᠤᠭᠠᠨ ᠡᠬᠢᠯᠡᠬᠦ ᠶᠤᠰᠤᠯᠠᠯ ᠲᠥᠩᠯᠢᠶᠤᠤ ᠬᠤᠲᠠ ᠶᠢᠨ ᠠᠵᠤ ᠠᠬᠤᠢ | ᠮᠡᠷᠭᠡᠵᠢᠯ ᠤᠨ ᠨᠡᠭᠡᠭᠡᠯᠲᠠ ᠶᠢᠨ ᠲᠤᠭᠤᠷᠢᠬ ᠤᠨ ᠨᠠᠭᠠᠳᠤᠮ ᠰᠤᠶᠤᠯ ᠤᠨ ᠬᠥᠷᠢᠶᠡᠯᠡᠩ ᠳᠤ ᠦᠪᠡᠳᠡᠭᠰᠢ ᠶᠡᠭᠡ ᠪᠠᠷ | ᠶᠠᠪᠤᠬᠳᠠᠪᠠ᠃ | ᠲᠤᠰ ᠤᠷᠤᠯᠳᠤᠭᠠᠨ ᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠳᠡᠰ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠰᠤᠶᠤᠯ ᠪᠤᠯᠤᠨ ᠵᠢᠭᠤᠯᠴᠢᠯᠠᠯ ᠤᠨ | ᠲᠢᠩᠬᠢᠮ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠳᠤᠪᠴᠢᠶ᠎ᠠ ᠭᠤᠤᠯᠯᠠᠨ | ᠡᠷᠬᠢᠯᠡᠵᠤ᠂ ᠲᠥᠩᠯᠢᠶᠤᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠥᠪᠥᠷ ᠮᠤᠩᠭᠤᠯ ᠤᠨ | ᠥᠪᠡᠷᠳᠡᠭᠡᠨ ᠵᠠᠰᠠᠬᠤ ᠤᠷᠤᠨ ᠤ ᠮᠤᠷᠢᠨ ᠮᠡᠷᠭᠡᠵᠢᠯ ᠤᠨ ᠨᠡᠶᠢᠭᠡᠮᠯᠢᠭ᠂ ᠲᠥᠩᠯᠢᠶᠤᠤ ᠬᠤᠲᠠ ᠶᠢᠨ ᠪᠡᠶ᠎ᠡ ᠶᠢᠨ | ᠲᠠᠮᠢᠷ ᠤᠨ ᠳᠤᠪᠴᠢᠶ᠎ᠠ᠂ ᠲᠥᠩᠯᠢᠶᠤᠤ ᠬᠤᠲᠠ ᠶᠢᠨ ᠰᠤᠶᠤᠯ ᠵᠢᠭᠤᠯᠴᠢᠯᠠᠯ ᠷᠠᠳᠢᠣ᠋ ᠲᠧᠯᠧᠶᠢᠰ ᠳᠤᠪᠴᠢᠶ᠎ᠠ ᠵᠡᠷᠭᠡ | ᠨᠢᠭᠡᠴᠢ ᠠᠴᠠ ᠳᠠᠭᠠᠭᠠᠨ ᠡᠷᠬᠢᠯᠡᠵᠠᠢ᠃ | ᠤᠷᠤᠯᠳᠤᠭᠠᠨ ᠳᠤ ᠴᠡᠪᠡᠷ ᠴᠢᠰᠥᠨ ᠤᠳᠤᠮ ᠤᠨ ᠪᠥᠲᠥᠭᠦᠨ ᠮᠤᠷᠢᠨ ᠤ 1000 ᠮᠧᠳ᠋ᠷ᠂ 3000 ᠮᠧᠳ᠋ᠷ | ᠤᠨ ᠢᠯᠡ ᠤᠷᠤᠯᠳᠤᠭᠠᠨ᠂ 3000 ᠮᠧᠳ᠋ᠷ ᠤᠨ ᠵᠢᠷᠤᠭ᠎ᠠ ᠮᠤᠷᠢᠨ ᠤ ᠤᠷᠤᠯᠳᠤᠭᠠᠨ᠂ 3000 ᠮᠧᠳ᠋ᠷ ᠤᠨ | ᠮᠤᠩᠭᠤᠯ ᠵᠢᠷᠤᠭ᠎ᠠ ᠮᠤᠷᠢᠨ ᠤ ᠤᠷᠤᠯᠳᠤᠭᠠᠨ ︵ᠪᠡᠶ᠎ᠡ ᠶᠢᠨ ᠥᠨᠳᠥᠷ 1.5 ᠮᠧᠳ᠋ᠷ ᠠᠴᠠ ᠲᠤᠷᠤᠬᠰᠢᠬᠢ︶᠂ ᠴᠡᠪᠡᠷ | ᠴᠢᠰᠥᠨ ᠤᠳᠤᠮ ᠤᠨ ᠪᠤᠰᠤ ᠪᠥᠲᠥᠭᠦᠨ ᠮᠤᠷᠢᠨ ᠤ 2000 ᠮᠧᠳ᠋ᠷ ᠤᠨ ᠢᠯᠡ ᠤᠷᠤᠯᠳᠤᠭᠠᠨ ︵ᠪᠡᠶ᠎ᠡ ᠶᠢᠨ | ᠥᠨᠳᠥᠷ 1.55 ᠮᠧᠳ᠋ᠷ ᠠᠴᠠ ᠲᠤᠷᠤᠬᠰᠢᠬᠢ︶᠂ ᠬᠤᠷᠳᠤᠨ ᠪᠥᠲᠥᠭᠦᠨ ᠮᠤᠷᠢᠨ ᠤ 2000 ᠮᠧᠳ᠋ᠷ᠂ 5000 | ᠮᠧᠳ᠋ᠷ ᠤᠨ ᠢᠯᠡ ᠤᠷᠤᠯᠳᠤᠭᠠᠨ ︵ᠪᠡᠶ᠎ᠡ ᠶᠢᠨ ᠥᠨᠳᠥᠷ 1.5 ᠮᠧᠳ᠋ᠷ ᠠᠴᠠ ᠲᠤᠷᠤᠬᠰᠢᠬᠢ︶᠂ ᠮᠤᠷᠢᠨ | ᠳᠡᠭᠡᠷ᠎ᠡ ᠠᠴᠠ ᠬᠠᠳᠠᠬ ᠰᠢᠭᠦᠷᠬᠦ᠂ ᠬᠤᠷᠳᠤᠨ ᠮᠤᠷᠢᠨ ᠳᠡᠭᠡᠷ᠎ᠡ ᠠᠴᠠ ᠰᠤᠷ ᠬᠠᠷᠪᠤᠬᠤ᠂ ᠪᠥᠬᠡ ᠶᠢᠨ ᠮᠠᠩᠯᠠᠢ | ᠰᠢᠯᠭᠠᠷᠠᠭᠤᠯᠬᠤ ᠤᠷᠤᠯᠳᠤᠭᠠᠨ᠂ ᠤᠯᠠᠮᠵᠢᠯᠠᠯᠳᠤ ᠬᠠᠷᠪᠤᠭ᠎ᠠ ᠵᠡᠷᠭᠡ ᠶᠢ ᠳᠤᠬᠢᠷᠠᠭᠤᠯᠤᠨ᠂ ᠥᠪᠥᠷ ᠮᠤᠩᠭᠤᠯ ᠤᠨ | ᠵᠡᠭᠦᠨ ᠬᠡᠰᠡᠭ ᠤᠨ ᠳᠥᠷᠪᠡᠨ ᠠᠶᠢᠮᠠᠬ ᠬᠤᠲᠠ ᠪᠤᠯᠤᠨ ᠯᠢᠶᠤᠤᠨᠢᠩ᠂ ᠾᠧᠪᠧᠢ᠂ ᠲᠢᠶᠠᠨᠵᠢᠨ ᠤ ᠤᠷᠤᠯᠳᠤᠭᠠᠨ ᠤ | ᠮᠤᠷᠢᠳ ᠤᠷᠤᠯᠳᠤᠭᠠᠨ ᠳᠤ ᠤᠷᠤᠯᠴᠠᠵᠠᠢ᠂ ᠤᠷᠤᠯᠳᠤᠭᠠᠨ ᠨᠢ 2 ᠡᠳᠥᠷ ᠶᠠᠪᠤᠬᠳᠠᠬᠤ ᠪᠤᠯᠤᠨ᠎ᠠ᠃ | ᠥᠢᠯᠠᠭᠠᠬᠰᠠᠨ ᠢᠶᠠᠷ᠂ ᠲᠤᠰ ᠤᠷᠤᠯᠳᠤᠭᠠᠨ ᠨᠢ ᠵᠤᠬᠢᠶᠠᠨ ᠪᠠᠶᠢᠭᠤᠯᠬᠤ ᠲᠤᠬᠳᠠᠴᠠ᠂ ᠤᠷᠤᠯᠳᠤᠭᠠᠨ ᠤ | ᠪᠠᠷᠢᠮᠵᠢᠶ᠎ᠡ᠂ ᠨᠡᠷᠡᠶᠢᠳᠥᠯ ᠢ ᠲᠥᠷᠢᠮᠵᠢᠭᠦᠯᠬᠦ᠂ ᠠᠬᠤᠢ ᠲᠠᠯᠠᠪᠠᠢ ᠶᠢᠨ ᠥᠵᠠᠮᠵᠢ ᠶᠢ ᠲᠤᠬᠢᠷᠠᠭᠤᠯᠬᠤ᠂ | ᠤᠷᠤᠯᠳᠤᠭᠠᠨ ᠤ ᠳᠠᠷᠠᠭᠠᠬᠢ ᠥᠨᠡᠯᠡᠨ ᠲᠤᠬᠳᠠᠭᠠᠯᠲᠠ ᠵᠡᠷᠭᠡ ᠳᠤ ᠪᠠᠷᠢᠮᠵᠢᠶ᠎ᠠ ᠳᠤᠬᠳᠠᠭᠠᠨ ᠴᠢᠩᠭ᠎ᠠ ᠱᠠᠭᠠᠷᠳᠠᠵᠤ᠂ | ᠮᠤᠷᠢᠨ ᠤᠷᠤᠯᠳᠤᠭᠠᠨ ᠢ ᠳᠥᠷᠢᠮᠵᠢᠭᠦᠯᠥᠨ ᠡᠷᠬᠢᠯᠡᠬᠦ ᠶᠢ ᠠᠬᠢᠭᠤᠯᠵᠤ᠂ ᠪᠠᠰᠠ ᠰᠢᠶᠠᠩᠭᠠᠩ ᠤᠨ ᠠᠳᠤᠭᠤᠨ ᠤ | ᠨᠡᠶᠢᠭᠡᠮᠯᠢᠭ ᠤᠨ ᠨᠡᠷᠡᠳᠥ ᠮᠤᠷᠢ ᠥᠨᠡᠯᠡᠭᠴᠢ ᠶᠢ ᠤᠷᠢᠵᠤ᠂ ᠮᠤᠷᠢ ᠲᠠᠨᠢᠯᠴᠠᠭᠤᠯᠬᠤ ᠲᠤᠭᠤᠷᠢᠬ ᠲᠤᠬᠢᠷᠠᠭᠤᠯᠤᠨ᠂ | ᠤᠷᠤᠯᠳᠤᠭᠠᠨ ᠳᠤ ᠤᠷᠤᠯᠴᠠᠬᠤ ᠮᠤᠷᠢ ᠪᠤᠯᠭᠠᠨ ᠢ ᠥᠵᠡᠭᠴᠢᠳ ᠲᠤ ᠲᠠᠨᠢᠯᠴᠠᠭᠤᠯᠬᠤ ᠪᠤᠯᠤᠨ᠎ᠠ᠃ ᠲᠤᠰ | ᠤᠷᠤᠯᠳᠤᠭᠠᠨ ᠳᠤ ᠪᠠᠰᠠ ᠡᠯᠧᠺᠳ᠋ᠷᠥᠨ ᠴᠠᠬ ᠪᠤᠳᠤᠬᠤ ᠲᠥᠬᠦᠭᠡᠷᠥᠮᠵᠢ ᠶᠢ ᠬᠡᠷᠡᠭᠯᠡᠵᠤ᠂ ᠤᠷᠤᠯᠳᠤᠭᠠᠨ ᠤ ᠲᠥᠪ | ᠭᠤᠤᠯᠴᠢ ᠶᠢ ᠪᠠᠳᠤᠯᠠᠬᠤ ᠪᠤᠯᠤᠨ᠎ᠠ᠃ | | |