ᠲᠡᠬᠦᠰᠬᠦ ᠰᠤᠷᠤᠭᠴᠢᠳ ᠲᠤ ᠲᠤᠬᠢᠷᠠᠬᠤ ᠦᠪᠦᠷ ᠮᠤᠩᠭᠤᠯ ᠤᠨ ᠵᠤᠭᠠᠴᠠᠯ ᠤᠨ 5 ᠬᠢᠯᠠᠰ ᠴᠡᠭ
ᠨᠡᠶᠢᠲᠡᠯᠡᠭᠰᠡᠨ ᠴᠠᠭ᠄
2019-11-15
     ᠰᠠᠯᠤᠯᠲᠠ ᠶᠢᠨ ᠲᠤᠬᠠᠢ ᠭᠤᠨᠢᠭ ᠪᠠ ᠢᠷᠡᠭᠡᠲᠦᠢ ᠶᠢᠨ ᠲᠤᠬᠠᠢ ᠬᠦᠰᠡᠯ ᠡᠷᠡᠮᠡᠯᠵᠡᠯ ᠬᠤᠤᠰᠯᠠᠬᠰᠠᠨ ᠶᠡᠷᠦ ᠪᠤᠰᠤ ᠶᠢᠨ ᠨᠢᠬᠡᠨ ᠰᠠᠷ᠎ᠠ ᠪᠢᠯᠡ᠃ ᠤᠷᠢ ᠵᠠᠯᠠᠭᠤ ᠨᠠᠰᠦᠨ ᠤ ᠬᠠᠮᠤᠭ ᠤᠨ ᠰᠠᠶᠢᠬᠠᠨ ᠴᠠᠭ ᠦᠶ᠎ᠡ ᠪᠠᠨ ᠬᠡᠷᠬᠢᠨ ᠲᠡᠮᠳᠡᠭᠯᠡᠵᠦ᠂ ᠢᠷᠡᠵᠦ ᠪᠤᠢ ᠡᠲᠦᠷ ᠬᠤᠨᠤᠭ ᠤᠳ ᠢᠶᠠᠨ ᠭᠡᠷᠬᠢᠨ ᠤᠬᠲᠤᠬᠤ ᠪᠢᠯᠡ︖      ᠠᠶᠠᠯᠠᠯ ᠵᠤᠭᠠᠴᠠᠯ ᠪᠤᠯ ᠲᠠᠨ ᠤ ᠬᠠᠮᠤᠭ ᠤᠨ ᠰᠠᠶᠢᠨ ᠰᠤᠩᠭᠤᠯᠲᠠ ᠪᠠᠶᠢᠵᠦ ᠮᠡᠳᠡᠨ᠎ᠡ᠃ ᠡᠨᠡ ᠵᠢᠯ ᠤᠨ 6 ᠰᠠᠷ᠎ᠠ ᠳᠤ ᠯᠢᠦᠢ ᠮᠠ ᠮᠠ ᠵᠤᠭᠠᠴᠠᠯ ᠤᠨ ᠰᠦᠯᠵᠢᠶ᠎ᠡ ᠨᠢ ᠲᠡᠭᠡᠲᠦ ᠲᠤᠮᠲᠠᠲᠦ ᠪᠠ ᠶᠡᠭᠡ ᠰᠤᠷᠭᠠᠭᠤᠯᠢ ᠲᠡᠬᠦᠰᠦᠭᠰᠡᠨ ᠰᠤᠷᠤᠭᠴᠢᠳ ᠲᠤ ᠠᠰᠠᠭᠤᠯᠲᠠ ᠶᠢᠨ ᠬᠠᠭᠤᠲᠠᠰᠦ ᠲᠠᠷᠬᠠᠭᠠᠵᠦ᠂ ᠵᠠᠲᠠᠯᠤᠨ ᠳ᠋ᠦᠡᠭᠨᠡᠭᠰᠡᠨ ᠤ ᠲᠠᠷᠠᠭ᠎ᠠ ︽2018 ᠤᠨ ᠤ ᠲᠡᠬᠦᠰᠬᠦ ᠰᠤᠷᠤᠭᠴᠢᠳ ᠤᠨ ᠵᠤᠭᠠᠴᠠᠯ ᠤᠨ ᠭᠡᠷᠡᠭᠯᠡᠭᠡᠨ ᠤ ᠬᠠᠨᠲᠦᠰᠢ ᠶᠢᠨ ᠲᠤᠬᠠᠢ ᠮᠡᠳᠡᠬᠦᠯᠦᠯᠳᠡ︾ ᠶᠢ ᠨᠡᠶᠢᠳᠡᠯᠡᠭᠰᠡᠨ ᠶᠤᠮ᠃ ᠡᠬᠦᠨ ᠳᠤ 93% ᠶᠢᠨ ᠲᠡᠬᠦᠰᠬᠦ ᠰᠤᠷᠤᠭᠴᠢᠳ ᠵᠤᠨ ᠤ ᠠᠮᠠᠷᠠᠯᠲᠠ ᠳᠤ ᠵᠤᠭᠠᠴᠠᠨ ᠲᠤᠭᠤᠷᠢᠬᠤ ᠲᠦᠯᠦᠪᠯᠡᠭᠡ ᠲᠠᠢ ᠪᠠᠶᠢᠵᠦ᠂ 48% ᠶᠢᠨ ᠲᠡᠬᠦᠰᠬᠦ ᠰᠤᠷᠤᠭᠴᠢᠳ ᠨᠢᠭᠡᠨᠳᠡ ᠵᠤᠭᠠᠴᠠᠬᠤ ᠪᠠᠷ ᠪᠤᠲᠠᠲᠠᠢ ᠲᠤᠭᠲᠠᠵᠦ᠂ 45% ᠶᠢᠨ ᠲᠡᠬᠦᠰᠬᠦ ᠰᠤᠷᠤᠭᠴᠢᠳ ᠨᠢᠬᠡᠨᠳᠡ ᠠᠶᠠᠯᠠᠨ ᠵᠤᠭᠠᠴᠠᠬᠤ ᠪᠠᠷ ᠪᠡᠯᠡᠳᠭᠡᠵᠦ ᠡᠬᠢᠯᠡᠭᠰᠡᠨ ᠭᠡᠵᠦ ᠢᠯᠡᠷᠭᠡᠶᠢᠯᠡᠪᠡ᠃      ᠤᠯᠤᠰ ᠤᠨ ᠰᠢᠯᠭᠠᠯᠲᠠ ᠶᠢᠨ ᠬᠡᠴᠡᠬᠦᠦ ᠰᠤᠷᠢᠯᠲᠠ ᠶᠢ ᠠᠮᠵᠢᠯᠲᠠᠲᠠᠢ ᠲᠤᠭᠤᠯᠤᠬᠰᠠᠨ ᠰᠢᠨ᠎ᠡ ᠤᠶᠤᠲᠠᠳ ᠶᠡᠭᠡ ᠲᠡᠭᠡᠲᠦ ᠰᠤᠷᠭᠠᠭᠤᠯᠢ ᠨᠤᠭᠤᠳ ᠢᠶᠠᠷ ᠵᠤᠭᠠᠴᠠᠨ ᠲᠤᠭᠤᠷᠢᠵᠦ ᠤᠶᠤᠲᠠᠨ ᠤ ᠠᠮᠢᠲᠤᠷᠠᠯ ᠢ ᠬᠦᠨᠵᠡᠬᠡᠢ ᠤᠶᠢᠢᠯᠠᠭᠠᠶ᠎ᠠ ᠭᠡᠵᠦ ᠬᠦᠰᠡᠳᠡᠭ ᠪᠤᠯ᠂ ᠠᠩᠬ᠎ᠠ ᠲᠤᠮᠲᠠᠲᠦ ᠪᠠᠨ ᠰᠠᠶᠢᠬᠠᠨ ᠲᠡᠬᠦᠰᠦᠭᠰᠡᠨ ᠰᠤᠷᠤᠭᠴᠢᠳ ᠰᠤᠷᠤᠯᠭ᠎ᠠ ᠶᠢᠨ ᠠᠯᠵᠢᠶᠠᠯ ᠢᠶᠠᠨ ᠲᠠᠶᠢᠯᠬᠤ ᠪᠠᠷ ᠨᠠᠶᠢᠵᠠ ᠨᠦᠬᠦᠳ ᠲᠠᠢ ᠪᠠᠨ ᠶᠠᠪᠠᠭᠠᠨ ᠢᠶᠠᠷ ᠪᠤᠶᠤ ᠲᠤᠭᠤᠢ ᠲᠡᠷᠭᠡ ᠪᠠᠷ ᠲᠠᠯ᠎ᠠ ᠨᠤᠲᠤᠭ᠂ ᠲᠠᠯᠠᠢ ᠶᠢᠨ ᠬᠦᠪᠡᠭᠡ᠂ ᠤᠢ ᠰᠢᠭᠤᠢ ᠡᠰᠡᠬᠦᠯ᠎ᠡ ᠡᠯᠡᠰᠦ ᠮᠠᠩᠬ᠎ᠠ ᠪᠠᠷ ᠠᠶᠠᠯᠠᠵᠦ ᠡᠬᠡ ᠪᠠᠶᠢᠭᠠᠯᠢ ᠲᠠᠢ ᠤᠶᠢᠢᠷᠠᠳᠬᠤ ᠶᠢ ᠬᠦᠰᠡᠳᠡᠭ᠃      ᠲᠡᠭᠡᠪᠡᠯ᠂ ᠲᠡᠬᠦᠰᠬᠦ ᠰᠤᠷᠤᠭᠴᠢᠳ ᠤᠨ ᠬᠤᠪᠢ ᠳᠤ ᠮᠠᠨ ᠤ ᠤᠷᠤᠨ ᠵᠠᠮᠠᠷ ᠰᠢᠦᠬᠠᠨ ᠲᠠᠲᠠᠬᠤ ᠬᠦᠴᠦᠨ ᠲᠠᠢ ᠪᠠᠶᠢᠲᠠᠭ ᠪᠤᠯ︖      ᠬᠢᠯᠠᠰ ᠴᠡᠭ ᠨᠢᠬᠡ᠄ ᠴᠡᠴᠡᠷᠯᠢᠭ ᠮᠡᠲᠦ ᠰᠤᠷᠭᠠᠭᠤᠯᠢ ᠶᠢᠨ ᠬᠦᠷᠢᠶ᠎ᠡ      ᠮᠠᠨ ᠤ ᠤᠷᠤᠨ ᠳᠤ ᠶᠠᠮᠠᠷ ᠬᠡᠲᠦᠨ ᠠᠠᠩᠬᠠᠷᠤᠯ ᠢ ᠲᠠᠲᠠᠮ᠎ᠠ ᠰᠤᠷᠭᠠᠭᠤᠯᠢ ᠶᠢᠨ ᠬᠦᠷᠢᠶ᠎ᠡ ᠪᠠᠶᠢᠬᠤ ᠪᠤᠢ︖ ᠲᠤᠯᠢ ᠨᠠᠭᠤᠷ ᠤᠨ ᠦᠵᠡᠮᠵᠢ᠂ ᠬᠤᠷᠤᠭᠤ ᠰᠢᠯ ᠤᠨ ᠬᠤᠷᠠᠭ᠎ᠠ ᠶᠢᠨ ᠬᠦᠬᠡᠷᠦᠬᠦᠨ ᠱᠤᠭᠤᠮᠠᠯ ᠪᠠ ᠪᠤᠷᠤ ᠦᠡᠭᠭᠡ ᠪᠠᠷ ᠢᠵᠢᠯᠬᠡᠨ ᠭᠤᠶᠤᠯᠠᠬᠰᠠᠨ ᠵᠢᠭᠠᠨ ᠰᠤᠷᠭᠠᠯᠲᠠ ᠶᠢᠨ ᠠᠰᠠᠷ ᠲᠠᠢ᠂ ᠡᠨᠡ ᠪᠤᠯ ᠰᠢᠨ᠎ᠠ ᠲᠤᠮᠲᠠᠲᠦ ᠤᠯᠤᠰ ᠪᠠᠶᠢᠭᠤᠯᠤᠬᠲᠠᠬᠰᠠᠨ ᠤ ᠲᠠᠷᠠᠭᠠᠬᠢ ᠴᠦᠭᠡᠨ ᠲᠤᠭᠠᠲᠦ ᠦᠨᠲᠦᠰᠦᠳᠡᠨ ᠤ ᠭᠠᠵᠠᠷ ᠤᠷᠤᠨ ᠳᠤ ᠪᠠᠶᠢᠭᠤᠯᠤᠬᠲᠠᠭᠰᠠᠨ ᠬᠠᠮᠤᠭ ᠤᠨ ᠠᠩᠬᠠᠨ ᠤ ᠶᠡᠷᠦᠩᠭᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ — ᠦᠪᠦᠷ ᠮᠤᠩᠭᠤᠯ ᠤᠨ ᠶᠡᠭᠡ ᠰᠤᠷᠭᠠᠭᠤᠯᠢ ᠪᠤᠯᠤᠨ᠎ᠠ᠃ ᠲᠤᠰ ᠰᠤᠷᠭᠠᠭᠤᠯᠢ ᠨᠢ ᠨᠡᠩ ᠴᠦ ᠮᠤᠩᠭᠤᠯ ᠰᠤᠲᠤᠯᠤᠯ ᠪᠠ ᠠᠮᠢᠲᠠᠨ ᠤ ᠤᠬᠠᠭᠠᠨ ᠢᠶᠠᠷ ᠢᠶᠠᠨ ᠲᠡᠯᠡᠭᠡᠢ ᠳᠤ ᠠᠯᠲᠠᠷᠰᠢᠵᠦ᠂ ᠤᠯᠤᠰ ᠤᠨ ︽211 ᠢᠨᠵᠧᠨᠧᠷᠢᠩ︾ ᠳᠤ ᠰᠤᠩᠭᠤᠬᠲᠠᠨ ᠤᠷᠤᠭᠰᠠᠨ ᠤᠯᠤᠰ ᠤᠨ ᠭᠤᠤᠯᠲᠠᠯᠭ᠎ᠠ ᠲᠠᠢ ᠶᠡᠭᠡ ᠰᠤᠷᠭᠠᠭᠤᠯᠢ ᠪᠤᠯᠤᠨ᠎ᠠ᠃      ᠬᠦᠬᠡᠬᠤᠲᠠ ᠶᠢᠨ ᠬᠤᠷᠢᠨᠭᠡᠷ ᠰᠢᠶᠠᠨ ᠤ ᠨᠠᠯᠠᠤ ᠲᠡᠭᠰᠢᠬᠡᠨ ᠲᠠᠯ᠎ᠠ ᠲᠡᠭᠡᠷ᠎ᠡ ᠪᠠᠶᠢᠷᠢᠯᠠᠬᠰᠠᠨ᠂ ᠲᠤᠭᠤᠷ ᠬᠦᠢᠯᠡᠰᠦᠨ ᠮᠤᠲᠤ ᠢᠬᠴᠤᠷᠠᠨ ᠤᠷᠭᠤᠭᠰᠠᠨ ᠴᠡᠴᠡᠷᠯᠢᠭ ᠭᠡᠵᠦ ᠠᠨᠲᠠᠭᠤᠷᠠᠮᠠᠷ ᠰᠤᠷᠭᠠᠭᠤᠯᠢ ᠪᠤᠯ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠬᠦᠷᠢᠶ᠎ᠡ ᠪᠤᠯᠤᠨ᠎ᠠ᠃ 1952 ᠤᠨ ᠳᠤ ᠪᠠᠶᠢᠭᠤᠯᠤᠲᠠᠬᠰᠠᠨ ᠲᠤᠰ ᠰᠤᠷᠭᠠᠭᠤᠯᠢ ᠪᠤᠯ ᠰᠢᠨ᠎ᠡ ᠲᠤᠮᠲᠠᠲᠦ ᠤᠯᠤᠰ ᠪᠠᠶᠢᠭᠤᠯᠤᠬᠲᠠᠬᠰᠠᠨ ᠤ ᠲᠠᠷᠠᠭᠠᠬᠢ ᠬᠢᠯᠢ ᠬᠢᠵᠠᠭᠠᠷ ᠤᠨ ᠴᠦᠭᠡᠨ ᠲᠤᠭᠠᠲᠦ ᠦᠨᠲᠦᠰᠦᠳᠡᠨ ᠤ ᠭᠠᠵᠠᠷ ᠤᠷᠤᠨ ᠳᠤ ᠬᠠᠮᠤᠭ ᠠᠴᠠ ᠡᠷᠳᠡ ᠪᠠᠶᠢᠭᠤᠯᠤᠬᠲᠠᠬᠰᠠᠨ ᠶᠡᠷᠦᠩᠭᠡᠶᠢᠯᠡᠭᠰᠡᠨ ᠴᠢᠨᠠᠷᠲᠠᠢ ᠪᠠᠭᠰᠢ ᠶᠢᠨ ᠶᠡᠭᠡ ᠰᠤᠷᠭᠠᠭᠤᠯᠢ ᠪᠤᠯᠬᠤ ᠶᠤᠮ᠃      ᠦᠪᠡᠷᠳᠡᠭᠡᠨ ᠵᠠᠰᠠᠬᠤ ᠤᠷᠤᠨ ᠤ ᠮᠠᠨᠢ ᠤᠯᠤᠰ ᠲᠦᠷᠦ᠂ ᠠᠵᠦ ᠠᠬᠤᠢ᠂ ᠰᠤᠶᠤᠯ ᠰᠤᠷᠭᠠᠨ ᠬᠦᠮᠦᠵᠢᠯ ᠤᠨ ᠲᠦᠪ ᠪᠤᠯᠤᠬᠰᠠᠨ ᠪᠤᠯᠬᠤᠷ ᠬᠦᠬᠡᠬᠤᠲᠠ ᠳᠤ ᠮᠠᠰᠢ ᠤᠯᠠᠨ ᠶᠡᠭᠡ ᠲᠡᠭᠡᠲᠦ ᠰᠤᠷᠭᠠᠭᠤᠯᠢ ᠨᠤᠭᠤᠳ ᠲᠦᠪᠯᠡᠷᠡᠵᠠᠢ᠃ ︽ᠪᠤᠭᠤᠮᠲᠠ ᠶᠢᠨ ᠭᠠᠲᠠᠨᠠᠬᠢ ᠴᠡᠴᠡᠷᠯᠢᠭ ᠮᠡᠲᠦ ᠰᠤᠷᠭᠠᠭᠤᠯᠢ︾ — ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ᠂ ᠦᠨᠲᠦᠰᠦᠳᠡᠨ ᠤ ᠤᠨᠴᠠᠯᠢᠭ ᠢᠶᠠᠷ ᠬᠠᠮᠤᠭ ᠤᠨ ᠲᠤᠪᠤᠶᠢᠮ᠎ᠠ ᠬᠦᠬᠡᠬᠤᠲᠠ ᠦᠨᠲᠦᠰᠦᠳᠡᠨ ᠤ ᠲᠡᠭᠡᠲᠦ ᠰᠤᠷᠭᠠᠭᠤᠯᠢ ᠵᠡᠷᠭᠡ ᠶᠡᠭᠡ ᠲᠡᠭᠡᠲᠦ ᠰᠤᠷᠭᠠᠭᠤᠯᠢ ᠨᠤᠭᠤᠳ ᠲᠠᠯ᠎ᠠ ᠨᠤᠲᠤᠭ ᠤᠨ ᠦᠬᠢᠳ ᠬᠦᠪᠡᠬᠦᠳ ᠤᠨ ᠬᠦᠰᠡᠯ ᠢᠶᠠᠨ ᠲᠡᠷᠭᠡᠯᠰᠢᠬᠦᠯᠬᠦ ᠲᠠᠷᠬᠠᠨ ᠤᠷᠤᠨ ᠪᠤᠯᠤᠬᠰᠠᠨ ᠢᠶᠠᠷ ᠦᠯᠦ ᠪᠠᠷᠠᠮ ᠴᠠᠭ ᠡᠷᠡᠨ ᠤ ᠠᠯᠬᠤᠭ᠎ᠠ ᠶᠢ ᠲᠠᠭᠠᠵᠦ ᠤᠲᠤᠬᠢᠴᠢᠯᠠᠬᠰᠠᠨ ᠰᠤᠷᠭᠠᠨ ᠬᠦᠮᠦᠵᠢᠯ᠂ ᠰᠢᠨ᠎ᠡ ᠲᠧᠭᠨᠢᠢᠡ ᠮᠡᠷᠭᠡᠵᠢᠯ ᠢᠶᠠᠷ ᠲᠠᠪᠰᠢᠨ ᠬᠦᠭᠵᠢᠵᠦ᠂ ᠴᠡᠴᠡᠷᠯᠢᠭ ᠰᠢᠭ ᠨᠠᠮᠪᠠ ᠲᠦᠷᠬᠦ ᠪᠠᠷ ᠬᠦᠮᠦᠰ ᠤᠨ ᠠᠩᠬᠠᠷᠤᠯ ᠢ ᠲᠠᠲᠠᠬᠰᠠᠭᠠᠷ ᠪᠠᠶᠢᠨ᠎ᠠ᠃      ᠲᠠᠨᠢᠯᠴᠠᠭᠤᠯᠬᠤ ᠬᠡᠲᠦᠨ ᠭᠠᠵᠠᠷ᠄ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ      ᠰᠠᠨᠠᠭᠤᠯᠬᠤ ᠬᠡᠲᠦᠨ ᠦᠬᠡᠰ᠄ ᠮᠠᠨ ᠤ ᠤᠷᠤᠨ ᠤ ᠤᠯᠠᠩᠬᠢ ᠶᠡᠭᠡ ᠲᠡᠭᠡᠲᠦ ᠰᠤᠷᠭᠠᠭᠤᠯᠢ ᠶᠢᠨ ᠰᠢᠨ᠎ᠡ ᠬᠠᠭᠤᠴᠢᠨ ᠰᠤᠷᠭᠠᠭᠤᠯᠢ ᠶᠢᠨ ᠬᠦᠷᠢᠶ᠎ᠡ ᠬᠤᠭᠤᠷᠤᠨᠲᠦ ᠪᠠᠨ ᠨᠡᠯᠢᠶᠡᠳ ᠬᠤᠯᠠ ᠪᠠᠶᠢᠲᠠᠭ᠂ ᠡᠶᠢᠮᠦ ᠠᠴᠠ ᠵᠤᠭᠠᠴᠠᠨ ᠲᠤᠭᠤᠷᠢᠬᠤ ᠴᠠᠭ ᠪᠠ ᠵᠤᠭᠠᠴᠠᠨ ᠲᠤᠭᠤᠷᠢᠬᠤ ᠵᠠᠮ ᠬᠠᠷᠢᠯᠴᠠᠭᠠᠨ ᠤ ᠲᠠᠯ᠎ᠠ ᠪᠠᠷ ᠢᠯᠡᠬᠦᠬᠡᠨ ᠠᠩᠬᠠᠷᠪᠠᠯ ᠵᠤᠬᠢᠨ᠎ᠠ᠃      ᠬᠢᠯᠠᠰ ᠴᠡᠭ ᠬᠤᠶᠠᠷ᠄ ᠶᠠᠪᠠᠭᠠᠨ ᠢᠶᠠᠷ ᠵᠤᠭᠠᠴᠠᠬᠤ ᠵᠠᠮ ᠱᠤᠭᠤᠮ      5 ᠰᠠᠷ᠎ᠠ ᠶᠢᠨ 15 ᠤ ᠡᠲᠦᠷ᠂ ᠭᠠᠨᠰᠦ ᠮᠤᠵᠢ ᠶᠢᠨ ᠳ᠋ᠦᠨᠬᠤᠸᠠᠩ ᠬᠤᠲᠠ ᠳᠤ ᠪᠤᠯᠤᠬᠰᠠᠨ ︽ᠠᠩᠬᠠᠲᠤᠭᠠᠷ ᠬᠤᠭᠤᠴᠠᠭᠠᠨ ᠤ ᠲᠤᠷᠭᠠᠨ ᠵᠠᠮ ︵ᠳ᠋ᠦᠨᠬᠤᠸᠠᠩ︶ ᠤᠨ ᠤᠯᠠᠨ ᠤᠯᠤᠰ ᠤᠨ ᠶᠠᠪᠠᠭᠠᠨ ᠢᠶᠠᠷ ᠵᠤᠭᠠᠴᠠᠬᠤ ᠵᠤᠭᠠᠴᠠᠯ ᠤᠨ ᠨᠠᠶᠢᠷ︾ ᠲᠤ ᠮᠠᠨ ᠤ ᠤᠷᠤᠨ ᠤ ᠦᠬᠠᠢ ᠬᠤᠲᠠ ᠪᠠ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ︽ᠶᠠᠪᠠᠭᠠᠨ ᠢᠶᠠᠷ ᠵᠤᠭᠠᠴᠠᠬᠤ ᠬᠠᠮᠤᠭ ᠤᠨ ᠭᠤᠶᠤ ᠠᠷᠪᠠᠨ ᠵᠤᠭᠠᠴᠠᠯ ᠤᠨ ᠬᠤᠲᠠ︾ ᠭᠡᠬᠦ ᠢᠷᠠᠭᠤ ᠠᠯᠲᠠᠷ ᠢ ᠬᠦᠷᠳᠡᠭᠰᠡᠨ ᠪᠢᠯᠡ᠃      ᠵᠢᠯ ᠪᠦᠷᠢ ᠶᠢᠨ 6 — 9 ᠰᠠᠷ᠎ᠠ ᠪᠤᠯ ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ ᠬᠠᠮᠤᠭ ᠤᠨ ᠭᠤᠶᠤ ᠦᠶ᠎ᠡ ᠪᠤᠯᠤᠨ᠎ᠠ᠂ ᠨᠢᠲᠦ ᠠᠯᠲᠠᠮ᠎ᠠ ᠡᠭᠡᠷᠡᠮ᠎ᠠ ᠲᠠᠯ᠎ᠠ᠂ ᠴᠡᠴᠡᠭᠲᠦ ᠬᠦᠳᠡᠭᠡ᠂ ᠲᠡᠦᠭᠡ ᠰᠤᠶᠤᠯ ᠪᠤᠯ ᠪᠠᠷᠠᠭᠤᠨ ᠦᠵᠦᠮᠦᠴᠢᠨ ᠬᠤᠰᠢᠭᠤ ᠶᠢᠨ ᠠᠩᠬᠠᠷᠤᠯ ᠢ ᠲᠠᠲᠠᠮ᠎ᠠ ᠵᠤᠭᠠᠴᠠᠯ ᠤᠨ ᠡᠬᠢ ᠪᠠᠶᠠᠯᠢᠭ ᠪᠤᠯᠬᠤ ᠶᠤᠮ᠃ ᠡᠯᠡᠰᠦ ᠮᠠᠩᠬ᠎ᠠ ᠶᠢᠨ ᠦᠵᠡᠮᠵᠢ᠂ ᠠᠵᠦ ᠦᠢᠯᠡᠳᠪᠦᠷᠢ ᠶᠢᠨ ᠦᠵᠡᠮᠵᠢ᠂ ᠬᠠᠲᠤᠨ ᠭᠤᠤᠯ ᠤᠨ ᠦᠵᠡᠮᠵᠢ ᠪᠦᠷᠢᠲᠦᠭᠰᠡᠨ ᠪᠤᠯᠬᠤᠷ ᠦᠬᠠᠢ ᠬᠤᠲᠠ ︽ᠬᠠᠲᠤᠨ ᠭᠤᠤᠯ ᠤᠨ ᠠᠯᠲᠠᠨ ᠪᠦᠰᠡᠯᠡᠬᠦᠷ ᠲᠡᠭᠡᠷᠡᠬᠢ ᠭᠡᠷᠡᠯᠲᠦ ᠰᠤᠪᠤᠳ︾ ᠭᠡᠮᠡᠭᠳᠡᠵᠡᠢ᠃ 118 ᠲᠡᠭᠰᠢ ᠲᠦᠷᠪᠡᠯᠵᠢᠨ ᠺᠢᠯᠤᠮᠧᠳ᠋ᠷ ᠲᠠᠯᠠᠪᠠᠢ ᠪᠦᠬᠦᠢ ᠦᠬᠠᠢ ᠨᠠᠭᠤᠷ ᠨᠠᠮᠤᠭᠤᠬᠠᠨ ᠲᠤᠯᠬᠢᠶᠠᠯᠠᠵᠦ᠂ ᠨᠠᠭᠤᠷ ᠤᠨ ᠬᠦᠪᠡᠭᠡ ᠪᠠᠷ ᠠᠯᠬᠤᠯᠠᠬᠤ ᠳᠤ ᠬᠤᠯᠤᠰᠤ ᠵᠡᠭᠡᠰᠦ ᠨᠠᠶᠢᠭᠤᠵᠦ ᠭᠠᠯᠠᠭᠤ ᠰᠢᠪᠠᠭᠤ ᠭᠠᠨᠭ᠍ᠭᠠᠨᠠᠯᠲᠤᠨ᠂ ᠰᠡᠳᠬᠢᠯ ᠢ ᠰᠡᠷᠬᠦᠬᠡᠵᠦ ᠠᠯᠵᠢᠶᠠᠯ ᠢ ᠲᠠᠶᠢᠯᠤᠨ᠎ᠠ᠃      ᠶᠠᠪᠠᠭᠠᠨ ᠢᠶᠠᠷ ᠵᠤᠭᠠᠴᠠᠬᠤ ᠳᠤ ᠲᠤᠬᠢᠷᠠᠬᠰᠠᠨ ᠪᠠᠰᠠ ᠨᠢᠬᠡᠨ ᠦᠵᠡᠮᠵᠢᠲᠦ ᠤᠷᠤᠨ ᠪᠤᠯ ᠠᠯᠠᠱᠠ ᠠᠶᠢᠮᠠᠬ ᠤᠨ ᠡᠵᠡᠨ᠎ᠡ ᠬᠤᠰᠢᠭᠤ ᠪᠤᠯᠬᠤ ᠶᠤᠮ᠃ ᠵᠤᠨ ᠤ ᠤᠯᠠᠷᠢᠯ ᠤᠨ ᠲᠤᠤᠷᠠᠢ ᠶᠢᠨ ᠤᠢ ᠪᠠᠷ ᠠᠶᠠᠯᠠᠵᠦ᠂ ᠰᠤᠪᠨᠠᠭᠤᠷ ᠤᠨ ᠤᠷᠤᠰᠬᠠᠯ ᠢ ᠴᠢᠩᠨᠠᠨ᠂ ᠡᠯᠡᠰᠦ ᠮᠠᠩᠬᠠᠨ ᠤ ᠲᠤᠮᠲᠠᠬᠢ ᠬᠠᠷ᠎ᠠ ᠬᠤᠲᠠ ᠶᠢᠨ ᠪᠠᠭᠤᠷᠢ ᠶᠢ ᠰᠤᠨᠢᠷᠬᠠᠵᠦ ᠪᠠᠷᠠᠭᠤᠨ ᠰᠢᠶᠠ ᠤᠯᠤᠰ ᠤᠨ ᠲᠡᠦᠭᠡ ᠶᠢ ᠤᠶᠢᠢᠯᠠᠭᠠᠬᠤ ᠨᠢ ᠡᠵᠡᠨ᠎ᠡ ᠬᠤᠰᠢᠭᠤ ᠶᠢᠨ ᠵᠤᠨ ᠤ ᠵᠤᠭᠠᠴᠠᠯ ᠤᠨ ᠪᠠᠰᠠ ᠨᠢᠬᠡᠨ ᠬᠢᠯᠠᠰ ᠴᠡᠭ ᠪᠤᠯᠤᠨ᠎ᠠ᠃ ᠨᠡᠩ ᠴᠦ ᠬᠠᠮᠲᠦ ᠨᠦᠬᠦᠳ ᠲᠠᠢ ᠪᠠᠨ ᠬᠠᠮᠲᠦ ᠡᠯᠡᠰᠦ ᠮᠠᠩᠬ᠎ᠠ ᠪᠠᠷ ᠠᠶᠠᠯᠠᠵᠦ ᠰᠤᠪᠨᠠᠭᠤᠷ ᠤᠨ ᠬᠦᠪᠡᠭᠡᠨ ᠳᠤ ᠮᠠᠶᠢᠬᠠᠨ ᠪᠤᠰᠬᠠᠵᠦ ᠬᠤᠨᠤᠭᠯᠠᠨ᠂ ᠭᠤᠪᠢ ᠨᠤᠲᠤᠭ ᠤᠨ ᠨᠠᠷᠠᠨ ᠰᠢᠩᠭᠡᠵᠦ ᠨᠠᠷᠠᠨ ᠮᠠᠨᠲᠤᠬᠤ ᠶᠢ ᠰᠤᠨᠢᠷᠬᠠᠨ᠂ ᠮᠦᠡᠭᠬᠦᠨ ᠠᠷ ᠲᠤᠯᠬᠢᠶᠠᠯᠠᠭᠤᠯᠤᠬᠰᠠᠨ ᠨᠠᠭᠤᠷ ᠤᠨ ᠦᠵᠡᠮᠵᠢ ᠪᠠ ᠭᠤᠪᠢ ᠨᠤᠲᠤᠭ ᠤᠨ ᠦᠵᠡᠮᠵᠢ ᠶᠢ ᠰᠡᠬᠦᠳᠡᠷᠯᠡᠬᠦ ᠨᠢ ᠮᠦᠨ ᠴᠦ ᠨᠢᠬᠡᠨ ᠤᠳᠬ᠎ᠠ ᠠᠭᠤᠯᠭ᠎ᠠ ᠲᠠᠢ ᠶᠠᠪᠤᠲᠠᠯ ᠪᠤᠯᠬᠤ ᠶᠤᠮ᠃      ᠲᠠᠨᠢᠯᠴᠠᠭᠤᠯᠬᠤ ᠬᠡᠲᠦᠨ ᠭᠠᠵᠠᠷ᠄ ᠦᠬᠠᠢ ᠬᠤᠲᠠ᠂ ᠪᠠᠷᠠᠭᠤᠨ ᠦᠵᠦᠮᠦᠴᠢᠨ ᠬᠤᠰᠢᠭᠤ᠂ ᠡᠵᠡᠨ᠎ᠡ ᠬᠤᠰᠢᠭᠤ      ᠰᠠᠨᠠᠭᠤᠯᠬᠤ ᠬᠡᠲᠦᠨ ᠦᠬᠡᠰ᠄ ᠲᠠᠯ᠎ᠠ ᠨᠤᠲᠤᠭ ᠢᠶᠠᠷ ᠠᠶᠠᠯᠠᠬᠤ᠂ ᠠᠭᠤᠯᠠ ᠠᠪᠠᠷᠢᠬᠤ᠂ ᠡᠯᠡᠰᠦᠨ ᠮᠠᠩᠬᠠᠨ ᠳᠤ ᠪᠠᠷᠲᠠᠭ᠎ᠠ ᠲᠤᠭᠤᠯᠬᠤ ᠪᠤᠯ ᠪᠡᠶ᠎ᠡ ᠮᠠᠬᠠᠪᠤᠳ ᠤᠨ ᠲᠤᠬᠠᠢ ᠱᠠᠭᠠᠷᠲᠠᠯᠭ᠎ᠠ ᠪᠠᠷ ᠨᠡᠯᠢᠶᠡᠳ ᠦᠨᠲᠦᠷ ᠪᠠᠶᠢᠲᠠᠭ᠃ ᠵᠤᠭᠠᠴᠠᠭᠰᠠᠳ ᠪᠠᠰᠠ ᠡᠷᠭᠡᠪᠰᠢ ᠴᠠᠭ ᠠᠭᠤᠷ᠂ ᠭᠠᠵᠠᠷ ᠵᠦᠢ᠂ ᠠᠮᠢᠲᠤ ᠪᠤᠲᠠᠰ ᠤᠨ ᠲᠤᠬᠠᠢ ᠮᠡᠳᠡᠯᠭᠡ ᠶᠢ ᠡᠵᠡᠮᠰᠢᠭᠰᠡᠨ ᠪᠠᠶᠢᠬᠤ ᠭᠡᠷᠡᠭᠳᠡᠢ᠃      ᠬᠢᠯᠠᠰ ᠴᠡᠭ ᠭᠤᠷᠪᠠ᠄ ᠬᠡᠬᠡᠷ᠎ᠡ ᠦᠨᠵᠢᠬᠦ ᠲᠤᠬᠢᠲᠠᠢ ᠪᠠᠭᠤᠴᠠ      ᠵᠤᠨ ᠤ ᠡᠲᠦᠷ ᠲᠠᠯ᠎ᠠ ᠨᠤᠲᠤᠭ ᠤᠨ ᠠᠮᠲᠠᠲᠦ ᠢᠳᠡᠭᠡᠨ ᠠᠴᠠ ᠠᠮᠰᠠᠵᠦ᠂ ᠬᠠᠷᠠᠭ᠎ᠠ ᠪᠤᠯᠢᠶᠠᠮ᠎ᠠ ᠭᠡᠭᠡᠷ᠎ᠡ ᠲᠠᠯ᠎ᠠ ᠶᠢᠨ ᠦᠵᠡᠮᠵᠢ ᠶᠢ ᠰᠤᠨᠢᠷᠬᠠᠵᠦ᠂ ᠵᠤᠨ ᠤ ᠰᠦᠨᠢ ᠮᠠᠶᠢᠬᠠᠨ ᠲᠤᠲᠤᠷ᠎ᠠ ᠬᠤᠨᠤᠭᠯᠠᠵᠦ ᠤᠭᠲᠠᠷᠭᠤᠢ ᠲᠦᠬᠦᠷᠡᠩ ᠤᠲᠤᠨ ᠮᠡᠴᠢᠳ ᠢ ᠲᠤᠭᠠᠯᠠᠵᠦ᠂ ᠲᠦᠳᠡᠭ ᠭᠠᠯ ᠢ ᠲᠤᠭᠤᠷᠢᠨ ᠪᠦᠵᠢᠭᠯᠡᠬᠦ ᠨᠢ ᠶᠠᠭᠤᠲᠠᠢ ᠰᠠᠶᠢᠬᠠᠨ ᠠᠵᠢ᠃      ᠵᠤᠭᠠᠴᠠᠭᠰᠠᠳ ᠤᠨ ᠡᠳᠡᠭᠡᠷ ᠱᠠᠭᠠᠷᠲᠠᠯᠭ᠎ᠠ ᠳᠤ ᠵᠤᠬᠢᠴᠠᠭᠤᠯᠤᠨ ᠤᠶᠢᠢᠷ᠎ᠠ ᠶᠢᠨ ᠬᠡᠲᠦᠨ ᠵᠢᠯ ᠮᠠᠨ ᠤ ᠤᠷᠤᠨ ᠨᠢᠬᠡ ᠪᠦᠯᠦᠭ ᠬᠡᠬᠡᠷ᠎ᠡ ᠦᠨᠵᠢᠬᠦ ᠰᠠᠭᠤᠷᠢᠨ ᠭᠠᠵᠠᠷ ᠢ ᠪᠠᠶᠢᠭᠤᠯᠤᠬᠰᠠᠨ ᠶᠤᠮ᠃ ᠢᠬᠴᠦ ᠰᠠᠬᠤᠯᠢᠭ ᠤᠢ ᠰᠢᠭᠤᠢ᠂ ᠬᠠᠯᠠᠭᠤᠨ ᠷᠠᠰᠢᠶᠠᠨ᠂ ᠲᠡᠭᠷᠢ ᠨᠠᠭᠤᠷ ᠵᠡᠷᠭᠡ ᠵᠤᠭᠠᠴᠠᠯ ᠤᠨ ᠡᠬᠢ ᠪᠠᠶᠠᠯᠢᠭ ᠲᠠᠭᠠᠨ ᠲᠦᠰᠢᠭᠯᠡᠨ ᠷᠠᠰᠢᠶᠠᠨ ᠬᠤᠲᠠ ᠨᠢ ᠮᠠᠰᠢᠨ ᠲᠡᠷᠭᠡ ᠶᠢᠨ ᠪᠠᠭᠤᠴᠠ ᠶᠢ ᠪᠠᠶᠢᠭᠤᠯᠵᠦ ᠬᠡᠬᠡᠷ᠎ᠡ ᠦᠨᠵᠢᠬᠦ ᠲᠤᠷ᠎ᠠ ᠬᠦᠰᠡᠯ ᠲᠠᠢ ᠵᠤᠭᠠᠴᠠᠭᠰᠠᠳ ᠲᠤ ᠲᠤᠬᠢᠷᠠᠮᠵᠢᠲᠠᠢ ᠨᠦᠬᠦᠴᠡᠯ ᠬᠠᠨᠭ᠍ᠭᠠᠭᠰᠠᠨ ᠪᠠᠶᠢᠨ᠎ᠠ᠃      ᠬᠦᠯᠦᠨ ᠪᠤᠶᠢᠷ ᠬᠤᠲᠠ ᠳᠤ ᠶᠡᠭᠡ ᠬᠢᠨᠭ᠍ᠭᠠᠨ ᠲᠠᠪᠠᠭ᠎ᠠ ᠶᠢᠨ ᠭᠡᠷᠲᠦ ᠲᠡᠷᠭᠡ ᠶᠢᠨ ᠰᠠᠭᠤᠷᠢᠨ ᠪᠠᠶᠢᠲᠠᠭ᠃ ᠲᠤᠰ ᠰᠠᠭᠤᠷᠢᠨ ᠪᠤᠯ ᠮᠠᠨ ᠤ ᠤᠷᠤᠨ ᠤ ᠬᠠᠮᠤᠭ ᠤᠨ ᠠᠩᠬᠠᠨ ᠤ ᠭᠡᠷᠲᠦ ᠲᠡᠷᠭᠡ ᠪᠠᠷ ᠬᠡᠬᠡᠷ᠎ᠡ ᠦᠨᠵᠢᠬᠦ ᠰᠠᠭᠤᠷᠢᠨ ᠪᠠᠶᠢᠵᠦ ᠂ ᠵᠤᠭᠠᠴᠠᠭᠰᠠᠳ ᠤᠨ ᠱᠠᠭᠠᠷᠲᠠᠯᠭ᠎ᠠ ᠳᠤ ᠵᠤᠬᠢᠴᠠᠭᠤᠯᠤᠨ ᠡᠸᠦ᠋ᠷᠦᠫᠡ ᠠᠴᠠ ᠤᠷᠤᠭᠤᠯᠤᠬᠰᠠᠨ ᠭᠡᠷᠲᠦ ᠲᠡᠷᠭᠡ᠂ ᠮᠤᠲᠤᠨ ᠪᠠᠶᠢᠰᠢᠩ᠂ ᠭᠡᠭᠡᠷ᠎ᠡ ᠦᠨᠵᠢᠬᠦ ᠮᠠᠶᠢᠬᠠᠨ ᠵᠡᠷᠭᠡ ᠶᠢ ᠢᠵᠢ ᠪᠦᠷᠢᠲᠦᠬᠦᠯᠦᠭᠰᠡᠨ ᠪᠠᠶᠢᠲᠠᠭ᠃      ᠵᠤᠭᠠᠴᠠᠭᠰᠠᠳ ᠤᠨ ᠱᠠᠭᠠᠷᠲᠠᠯᠭ᠎ᠠ ᠳᠤ ᠵᠤᠬᠢᠴᠠᠭᠤᠯᠤᠨ ᠪᠠᠰᠠ ᠵᠢᠭᠠᠰᠦ ᠬᠦᠬᠢᠳᠡᠬᠦ᠂ ᠠᠭᠤᠯᠠ ᠠᠪᠠᠷᠢᠬᠤ᠂ ᠪᠠᠷᠲᠠᠭ᠎ᠠ ᠬᠠᠶᠢᠬᠤ᠂ ᠡᠯᠡᠰᠦᠨ ᠲᠡᠭᠡᠷ᠎ᠡ ᠱᠤᠷᠤᠯᠠᠭ ᠰᠢᠷᠠᠬᠤ᠂ ᠲᠦᠳᠡᠭ ᠭᠠᠯ ᠤᠨ ᠦᠳᠡᠰᠢᠯᠡᠭᠡ ᠳᠤ ᠤᠷᠤᠯᠴᠠᠬᠤ᠂ ᠴᠠ ᠪᠤᠭᠤ ᠲᠡᠵᠢᠭᠡᠳᠡᠭ ᠤᠯᠭᠤᠶᠠ ᠶᠢᠨ ᠡᠸᠠᠩᠬᠢᠴᠤᠳ ᠤᠨ ᠵᠠᠩ ᠦᠢᠯᠡ ᠰᠤᠶᠤᠯ ᠢ ᠤᠶᠢᠢᠯᠠᠭᠠᠬᠤ ᠵᠡᠷᠭᠡ ᠪᠠᠶᠠᠯᠢᠭ ᠤᠯᠠᠨ ᠵᠤᠭᠠᠴᠠᠯ ᠤᠨ ᠲᠦᠷᠦᠯ ᠵᠦᠢᠯ ᠲᠤᠬᠢᠷᠠᠭᠤᠯᠤᠬᠰᠠᠨ ᠪᠠᠶᠢᠨ᠎ᠠ᠃      ᠡᠬᠦᠨ ᠠᠴᠠ ᠭᠠᠲᠠᠨ᠎ᠠ ᠮᠠᠨ ᠤ ᠤᠷᠤᠨ ᠳᠤ ᠪᠠᠰᠠ ᠬᠦᠯᠦᠨ ᠨᠠᠭᠤᠷ ᠤᠨ ᠦᠪᠡᠷ ᠤᠨ ᠮᠠᠰᠢᠨ ᠢᠶᠠᠷ ᠢᠶᠠᠨ ᠵᠤᠭᠠᠴᠠᠬᠤ ᠪᠠᠭᠤᠴᠠ᠂ ᠠᠯᠠᠱᠠ ᠶᠢᠨ ᠪᠠᠲᠠᠢ ᠶᠢᠨ ᠵᠢᠷᠠᠨ ᠤ ᠡᠯᠡᠰᠦ ᠮᠠᠩᠬᠠᠨ ᠤ ᠭᠡᠭᠡᠷ᠎ᠡ ᠦᠨᠵᠢᠬᠦ ᠪᠠᠭᠤᠴᠠ ᠵᠡᠷᠭᠡ ᠦᠪᠡᠷᠮᠢᠴᠡᠲᠦ ᠤᠨᠴᠠᠯᠢᠬᠲᠦ ᠰᠠᠭᠤᠷᠢᠨ ᠨᠤᠭᠤᠳ ᠪᠠᠶᠢᠲᠠᠭ᠃ ᠬᠦᠯᠦᠨ ᠨᠠᠭᠤᠷ ᠤᠨ ᠤᠷᠤᠰᠬᠠᠯ᠂ ᠭᠠᠯᠠᠭᠤ ᠰᠢᠪᠠᠭᠤᠳ ᠤᠨ ᠭᠠᠨᠭ᠍ᠭᠠᠨᠠᠭ᠎ᠠ ᠶᠢ ᠰᠤᠨᠤᠰᠴᠦ᠂ ᠷᠠᠰᠢᠶᠠᠨ ᠤ ᠤᠢ ᠶᠢᠨ ᠦᠵᠡᠮᠵᠢ ᠠᠴᠠ ᠰᠤᠨᠢᠷᠬᠠᠵᠦ᠂ ᠡᠯᠡᠰᠦ ᠮᠠᠩᠬᠠᠨ ᠤ ᠲᠤᠮᠲᠠᠭᠤᠷ ᠠᠶᠠᠯᠠᠵᠦ᠂ ᠭᠡᠭᠡᠷ᠎ᠡ ᠦᠨᠵᠢᠵᠦ ᠡᠬᠡ ᠪᠠᠶᠢᠭᠠᠯᠢ ᠲᠠᠢ ᠤᠶᠢᠢᠷᠠᠲᠤᠬᠤ ᠬᠡᠪᠡᠯ ᠦᠪᠦᠷ ᠮᠤᠩᠭᠤᠯ ᠳᠤ ᠢᠷᠡᠵᠦ ᠡᠳᠡᠭᠡᠷ ᠬᠡᠬᠡᠷ᠎ᠡ ᠦᠨᠵᠢᠬᠦ ᠪᠠᠭᠤᠴᠠ ᠳᠤ ᠬᠤᠨᠤᠭᠯᠠᠵᠦ ᠪᠤᠯᠤᠨ᠎ᠠ᠃      ᠲᠠᠨᠢᠯᠴᠠᠭᠤᠯᠬᠤ ᠬᠡᠲᠦᠨ ᠭᠠᠵᠠᠷ᠄ ᠠᠯᠠᠱᠠ ᠠᠶᠢᠮᠠᠭ᠂ ᠬᠦᠯᠦᠨ ᠪᠤᠶᠢᠷ ᠬᠤᠲᠠ᠂ ᠷᠠᠰᠢᠶᠠᠨ ᠬᠤᠲᠠ      ᠰᠠᠨᠠᠭᠤᠯᠬᠤ ᠬᠡᠲᠦᠨ ᠦᠬᠡᠰ᠄ ᠵᠤᠨ ᠤ ᠤᠯᠠᠷᠢᠯ ᠳᠤ ᠭᠡᠭᠡᠷ᠎ᠡ ᠭᠠᠲᠠᠭ᠎ᠠ ᠬᠤᠨᠤᠭᠯᠠᠬᠤ ᠳᠠᠭᠠᠨ ᠬᠠᠭᠤᠷᠠᠢ ᠭᠠᠵᠠᠷ ᠢ ᠰᠤᠩᠭᠤᠵᠦ᠂ ᠭᠠᠵᠠᠷ ᠤᠨ ᠪᠠᠶᠢᠴᠠ ᠪᠠᠷ ᠦᠨᠲᠦᠷ᠂ ᠰᠠᠯᠬᠢ ᠨᠡᠪᠳᠡᠷᠡᠳᠡᠭ᠂ ᠬᠤᠷᠤᠬᠠᠢ ᠰᠢᠮᠠᠭᠤᠯ ᠴᠦᠭᠡᠨ ᠭᠠᠵᠠᠷ ᠢ ᠰᠤᠩᠭᠤᠪᠠᠯ ᠵᠤᠬᠢᠨ᠎ᠠ᠃      ᠬᠢᠯᠠᠰ ᠴᠡᠭ ᠲᠦᠷᠪᠡ᠄ ᠲᠤᠭᠤᠢ ᠪᠠᠷ ᠠᠶᠠᠯᠠᠬᠤ ᠭᠤᠶᠤ ᠦᠵᠡᠮᠵᠢ      ᠨᠠᠶᠢᠵᠠ ᠨᠦᠭᠦᠳ ᠲᠠᠢ ᠪᠠᠨ ᠬᠠᠮᠲᠦ ᠲᠤᠭᠤᠢ ᠲᠡᠷᠭᠡ ᠪᠠᠷ ᠰᠠᠯᠬᠢ ᠲᠠᠲᠠᠭᠤᠯᠤᠨ ᠠᠶᠠᠯᠠᠵᠦ᠂ ᠲᠡᠭᠷᠢ ᠭᠠᠵᠠᠷ ᠤᠨ ᠬᠤᠭᠤᠷᠤᠨᠲᠦ ᠴᠢᠯᠦᠬᠡᠳᠡᠢ ᠵᠤᠷᠴᠢᠵᠦ᠂ ᠵᠠᠮ ᠲᠤᠵᠢ ᠶᠢᠨ ᠪᠠᠶᠢᠭᠠᠯᠢ ᠶᠢᠨ ᠦᠵᠡᠮᠵᠢ ᠶᠢ ᠰᠤᠨᠢᠷᠬᠠᠵᠦ᠂ ᠨᠤᠲᠤᠭ ᠨᠤᠲᠤᠭ ᠤᠨ ᠵᠠᠩ ᠦᠢᠯᠡ ᠶᠢ ᠤᠶᠢᠢᠯᠠᠭᠠᠨ᠂ ᠵᠠᠯᠠᠭᠤ ᠨᠠᠰᠦᠨ ᠤ ᠬᠠᠮᠤᠭ ᠤᠨ ᠲᠤᠷᠠᠳᠬᠠᠯ ᠲᠠᠢ ᠨᠢᠬᠡᠨ ᠮᠦᠴᠡ ᠪᠠᠨ ᠲᠡᠮᠳᠡᠭᠯᠡᠬᠦ ᠨᠢ ᠮᠠᠰᠢ ᠤᠯᠠᠨ ᠵᠠᠯᠠᠭᠤᠴᠤᠳ ᠤᠨ ᠬᠦᠰᠡᠯ ᠪᠠᠶᠢᠵᠦ ᠮᠡᠳᠡᠨ᠎ᠡ᠃      ᠲᠤᠭᠤᠢ ᠲᠡᠷᠭᠡ ᠪᠠᠷ ᠢᠶᠠᠨ ᠬᠦᠬᠡᠬᠤᠲᠠ ᠠᠴᠠ ᠦᠴᠦᠸᠠᠨ ᠰᠢᠶᠠᠨ ᠬᠦᠷᠬᠦ ᠵᠠᠰᠠᠮᠠᠯ ᠵᠠᠮ ᠢᠶᠠᠷ ᠦᠭᠰᠦᠵᠦ ᠴᠠᠭᠠᠰᠢ ᠪᠠᠭ᠋ᠠᠨ ᠠᠶᠠᠯᠠᠪᠠᠯ᠂ ᠶᠠᠫᠦᠨ ᠢ ᠡᠰᠡᠷᠬᠦᠴᠡᠬᠦ ᠲᠠᠶᠢᠨ ᠤ ᠦᠶ᠎ᠡ ᠳᠤ ᠬᠤᠪᠢᠰᠬᠠᠯ ᠤᠨ ᠭᠠᠯ ᠦᠷᠪᠢᠰᠴᠦ ᠪᠠᠶᠢᠬᠰᠠᠨ ᠤᠡᠭᠭᠤᠨ ᠲᠠᠪᠠᠭᠠᠨ ᠤ ᠬᠤᠪᠢᠰᠬᠠᠯ ᠤᠨ ᠰᠠᠭᠤᠷᠢᠨ ᠭᠠᠵᠠᠷ ᠲᠤ ᠬᠦᠷᠦᠨ᠎ᠡ᠃ ᠲᠠᠯᠠᠨ ᠬᠠᠷ᠎ᠠ ᠠᠭᠤᠯᠠᠨ ᠤ ᠤᠰᠤᠲᠤ ᠭᠤᠤ ᠪᠤᠯ ᠮᠦᠨ ᠴᠦ ᠨᠢᠬᠡᠨ ᠠᠭᠤᠯᠠ ᠠᠪᠠᠷᠢᠵᠦ᠂ ᠲᠤᠭᠤᠢ ᠲᠡᠷᠭᠡ ᠪᠠᠷ ᠠᠶᠠᠯᠠᠬᠤ ᠳᠤ ᠲᠤᠬᠢᠷᠠᠬᠰᠠᠨ ᠵᠤᠭᠠᠴᠠᠯ ᠤᠨ ᠬᠠᠷᠠᠯᠲᠠᠲᠦ ᠤᠷᠤᠨ ᠪᠤᠯᠤᠨ᠎ᠠ᠃ ᠤᠰᠤᠲᠤ ᠭᠤᠤ ᠶᠢᠨ ᠠᠭᠤᠯᠠᠨ ᠤᠷᠬᠢᠯ ᠲᠡᠭᠡᠷ᠎ᠠ ᠠᠪᠠᠷᠢᠨ ᠭᠠᠷᠪᠠᠯ ᠲᠠᠯᠠᠨ ᠬᠠᠷ᠎ᠠ ᠠᠭᠤᠯᠠ ᠬᠦᠯ ᠤᠨ ᠲᠤᠤᠷ᠎ᠠ ᠬᠦᠬᠡᠷᠡᠨ ᠬᠠᠷᠠᠭᠲᠠᠵᠦ᠂ ᠬᠦᠬᠡᠬᠤᠲᠠ ᠶᠢᠨ ᠪᠦᠬᠦ ᠦᠵᠡᠮᠵᠢ ᠨᠢᠲᠤᠨ ᠳᠤ ᠲᠤᠲᠤᠬᠠᠨ ᠲᠤᠰᠤᠨ᠎ᠠ᠃      ᠬᠦᠨᠳᠡᠯᠡᠨ ᠤᠰᠤᠨ ᠴᠦᠬᠦᠷᠦᠮ ᠪᠠ ᠰᠠᠶᠢᠬᠠᠨᠲᠠᠯ᠎ᠠ ᠨᠤᠭᠤ ᠭᠠᠵᠠᠷ ᠤᠨ ᠲᠠᠯ᠎ᠠ ᠨᠤᠲᠤᠭ ᠪᠤᠯ ᠪᠤᠭᠤᠲᠤ ᠬᠤᠲᠠ ᠶᠢᠨ ᠬᠦᠮᠦᠰ ᠤᠨ ᠲᠤᠭᠤᠢ ᠲᠡᠷᠭᠡ ᠪᠠᠷ ᠠᠶᠠᠯᠠᠬᠤ ᠦᠵᠡᠮᠵᠢᠲᠦ ᠤᠷᠤᠨ ᠪᠤᠯᠤᠨ᠎ᠠ᠃ ᠬᠦᠨᠳᠡᠯᠡᠨ ᠤᠰᠤᠨ ᠴᠦᠬᠦᠷᠦᠮ ᠤᠨ ᠠᠷᠤ ᠶᠢᠨ ᠠᠭᠤᠯᠠᠨ ᠤ ᠬᠤᠲᠤᠭᠤᠷ ᠬᠦᠲᠦᠬᠦᠷ ᠰᠢᠷᠤᠢ ᠶᠢᠨ ᠵᠠᠮ ᠨᠢ ᠲᠤᠭᠤᠢ ᠲᠡᠷᠭᠡᠴᠢᠳ ᠤᠨ ᠮᠡᠷᠭᠡᠵᠢᠯ ᠢ ᠰᠢᠯᠭᠠᠲᠠᠭ᠂ ᠬᠦᠮᠦᠰ ᠡᠨᠡᠬᠦᠷ ᠲᠠᠮᠵᠢᠨ ᠤᠰᠤᠨ ᠬᠠᠰᠢᠯᠭ᠎ᠠ ᠲᠡᠭᠡᠷ᠎ᠡ ᠭᠠᠷᠴᠦ ᠨᠠᠷᠠᠨ ᠮᠠᠨᠲᠤᠬᠤ ᠶᠢ ᠰᠤᠨᠢᠷᠬᠠᠲᠠᠭ ᠪᠠᠶᠢᠨ᠎ᠠ᠃ ᠰᠠᠶᠢᠬᠠᠨᠲᠠᠯ᠎ᠠ ᠲᠠᠯ᠎ᠠ ᠨᠤᠲᠤᠭ ᠤᠨ ᠲᠤᠭᠤᠢ ᠲᠡᠷᠭᠡ ᠪᠠᠷ ᠠᠶᠠᠯᠠᠬᠤ ᠪᠦᠬᠦ ᠵᠠᠮ ᠤᠨ ᠤᠷᠲᠤ ᠨᠢ 10 ᠺᠢᠯᠤᠮᠧᠳ᠋ᠷ ᠪᠠᠶᠢᠵᠦ᠂ ᠵᠠᠮ ᠲᠤᠵᠢ ᠯᠠᠸᠠᠨᠳᠠ ᠴᠡᠴᠡᠭ ᠤᠨ ᠬᠦᠷᠢᠶᠡᠯᠡᠩ᠂ ᠵᠢᠵᠢᠭᠭᠡᠨ ᠬᠦᠬᠦᠷᠭᠡ ᠪᠠ ᠴᠡᠴᠡᠭᠲᠦ ᠲᠠᠯ᠎ᠠ ᠵᠢᠷᠪᠢᠯᠵᠡᠨ ᠦᠡᠭᠭᠡᠷᠡᠳᠡᠭ᠃      ᠲᠠᠨᠢᠯᠴᠠᠭᠤᠯᠬᠤ ᠬᠡᠲᠦᠨ ᠭᠠᠵᠠᠷ᠄ ᠬᠦᠬᠡᠬᠤᠲᠠ ᠠᠴᠠ ᠦᠴᠦᠸᠠᠨ ᠰᠢᠶᠠᠨ ᠬᠦᠷᠬᠦ ᠵᠠᠰᠠᠮᠠᠯ ᠵᠠᠮ᠂ ᠪᠤᠭᠤᠲᠤ ᠬᠤᠲᠠ ᠶᠢᠨ ᠬᠦᠨᠳᠡᠯᠡᠨ ᠤᠰᠤᠨ ᠴᠦᠬᠦᠷᠦᠮ᠂ ᠪᠤᠭᠤᠲᠤ ᠬᠤᠲᠠ ᠶᠢᠨ ᠰᠠᠶᠢᠬᠠᠨᠲᠠᠯ᠎ᠠ ᠨᠤᠭᠤ ᠭᠠᠵᠠᠷ ᠤᠨ ᠲᠠᠯ᠎ᠠ ᠨᠤᠲᠤᠭ      ᠰᠠᠨᠠᠭᠤᠯᠬᠤ ᠬᠡᠲᠦᠨ ᠦᠬᠡᠰ᠄ ᠲᠤᠭᠤᠢ ᠲᠡᠷᠭᠡ ᠪᠠᠷ ᠠᠶᠠᠯᠠᠬᠤ ᠳᠠᠭᠠᠨ ᠨᠢᠲᠤᠨ ᠰᠢᠯ ᠵᠡᠬᠦᠵᠦ᠂ ᠬᠤᠭ ᠲᠤᠭᠤᠰᠦ ᠨᠢᠲᠤᠨ ᠳᠤ ᠤᠷᠤᠭᠰᠠᠨ ᠪᠤᠯ ᠴᠡᠪᠡᠷ ᠭᠠᠷ ᠠᠯᠴᠢᠭᠤᠷ ᠢᠶᠠᠷ ᠵᠦᠯᠬᠦᠵᠦ᠂ ᠦᠯᠢᠶᠡᠬᠦ ᠪᠤᠶᠤ ᠬᠠᠲᠠᠭᠤ ᠪᠤᠲᠠᠰ ᠢᠶᠠᠷ ᠵᠦᠯᠬᠦᠵᠦ ᠪᠤᠯᠬᠤ ᠦᠬᠡᠢ᠃      ᠬᠢᠯᠠᠰ ᠴᠡᠭ ᠲᠠᠪᠤ᠄ ᠦᠪ ᠵᠤᠵᠠᠭᠠᠨ ᠰᠤᠶᠤᠯ ᠲᠡᠦᠬᠡ      ᠦᠵᠡᠰᠬᠦᠯᠡᠩᠲᠦ ᠭᠤᠶᠤ ᠪᠠᠶᠢᠭᠠᠯᠢ ᠶᠢᠨ ᠦᠵᠡᠮᠵᠢ ᠠᠴᠠ ᠭᠠᠲᠠᠨ᠎ᠠ᠂ ᠬᠢᠯᠢ ᠬᠢᠵᠠᠭᠠᠷ ᠤᠨ ᠴᠦᠬᠡᠨ ᠲᠤᠭᠠᠲᠦ ᠦᠨᠲᠦᠰᠦᠳᠡᠨ ᠤ ᠲᠡᠦᠭᠡ ᠰᠤᠶᠤᠯ ᠪᠤᠯ ᠤᠶᠤᠲᠠᠨ ᠵᠠᠯᠠᠭᠤᠴᠤᠳ ᠤᠨ ᠠᠩᠬᠠᠷᠤᠯ ᠢ ᠲᠠᠲᠠᠭᠰᠠᠨ ᠵᠤᠭᠠᠴᠠᠯ ᠤᠨ ᠡᠬᠢ ᠪᠠᠶᠠᠯᠢᠭ ᠪᠤᠯᠬᠤ ᠶᠤᠮ᠃ ᠮᠠᠨ ᠤ ᠤᠷᠤᠨ ᠴᠦᠭᠡᠨ ᠲᠤᠭᠠᠲᠦ ᠦᠨᠲᠦᠰᠦᠳᠡᠨ ᠤ ᠦᠪᠡᠷᠮᠢᠴᠡ ᠲᠡᠦᠭᠡ ᠰᠤᠶᠤᠯ ᠳᠠᠭᠠᠨ ᠲᠦᠰᠢᠭᠯᠡᠵᠦ᠂ ᠲᠦᠮᠡᠨ ᠭᠠᠵᠠᠷ ᠤᠨ ᠴᠠᠢ ᠶᠢᠨ ᠵᠠᠮ ᠤᠨ ᠵᠤᠭᠠᠴᠠᠯ᠂ ᠮᠤᠩᠭᠤᠯ ᠶᠤᠸᠠᠨ ᠤ ᠰᠤᠶᠤᠯ ᠤᠨ ᠵᠤᠭᠠᠴᠠᠯ᠂ ᠾᠦᠩᠨᠤ ᠰᠤᠶᠤᠯ ᠤᠨ ᠨᠢᠭᠤᠴᠠ ᠬᠠᠶᠢᠬᠤ ᠵᠤᠭᠠᠴᠠᠯ᠂ ᠡᠴᠢᠨ᠎ᠡ ᠨᠢᠭᠤᠴᠠᠭᠠᠢ ᠰᠢᠶᠠᠨᠪᠢ ᠰᠤᠶᠤᠯ ᠤᠨ ᠵᠤᠭᠠᠴᠠᠯ᠂ ᠬᠢᠲᠠᠨ ᠯᠢᠶᠤᠤ ᠶᠢᠨ ᠰᠤᠶᠤᠯ ᠵᠤᠭᠠᠴᠠᠯ᠂ ᠬᠤᠪᠢᠰᠬᠠᠯ ᠤᠨ ᠬᠦᠮᠦᠵᠢᠯ ᠬᠦᠷᠳᠡᠬᠦ ᠵᠤᠭᠠᠴᠠᠯ ᠵᠡᠷᠭᠡ ᠵᠤᠭᠠᠴᠠᠯ ᠤᠨ ᠵᠠᠮ ᠱᠤᠭᠤᠮ ᠢ ᠨᠡᠭᠡᠭᠡᠵᠡᠢ᠃      ᠮᠦᠨ ᠦᠨᠲᠦᠰᠦᠳᠡᠨ ᠤ ᠵᠠᠩ ᠦᠢᠯᠡ ᠰᠤᠶᠤᠯ ᠳᠠᠭᠠᠨ ᠲᠦᠰᠢᠭᠯᠡᠵᠦ᠂ ᠲᠠᠯ᠎ᠠ ᠨᠤᠲᠤᠭ ᠤᠨ ᠨᠠᠭᠠᠲᠤᠮ ᠤᠨ ᠬᠤᠷᠠᠯ᠂ ᠮᠤᠩᠭᠤᠯ ᠦᠨᠲᠦᠰᠦᠳᠡᠨ ᠤ ᠲᠠᠭᠤᠤ ᠬᠦᠭᠵᠢᠮ ᠢ ᠰᠤᠨᠢᠷᠬᠠᠬᠤ᠂ ᠮᠤᠩᠭᠤᠯ ᠬᠤᠪᠴᠠᠰᠦ ᠵᠠᠰᠠᠯ ᠤᠨ ᠰᠤᠲᠤᠯᠭᠠᠨ ᠵᠡᠷᠭᠡ ᠮᠠᠰᠢ ᠤᠯᠠᠨ ᠪᠡᠶᠡᠴᠢᠯᠡᠨ ᠤᠷᠤᠯᠴᠠᠬᠤ ᠴᠢᠨᠠᠷᠲᠠᠢ ᠵᠤᠭᠠᠴᠠᠯ ᠤᠨ ᠪᠦᠲᠦᠭᠡᠭᠳᠡᠬᠦᠨ ᠢ ᠡᠬᠦᠲᠦᠨ ᠭᠠᠷᠭᠠᠭᠰᠠᠨ ᠪᠠᠶᠢᠲᠠᠭ᠃      ᠡᠷᠡᠬᠦᠯᠵᠢᠯ ᠰᠤᠪᠢᠯᠠᠯᠲᠠ ᠶᠢᠨ ᠰᠤᠶᠤᠯ ᠤᠨ ᠲᠠᠯ᠎ᠠ ᠪᠠᠷ ᠪᠠᠰᠠ ᠮᠤᠩᠭᠤᠯ ᠬᠢᠲᠠᠳ ᠡᠮᠨᠡᠯᠭᠡ ᠶᠢᠨ ᠪᠡᠶ᠎ᠡ ᠴᠢᠬᠢᠷᠠᠭᠵᠢᠭᠤᠯᠬᠤ ᠵᠤᠭᠠᠴᠠᠯ ᠤᠨ ᠵᠠᠮ ᠱᠤᠭᠤᠮ ᠢ ᠨᠡᠭᠡᠭᠡᠵᠦ᠂ ᠠᠵᠦ ᠦᠢᠯᠡᠳᠪᠦᠷᠢ᠂ ᠠᠮᠢ ᠠᠬᠤᠢ ᠶᠢᠨ ᠦᠵᠡᠮᠵᠢ ᠶᠢᠨ ᠤᠷᠤᠨ᠂ ᠲᠡᠦᠭᠡ ᠰᠤᠶᠤᠯ ᠤᠨ ᠡᠬᠢ ᠪᠠᠶᠠᠯᠢᠬ ᠵᠡᠷᠭᠡ ᠳᠡᠭᠡᠨ ᠲᠦᠰᠢᠭᠯᠡᠵᠦ᠂ ᠠᠵᠦ ᠠᠬᠤᠶᠢᠢᠯᠠᠯ ᠤᠨ ᠰᠤᠶᠤᠯ ᠢ ᠲᠤᠭᠤᠷᠢᠨ ᠦᠵᠡᠬᠦ᠂ ᠠᠮᠢ ᠠᠬᠤᠢ ᠰᠤᠶᠤᠯ ᠰᠢᠨᠵᠢᠯᠡᠬᠦ ᠤᠬᠠᠭᠠᠨ ᠤ ᠪᠠᠶᠢᠴᠠᠭᠠᠯᠲᠠ ᠶᠢᠨ ᠵᠤᠭᠠᠴᠠᠯ᠂ ᠲᠡᠦᠭᠡ ᠰᠤᠶᠤᠯ ᠤᠨ ᠮᠦᠽᠸᠢ ᠶᠢᠨ ᠵᠤᠭᠠᠴᠠᠯ ᠵᠡᠷᠭᠡ ᠵᠤᠭᠠᠴᠠᠯ ᠤᠨ ᠵᠠᠮ ᠱᠤᠭᠤᠮ ᠢ ᠨᠡᠭᠡᠭᠡᠭᠰᠡᠨ ᠪᠠᠶᠢᠲᠠᠭ᠃      ᠴᠢᠩᠬᠢᠰ ᠤᠨ ᠤᠡᠭᠭᠤᠨ᠂ ᠦᠪᠦᠷ ᠮᠤᠩᠭᠤᠯ ᠤᠨ ᠮᠦᠽᠸᠢ᠂ ᠵᠤᠤ ᠵᠢᠶᠦ᠋ᠨ ᠤ ᠪᠤᠩᠬᠤᠨ ᠵᠡᠷᠭᠡ ᠵᠤᠭᠠᠴᠠᠯ ᠤᠨ ᠦᠵᠡᠮᠵᠢᠲᠦ ᠤᠷᠤᠨ ᠠᠴᠠ ᠲᠠᠯ᠎ᠠ ᠨᠤᠲᠤᠭ ᠤᠨ ᠲᠡᠦᠭᠡ ᠰᠤᠶᠤᠯ ᠢ ᠤᠶᠢᠢᠯᠠᠭᠠᠵᠦ᠂ ᠤᠲᠤ ᠴᠠᠭ ᠤᠨ ᠠᠵᠦ ᠠᠬᠤᠶᠢᠢᠯᠠᠯ ᠤᠨ ᠰᠤᠶᠤᠯ ᠢ ᠤᠶᠢᠢᠯᠠᠭᠠᠬᠤ ᠬᠡᠪᠡᠯ ᠬᠦᠬᠡᠬᠤᠲᠠ ᠳᠤ ᠪᠠᠶᠢᠭ᠎ᠠ ᠮᠧᠩ ᠨᠢᠦ ᠠᠵᠦ ᠦᠢᠯᠡᠳᠪᠦᠷᠢ ᠶᠢᠨ ᠵᠤᠭᠠᠴᠠᠯ ᠤᠨ ᠤᠷᠤᠨ᠂ ᠪᠤᠭᠤᠲᠤ ᠬᠤᠲᠠ ᠳᠤ ᠪᠠᠶᠢᠭ᠎ᠠ ᠪᠤᠭᠤᠲᠤ ᠶᠢᠨ ᠪᠤᠯᠤᠳ ᠲᠡᠮᠦᠷ ᠤᠨ ᠠᠵᠦ ᠦᠢᠯᠡᠳᠪᠦᠷᠢ᠂ ᠤᠮᠠᠷᠠᠲᠦ ᠶᠢᠨ ᠬᠦᠨᠲᠦ ᠠᠵᠦ ᠦᠢᠯᠡᠳᠪᠦᠷᠢ ᠶᠢᠨ ᠪᠦᠯᠦᠭᠯᠡᠯ ᠵᠡᠷᠭᠡ ᠠᠵᠦ ᠦᠢᠯᠡᠳᠪᠦᠷᠢ᠂ ᠠᠵᠦ ᠠᠬᠤᠶᠢᠢᠯᠠᠯ ᠤᠳ ᠢᠶᠠᠷ ᠵᠤᠭᠠᠴᠠᠵᠦ ᠪᠤᠯᠤᠨ᠎ᠠ᠃        ᠲᠠᠨᠢᠯᠴᠠᠭᠤᠯᠬᠤ ᠬᠡᠲᠦᠨ ᠭᠠᠵᠠᠷ᠄ ᠦᠪᠦᠷ ᠮᠤᠩᠭᠤᠯ ᠤᠨ ᠮᠦᠽᠸᠢ᠂ ᠴᠢᠩᠬᠢᠰ ᠤᠨ ᠤᠡᠭᠭᠤᠨ᠂ ᠵᠤᠤ ᠵᠢᠶᠦ᠋ᠨ ᠤ ᠪᠤᠩᠬᠤᠨ᠂ ᠮᠧᠩ ᠨᠢᠦ ᠠᠵᠦ ᠦᠢᠯᠡᠳᠪᠦᠷᠢ ᠶᠢᠨ ᠵᠤᠭᠠᠴᠠᠯ ᠤᠨ ᠤᠷᠤᠨ᠂ ᠤᠮᠠᠷᠠᠲᠦ ᠤᠷᠤᠨ ᠤ ᠬᠦᠨᠲᠦ ᠠᠵᠦ ᠦᠢᠯᠡᠳᠪᠦᠷᠢ ᠶᠢᠨ ᠪᠦᠯᠦᠭᠯᠡᠯ      ᠰᠠᠨᠠᠭᠤᠯᠬᠤ ᠬᠡᠲᠦᠨ ᠦᠬᠡᠰ᠄ ᠨᠢᠬᠡᠨ ᠭᠠᠵᠠᠷ ᠤᠷᠤᠨ ᠤ ᠰᠤᠶᠤᠯ ᠲᠡᠦᠭᠡ ᠶᠢ ᠬᠦᠨᠵᠡᠬᠡᠢ ᠤᠶᠢᠢᠯᠠᠭᠠᠬᠤ ᠳᠤ ᠤᠷᠲᠤ ᠤᠲᠠᠭᠠᠨ ᠬᠤᠭᠤᠴᠠᠭ᠎ᠠ ᠭᠡᠷᠡᠭᠰᠡᠳᠡᠭ᠂ ᠵᠤᠭᠠᠴᠠᠯ ᠤᠨ ᠭᠠᠵᠠᠷ ᠤᠨ ᠲᠠᠨᠢᠯᠴᠠᠭᠤᠯᠭ᠎ᠠ ᠪᠠ ᠵᠤᠭᠠᠴᠠᠯ ᠤᠨ ᠬᠦᠲᠦᠯᠪᠦᠷᠢ ᠨᠢ ᠲᠠᠨ ᠳᠤ ᠭᠡᠷᠡᠭᠳᠡᠢ ᠪᠠᠶᠢᠵᠦ ᠮᠡᠳᠡᠨ᠎ᠡ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号