ᠺᠠᠶᠢᠯᠦ ᠰᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠪᠡᠶ᠎ᠡ ᠲᠠᠮᠢᠷ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠣᠯᠪᠠᠰᠤᠷᠠᠯ ᠤᠨ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2020/10/13
     ᠨᠠᠮᠤᠷ ᠡᠪᠦᠯ ᠤᠨ ᠤᠯᠠᠷᠢᠯ ᠪᠣᠯ ᠬᠠᠯᠳᠠᠪᠤᠷᠢᠲᠤ ᠡᠪᠡᠳᠴᠢᠨ ᠣᠯᠠᠨ ᠡᠭᠦᠰᠳᠡᠭ ᠤᠯᠠᠷᠢᠯ᠂ ᠰᠤᠷᠭᠠᠭᠤᠯᠢ ᠬᠡᠤᠬᠡᠳ ᠤᠨ ᠴᠡᠴᠡᠷᠯᠢᠭ ᠤᠨ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠪᠣᠯᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠬᠡᠪ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠪᠠ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠦᠯᠦᠭᠡ᠂ ᠣᠶᠢᠷ᠎ᠠ ᠳᠤ᠂ ᠺᠠᠶᠢᠯᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠣᠯᠪᠠᠰᠤᠷᠠᠯ ᠤᠨ ᠬᠤᠷᠠᠯ ᠲᠣᠭᠲᠠᠭᠰᠠᠨ ᠬᠤᠭᠤᠴᠠᠭ᠎ᠠ ᠲᠠᠢ ᠶᠠᠪᠤᠭᠳᠠᠪᠠ᠃ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠪᠢᠳᠠᠨ ᠬᠠᠮᠢᠶᠠᠷᠬᠤ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠰᠤᠷᠭᠠᠭᠤᠯᠢ ᠶᠢᠨ ᠡᠮᠴᠢ ᠪᠠ ᠬᠢᠵᠢᠭ ᠤᠨ ᠪᠠᠶᠢᠳᠠᠯ ᠤᠨ ᠮᠡᠳᠡᠭᠦᠯᠦᠭᠴᠢ ᠵᠡᠷᠭᠡ 200 ᠭᠠᠷᠤᠶ ᠬᠥᠮᠦᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠺᠠᠶᠢᠯᠦ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠵᠢᠭ ᠢ ᠰᠡᠷᠭᠡᠶᠢᠯᠡᠬᠦ ᠰᠠᠯᠠᠭᠠᠨ ᠤ ᠬᠠᠮᠢᠶ᠎ᠠ ᠪᠦᠬᠦᠢ ᠨᠥᠬᠦᠳ ᠬᠠᠯᠳᠠᠪᠤᠷᠢᠲᠤ ᠡᠪᠡᠳᠴᠢᠨ ᠤ ᠲᠠᠷᠬᠠᠭᠠᠬᠤ ᠠᠷᠭ᠎ᠠ ᠵᠠᠮ᠂ ᠲᠠᠷᠬᠠᠭᠠᠬᠤ ᠠᠷᠭ᠎ᠠ ᠮᠠᠶ᠋ᠢᠭ᠂ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠵᠢᠴᠢ ᠤᠷᠢᠳᠴᠢᠯᠠᠨ ᠰᠡᠷᠭᠡᠶᠢᠯᠡᠬᠦ᠂ ᠰᠤᠷᠭᠠᠭᠤᠯᠢ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠭᠦᠯᠬᠦ ᠴᠤᠪᠤᠷᠠᠯ᠂ ᠬᠡᠤᠬᠡᠳ ᠠᠰᠠᠷᠠᠬᠤ ᠭᠠᠵᠠᠷ᠂ ᠰᠤᠷᠭᠠᠭᠤᠯᠢ ᠳᠤ ᠣᠷᠣᠬᠤ ᠳᠤ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠢ ᠪᠠᠶᠢᠴᠠᠭᠠᠨ ᠰᠢᠯᠭᠠᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠭᠰᠠᠨ ᠤ ᠬᠠᠮᠲᠤ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢᠨ ᠪᠤᠳᠤᠯᠢᠶᠠᠨᠲᠤ ᠴᠢᠨᠠᠷ ᠪᠣᠯᠤᠨ ᠲᠣᠭᠲᠠᠭᠠᠯᠲᠤ ᠪᠤᠰᠤ ᠴᠢᠨᠠᠷ ᠢ ᠭᠦᠶᠴᠡᠳ ᠲᠠᠨᠢᠬᠤ ᠬᠡᠷᠡᠭᠲᠡᠶ ᠭᠡᠵᠦ ᠵᠢᠭᠠᠨ ᠭᠠᠷᠭᠠᠵᠤ᠂ ᠴᠠᠭ ᠢᠮᠠᠭᠲᠠ ᠡᠨᠡ ᠬᠦ ᠬᠥᠪᠴᠢ ᠶᠢ ᠴᠢᠩᠭ᠎ᠠ ᠠᠳᠬᠤᠵᠤ᠂ ᠴᠠᠭ ᠲᠤᠬᠠᠶ ᠳᠤᠨᠢ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠂ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠯ᠎ᠡ ᠵᠦᠶᠯ ᠤᠨ ᠡᠩ ᠤᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ︽ᠬᠠᠮᠠᠭᠠᠯᠠᠯᠲᠠ ᠶᠢᠨ ᠬᠡᠷᠡᠮ︾ ᠢ ᠪᠠᠲᠤ ᠪᠠᠬᠢ ᠪᠠᠶᠢᠭᠤᠯᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠡᠭᠦᠰᠬᠦ ᠲᠦᠭᠰᠢᠭᠦᠷᠢ ᠶᠢ ᠦᠨᠡᠨᠬᠦ ᠪᠠᠭᠤᠷᠠᠭᠤᠯᠬᠤ ᠬᠡᠷᠡᠭᠲᠡᠢ᠃      ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠪᠠᠭᠰᠢ ᠨᠠᠷ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠯᠳᠠᠪᠤᠷᠢᠲᠤ ᠡᠪᠡᠳᠴᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠵᠦ᠂ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠺᠠᠶᠢᠯᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠮᠠᠭᠠᠯᠠᠵᠤ ᠶᠠᠪᠤᠬᠤ ᠬᠡᠷᠡᠭᠲᠡᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号