︽ᠦᠵᠡᠰᠬᠦᠯᠡᠩᠲᠤ ᠰᠠᠶᠢᠬᠠᠨ ᠤᠮᠠᠷᠠᠲᠤ ᠬᠢᠯᠢ ᠶᠢᠨ ᠵᠤᠯ ᠵᠢᠷᠭᠠᠯᠲᠤ ᠲᠦᠡᠭᠯᠢᠶᠤᠤ︾ ᠶᠢᠨ ᠲᠦᠷᠦᠯ | ᠲᠡᠮᠳᠡᠭ ᠢ ᠦᠷᠬᠦᠯᠵᠢᠯᠡᠨ ᠮᠠᠠᠳᠤᠭᠤᠯᠵᠤ᠂ ᠵᠦᠵᠢᠶᠠᠩ ᠤᠨ ᠭᠤᠷᠪᠠᠯᠵᠢᠨ ᠬᠤᠶᠢᠭ ᠵᠢᠴᠢ ᠤᠯᠤᠰ ᠤᠨ | ᠲᠤᠲᠤᠭᠠᠲᠤ ᠶᠢᠨ ᠵᠤᠴᠢᠳ ᠤᠨ ᠢᠷᠡᠯᠲᠡᠲᠤ ᠤᠷᠤᠨ ᠤ ᠵᠠᠬ᠎ᠠ ᠲᠡᠯᠬᠡᠬᠦᠷ ᠢ ᠦᠷᠭᠡᠳᠭᠡᠵᠦ᠂ ᠤᠷᠤᠨ ᠪᠦᠰᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠨ᠂ ᠰᠤᠶᠤᠯ ᠵᠢᠭᠤᠯᠴᠢᠯᠠᠯ ᠤᠨ ᠦᠢᠯᠡᠰ ᠤᠨ ᠡᠷᠲᠡ ᠰᠡᠷᠬᠦᠬᠦ ᠵᠢᠴᠢ ᠴᠢᠨᠠᠷ | ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠤᠰᠠᠲᠠ᠂ 9 ᠰᠠᠷ᠎ᠠ ᠶᠢᠨ 25 ᠤ ᠦᠲᠡ ᠶᠢᠨ ᠬᠤᠶᠢᠨ᠎ᠠ᠂ ᠦᠪᠦᠷ | ᠮᠤᠩᠭᠤᠯ · ᠲᠦᠡᠭᠯᠢᠶᠤᠤ ᠶᠢᠨ ᠤᠯᠠᠭᠠᠨᠮᠦ᠋ᠴᠢᠷ ᠤᠨ ᠤᠷᠠᠯᠢᠭ ᠤᠨ ᠤᠯᠠᠷᠢᠯ ᠤᠨ ᠰᠤᠨᠢᠨ ᠮᠡᠲᠡᠭᠡ ᠨᠡᠶᠢᠲᠡᠯᠡᠬᠦ ᠬᠤᠷᠠᠯ | ᠵᠢᠴᠢ ᠲᠦᠡᠭᠯᠢᠶᠤᠤ ᠶᠢᠨ ᠰᠤᠶᠤᠯ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠱᠧᠨᠵᠧᠨ ᠤ ᠵᠡᠬᠦᠨ ᠬᠡᠰᠡᠭ ᠤᠨ | ᠬᠤᠧᠠ ᠴᠢᠶᠤᠤ ᠴᠧᠩ ᠤᠨ ᠶᠢᠨ ᠲᠧᠯᠠ ᠭᠧᠨ ᠵᠤᠴᠢᠳ ᠤᠨ ᠪᠠᠭᠤᠲᠠᠯ ᠳᠤ ᠶᠠᠪᠤᠭᠲᠠᠪᠠ᠃ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠮᠠ ᠡᡁᠦ᠋ᠢ ᠵᠢᠢ᠂ ᠳᠡᠳ᠋ | ᠬᠤᠳᠡ ᠶᠢᠨ ᠲᠠᠷᠤᠭ᠎ᠠ ᠵᠠᠩ ᠢ ᠨᠠᠷ ᠤᠷᠤᠯᠴᠠᠵᠠᠢ᠃ | ᠱᠧᠨᠵᠧᠨ ᠤ ᠵᠡᠬᠦᠨ ᠬᠡᠰᠡᠭ ᠤᠨ ᠬᠤᠧᠠ ᠴᠢᠶᠤᠤ ᠴᠧᠩ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ | ᠱᠦᠵᠢ᠂ ᠶᠡᠷᠦᠩᠭᠡᠢ ᠳᠡᠭᠠᠭᠠᠮᠡᠯ ᠯᠢ ᠶᠠᠨ ᠵᠦᠩ ᠢᠯᠡᠷᠭᠡᠶᠢᠯᠡᠭᠰᠡᠨ ᠨᠢ᠂ ᠲᠤᠰ ᠤᠲᠠᠭᠠᠨ ᠤ ᠠᠵᠢᠯᠯᠠᠭ᠎ᠠ ᠶᠢ | ᠦᠷᠨᠢᠬᠦᠯᠦᠭᠰᠡᠨ ᠨᠢ ᠱᠧᠨᠵᠧᠨ ᠬᠤᠲᠠ᠂ ᠳ᠋ᠠ ᠸᠠᠨ ᠲᠤᠭᠤᠷᠢᠭ ᠤᠨ ᠰᠤᠶᠤᠯ ᠤᠷᠠᠯᠢᠭ ᠤᠨ ᠵᠠᠬ᠎ᠠ ᠲᠡᠯᠬᠡᠬᠦᠷ ᠲᠤ | ᠴᠢᠬᠤᠯᠠ ᠶᠡᠭᠡ ᠨᠦᠯᠦᠬᠡ ᠦᠵᠡᠬᠦᠯᠵᠦ᠂ ᠬᠤᠶᠠᠷ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠰᠤᠯᠢᠯᠴᠠᠭ᠎ᠠ ᠶᠢ | ᠠᠬᠢᠭᠤᠯᠵᠤ᠂ ᠬᠠᠷᠢᠯᠴᠠᠨ ᠠᠰᠢᠭ ᠲᠠᠢ ᠬᠠᠮᠲᠤ ᠪᠠᠷ ᠢᠯᠠᠬᠤ ᠤᠷᠤᠭᠰᠢᠯᠠᠯᠲᠠ ᠶᠢᠨ ᠪᠦᠷᠢᠶ᠎ᠡ ᠶᠢ ᠦᠯᠢᠶᠡᠪᠡ᠃ | ᠲᠠᠷᠠᠭᠠᠴᠢ ᠶᠢᠨ ᠠᠯᠬᠤᠮ ᠳᠤ ᠲᠦᠡᠭᠯᠢᠶᠤᠤ ᠬᠤᠲᠠ ᠶᠢᠨ ᠬᠢᠨ ᠲᠠᠢ ᠬᠠᠷᠢᠯᠴᠠᠭ᠎ᠠ ᠶᠠᠪᠤᠯᠴᠠᠭ᠎ᠠ᠂ ᠬᠠᠮᠲᠤᠷᠠᠯᠴᠠᠭ᠎ᠠ | ᠬᠢᠬᠦ ᠬᠦᠷᠢᠶ᠎ᠡ ᠬᠡᠪᠴᠢᠶ᠎ᠡ ᠪᠠᠨ ᠤᠯᠠᠮ ᠨᠢᠬᠡ ᠠᠯᠬᠤᠮ ᠦᠷᠭᠡᠳᠭᠡᠨ᠂ ᠬᠤᠶᠠᠷ ᠭᠠᠵᠠᠷ ᠤᠷᠤᠨ ᠤ ᠰᠤᠶᠤᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ ᠬᠡᠪᠡ᠃ | ᠮᠠ ᠡᡁᠦ᠋ᠢ ᠵᠢᠢ ᠢᠯᠡᠷᠭᠡᠶᠢᠯᠡᠭᠰᠡᠨ ᠨᠢ᠂ ᠱᠧᠨᠵᠧᠨ ᠪᠠ ᠲᠦᠡᠭᠯᠢᠶᠤᠤ ᠡᠬᠡ ᠤᠯᠤᠰ ᠤᠨ ᠡᠮᠦᠨ᠎ᠡ ᠤᠮᠠᠷ᠎ᠠ | ᠬᠤᠶᠠᠷ ᠵᠠᠬ᠎ᠠ ᠳᠤ ᠪᠠᠶᠢᠷᠢᠯᠠᠵᠤ᠂ ᠬᠤᠶᠠᠷ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠡᠬᠢ ᠰᠤᠷᠪᠤᠯᠵᠢ ᠲᠤᠰ | ᠲᠤᠰ ᠤᠨ ᠤᠨᠴᠠᠯᠢᠭ ᠲᠠᠢ᠂ ᠬᠠᠷᠢᠯᠴᠠᠨ ᠨᠦᠬᠦᠪᠦᠷᠢᠯᠡᠬᠦ ᠴᠢᠨᠠᠷ ᠢᠶᠠᠷ ᠴᠢᠩᠭ᠎ᠠ᠂ ᠡᠶᠢᠮᠦᠷᠬᠦᠤ ᠵᠦᠷᠢᠶᠡᠨᠲᠦ ᠴᠢᠨᠠᠷ ᠨᠢ | ᠲᠠᠪᠠᠭᠤᠯᠢᠭ ᠢᠶᠠᠷ ᠢᠶᠠᠨ ᠬᠠᠷᠢᠯᠴᠠᠨ ᠨᠦᠬᠦᠪᠦᠷᠢᠯᠡᠬᠦ ᠳᠤ ᠠᠰᠢᠬ ᠲᠠᠢ ᠪᠠᠶᠢᠵᠤ᠂ ᠬᠠᠮᠲᠤᠷᠠᠯᠴᠠᠭ᠎ᠠ ᠬᠢᠬᠦ ᠤᠷᠤᠨ ᠵᠠᠢ | ᠦᠷᠭᠡᠨ ᠠᠭᠤᠲᠠᠮ ᠪᠠᠶᠢᠨ᠎ᠠ᠃ ᠲᠤᠰ ᠤᠲᠠᠭᠠᠨ ᠤ ᠠᠵᠢᠯᠯᠠᠭ᠎ᠠ ᠪᠠᠷ ᠵᠠᠭᠤᠴᠢᠯᠠᠭᠴᠢ ᠪᠤᠯᠭᠠᠨ᠂ ᠬᠠᠷᠢᠯᠴᠠᠭ᠎ᠠ | ᠬᠤᠯᠪᠤᠭ᠎ᠠ ᠪᠠᠨ ᠴᠢᠩᠭᠠᠳᠬᠠᠬᠤ᠂ ᠬᠦᠭᠵᠢᠯᠲᠡ ᠶᠢ ᠠᠬᠢᠭᠤᠯᠬᠤ ᠪᠠᠷ ᠬᠠᠷᠠᠯᠲᠠ ᠪᠤᠯᠭᠠᠨ᠂ ᠡᠬᠢ ᠰᠤᠷᠪᠤᠯᠵᠢ ᠶᠢ | ᠬᠠᠮᠲᠤ ᠪᠠᠷ ᠡᠳ᠋ᠯᠡᠬᠦ᠂ ᠵᠠᠬ᠎ᠠ ᠲᠡᠯᠬᠡᠬᠦᠷ ᠢ ᠬᠠᠮᠲᠤ ᠪᠠᠷ ᠨᠡᠬᠡᠬᠡᠬᠦ᠂ ᠬᠦᠭᠵᠢᠯᠲᠡ ᠶᠢ ᠬᠠᠮᠲᠤ ᠪᠠᠷ ᠰᠦᠪᠡᠭᠴᠢᠯᠡᠬᠦ | ᠰᠢᠨ᠎ᠡ ᠪᠠᠶᠢᠳᠠᠯ ᠢ ᠬᠠᠮᠲᠤ ᠪᠠᠷ ᠡᠬᠦᠳᠴᠤ᠂ ᠰᠠᠶᠢᠨ ᠰᠠᠶᠢᠬᠠᠨ ᠢᠷᠡᠭᠡᠲᠦᠢ ᠪᠠᠨ ᠬᠠᠮᠲᠤ ᠪᠠᠷ ᠴᠤᠬᠴᠠᠯᠠᠶ᠎ᠠ ᠬᠡᠪᠡ᠃ | ᠰᠤᠨᠢᠨ ᠮᠠᠳᠡᠭᠡ ᠨᠡᠶᠢᠲᠡᠯᠡᠬᠦ ᠬᠤᠷᠠᠯ ᠲᠡᠭᠡᠷ᠎ᠡ᠂ ᠵᠠᠩ ᠢ ᠬᠤᠲᠠ ᠶᠢᠨ ᠵᠠᠰᠠᠭ ᠤᠨ ᠤᠷᠲᠤᠨ ᠢ ᠲᠦᠯᠦᠬᠡᠯᠡᠨ | ᠵᠠᠭᠤᠴᠢᠯᠠᠭᠤᠷ ᠤᠨ ᠰᠤᠷᠪᠤᠯᠵᠢᠯᠠᠬᠴᠢᠳ ᠲᠤ ᠦᠪᠦᠷ ᠮᠤᠩᠭᠤᠯ · ᠲᠦᠡᠭᠯᠢᠶᠤᠤ ᠶᠢᠨ ᠤᠯᠠᠭᠠᠨᠮᠦ᠋ᠴᠢᠷ ᠤᠨ | ᠤᠷᠠᠯᠢᠭ ᠤᠨ ᠤᠯᠠᠷᠢᠯ ᠤᠨ ᠠᠵᠢᠯᠯᠠᠭ᠎ᠠ ᠶᠢᠨ ᠲᠤᠬᠠᠢ ᠬᠠᠮᠢᠶ᠎ᠠ ᠪᠦᠬᠦᠢ ᠪᠠᠶᠢᠳᠠᠯ ᠪᠠ ᠠᠭᠤᠯᠭ᠎ᠠ ᠶᠢ ᠨᠡᠶᠢᠲᠡᠯᠡᠪᠡ᠃ | ᠳᠤᠰ ᠤᠳᠡᠭᠠᠨ ᠤ ᠠᠵᠢᠯᠯᠠᠭ᠎ᠠ 9 ᠰᠠᠷ᠎ᠠ ᠶᠢᠨ 26 ᠠᠴᠠ 10 ᠰᠠᠷ᠎ᠠ ᠶᠢᠨ 8 ᠪᠤᠯᠲᠠᠯ᠎ᠠ ᠱᠧᠨᠵᠧᠨ ᠤ ᠵᠡᠬᠦᠨ | ᠬᠡᠰᠡᠭ ᠤᠨ ᠬᠤᠧᠠ ᠴᠢᠶᠤᠤ ᠴᠧᠩ ᠳᠤ ᠶᠠᠪᠤᠭᠲᠠᠨᠡ᠃ ᠠᠵᠢᠯᠯᠠᠭ᠎ᠠ ᠳᠤ᠂ 150 ᠬᠤᠪᠢ ᠱᠧᠨᠵᠧᠨ — | ᠲᠦᠡᠭᠯᠢᠶᠤᠤ ᠶᠢᠨ ᠬᠠᠷᠠᠭᠠᠯᠵᠠᠯ ᠲᠠᠢ ᠵᠢᠭᠤᠯᠴᠢᠯᠠᠯ ᠤᠨ ᠵᠠᠮ ᠱᠤᠭᠤᠮ ᠤᠨ ᠪᠢᠯᠧᠲ ᠲᠠᠷᠬᠠᠭᠠᠪᠠ᠃ ᠲᠦᠡᠭᠯᠢᠶᠤᠤ | ᠬᠤᠲᠠ ᠦᠪᠦᠷ ᠮᠤᠩᠭᠤᠯ · ᠲᠦᠡᠭᠯᠢᠶᠤᠤ ᠶᠢᠨ ᠤᠯᠠᠭᠠᠨᠮᠦ᠋ᠴᠢᠷ ᠤᠨ ᠤᠷᠠᠯᠢᠭ ᠤᠨ ᠤᠯᠠᠷᠢᠯ ᠤᠨ ᠠᠵᠢᠯᠯᠠᠭ᠎ᠠ ᠪᠠᠷ | ᠠᠴᠢᠶᠠᠯᠠᠬᠴᠢ ᠪᠤᠯᠭᠠᠨ᠂ ᠤᠯᠠᠨ ᠶᠠᠩᠵᠤ ᠶᠢᠨ ᠠᠷᠭ᠎ᠠ ᠬᠡᠯᠪᠡᠷᠢ ᠪᠠᠷ ᠲᠦᠡᠭᠯᠢᠶᠤᠤ ᠬᠤᠲᠠ ᠶᠢᠨ ᠰᠤᠶᠤᠯ | ᠵᠢᠭᠤᠯᠴᠢᠯᠠᠯ ᠤᠨ ᠡᠬᠢ ᠰᠤᠷᠪᠤᠯᠵᠢ ᠶᠢ ᠤᠬᠠᠭᠤᠯᠵᠤ᠂ ᠤᠷᠤᠨ ᠨᠤᠲᠤᠭ ᠪᠤᠯᠤᠨ ᠠᠵᠤ ᠠᠬᠤᠶᠢᠯᠠᠯ ᠤᠨ ᠬᠦᠨᠵᠡᠬᠡᠢ | ᠬᠠᠮᠲᠤᠷᠠᠯᠴᠠᠭ᠎ᠠ ᠶᠢ ᠠᠬᠢᠭᠤᠯᠵᠤ᠂ ᠲᠦᠡᠭᠯᠢᠶᠤᠤ ᠬᠤᠲᠠ ᠶᠢᠨ ᠰᠤᠶᠤᠯ ᠵᠢᠭᠤᠯᠴᠢᠯᠠᠯ ᠤᠨ ᠠᠵᠤ ᠦᠢᠯᠡᠰ ᠪᠠ ᠵᠡᠬᠦᠨ | ᠬᠡᠰᠡᠭ ᠤᠨ ᠬᠤᠧᠠ ᠴᠢᠶᠤᠤ ᠴᠧᠩ ᠤᠨ ᠲᠠᠪᠠᠯᠲᠠ ᠲᠠᠢ ᠬᠦᠭᠵᠢᠯᠲᠡ ᠶᠢᠨ ᠬᠤᠤᠰ ᠢᠯᠠᠯᠲᠠ ᠤᠯᠬᠤ ᠬᠠᠷᠠᠯᠲᠠ ᠶᠢ | ᠪᠡᠶᠡᠯᠡᠬᠦᠯᠬᠦ ᠪᠤᠯᠤᠨ᠎ᠠ᠃ | ᠬᠤᠷᠠᠯ ᠲᠡᠬᠡᠷ᠎ᠡ᠂ ᠶᠠᠩ ᠭᠤᠧᠠᠩ ᠤᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠪᠤᠯᠤᠨ | ᠭᠤᠧᠠᠩᠳᠦ᠋ᠩ ᠤᠨ ᠵᠦᠩ ᠯᠢᠤᠢ ︵ᠱᠧᠨᠵᠧᠨ︶ ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠢᠵᠠᠭᠠᠷᠲᠤ ᠺᠤᠮᠫᠠᠨᠢ᠂ | ᠸᠠᠨ ᠵᠢᠶᠠ ᠤᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠪᠤᠯᠤᠨ ᠱᠧᠨᠵᠧᠨ ᠤ ᠴᠢᠶᠠᠨ ᠬᠠᠢ ᠨᠢᠩ | ᠶᠤᠧᠠᠨ ᠤᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ᠂ ᠬᠤᠷᠴᠢᠨ ᠵᠢᠭᠤᠯᠴᠢᠨ ᠳᠤ ᠦᠢᠯᠡᠴᠢᠯᠡᠬᠦ | ᠭᠠᠵᠠᠷ ᠪᠤᠯᠤᠨ ᠱᠧᠨᠵᠧᠨ ᠤ ᠤᠯᠠᠨ ᠤᠯᠤᠰ ᠤᠨ ᠵᠢᠭᠤᠯᠴᠢᠯᠠᠯ ᠤᠨ ᠰᠢᠨ ᠵᠢᠩ ᠵᠢᠶᠧ᠂ ᠶᠤᠧᠠᠨ ᠶᠠᠩ | ᠵᠢᠭᠤᠯᠴᠢᠨ ᠳᠤ ᠦᠢᠯᠡᠴᠢᠯᠡᠬᠦ ᠭᠠᠵᠠᠷ ᠪᠤᠯᠤᠨ ᠱᠧᠨᠵᠧᠨ ᠬᠤᠲᠠ ᠶᠢᠨ ᠪᠤᠤ ᠵᠦᠩ ᠵᠢᠭᠤᠯᠴᠢᠯᠠᠯ ᠤᠨ ᠬᠢᠵᠠᠭᠠᠷᠲᠤ | ᠺᠤᠮᠫᠠᠨᠢ᠂ ᠱᠧᠨ ᠵᠧᠦ ᠵᠢᠭᠤᠯᠴᠢᠨ ᠳᠤ ᠦᠢᠯᠡᠴᠢᠯᠡᠬᠦ ᠭᠠᠵᠠᠷ ᠪᠤᠯᠤᠨ ᠱᠧᠨᠵᠧᠨ ᠤ ᠬᠤᠲᠠᠯᠲᠤᠭᠠᠴᠢᠨ ᠤᠷᠢᠬᠤ | ᠤᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠤᠨ ᠵᠢᠭᠤᠯᠴᠢᠯᠠᠯ ᠤᠨ ᠬᠢᠵᠠᠭᠠᠷᠲᠤ ᠺᠤᠮᠫᠠᠨᠢ ᠭᠠᠵᠠᠷ | ᠤᠷᠤᠨ ᠤ ᠬᠠᠷᠢᠯᠴᠠᠨ ᠵᠢᠭᠤᠯᠴᠢᠡ ᠬᠦᠷᠭᠡᠬᠦ ᠬᠠᠮᠲᠤᠷᠠᠯᠴᠠᠭᠠᠨ ᠤ ᠵᠦᠪᠳᠡᠯᠴᠡᠬᠡᠷ ᠲᠤᠭᠲᠠᠪᠠ᠃ | | |