ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠨᠢ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠦᠴᠦᠨ ᠦᠭᠡᠢ ᠪᠣᠯᠭᠠᠬᠤ ᠭᠡᠰᠡᠨ ᠶᠠᠪᠤᠳᠠᠯ ᠪᠢᠰᠢ᠂ ᠬᠠᠷᠢᠨ | ᠡᠭᠦᠨ ᠤ ᠡᠰᠡᠷᠭᠦ ᠪᠠᠷ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠬᠡᠷᠡᠭᠯᠡᠯᠲᠡ ᠪᠠ ᠬᠥᠭᠵᠢᠯᠲᠡ ᠳᠤ ᠭᠦᠶᠴᠡᠳ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠦᠭᠰᠡᠭᠡᠷ ᠢᠷᠡᠪᠡ᠃ | ᠬᠠᠤᠯᠢ ᠴᠠᠭᠠᠵᠠ ᠶᠢᠨ ᠲᠠᠯ᠎ᠠ ᠪᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠬᠠᠤᠯᠢ︾ ᠳᠤ ︽ᠦᠨᠳᠦᠰᠦᠲᠡᠨ ᠨᠦᠭᠦᠳ ᠴᠥᠮ ᠥᠪᠡᠷ ᠤᠨ ᠦᠭᠡ ᠬᠡᠯᠡ ᠦᠰᠦᠭ | ᠪᠢᠴᠢᠭ ᠢᠶᠠᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ ᠲᠠᠢ︾ ᠭᠡᠵᠦ ᠲᠣᠭᠲᠠᠭᠠᠵᠠᠶ᠃ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢᠨ ᠠᠷᠪᠠᠳᠤᠭᠠᠷ | ᠵᠦᠢᠯ ᠳᠤ᠂ ︽ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠤᠷᠤᠨ ᠤ ᠥᠪᠡᠷᠲᠡᠭᠡᠨ ᠵᠠᠰᠠᠬᠤ ᠪᠠᠶᠢᠭᠤᠯᠭ᠎ᠠ ᠨᠢ | ᠲᠤᠰ ᠣᠷᠣᠨ ᠨᠤᠲᠤᠭ ᠤᠨ ᠦᠨᠳᠦᠰᠦᠲᠡᠨ ᠨᠦᠭᠦᠳ ᠪᠦᠷ ᠥᠪᠡᠷ ᠤᠨ ᠦᠭᠡ ᠬᠡᠯᠡ ᠦᠰᠦᠭ ᠪᠢᠴᠢᠭ ᠢᠶᠠᠨ | ᠬᠡᠷᠡᠭᠯᠡᠬᠦ ᠪᠠ ᠬᠥᠭᠵᠢᠭᠦᠯᠬᠦ ᠡᠷᠬᠡ ᠴᠢᠯᠥᠭᠡ ᠲᠠᠢ ᠪᠠᠶᠢᠬᠤ ᠶᠢ ᠪᠠᠲᠤᠯᠠᠨ᠎ᠠ︾ ︽ᠦᠨᠳᠦᠰᠦᠲᠡᠨ ᠤ ᠥᠪᠡᠷᠲᠡᠭᠡᠨ | ᠵᠠᠰᠠᠬᠤ ᠭᠠᠵᠠᠷ ᠤᠷᠤᠨ ᠤ ᠥᠪᠡᠷᠲᠡᠭᠡᠨ ᠵᠠᠰᠠᠬᠤ ᠪᠠᠶᠢᠭᠤᠯᠭ᠎ᠠ ᠨᠢ ᠡᠭᠦᠷᠭᠡ ᠲᠤᠰᠢᠶᠠᠯ ᠢᠶᠠᠨ ᠭᠦᠶᠴᠡᠳᠬᠡᠬᠦ ᠳᠤ ᠪᠠᠨ | ᠲᠤᠰ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠲᠦᠷᠢᠮ ᠤᠨ | ᠲᠣᠭᠲᠠᠭᠠᠯ ᠶᠣᠰᠣᠭᠠᠷ᠂ ᠲᠤᠬᠠᠶ ᠶᠢᠨ ᠭᠠᠵᠠᠷ ᠲᠤ ᠨᠡᠶᠢᠳᠡᠮ ᠬᠡᠷᠡᠭᠯᠡᠵᠦ ᠪᠠᠶᠢᠭ᠎ᠠ ᠨᠢᠭᠡ ᠪᠤᠶᠤ ᠬᠡᠳᠦᠨ ᠵᠦᠶᠯ ᠤᠨ | ᠦᠭᠡ ᠬᠡᠯᠡ ᠦᠰᠦᠭ ᠪᠢᠴᠢᠭ ᠢ ᠬᠡᠷᠡᠭᠯᠡᠬᠦ︔ ᠨᠡᠶᠢᠳᠡᠮ ᠬᠡᠷᠡᠭᠯᠡᠬᠦ ᠬᠡᠳᠦᠨ ᠵᠦᠶᠯ ᠤᠨ ᠦᠭᠡ ᠬᠡᠯᠡ ᠦᠰᠦᠭ | ᠪᠢᠴᠢᠭ ᠢ ᠵᠡᠷᠭᠡ ᠪᠠᠷ ᠬᠡᠷᠡᠭᠯᠡᠵᠦ ᠡᠭᠦᠷᠭᠡ ᠲᠤᠰᠢᠶᠠᠯ ᠢᠶᠠᠨ ᠭᠦᠶᠴᠡᠳᠬᠡᠬᠦ ᠳᠤ ᠬᠦᠷᠪᠡᠯ᠂ ᠣᠷᠣᠨ ᠲᠤᠭᠤᠷᠢᠬ ᠤᠨ | ᠥᠪᠡᠷᠲᠡᠭᠡᠨ ᠵᠠᠰᠠᠬᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠭᠤᠤᠯ | ᠪᠣᠯᠭᠠᠵᠤ ᠪᠣᠯᠤᠨ᠎ᠠ︾ ᠭᠡᠵᠦ ᠵᠠᠰᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ | ᠰᠢᠭᠦᠬᠦ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠷᠡᠭᠦᠦ ᠶᠢᠨ ᠵᠠᠷᠭᠤ ᠶᠢᠨ ᠬᠠᠤᠯᠢ︾ ᠵᠡᠷᠭᠡ ᠬᠠᠤᠯᠢ ᠴᠠᠭᠠᠵᠠ ᠳᠤ ︽ᠦᠨᠳᠦᠰᠦᠲᠡᠨ ᠨᠦᠭᠦᠳ ᠤᠨ ᠠᠷᠠᠳ ᠢᠷᠭᠡᠨ | ᠴᠥᠮ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢᠶᠠᠷ ᠢᠶᠠᠨ ᠵᠠᠷᠭᠤ ᠬᠢᠬᠦ ᠡᠷᠬᠡ ᠲᠠᠢ︾ ᠭᠡᠵᠦ | ᠲᠣᠭᠲᠠᠭᠠᠵᠠᠶ᠃ | ᠲᠦᠷᠢᠮ ᠤᠨ ᠲᠠᠯ᠎ᠠ ᠪᠠᠷ᠂ 2016 ᠣᠨ ᠤ 5 ᠰᠠᠷ᠎ᠠ ᠳᠤ᠂ ᠤᠯᠤᠰ ᠤᠨ ᠦᠭᠡ ᠬᠡᠯᠡ ᠥᠰᠥᠭ | ᠪᠢᠴᠢᠭ ᠤᠨ ᠠᠵᠢᠯ ᠤᠨ ᠵᠥᠪᠯᠡᠯ ᠪᠣᠯᠤᠨ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠯᠪᠠᠨ | ᠲᠢᠩᠬᠢᠮ ᠬᠠᠮᠲᠤ ᠪᠠᠷ ︽ᠳᠤᠮᠳᠠᠳᠤ ᠤᠯᠤᠰ ᠤᠨ ᠬᠡᠯᠡᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ | ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠪᠠᠶᠢᠴᠠᠭᠠᠯᠲᠠ ᠶᠢ ᠠᠬᠢᠭᠤᠯᠬᠤ ᠲᠤᠬᠠᠶ ᠮᠡᠳᠡᠭᠳᠡᠯ︾ ᠨᠡᠶᠢᠲᠡᠯᠡᠪᠡ᠃ | 2017 ᠣᠨ ᠳᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︽︿13 · 5﹀ ᠶᠢᠨ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠯᠥᠪᠵᠢᠭᠦᠯᠭᠡ︾ ᠶᠢ ᠳᠠᠷᠤᠮᠠᠯᠯᠠᠨ | ᠲᠠᠷᠬᠠᠭᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠤᠬᠠᠶ ᠨᠠᠮ ᠪᠣᠯᠤᠨ | ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠱᠠᠭᠠᠷᠳᠠᠵᠠᠶ᠃ ᠡᠯ᠎ᠡ | ᠦᠨᠳᠦᠰᠦᠲᠡᠨ ᠤ ᠥᠪᠡᠷ ᠤᠨ ᠦᠭᠡ ᠬᠡᠯᠡ ᠦᠰᠦᠭ ᠪᠢᠴᠢᠭ ᠢᠶᠠᠨ ᠬᠡᠷᠡᠭᠯᠡᠬᠦ ᠪᠠ ᠬᠥᠭᠵᠢᠭᠦᠯᠬᠦ ᠡᠷᠬᠡ ᠴᠢᠯᠥᠭᠡ ᠶᠢ | ᠬᠠᠤᠯᠢ ᠶᠣᠰᠣᠭᠠᠷ ᠪᠠᠲᠤᠯᠠᠵᠤ᠂ ᠦᠭᠡ ᠬᠡᠯᠡᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠵᠦ᠂ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠢ ᠢᠳᠡᠪᠬᠢᠲᠡᠢ ᠯᠠᠪᠳᠠᠭᠤᠨ ᠢᠶᠠᠷ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠵᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ︾ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠪᠠ᠃ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠢᠴᠢᠭ ᠮᠠᠲ᠋ᠧᠷᠢᠶᠠᠯ ᠢ ᠤᠬᠠᠭᠤᠯᠬᠤ | ᠡᠷᠴᠢᠮ ᠢᠶᠠᠨ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ | ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠰᠠᠨ ᠠᠴᠠ᠂ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠄ | ᠬᠤᠤᠰ ᠬᠡᠯᠡᠨ ᠤ ᠰᠤᠷᠭᠠᠭᠤᠯᠢ᠂ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠣᠨᠢᠨ ᠰᠡᠳᠬᠦᠯ᠂ | ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢ ᠺᠣᠮᠫᠢᠦ᠋ᠲ᠋ᠧᠷ ᠤᠨ ᠦᠰᠦᠭ ᠪᠢᠴᠢᠭ ᠰᠢᠶᠳᠪᠦᠷᠢᠯᠡᠬᠦ | ᠰᠢᠰᠲ᠋ᠧᠮ ᠳᠤ ᠣᠷᠣᠭᠤᠯᠵᠠᠶ ᠁ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠢ ᠪᠦᠬᠦ ᠬᠦᠴᠦ ᠪᠠᠷ ᠢᠶᠠᠨ ᠬᠠᠮᠠᠭᠠᠯᠠᠨ ᠬᠥᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠨ | ᠲᠦᠮᠡᠨ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠶᠠᠪᠤᠴᠠ ᠳᠤ | ᠰᠠᠨᠠᠭᠠᠰᠢᠷᠠᠬᠤ ᠦᠬᠡᠢ ᠪᠣᠯᠭᠠᠨ᠎ᠠ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠤᠨ ᠡᠶ᠎ᠡ | ᠵᠣᠬᠢᠴᠠᠯ ᠲᠠᠢ ᠬᠠᠮᠲᠤ ᠪᠠᠷ ᠣᠷᠣᠰᠢᠬᠤ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | | |