ᠰᠤᠷᠭᠠᠨ ᠬᠥᠮᠦᠵᠢᠯ ᠤᠨ ᠦᠨᠡᠯᠡᠯᠲᠡ ᠬᠡᠷᠬᠢᠨ ᠬᠤᠪᠢᠷᠠᠬᠤ ᠪᠤᠢ︖
ᠨᠡᠶᠢᠲᠡᠯᠡᠭᠰᠡᠨ ᠴᠠᠭ᠄
2020/10/22
     — ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠲᠥᠰᠦᠯ︾ ᠤᠨ ᠲᠤᠬᠠᠢ ᠲᠠᠶᠢᠯᠤᠮᠵᠢ                            ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤ᠋ ᠬᠤᠤ      ᠰᠤᠷᠭᠠᠨ ᠬᠥᠮᠦᠵᠢᠯ ᠤᠨ ᠦᠨᠡᠯᠡᠯᠲᠡ ᠨᠢ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠲᠠᠢ ᠬᠤᠯᠪᠣᠭᠳᠠᠵᠤ᠂ ᠶᠠᠮᠠᠷ ᠶᠠᠩᠵᠤ ᠶᠢᠨ ᠦᠨᠡᠯᠡᠯᠲᠡ ᠪᠠᠶᠢᠪᠠᠯ ᠲᠡᠷᠡ ᠶᠠᠩᠵᠤ ᠶᠢᠨ ᠰᠤᠷᠭᠠᠭᠤᠯᠢ ᠡᠷᠬᠢᠯᠡᠬᠦ ᠤᠳᠤᠷᠢᠳᠤᠮᠵᠢ ᠲᠠᠢ ᠪᠤᠯᠳᠠᠭ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨᠴᠢ ᠪᠤᠰᠤ ᠰᠤᠷᠭᠠᠨ ᠬᠥᠮᠦᠵᠢᠯ ᠤᠨ ᠦᠨᠡᠯᠡᠯᠲᠡ ᠶᠢᠨ ᠤᠳᠤᠷᠢᠳᠤᠮᠵᠢ ᠶᠢ ᠬᠤᠪᠢᠷᠠᠭᠤᠯᠵᠤ᠂ ᠰᠢᠯᠭᠠᠯᠳᠠ ᠶᠢᠨ ᠬᠤᠪᠢ ᠶᠢ ᠯᠠ ᠬᠥᠭᠡᠭᠡᠴᠡᠯᠳᠦᠬᠦ᠂ ᠰᠤᠷᠭᠠᠭᠤᠯᠢ ᠳᠡᠪᠰᠢᠬᠦ ᠨᠤᠷᠮ᠎ᠠ ᠶᠢ ᠯᠡ ᠬᠥᠭᠡᠭᠡᠴᠡᠯᠳᠦᠬᠦ᠂ ᠦᠨᠡᠮᠯᠡᠯ ᠢ ᠯᠡ ᠬᠥᠭᠡᠭᠡᠴᠡᠯᠳᠦᠬᠦ᠂ ᠥᠭᠦᠯᠡᠯ ᠢ ᠯᠡ ᠬᠥᠭᠡᠭᠡᠴᠡᠯᠳᠦᠬᠦ᠂ ᠢᠷᠠᠭᠤ ᠠᠯᠳᠠᠷ ᠢ ᠯᠠ ᠬᠥᠭᠡᠭᠡᠴᠡᠯᠳᠦᠬᠦ ᠬᠠᠭᠤᠴᠢᠨ ᠠᠷᠬᠠᠭ ᠢ ᠡᠷᠡᠰ ᠲᠡᠪᠴᠢᠬᠦ ᠬᠡᠷᠡᠭᠳᠠᠢ ᠭᠡᠵᠤ ᠴᠢᠬᠤᠯᠠᠴᠢᠯᠠᠬᠤ ᠶᠢᠨ ᠬᠠᠮᠳᠤ 2035 ᠣᠨ ᠪᠣᠯᠬᠤ ᠳᠤ᠂ ᠴᠠᠭ ᠦᠶ᠎ᠡ ᠶᠢᠨ ᠣᠨᠴᠠᠯᠢᠭ ᠲᠠᠢ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠦᠭᠰᠡᠨ᠂ ᠳᠡᠯᠡᠬᠡᠢ ᠶᠢᠨ ᠲᠦᠪᠰᠢᠨ ᠢ ᠢᠯᠡᠷᠡᠭᠦᠯᠦᠭᠰᠡᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠦᠨᠳᠦᠰᠦᠨ ᠳᠤ ᠪᠠᠨ ᠪᠦᠷᠢᠯᠳᠦᠭᠦᠯᠦᠨ᠎ᠠ ᠭᠡᠵᠤ ᠳᠤᠷᠠᠳᠴᠠᠢ᠃     ︽ᠭᠤᠷᠪᠠᠨ ᠪᠤᠯᠬᠤ ᠦᠭᠡᠢ ᠬᠢᠭᠡᠳ ᠨᠢᠭᠡ ᠶᠢ ᠡᠷᠡᠰ ᠴᠠᠭᠠᠵᠠᠯᠠᠬᠤ︾ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ      ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠦᠨᠳᠦᠰᠦᠨ ᠪᠠᠲᠤᠯᠠᠭ᠎ᠠ ᠮᠥᠨ᠃ ᠲᠥᠰᠦᠯ ᠳᠤ᠂ ᠨᠠᠮ ᠠᠴᠠ ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠤ᠂ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠤᠨ ᠲᠤᠬᠠᠢ ᠦᠨᠡᠯᠡᠯᠲᠡ ᠶᠢ ᠲᠡᠭᠦᠯᠳᠡᠷᠵᠢᠭᠦᠯᠬᠦ ᠬᠡᠷᠡᠭᠳᠠᠢ ᠭᠡᠵᠤ ᠱᠠᠭᠠᠷᠳᠠᠪᠠ᠃ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠬᠦ ᠲᠠᠯ᠎ᠠ ᠪᠠᠷ ᠲᠥᠰᠦᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠤᠳᠤᠷᠢᠳᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠨᠠᠮ ᠵᠠᠰᠠᠭ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠶᠴᠡᠳᠬᠡᠭᠰᠡᠨ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠤᠨ ᠠᠮᠢᠨ ᠰᠤᠳᠠᠰᠤ ᠪᠣᠯᠭᠠᠨ ᠴᠢᠩᠭ᠎ᠠ ᠠᠳᠬᠤᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠬᠥᠭᠵᠢᠯᠲᠡ ᠶᠢᠨ ᠤᠶᠢᠯᠠᠭᠠᠭᠳᠠᠬᠤᠨ ᠢ ᠪᠠᠲᠤ ᠴᠤᠭᠴᠠᠯᠠᠵᠤ᠂ ᠤᠶᠢᠷ᠎ᠠ ᠬᠠᠷᠠᠴᠠ ᠲᠠᠢ ᠦᠢᠯᠡ ᠠᠵᠢᠯᠯᠠᠭ᠎ᠠ᠂ ᠠᠰᠢᠭ ᠬᠠᠷᠠᠬᠤ ᠬᠡᠯᠪᠡᠷᠢᠯ ᠢ ᠡᠷᠡᠰ ᠲᠡᠪᠴᠢᠬᠦ ᠬᠡᠷᠡᠭᠲᠡᠶ ᠭᠡᠵᠤ ᠳᠤᠷᠠᠳᠴᠠᠢ᠃      ᠰᠤᠷᠭᠠᠭᠤᠯᠢ ᠳᠠᠪᠰᠢᠬᠦ ᠨᠣᠷᠮ᠎ᠠ ᠶᠢ ᠯᠠ ᠬᠥᠭᠡᠭᠡᠴᠡᠯᠳᠦᠬᠦ ᠬᠡᠯᠪᠡᠷᠢᠯ ᠢ ᠡᠷᠡᠰ ᠵᠠᠯᠠᠷᠠᠭᠤᠯᠬᠤ ᠶᠢᠨ ᠲᠥᠯᠥᠭᠡ᠂ ᠲᠥᠰᠦᠯ ᠳᠤ ︽ᠭᠤᠷᠪᠠᠨ ᠪᠤᠯᠬᠤ ᠦᠭᠡᠢ ᠬᠢᠭᠡᠳ ᠨᠢᠭᠡ ᠶᠢ ᠡᠷᠡᠰ ᠴᠠᠭᠠᠵᠠᠯᠠᠬᠤ︾ ᠱᠠᠭᠠᠷᠳᠠᠯᠭ᠎ᠠ ᠶᠢ ᠳᠤᠳᠤᠷᠬᠠᠢ ᠳᠤᠷᠠᠳᠴᠠᠢ᠄ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠦᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ ᠰᠤᠷᠭᠠᠭᠤᠯᠢ ᠳᠡᠪᠰᠢᠬᠦ ᠭᠦᠶᠴᠡᠳᠬᠡᠯ ᠲᠤᠭ᠎ᠠ ᠪᠠᠭᠤᠯᠭᠠᠬᠤ ᠪᠤᠶᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠤ ᠰᠤᠷᠭᠠᠭᠤᠯᠢ ᠳᠤ ᠳᠡᠪᠰᠢᠬᠦ ᠨᠣᠷᠮ᠎ᠠ ᠪᠠᠷ ᠳᠣᠤᠷᠠᠲᠦ ᠨᠢᠭᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ ᠪᠠ ᠪᠠᠭᠰᠢ ᠶᠢ ᠦᠨᠡᠯᠡᠨ ᠰᠢᠯᠭᠠᠵᠤ ᠪᠣᠯᠬᠤ ᠥᠬᠡᠶ᠂ ᠰᠤᠷᠭᠠᠭᠤᠯᠢ ᠳᠠᠪᠰᠢᠬᠦ ᠨᠣᠷᠮ᠎ᠠ ᠶᠢ ᠰᠤᠷᠭᠠᠭᠤᠯᠢ ᠶᠢᠨ ᠢᠨᠵᠧᠨᠧᠷᠢᠩ ᠲᠥᠷᠥᠯ ᠵᠦᠶᠯ᠂ ᠵᠠᠷᠤᠳᠠᠯ ᠤᠨ ᠬᠤᠪᠢᠶᠠᠷᠢᠯᠠᠯᠲᠠ᠂ ᠰᠢᠯᠢᠳᠡᠭ ᠢ ᠰᠢᠯᠭᠠᠷᠠᠭᠤᠯᠬᠤ ᠲᠡᠷᠢᠭᠦᠨ ᠤ ᠬᠢ ᠶᠢ ᠰᠢᠯᠭᠠᠷᠠᠭᠤᠯᠬᠤ ᠵᠡᠷᠭᠡ ᠲᠠᠢ ᠬᠤᠯᠪᠣᠭᠳᠠᠭᠤᠯᠵᠤ ᠪᠣᠯᠬᠤ ᠦᠭᠡᠶ᠂ ᠶᠠᠮᠠᠷᠪᠠ ᠬᠡᠯᠪᠡᠷᠢ ᠪᠠᠷ ᠳᠠᠮᠵᠢᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠠᠷ ᠪᠠᠷᠢᠮᠵᠢᠶ᠎ᠠ ᠪᠣᠯᠭᠠᠨ ᠪᠠᠭᠰᠢ ᠪᠠ ᠰᠤᠷᠤᠭᠴᠢ ᠶᠢ ᠱᠠᠩᠨᠠᠵᠤ ᠪᠣᠯᠬᠤ ᠦᠭᠡᠢ᠂ ᠦᠨᠳᠦᠷ ᠵᠡᠷᠭᠡ  ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ︽ᠮᠠᠩᠯᠠᠶ︾ ᠪᠠ ᠰᠤᠷᠭᠠᠭᠤᠯᠢ ᠳᠡᠪᠰᠢᠭᠰᠡᠨ ᠨᠣᠷᠮ᠎ᠠ ᠶᠢ ᠨᠡᠶᠢᠲᠡᠯᠡᠬᠦ᠂ ᠤᠬᠠᠭᠤᠯᠬᠤ᠂ ᠰᠤᠷᠳᠠᠯᠴᠢᠯᠠᠬᠤ ᠶᠢ ᠡᠷᠡᠰ ᠴᠠᠭᠠᠵᠠᠯᠠᠬᠤ ᠬᠡᠷᠡᠭᠲᠡᠶ᠃ ᠰᠤᠷᠭᠠᠨ ᠬᠥᠮᠦᠵᠢᠯ ᠤᠨ ᠠᠮᠢ ᠠᠬᠤᠶ ᠶᠢᠨ ᠲᠣᠪᠤᠶᠢᠮ᠎ᠠ ᠠᠰᠠᠭᠤᠳᠠᠯ ᠳᠤ᠂ ᠬᠦᠨᠳᠦ ᠨᠣᠴᠢᠲᠠᠶ ᠨᠡᠶᠢᠭᠡᠮ ᠤᠨ ᠨᠥᠯᠥᠭᠡ ᠭᠠᠷᠭᠠᠭᠰᠠᠨ ᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠠᠭᠰᠢ ᠶᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠨ᠎ᠠ      ᠪᠠᠭᠰᠢ ᠪᠣᠯ ᠰᠤᠷᠭᠠᠨ ᠬᠥᠮᠦᠵᠢᠯ ᠡᠷᠬᠢᠯᠡᠬᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠦᠨᠳᠦᠰᠦ ᠰᠠᠭᠤᠷᠢ ᠮᠦᠨ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠣᠯ ᠪᠠᠭᠰᠢ ᠶᠢᠨ ᠨᠢᠭᠡᠳᠦᠭᠡᠷ ᠡᠭᠦᠷᠭᠡ ᠬᠠᠷᠢᠭᠤᠴᠠᠯᠭ᠎ᠠ ᠮᠥᠨ᠃ ᠥᠷᠭᠡᠨ ᠤᠯᠠᠨ ᠪᠠᠭᠰᠢ ᠶᠢᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠳᠤᠷ ᠭᠦᠶᠴᠡᠳᠬᠡᠬᠦ ᠶᠢ ᠬᠦᠳᠦᠯᠦᠨ ᠵᠢᠯᠤᠭᠤᠳᠬᠤ ᠶᠢᠨ ᠲᠥᠯᠥᠭᠡ᠂ ᠲᠥᠰᠦᠯ ᠳᠤ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠨᠢᠭᠡᠳᠦᠭᠡᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠠᠢ᠃      ᠲᠥᠰᠦᠯ ᠳᠤ᠂ ᠪᠠᠭᠰᠢ ᠶᠢᠨ ᠮᠣᠷᠠᠯ ᠤᠨ ᠢᠯᠡᠷᠡᠯ ᠢᠶᠠᠷ ᠪᠠᠭᠰᠢ ᠶᠢᠨ ᠬᠢᠷᠢ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ᠂ ᠠᠵᠢᠯ ᠤᠨ ᠪᠦᠲᠦᠮᠵᠢ ᠶᠢ ᠬᠢᠨᠠᠨ ᠰᠢᠯᠭᠠᠬᠤ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ᠂ ᠰᠢᠯᠢᠳᠡᠭ ᠢ ᠰᠢᠯᠭᠠᠷᠠᠭᠤᠯᠤᠨ ᠱᠠᠩᠨᠠᠬᠤ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠶᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠢᠶᠠᠨ ᠠᠯᠳᠠᠭᠰᠠᠨ ᠦᠶᠯᠡ ᠠᠵᠢᠯᠯᠠᠭ᠎ᠠ ᠶᠢ ᠵᠠᠷᠯᠠᠨ ᠰᠡᠷᠡᠮᠵᠢᠯᠡᠭᠦᠯᠬᠦ ᠲᠦᠷᠢᠮ ᠢ ᠪᠠᠶᠢᠭᠤᠯᠤᠨ᠎ᠠ᠃ ᠪᠠᠭᠰᠢ ᠶᠢᠨ ᠮᠣᠷᠠᠯ ᠰᠤᠷᠲᠠᠯ ᠤᠨ ᠳᠠᠯ᠎ᠠ ᠪᠠᠷ ᠬᠦᠨᠳᠦ ᠨᠣᠴᠢᠲᠠᠶ ᠠᠰᠠᠭᠤᠳᠠᠯ ᠭᠠᠷᠭᠠᠭᠰᠠᠨ ᠪᠠᠭᠰᠢ ᠳᠤ ᠰᠤᠷᠭᠠᠨ ᠬᠥᠮᠦᠵᠢᠯ ᠤᠨ ᠪᠥᠬᠦ ᠠᠵᠢᠯ ᠲᠥᠷᠥᠯ ᠳᠤ ᠣᠷᠣᠯᠴᠠᠬᠤ ᠶᠢ ᠨᠢ ᠴᠠᠭᠠᠵᠠᠯᠠᠬᠤ ᠲᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ ᠬᠡᠵᠦ ᠳᠤᠷᠠᠳᠤᠨ ᠭᠠᠷᠭᠠᠵᠠᠢ᠃      ᠣᠳᠣᠬᠠᠨ ᠳᠤ᠂ ︽ᠥᠭᠦᠯᠡᠯ ᠢ ᠯᠡ ᠬᠦᠭᠡᠭᠡᠴᠡᠯᠳᠦᠬᠦ︾ ︽ᠲᠤᠭ᠎ᠠ ᠬᠡᠮᠵᠢᠶ᠎ᠡ ᠶᠢ ᠴᠢᠬᠤᠯᠠᠴᠢᠯᠠᠭᠠᠳ ᠶᠠᠰᠤ ᠴᠢᠨᠠᠷ ᠢ ᠬᠥᠩᠭᠡᠪᠴᠢᠯᠡᠬᠦ︾ ᠵᠡᠷᠭᠡ ᠬᠡᠯᠪᠡᠷᠢᠯ ᠨᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠯᠡᠯᠲᠡ ᠶᠢᠨ ᠠᠵᠢᠯ ᠳᠤ ᠮᠦᠨ ᠬᠦ ᠨᠡᠯᠢᠶᠡᠳ ᠲᠣᠪᠤᠶᠢᠮ᠎ᠠ ᠤᠷᠤᠰᠢᠵᠦ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭ ᠥᠬᠡᠶ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠯᠡᠯᠲᠡ ᠶᠢᠨ ᠶᠠᠰᠤ ᠴᠢᠨᠠᠷ ᠪᠤᠯᠤᠨ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠤ ᠶᠢ ᠬᠥᠲᠥᠯᠥᠨ ᠵᠢᠯᠣᠭᠤᠳᠴᠦ ᠪᠠᠶᠢᠭᠠᠳ ᠪᠤᠢ ᠪᠤᠯᠭᠠᠨ᠂ ︽ᠥᠭᠦᠯᠡᠯ ᠢ ᠯᠡ ᠬᠦᠭᠡᠭᠡᠴᠡᠯᠳᠦᠬᠦ︾ ᠵᠡᠷᠭᠡ ᠲᠣᠪᠤᠶᠢᠮ᠎ᠠ ᠠᠰᠠᠭᠤᠳᠠᠯ ᠤᠳ ᠢ ᠳᠠᠷᠤᠢ ᠳᠦᠷᠬᠡᠨ ᠠᠷᠢᠯᠭᠠᠬᠤ ᠶᠢᠨ ᠳᠤᠰᠠᠳᠠ᠂ ᠲᠥᠰᠦᠯ ᠨᠢ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠯᠡᠯᠲᠡ ᠪᠤᠯᠤᠨ ᠳᠡᠭᠡᠳᠦ ᠵᠡᠷᠬᠡ ᠶᠢᠨ ᠰᠤᠷᠭᠠᠭᠤᠯᠢ ᠶᠢᠨ ᠦᠨᠡᠯᠡᠯᠲᠡ ᠶᠢ ᠬᠠᠯᠠᠨ ᠰᠠᠶᠢᠵᠢᠷᠠᠭᠤᠯᠬᠤ ᠳᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠥᠯᠥᠪᠯᠡᠭᠡ ᠬᠢᠵᠦ᠂ ᠡᠷᠳᠡᠮ ᠰᠢᠨᠵᠢᠯᠡᠭᠡᠨ ᠤ ᠬᠤᠪᠢ ᠨᠡᠮᠡᠷᠢ᠂ ᠨᠡᠶᠢᠭᠡᠮ ᠤᠨ ᠬᠤᠪᠢ ᠨᠡᠮᠡᠷᠢ ᠵᠢᠴᠢ ᠲᠤᠯᠭᠠᠭᠤᠷᠢᠯᠠᠬᠤ ᠴᠢᠳᠠᠪᠤᠷᠢᠲᠠᠨ ᠢ ᠬᠥᠮᠦᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠦᠨᠡᠯᠡᠵᠦ᠂ ᠥᠭᠦᠯᠡᠯ ᠤᠨ ᠲᠤᠭ᠎ᠠ᠂ ᠲᠥᠷᠥᠯ ᠵᠦᠶᠯ ᠤᠨ ᠲᠤᠭ᠎ᠠ᠂ ᠰᠤᠳᠤᠯᠭᠠᠨ ᠤ ᠰᠡᠳᠦᠪ ᠤᠨ ᠵᠠᠷᠤᠳᠠᠯ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠶ᠎ᠠ ᠲᠠᠢ ᠵᠢᠭᠠᠯᠳᠠ ᠲᠤᠭ᠎ᠠ ᠶᠢ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠪᠡ ᠱᠠᠩᠨᠠᠯ ᠤᠨ ᠵᠤᠭᠤᠰ ᠯᠤᠭ᠎ᠠ ᠬᠤᠯᠪᠣᠭᠳᠠᠭᠤᠯᠵᠤ ᠪᠣᠯᠬᠤ ᠥᠬᠡᠶ ᠭᠡᠵᠦ ᠴᠢᠬᠤᠯᠠᠴᠢᠯᠠᠪᠠ᠃      ᠴᠢᠳᠠᠪᠤᠷᠢᠲᠠᠨ ᠤ ᠦᠨᠡᠯᠡᠯᠲᠡ ᠳᠠᠬᠢ ︽ᠢᠷᠠᠭᠤ ᠠᠯᠳᠠᠷ ᠢ ᠯᠠ ᠬᠦᠭᠡᠭᠡᠴᠡᠯᠳᠦᠬᠦ︾ ᠠᠰᠠᠭᠤᠳᠠᠯ ᠢ ᠢᠯᠠᠨ ᠳᠠᠪᠠᠵᠦ᠂ ᠵᠠᠩ ᠮᠣᠷᠠᠯ᠂ ᠴᠢᠳᠠᠪᠤᠷᠢ᠂ ᠠᠵᠢᠯ ᠤᠨ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠴᠢᠳᠠᠪᠤᠷᠢᠲᠠᠨ ᠢ ᠦᠨᠡᠯᠡᠬᠦ ᠪᠠᠷᠢᠮᠵᠢᠶ᠎ᠠ ᠶᠢ ᠳᠤᠬᠳᠠᠭᠠᠵᠦ᠂ ᠴᠢᠳᠠᠪᠤᠷᠢᠲᠠᠨ ᠤ ᠨᠡᠷᠡᠶᠢᠳᠦᠯ ᠢ ᠡᠷᠳᠡᠮ ᠰᠢᠨᠵᠢᠯᠡᠭᠡᠨ ᠤ ᠴᠢᠨᠠᠷ᠂ ᠢᠷᠠᠭᠤ ᠠᠯᠳᠠᠷ ᠤᠨ ᠴᠢᠨᠠᠷ ᠤᠨ ᠮᠥᠨ ᠴᠢᠨᠠᠷᠲᠠᠶ ᠪᠣᠯᠭᠠᠬᠤ ᠶᠢ ᠠᠬᠢᠭᠤᠯᠬᠤ ᠶᠢᠨ ᠳᠤᠰᠠᠳᠠ᠂ ᠲᠥᠰᠦᠯ ᠳᠤ ᠪᠠᠰᠠ ︽ᠪᠠᠭᠰᠢ ᠶᠢᠨ ᠠᠮᠵᠢᠯᠳᠡ ᠪᠦᠳᠦᠮᠵᠢ ᠶᠢ ᠨᠡᠷ᠎ᠡ ᠬᠠᠳᠠᠬᠰᠠᠨ ᠪᠠᠶᠢᠭᠤᠯᠭ᠎ᠠ ᠨᠢᠭᠡᠴᠢ ᠪᠠᠷ ᠨᠤᠳᠠᠯᠠᠨ ᠳᠤᠭᠳᠠᠭᠠᠵᠤ᠂ ᠬᠦᠮᠦᠨ ᠢᠶᠠᠷ ᠨᠤᠳᠠᠯᠠᠨ ᠳᠤᠬᠳᠠᠭᠠᠬᠤ ᠦᠬᠡᠢ ᠪᠠᠶᠢᠬᠤ ᠶᠢ ᠴᠢᠩᠭ᠎ᠠ ᠬᠡᠷᠡᠭᠵᠢᠬᠦᠯᠬᠦ︾ ᠵᠡᠷᠭᠡ ᠪᠣᠳᠠᠲᠠᠶ ᠠᠷᠭ᠎ᠠ ᠬᠡᠮᠵᠢᠶ᠎ᠡ ᠨᠦᠭᠦᠳ ᠢ ᠳᠤᠷᠠᠳᠤᠨ ᠭᠠᠷᠭᠠᠵᠠᠢ᠃      ᠤᠯᠤᠭᠰᠠᠨ ᠬᠤᠪᠢ ᠪᠠᠷ ᠰᠤᠷᠤᠭᠴᠢᠳ ᠲᠤ ᠳᠡᠮᠳᠡᠭ ᠬᠠᠳᠠᠬᠤ ᠠᠷᠭ᠎ᠠ ᠬᠢᠳᠠᠯ ᠢ ᠬᠤᠪᠢᠷᠠᠭᠤᠯᠤᠨ᠎ᠠ      ᠲᠥᠰᠦᠯ ᠳᠤ᠂ ᠤᠯᠤᠭᠰᠠᠨ ᠬᠤᠪᠢ ᠪᠠᠷ ᠰᠤᠷᠤᠭᠴᠢᠳ ᠲᠤ ᠲᠡᠮᠳᠡᠭ ᠬᠠᠳᠠᠬᠤ ᠠᠷᠭ᠎ᠠ ᠬᠢᠳᠠᠯ ᠢ ᠡᠷᠡᠰ ᠬᠤᠪᠢᠷᠠᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠬᠡ ᠶᠠᠪᠤᠴᠠ ᠶᠢᠨ ᠴᠢᠨᠠᠷᠲᠠᠶ ᠦᠨᠡᠯᠡᠬᠦ ᠠᠷᠭ᠎ᠠ ᠶᠢᠨ ᠰᠢᠨ᠎ᠡ ᠶᠢ ᠡᠭᠦᠳᠦᠨ᠎ᠡ ᠬᠡᠵᠦ ᠳᠤᠷᠠᠳᠤᠨ ᠭᠠᠷᠭᠠᠵᠠᠢ᠃      ᠪᠡᠶ᠎ᠡ ᠶᠢᠨ ᠲᠠᠮᠢᠷ ᠤᠨ ᠦᠨᠡᠯᠡᠯᠲᠡ ᠶᠢ ᠴᠢᠩᠭᠠᠳᠬᠠᠵᠤ᠂ ᠭᠤᠸ᠎ᠠ ᠰᠠᠶᠢᠬᠠᠨ ᠤ ᠬᠥᠮᠦᠵᠢᠯ ᠤᠨ ᠦᠨᠡᠯᠡᠯᠲᠡ ᠶᠢ ᠰᠠᠶᠢᠵᠢᠷᠠᠭᠤᠯᠤᠨ᠂ ᠠᠵᠢᠯ ᠬᠥᠳᠡᠯᠮᠦᠷᠢ ᠶᠢᠨ ᠬᠥᠮᠦᠵᠢᠯ ᠤᠨ ᠦᠨᠡᠯᠡᠯᠲᠡ ᠶᠢ ᠴᠢᠩᠭᠠᠳᠬᠠᠬᠤ ᠶᠢᠨ ᠳᠤᠰᠠᠳᠠ᠂ ᠲᠥᠰᠦᠯ ᠳᠤ᠂ ᠡᠳᠦᠷ ᠲᠤᠲᠤᠮ ᠤᠨ ᠣᠷᠣᠯᠴᠠᠯᠭ᠎ᠠ᠂ ᠪᠡᠶ᠎ᠡ ᠮᠠᠬᠠᠪᠣᠳ ᠤᠨ ᠬᠢᠨᠠᠯᠳᠡ ᠬᠡᠮᠵᠢᠯᠳᠡ ᠪᠤᠯᠤᠨ ᠲᠤᠰᠬᠠᠶ ᠳᠦᠷᠦᠯ ᠤᠨ ᠲᠠᠮᠢᠷ ᠤᠨ ᠬᠥᠳᠡᠯᠭᠡᠭᠡᠨ ᠤ ᠮᠡᠷᠬᠡᠵᠢᠯ ᠴᠢᠳᠠᠪᠤᠷᠢ ᠶᠢᠨ ᠰᠢᠯᠭᠠᠯᠲᠠ ᠶᠢ ᠬᠠᠷᠢᠯᠴᠠᠨ ᠤᠶᠠᠯᠳᠤᠭᠤᠯᠬᠤ ᠰᠢᠯᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠪᠠᠶ᠎ᠠ ᠪᠠᠨ ᠪᠤᠯᠪᠠᠰᠤᠷᠠᠭᠤᠯᠬᠤ ᠰᠠᠶᠢᠨ ᠰᠠᠶᠢᠬᠠᠨ ᠳᠠᠳᠬᠠᠯ ᠪᠤᠯᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠲᠠᠢ ᠪᠤᠯᠭᠠᠨ ᠬᠦᠮᠦᠵᠢᠬᠦᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠲᠠᠮᠢᠷ ᠤᠨ ᠰᠢᠯᠭᠠᠯᠲᠠ ᠶᠢᠨ ᠠᠭᠤᠯᠭ᠎ᠠ᠂ ᠠᠷᠭ᠎ᠠ ᠬᠡᠯᠪᠡᠷᠢ ᠪᠤᠯᠤᠨ ᠬᠤᠪᠢ ᠦᠭᠬᠦ ᠠᠷᠭ᠎ᠠ ᠶᠢ ᠦᠭᠡᠷᠡᠴᠢᠯᠡᠨ ᠰᠠᠶᠢᠵᠢᠷᠠᠭᠤᠯᠵᠤ᠂ ᠰᠤᠷᠤᠭᠴᠢᠳ ᠢ ᠵᠣᠷᠢᠭᠵᠢᠭᠤᠯᠤᠨ ᠪᠠᠶ᠎ᠠ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠬᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠦᠨ᠎ᠡ᠃ ᠤᠶᠤᠲᠠᠳ ᠤᠨ ᠪᠡᠶ᠎ᠡ ᠶᠢᠨ ᠲᠠᠮᠢᠷ ᠤᠨ ᠦᠨᠡᠯᠡᠯᠲᠡ ᠶᠢ ᠴᠢᠩᠭᠠᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠤᠢ ᠪᠦᠬᠦᠢ ᠱᠠᠲᠤᠨ ᠳᠤ ᠪᠦᠷ ᠲᠠᠮᠢᠷ ᠤᠨ ᠬᠢᠴᠢᠶᠡᠯ ᠭᠠᠷᠭᠠᠬᠤ ᠶᠢ ᠬᠠᠶᠢᠨ ᠰᠦᠪᠡᠭᠴᠢᠯᠡᠨ᠎ᠡ᠃ ᠤᠷᠠᠯᠢᠭ ᠤᠨ ᠲᠥᠷᠥᠯ ᠤᠨ ᠬᠢᠴᠢᠶᠡᠯ ᠲᠥᠷᠥᠯ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠭᠤᠯᠬᠤ ᠶᠢ ᠬᠠᠶᠢᠨ ᠰᠦᠪᠡᠭᠴᠢᠯᠡᠨ᠎ᠡ᠃ ᠶᠡᠭᠡ ᠳᠡᠭᠡᠲᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠬᠢᠭᠡᠳ ᠤᠷᠠᠯᠢᠭ ᠤᠨ ᠦᠢᠯᠡᠳᠦᠯᠭᠡ ᠶᠢ ᠴᠢᠳᠠᠪᠤᠷᠢᠲᠠᠨ ᠬᠥᠮᠦᠵᠢᠭᠦᠯᠬᠦ ᠲᠥᠰᠦᠯ ᠳᠤ ᠣᠷᠣᠭᠤᠯᠬᠤ ᠶᠢ ᠠᠬᠢᠭᠤᠯᠵᠤ᠂ ᠰᠤᠷᠤᠯᠭ᠎ᠠ ᠶᠢᠨ ᠬᠤᠪᠢ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠤᠷᠤᠭᠴᠢᠳ ᠲᠣᠭᠲᠠᠭᠰᠠᠨ ᠰᠤᠷᠤᠯᠭ᠎ᠠ ᠶᠢᠨ ᠬᠤᠪᠢ ᠪᠠᠨ ᠰᠤᠷᠤᠯᠴᠠᠵᠦ ᠳᠠᠭᠤᠰᠬᠠᠭᠰᠠᠨ ᠤ ᠳᠠᠷᠠᠭ᠎ᠠ ᠰᠠᠶ᠋ᠢ ᠲᠡᠭᠦᠰᠴᠤ ᠪᠤᠯᠤᠨ᠎ᠠ᠃ ᠬᠥᠳᠡᠯᠮᠦᠷᠢ ᠶᠢᠨ ᠨᠠᠷᠢᠨ ᠳᠠᠩᠰᠠ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠰᠤᠷᠤᠭᠴᠢᠳ ᠤᠨ ᠬᠥᠳᠡᠯᠮᠦᠷᠢ ᠳᠤ ᠣᠷᠣᠯᠴᠠᠬᠤ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠤᠷᠤᠭᠴᠢᠳ ᠢ ᠦᠶᠯᠡᠳᠦᠯᠭᠡ ᠶᠢᠨ ᠳᠤᠮᠳᠠ ᠬᠥᠳᠡᠯᠮᠦᠷᠢᠯᠡᠬᠦ ᠳᠠᠳᠬᠠᠯ ᠲᠠᠢ ᠪᠣᠯᠭᠠᠵᠤ᠂ ᠬᠥᠳᠡᠯᠮᠦᠷᠢᠯᠡᠬᠦ ᠶᠢ ᠰᠤᠷᠭᠠᠵᠦ᠂ ᠠᠵᠢᠯᠴᠢ ᠠᠷᠪᠢᠴᠢ ᠪᠠᠶᠢᠬᠤ ᠶᠢ ᠰᠤᠷᠭᠠᠨ᠎ᠠ ᠭᠡᠵᠦ ᠲᠤᠷᠠᠳᠴᠠᠢ᠃      ᠰᠤᠷᠤᠯᠭ᠎ᠠ ᠶᠢᠨ ᠱᠠᠭᠠᠷᠳᠠᠯᠭ᠎ᠠ ᠶᠢᠨ ᠲᠠᠯ᠎ᠠ ᠪᠠᠷ᠂ ᠲᠥᠰᠦᠯ ᠳᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠭᠠᠷᠬᠤ ᠡᠭᠦᠳᠡ ᠶᠢ ᠴᠢᠩᠭ᠎ᠠ ᠰᠠᠬᠢᠨ᠎ᠠ︔ ᠰᠤᠷᠤᠯᠭ᠎ᠠ ᠶᠢ ᠰᠢᠯᠭᠠᠨ ᠦᠨᠡᠯᠡᠬᠦ ᠲᠠᠯ᠎ᠠ ᠪᠠᠷ᠂ ᠶᠠᠪᠤᠴᠠ ᠶᠢᠨ ᠴᠢᠨᠠᠷᠲᠠᠶ ᠰᠢᠯᠭᠠᠨ ᠬᠢᠨᠠᠬᠤ ᠪᠠ ᠦᠷ᠎ᠡ ᠳ᠋ᠦᠩ ᠤᠨ ᠴᠢᠨᠠᠷᠲᠠᠶ ᠰᠢᠯᠭᠠᠨ ᠬᠢᠨᠠᠬᠤ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠤᠷᠤᠯᠭ᠎ᠠ ᠶᠢᠨ ᠰᠢᠯᠭᠠᠨ ᠦᠨᠡᠯᠡᠬᠦ ᠲᠦᠷᠢᠮ ᠢ ᠲᠡᠭᠦᠯᠳᠡᠷᠵᠢᠭᠦᠯᠵᠤ᠂ ᠬᠢᠴᠢᠶᠡᠯ ᠤᠨ ᠲᠠᠩᠬᠢᠮ ᠤᠨ ᠤᠷᠤᠯᠴᠠᠭ᠎ᠠ ᠪᠠ ᠬᠢᠴᠢᠶᠡᠯ ᠤᠨ ᠲᠠᠩᠬᠢᠮ  ᠤᠨ ᠰᠠᠬᠢᠯᠭ᠎ᠠ ᠪᠠᠲᠤ ᠶᠢᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠎ᠠ︔ ᠡᠷᠳᠡᠮ ᠤᠨ ᠴᠣᠯᠠ ᠬᠠᠮᠠᠭᠠᠯᠠᠬᠤ ᠥᠭᠦᠯᠡᠯ ᠤᠨ ᠲᠠᠯ᠎ᠠ ᠪᠠᠷ ᠪᠠᠴᠧᠯᠧᠷ ᠴᠤᠯᠠ ᠬᠠᠮᠠᠭᠠᠯᠠᠬᠤ ᠦᠭᠦᠯᠡᠯ ︵ᠲᠡᠭᠦᠰᠬᠦ ᠵᠢᠷᠤᠭ ᠲᠥᠯᠥᠪᠯᠡᠭᠡ︶ ᠢ ᠰᠤᠭᠤᠴᠢᠨ ᠪᠠᠶᠢᠴᠠᠭᠠᠬᠤ ᠲᠤᠷᠰᠢᠯᠲᠠ ᠶᠢᠨ ᠴᠡᠭ ᠤᠨ ᠠᠵᠢᠯ ᠢ ᠬᠠᠶᠢᠨ ᠰᠦᠪᠡᠭᠴᠢᠯᠡᠵᠦ᠂ ᠳ᠋ᠣᠺᠲ᠋ᠣᠷ᠂ ᠮᠠᠰᠲ᠋ᠧᠷ ᠴᠣᠯᠠ ᠬᠠᠮᠠᠭᠠᠯᠠᠬᠤ ᠥᠭᠦᠯᠡᠯ ᠢ ᠰᠤᠭᠤᠴᠢᠨ ᠪᠠᠶᠢᠴᠠᠭᠠᠬᠤ ᠠᠵᠢᠯ ᠢ ᠲᠡᠭᠦᠯᠳᠡᠷᠵᠢᠭᠦᠯᠤᠨ᠂ ᠡᠯ᠎ᠡ ᠲᠥᠷᠥᠯ ᠤᠨ ᠡᠷᠳᠡᠮ ᠰᠢᠨᠵᠢᠯᠡᠭᠡᠨ ᠤ ᠲᠥᠪ ᠪᠤᠰᠤ ᠠᠵᠢᠯᠯᠠᠭ᠎ᠠ ᠶᠢ ᠴᠢᠩᠭ᠎ᠠ ᠰᠢᠶᠳᠪᠦᠷᠢᠯᠡᠬᠦ ᠬᠡᠷᠡᠭᠲᠡᠢ︔ ᠳᠠᠳᠤᠯᠭ᠎ᠠ ︵ᠳᠠᠳᠤᠯᠭ᠎ᠠ ᠶᠢᠨ ᠪᠣᠯᠪᠠᠰᠤᠷᠠᠯ︶ ᠶᠢᠨ ᠲᠠᠯ᠎ᠠ ᠪᠠᠷ᠂ ᠳᠠᠳᠤᠯᠭ᠎ᠠ ︵ᠳᠠᠳᠤᠯᠭ᠎ᠠ ᠶᠢᠨ ᠪᠣᠯᠪᠠᠰᠤᠷᠠᠯ︶ ᠢ ᠬᠢᠨᠠᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠦᠨ᠂ ᠰᠤᠷᠤᠭᠴᠢᠳ ᠪᠦᠬᠦᠨ ᠢᠶᠠᠷ ᠢᠶᠠᠨ᠂ ᠦᠨᠡᠨ ᠪᠣᠳᠠᠲᠠᠶ ᠪᠠᠷ ᠳᠠᠳᠤᠯᠭ᠎ᠠ ︵ᠳᠠᠳᠤᠯᠭ᠎ᠠ ᠶᠢᠨ ᠪᠣᠯᠪᠠᠰᠤᠷᠠᠯ︶ ᠳᠤ ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠤᠷᠠᠳᠪᠠ᠃     ᠨᠡᠶᠢᠭᠡᠮ ᠤᠨ ᠵᠥᠪ ᠣᠨᠣᠪᠴᠢᠲᠠᠢ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠬᠤ ᠶᠢ ᠬᠦᠲᠦᠯᠦᠨ ᠵᠢᠯᠤᠭᠤᠳᠴᠤ ︽ᠦᠨᠡᠮᠯᠡᠯ ᠢ ᠯᠡ ᠬᠦᠬᠡᠭᠡᠴᠡᠯᠳᠦᠬᠦ︾ ᠭᠡᠮ ᠠᠷᠬᠠᠭ ᠢ ᠠᠷᠢᠯᠭᠠᠨ᠎ᠠ      ᠨᠡᠶᠢᠭᠡᠮ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠠᠷᠭ᠎ᠠ ᠬᠡᠯᠪᠡᠷᠢ ᠨᠢ ᠰᠤᠷᠤᠭᠴᠢᠳ ᠤᠨ ᠣᠯᠠᠨ ᠶᠠᠩᠵᠤ ᠪᠠᠷ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠴᠢᠬᠤᠯᠠ ᠬᠥᠲᠥᠯᠥᠨ ᠳᠠᠭᠠᠭᠤᠯᠬᠤ ᠦᠶᠯᠡᠳᠦᠯ ᠲᠠᠢ ᠶᠤᠮ᠃ ᠵᠠᠷᠢᠮ ᠬᠥᠮᠦᠨ ᠬᠡᠷᠡᠭᠯᠡᠬᠦ ᠨᠢᠭᠡᠴᠢ ᠶᠢᠨ ᠠᠵᠢᠯᠲᠠᠨ ᠡᠯᠰᠡᠬᠦ ᠳᠡᠭᠡᠨ ᠥᠨᠳᠥᠷ ᠰᠤᠷᠤᠯᠭ᠎ᠠ ᠶᠢᠨ ᠨᠠᠮᠲᠠᠷ ᠢ ᠲᠡᠩᠲᠡᠭᠦᠦ ᠴᠢᠬᠤᠯᠠᠴᠢᠯᠠᠵᠦ᠂ ᠴᠢᠨᠠᠭᠰᠢᠯᠠᠪᠠᠯ ᠨᠡᠷᠡᠲᠦ ᠰᠤᠷᠭᠠᠭᠤᠯᠢ ᠠᠴᠠ ᠳᠡᠭᠦᠰᠦᠭᠰᠡᠨ᠂ ᠭᠠᠳᠠᠭᠠᠳᠤ ᠳᠤ ᠰᠤᠷᠤᠯᠴᠠᠵᠦ ᠦᠩᠭᠡᠷᠡᠭᠰᠡᠨ ᠦᠭᠡᠢ ᠪᠤᠯ ᠠᠪᠬᠤ ᠦᠭᠡᠢ ᠵᠡᠷᠭᠡ ︽ᠦᠨᠡᠮᠯᠡᠯ ᠢ ᠯᠡ ᠬᠦᠭᠡᠭᠡᠴᠡᠯᠳᠦᠬᠦ︾ ᠠᠷᠭ᠎ᠠ ᠬᠢᠳᠡᠯ ᠤᠨ ᠲᠤᠬᠠᠢ ᠲᠥᠰᠦᠯ ᠳᠤ ᠴᠢᠭᠯᠡᠭᠦᠯᠦᠯᠳᠦ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤᠷᠠᠳᠴᠠᠢ᠃      ᠲᠥᠰᠦᠯ ᠳᠤ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠶᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨ ︽ᠨᠡᠷᠡᠲᠦ ᠰᠤᠷᠭᠠᠭᠤᠯᠢ ᠶᠢ ᠯᠠ ᠬᠦᠭᠡᠭᠡᠴᠡᠯᠳᠦᠬᠦ︾᠂ ︽ᠰᠤᠷᠤᠯᠭ᠎ᠠ ᠶᠢᠨ ᠨᠠᠮᠲᠠᠷ ᠢ ᠯᠠ ᠬᠦᠭᠡᠭᠡᠴᠡᠯᠳᠦᠬᠦ︾ ᠬᠥᠮᠦᠨ ᠬᠡᠷᠡᠭᠯᠡᠬᠦ ᠤᠳᠤᠷᠢᠳᠤᠮᠵᠢ ᠶᠢ ᠲᠦᠷᠦᠭᠦᠯᠡᠨ ᠬᠤᠪᠢᠷᠠᠭᠤᠯᠵᠤ᠂ ᠮᠣᠷᠠᠯ ᠴᠢᠳᠠᠪᠤᠷᠢ ᠪᠠᠷ ᠤᠳᠤᠷᠢᠳᠤᠮᠵᠢ ᠪᠣᠯᠭᠠᠭᠰᠠᠨ᠂ ᠠᠵᠢᠯ ᠤᠨ ᠪᠠᠶᠢᠷᠢ ᠶᠢᠨ ᠬᠡᠷᠡᠭᠴᠡᠭᠡ ᠪᠠᠷ ᠬᠠᠷᠠᠯᠲᠠ ᠪᠣᠯᠭᠠᠭᠰᠠᠨ ᠴᠢᠳᠠᠪᠤᠷᠢᠲᠠᠨ ᠬᠡᠷᠡᠭᠯᠡᠬᠦ ᠲᠣᠭᠲᠠᠴᠠ ᠶᠢ ᠪᠠᠶᠢᠭᠤᠯᠤᠨ᠂ ᠴᠢᠳᠠᠪᠤᠷᠢᠲᠠᠨ ᠤ ︽ᠥᠨᠳᠥᠷ ᠬᠡᠷᠡᠭᠯᠡᠭᠡ︾ ᠶᠢᠨ ᠪᠠᠶᠢᠳᠠᠯ ᠢ ᠬᠤᠪᠢᠷᠠᠭᠤᠯᠵᠤ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠷ ᠴᠢᠳᠠᠪᠤᠷᠢᠲᠠᠨ ᠤ ᠬᠡᠷᠡᠭᠴᠡᠭᠡᠨ ᠤ ᠳᠡᠰ ᠢ ᠪᠠᠭᠤᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠭᠡᠷᠡᠭᠲᠡᠢ᠃ ᠡᠯ᠎ᠡ ᠱᠠᠲᠤᠨ ᠤ ᠠᠯᠪᠠᠲᠠᠨ ᠡᠯᠰᠡᠬᠦ᠂ ᠠᠵᠢᠯ ᠦᠶᠯᠡᠰ ᠤᠨ ᠨᠢᠭᠡᠴᠢ ᠪᠠ ᠤᠯᠤᠰ ᠤᠨ ᠦᠮᠴᠢᠯᠡᠯ ᠤᠨ ᠠᠵᠤ ᠠᠬᠤᠶᠢᠯᠠᠯ ᠠᠵᠢᠯᠲᠠᠨ ᠡᠯᠰᠡᠬᠦ ᠳᠤ ᠪᠠᠨ ᠠᠵᠢᠯ ᠤᠨ ᠪᠠᠶᠢᠷᠢ ᠶᠢᠨ ᠬᠡᠷᠡᠭᠴᠡᠭᠡ ᠪᠠᠨ ᠦᠨᠳᠦᠰᠦᠯᠡᠨ ᠤᠷᠢᠵᠦ ᠡᠯᠰᠡᠬᠦ ᠨᠥᠬᠦᠴᠡᠯ᠂ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠲᠣᠭᠲᠠᠭᠠᠵᠤ᠂ ᠠᠵᠢᠯᠳᠠᠨ ᠡᠯᠰᠡᠬᠦ ᠠᠯᠪᠠᠨ ᠵᠠᠷᠯᠠᠯ ᠪᠠ ᠪᠣᠳᠠᠲᠠᠶ ᠠᠵᠢᠯᠳᠠᠨ ᠡᠯᠰᠡᠬᠦ ᠶᠠᠪᠤᠴᠠ ᠳᠠᠭᠠᠨ ᠲᠡᠭᠦᠰᠦᠭᠰᠡᠡ ᠰᠤᠷᠭᠠᠭᠤᠯᠢ᠂ ᠭᠠᠲᠠᠭᠠᠲᠤ ᠳᠤ ︵ᠬᠢᠯᠢ ᠶᠢᠨ ᠭᠠᠳᠠᠨ᠎ᠠ︶ ᠰᠤᠷᠤᠯᠴᠠᠭᠰᠠᠨ ᠥᠩᠭᠡᠷᠡᠯᠲᠡ᠂ ᠰᠤᠷᠤᠯᠴᠠᠭᠰᠠᠨ ᠬᠡᠯᠪᠡᠷᠢ ᠵᠡᠷᠭᠡ ᠶᠢ ᠬᠢᠵᠠᠭᠠᠷᠯᠠᠬᠤ ᠴᠢᠨᠠᠷᠲᠠᠶ ᠨᠥᠬᠦᠴᠡᠯ ᠪᠣᠯᠭᠠᠵᠤ ᠪᠣᠯᠬᠤ ᠥᠬᠡᠶ᠃ ᠡᠷᠦᠬᠡ ᠠᠮᠠ ᠶᠢᠨ ᠲᠠᠩᠰᠠ ᠪᠠᠨ ᠤᠷᠤᠭᠤᠯᠬᠤ᠂ ᠠᠵᠢᠯ ᠣᠯᠬᠤ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠡᠯᠰᠡᠬᠦ ᠳᠤ ᠤᠷᠤᠯᠴᠠᠬᠤ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠦ ᠬᠡᠷᠡᠭᠯᠡᠬᠦ᠂ ᠲᠤᠰᠢᠶᠠᠯ ᠳᠡᠪᠰᠢᠬᠦ ᠵᠡᠷᠭᠡ ᠲᠠᠯ᠎ᠠ ᠪᠠᠷ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠪᠠ ᠡᠩ ᠤᠨ ᠰᠤᠷᠭᠠᠭᠤᠯᠢ ᠠᠴᠠ ᠲᠡᠭᠦᠰᠦᠭᠰᠠᠠ ᠰᠤᠷᠤᠭᠴᠢᠳ ᠢ ᠠᠳᠠᠯᠢ ᠲᠡᠭᠰᠢ ᠪᠠᠷ ᠬᠠᠨᠳᠤᠬᠤ ᠬᠡᠷᠡᠭᠲᠡᠶ᠃
 
ᠢᠷᠡᠯᠲᠡ᠄ ᠰᠢᠨᠬᠤᠸ᠋ᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号