2020 ᠣᠨ ᠤ ︽ᠣᠯᠣᠰ ᠤᠨ ᠨᠢᠭᠡᠳᠦᠯᠳᠡᠢ ᠰᠢᠯᠭᠠᠯᠲᠠ︾ ᠶᠢ ᠨᠢᠭᠡ ᠰᠠᠷ᠎ᠠ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/3/31
     3 ᠰᠠᠷ᠎ᠠ ᠶᠢᠨ 31 ᠳᠤ᠂ ᠰᠣᠷᠭᠠᠨ ᠬᠦᠮᠦᠵᠢᠯ ᠤᠨ ᠶᠠᠮᠣᠨ ︽2020 ᠣᠨ ᠤ ᠪᠦᠬᠦ ᠣᠯᠣᠰ ᠤᠨ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠳᠡᠢ ᠰᠢᠯᠭᠠᠯᠲᠠ ᠶᠢᠨ ᠴᠠᠭ ᠤᠨ ᠲᠣᠬᠢᠷᠠᠭᠤᠯᠣᠯᠳᠠ ᠶᠢᠨ ᠲᠣᠬᠠᠢ ᠠᠯᠪᠠᠨ ᠵᠠᠷᠯᠠᠯ︾ ᠢ ᠨᠡᠶᠢᠳᠡᠯᠡᠪᠡ᠃      ᠠᠯᠪᠠᠨ ᠵᠡᠷᠯᠡᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠣᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ 2020 ᠣᠨ ᠤ ᠪᠦᠬᠦ ᠣᠯᠣᠰ ᠤᠨ ᠡᠩ ᠤᠨ ᠶᠡᠭᠡ ᠳᠡᠭᠡᠳᠦ ᠰᠣᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠳᠡᠢ ᠰᠢᠯᠭᠠᠯᠲᠠ ︵ᠲᠣᠷᠣᠭᠰᠢ ︽ᠣᠯᠣᠰ ᠤᠨ ᠨᠢᠭᠡᠳᠦᠯᠳᠡᠢ ᠰᠢᠯᠭᠠᠯᠲᠠ︾ ᠭᠡᠵᠦ ᠲᠤᠪᠴᠢᠯᠡᠨ᠎ᠠ︶  ᠶᠢ ᠨᠢᠭᠡ ᠰᠠᠷ᠎ᠠ ᠬᠤᠶᠢᠰᠢᠯᠠᠭᠤᠯᠣᠨ ᠶᠠᠪᠣᠭᠳᠠᠭᠤᠯᠬᠤ ᠪᠠᠷ ᠪᠣᠯᠪᠠ᠂ ᠰᠢᠯᠭᠠᠯᠲᠠ ᠶᠢᠨ ᠴᠠᠭ ᠨᠢ 7 ᠰᠠᠷ᠎ᠠ ᠶᠢᠨ 7 ᠠᠴᠠ 8 ᠪᠣᠯᠣᠨ᠎ᠠ᠃      ᠪᠣᠳᠠᠳᠠᠢ ᠬᠢᠴᠢᠶᠡᠯ ᠲᠦᠷᠦᠯ ᠤᠨ ᠰᠢᠯᠭᠠᠯᠲᠠ ᠶᠢᠨ ᠴᠠᠭ ᠤᠨ ᠲᠣᠬᠢᠷᠠᠭᠤᠯᠣᠯᠳᠠ᠄      7 ᠰᠠᠷ᠎ᠠ ᠶᠢᠨ 7 ᠳᠤ᠄      ᠬᠡᠯᠡ ᠪᠢᠴᠢᠭ 9᠄ 00 — 11᠄ 30      ᠲᠣᠭᠠᠨ ᠤ ᠣᠬᠠᠭᠠᠨ 15᠄ 00 — 17᠄ 00      7 ᠰᠠᠷ᠎ᠠ ᠶᠢᠨ 8 ᠳᠤ᠄      ᠨᠡᠶᠢᠭᠡᠮ ᠤᠨ ᠰᠢᠨᠵᠢᠯᠡᠬᠦ ᠣᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ / ᠪᠠᠶᠢᠭᠠᠯᠢ ᠶᠢᠨ ᠰᠢᠨᠵᠢᠯᠡᠬᠦ ᠣᠬᠠᠭᠠᠨ ᠤ ᠶᠡᠷᠦᠩᠬᠡᠶᠢᠯᠡᠭᠰᠡᠨ ᠬᠢᠴᠢᠶᠠᠯ ᠲᠥᠷᠥᠯ 9᠄ 00 — 11᠄ 30      ᠭᠠᠳᠠᠭᠠᠳᠣ ᠬᠡᠯᠡ 15᠄ 00 — 17᠄ 00      ᠬᠤᠪᠸᠢ ᠮᠣᠵᠢ᠂ ᠪᠡᠭᠡᠵᠢᠩ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠣᠯᠣᠰ ᠤᠨ ᠨᠢᠭᠡᠲᠦᠯᠳᠡᠢ ᠰᠢᠯᠭᠠᠯᠲᠠ ᠶᠢᠨ ᠴᠠᠭ ᠢ ᠲᠣᠬᠢᠷᠠᠭᠤᠯᠬᠤ ᠰᠠᠨᠠᠯ ᠢ ᠰᠣᠳᠣᠯᠣᠨ ᠳᠣᠷᠠᠳᠴᠦ ᠰᠣᠷᠭᠠᠨ ᠬᠦᠮᠦᠵᠢᠯ ᠤᠨ ᠶᠠᠮᠣᠨ ᠲᠠᠢ ᠵᠦᠪᠳᠡᠯᠴᠡᠵᠦ ᠵᠦᠪᠰᠢᠶᠡᠷᠡᠬᠦᠯᠦᠭᠰᠡᠨ ᠤ ᠳᠠᠷᠠᠭ᠎ᠠ ᠴᠠᠭ ᠲᠣᠬᠠᠢ ᠳᠤᠨᠢ ᠨᠡᠶᠢᠬᠡᠮ ᠳᠤ ᠨᠡᠶᠢᠳᠡᠯᠡᠨ᠎ᠡ᠃ ︵ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠴᠡᠯᠮᠡᠭ ᠣᠷᠴᠢᠭᠤᠯᠪᠠ︶
 
ᠢᠷᠡᠯᠲᠡ᠄ ᠰᠣᠷᠭᠠᠨ ᠬᠦᠮᠦᠵᠢᠯ ᠤᠨ ᠶᠠᠮᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号