ᠦᠪᠡᠷᠳᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠦᠪᠰᠢᠶᠡᠷᠡᠯ ᠢᠶᠠᠷ᠂ 4 ᠰᠠᠷ᠎ᠠ ᠶᠢᠨ 21 ᠳᠤ | ᠦᠪᠡᠷᠳᠡᠬᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠣ᠂ ᠪᠦᠬᠦ ᠣᠷᠣᠨ ᠤ | ᠠᠩᠬ᠎ᠠ ᠲᠣᠮᠳᠠᠳᠣ ᠪᠠ ᠦᠨᠳᠦᠷ ᠲᠣᠮᠳᠠᠳᠣ ᠶᠢᠨ ᠭᠤᠷᠪᠠᠳᠣᠭᠠᠷ ᠣᠨ ᠬᠢᠴᠢᠶᠡᠯᠯᠡᠭᠰᠡᠨ ᠤ ᠲᠠᠷᠠᠭᠠᠬᠢ᠂ ᠪᠣᠰᠣᠳ | ᠰᠣᠷᠣᠯᠭ᠎ᠠ ᠶᠢᠨ ᠱᠠᠳᠣᠨ ᠤ ᠰᠣᠷᠭᠠᠭᠤᠯᠢ ᠡᠬᠢᠯᠡᠵᠦ ᠬᠢᠴᠢᠶᠡᠯᠡᠯᠬᠦ ᠴᠠᠭ ᠢ ᠲᠣᠣᠷᠠᠬᠢ ᠮᠡᠲᠦ ᠪᠠᠶᠢᠷᠢᠯᠠᠭᠤᠯᠣᠭᠰᠠᠨ | ᠪᠠᠶᠢᠨ᠎ᠠ᠃ | ᠨᠢᠭᠡ᠂ 4 ᠰᠠᠷ᠎ᠠ ᠶᠢᠨ 23 ᠠᠴᠠ ᠡᠬᠢᠯᠡᠨ᠂ ᠠᠩᠬ᠎ᠠ ᠲᠣᠮᠳᠠᠳᠣ ᠪᠠ ᠦᠨᠳᠦᠷ ᠲᠣᠮᠳᠠᠳᠣ ᠶᠢᠨ ᠨᠢᠭᠡᠳᠦᠬᠡᠷ᠂ | ᠬᠤᠶᠠᠳᠣᠭᠠᠷ ᠣᠨ ᠪᠣᠯᠣᠨ ᠲᠣᠮᠳᠠ ᠵᠡᠷᠬᠡ ᠶᠢᠨ ᠠᠵᠢᠯ ᠮᠡᠷᠬᠡᠵᠢᠯ ᠤᠨ ᠰᠣᠷᠭᠠᠭᠤᠯᠢ ᠳᠤ ᠠᠶᠢᠮᠠᠭ ᠬᠤᠲᠠ ᠶᠢᠨ | ᠵᠢᠯᠣᠭᠤᠳᠬᠤ ᠭᠠᠵᠠᠷ ᠠᠴᠠ ᠦᠨᠡᠯᠡᠨ ᠵᠢᠱᠢᠯᠲᠡ ᠬᠢᠵᠦ᠂ ᠪᠠᠷᠢᠮᠵᠢᠶ᠎ᠠ ᠳᠤ ᠬᠦᠷᠦᠭᠰᠡᠨ ᠪᠣᠯ ᠰᠣᠷᠭᠠᠭᠤᠯᠢ ᠡᠬᠢᠯᠡᠵᠦ | ᠬᠢᠴᠢᠶᠡᠯᠯᠡᠨ᠎ᠡ᠂ ᠪᠠᠷᠢᠮᠵᠢᠶ᠎ᠠ ᠳᠤ ᠬᠦᠷᠬᠦ ᠦᠬᠡᠢ ᠪᠣᠯ ᠰᠣᠷᠭᠠᠭᠤᠯᠢ ᠡᠬᠢᠯᠡᠵᠦ ᠪᠣᠯᠬᠤ ᠦᠬᠡᠢ᠃ | ᠬᠤᠶᠠᠷ᠂ 5 ᠰᠠᠷ᠎ᠠ ᠶᠢᠨ 7 ᠠᠴᠠ ᠡᠬᠢᠯᠡᠨ᠂ ᠪᠠᠭ᠎ᠠ ᠰᠣᠷᠭᠠᠭᠤᠯᠢ ᠶᠢᠨ ᠲᠡᠭᠡᠷ᠎ᠡ ᠣᠨ ︵ᠲᠦᠷᠪᠡᠳᠦᠬᠡᠷ᠂ | ᠲᠠᠪᠣᠳᠣᠭᠠᠷ᠂ ᠵᠢᠷᠭᠤᠳᠣᠭᠠᠷ ᠣᠨ︶ ᠳᠤ ᠠᠶᠢᠮᠠᠭ ᠬᠤᠲᠠ ᠶᠢᠨ ᠵᠢᠯᠣᠭᠤᠳᠬᠤ ᠭᠠᠵᠠᠷ ᠠᠴᠠ ᠦᠨᠡᠯᠡᠨ ᠵᠢᠱᠢᠯᠲᠠ | ᠬᠢᠵᠦ ᠪᠠᠷᠢᠮᠵᠢᠶ᠎ᠠ ᠳᠤ ᠬᠦᠷᠦᠭᠰᠡᠨ ᠪᠣᠯ ᠰᠣᠷᠭᠠᠭᠤᠯᠢ ᠡᠬᠢᠯᠡᠵᠦ ᠬᠢᠴᠢᠶᠡᠯᠯᠡᠨ᠎ᠡ᠃ ᠪᠠᠷᠢᠮᠵᠢᠶ᠎ᠠ ᠳᠤ ᠬᠦᠷᠬᠦ ᠦᠬᠡᠢ | ᠪᠣᠯ ᠰᠣᠷᠭᠠᠭᠤᠯᠢ ᠡᠬᠢᠯᠡᠵᠦ ᠪᠣᠯᠬᠤ ᠦᠬᠡᠢ᠃ ᠪᠠᠭ᠎ᠠ ᠰᠣᠷᠭᠠᠭᠤᠯᠢ ᠶᠢᠨ ᠪᠣᠰᠣᠳ ᠣᠨ ᠪᠣᠯᠣᠨ ᠬᠡᠦᠬᠡᠳ ᠤᠨ | ᠴᠡᠴᠡᠷᠯᠢᠭ᠂ ᠣᠨᠴᠠᠭᠠᠢ ᠰᠣᠷᠭᠠᠨ ᠬᠦᠮᠦᠵᠢᠯ ᠤᠨ ᠰᠣᠷᠭᠠᠭᠤᠯᠢ ᠶᠢ ᠡᠯ᠎ᠡ ᠠᠶᠢᠮᠠᠭ ᠬᠤᠲᠠ ᠶᠢᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠢ ᠦᠵᠡᠵᠦ ᠠᠰᠳᠠᠭᠠᠨ ᠲᠣᠭᠳᠠᠭᠠᠨ᠎ᠠ᠃ | ᠭᠤᠷᠪᠠ᠂ 5 ᠰᠠᠷ᠎ᠠ ᠶᠢᠨ 7 ᠠᠴᠠ ᠡᠬᠢᠯᠡᠨ᠂ ᠦᠨᠡᠯᠡᠯᠳᠡ ᠬᠢᠬᠦ ᠪᠠᠷ ᠲᠠᠮᠵᠢᠨ ᠰᠣᠷᠭᠠᠭᠤᠯᠢ ᠡᠬᠢᠯᠡᠵᠦ | ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠶᠡᠭᠡ ᠲᠡᠬᠡᠳᠦ | ᠰᠣᠷᠭᠠᠭᠤᠯᠢ ᠶᠢᠨ ᠲᠡᠬᠦᠰᠬᠦ ᠣᠨ ︵ᠲᠡᠬᠡᠳᠦ ᠵᠡᠷᠬᠡ ᠶᠢᠨ ᠠᠵᠢᠯ ᠮᠡᠷᠬᠡᠵᠢᠯ ᠪᠠ ᠵᠢᠩᠬᠢᠨᠢ ᠠᠩᠬᠢ᠂ ᠠᠰᠫᠢᠷᠠᠨᠲ᠂ | ᠳ᠋ᠣᠺᠲ᠋ᠣᠷ ᠢ ᠪᠠᠭᠲᠠᠭᠠᠨ᠎ᠠ︶ ᠵᠢᠴᠢ ᠣᠯᠣᠰ ᠤᠨ ᠲᠣᠳᠣᠭᠠᠳᠣ ᠶᠢᠨ ᠲᠣᠮᠳᠠ ᠦᠨᠳᠦᠷ ᠲᠡᠰ ᠤᠨ ᠲᠦᠭᠰᠢᠬᠦᠷᠢ ᠪᠦᠬᠦᠢ | ᠭᠠᠵᠠᠷ ᠣᠷᠣᠨ ᠪᠠ ᠪᠣᠰᠣᠳ ᠬᠢᠯᠢ ᠶᠢᠨ ᠭᠠᠳᠠᠨ᠎ᠠ ᠠᠴᠠ ᠣᠷᠣᠵᠣ ᠢᠷᠡᠬᠦ ᠲᠦᠭᠰᠢᠬᠦᠷᠢ ᠶᠡᠬᠡᠳᠡᠢ ᠭᠠᠵᠠᠷ | ᠣᠷᠣᠨ ᠠᠴᠠ ᠰᠣᠷᠣᠭᠴᠢ ᠶᠢᠨ ᠢᠷᠡᠯᠳᠡ ᠲᠠᠢ ᠶᠡᠭᠡ ᠲᠡᠬᠡᠳᠦ ᠰᠣᠷᠭᠠᠭᠤᠯᠢ ᠴᠠᠭ ᠠᠯᠣᠰᠯᠠᠵᠣ ᠬᠢᠴᠢᠶᠡᠯᠯᠡᠬᠦ ᠶᠢ | ᠣᠷᠢᠳᠠᠪᠠᠷ ᠬᠡᠷᠡᠭᠵᠢᠬᠦᠯᠦᠨ᠎ᠡ᠃ 5 ᠰᠠᠷ᠎ᠠ ᠶᠢᠨ 13 ᠠᠴᠠ ᠡᠬᠢᠯᠡᠨ᠂ ᠦᠨᠡᠯᠡᠨ ᠵᠢᠱᠢᠯᠳᠡ ᠪᠠᠷ ᠲᠠᠮᠵᠢᠨ | ᠰᠣᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ | ᠶᠡᠭᠡ ᠲᠡᠬᠡᠳᠦ ᠰᠣᠷᠭᠠᠭᠤᠯᠢ ᠨᠢ ᠪᠣᠰᠣᠳ ᠣᠨ ᠤ ᠬᠢᠴᠢᠶᠡᠯᠯᠡᠬᠦ ᠶᠢ ᠲᠣᠬᠢᠷᠠᠭᠤᠯᠵᠣ ᠪᠣᠯᠣᠨ᠎ᠠ᠃ ᠡᠬᠦᠨ ᠳᠤ᠂ | ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠲᠡᠭᠡᠳᠦ ᠰᠣᠷᠭᠠᠭᠤᠯᠢ ᠶᠢ ᠰᠣᠷᠭᠠᠨ ᠬᠦᠮᠦᠵᠢᠯ ᠤᠨ | ᠲᠢᠩᠬᠢᠮ ᠠᠴᠠ ᠵᠣᠬᠢᠶᠠᠨ ᠪᠠᠶᠢᠭᠤᠯᠣᠨ ᠦᠨᠡᠯᠡᠨ ᠵᠢᠱᠢᠯᠲᠡ ᠬᠢᠵᠦ᠂ ᠠᠶᠢᠮᠠᠭ ᠬᠤᠲᠠ ᠳᠤ ᠬᠠᠷᠢᠶᠠᠯᠠᠭᠳᠠᠵᠣ ᠪᠦᠬᠦᠢ | ᠶᠡᠭᠡ ᠳᠡᠭᠡᠳᠦ ᠰᠣᠷᠭᠠᠭᠤᠯᠢ ᠶᠢ ᠠᠶᠢᠮᠠᠭ ᠬᠤᠲᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠣᠨ ᠦᠨᠡᠯᠡᠨ | ᠵᠢᠱᠢᠯᠲᠡ ᠬᠢᠨ᠎ᠡ᠃ | ᠲᠦᠷᠪᠡ᠂ ᠰᠣᠷᠭᠠᠭᠤᠯᠢ ᠶᠢᠨ ᠭᠠᠳᠠᠨᠠᠬᠢ ᠰᠣᠷᠭᠠᠨ ᠬᠦᠮᠦᠵᠢᠯ ᠤᠨ ᠪᠣᠯᠪᠠᠰᠣᠷᠠᠯ ᠤᠨ ᠪᠠᠶᠢᠭᠤᠯᠣᠮᠵᠢ ᠨᠢ | ᠲᠣᠬᠠᠢ ᠶᠢᠨ ᠭᠠᠵᠠᠷ ᠤᠨ ᠲᠣᠮᠳᠠᠳᠣ ᠪᠠᠭ᠎ᠠ ᠰᠣᠷᠭᠠᠭᠤᠯᠢ᠂ ᠬᠡᠦᠬᠡᠳ ᠤᠨ ᠴᠡᠴᠡᠷᠯᠢᠭ ᠪᠦᠬᠦᠨ ᠢᠶᠠᠷ ᠢᠶᠠᠨ | ᠰᠣᠷᠭᠠᠭᠤᠯᠢ ᠡᠬᠢᠯᠡᠬᠦ ᠠᠴᠠ ᠡᠮᠦᠨ᠎ᠡ᠂ ᠰᠦᠯᠵᠢᠶᠡᠨ ᠠᠴᠠ ᠭᠠᠳᠠᠨᠠᠬᠢ ᠪᠣᠯᠪᠠᠰᠣᠷᠠᠯ ᠵᠢᠴᠢ ᠦᠢᠯᠡᠴᠢᠯᠡᠭᠡ | ᠦᠷᠨᠢᠬᠦᠯᠵᠦ ᠪᠣᠯᠬᠤ ᠦᠬᠡᠢ᠃ | ᠡᠯ᠎ᠡ ᠭᠠᠵᠠᠷ ᠣᠷᠣᠨ ᠤ ᠡᠯ᠎ᠡ ᠰᠣᠷᠭᠠᠭᠤᠯᠢ ᠨᠤᠭᠤᠳ ᠰᠣᠷᠭᠠᠨ ᠬᠦᠮᠦᠵᠢᠯ ᠤᠨ ᠶᠠᠮᠣᠨ ᠤ ︽ᠬᠢᠵᠢᠭ ᠤᠨ | ᠪᠠᠶᠢᠳᠠᠯ ᠢ ᠪᠦᠳᠦᠮᠵᠢᠳᠡᠢ ᠡᠵᠡᠮᠳᠡᠬᠦ ᠠᠴᠠ ᠡᠮᠦᠨ᠎ᠡ ᠰᠣᠷᠭᠠᠭᠤᠯᠢ ᠡᠬᠢᠯᠡᠬᠦ ᠦᠬᠡᠢ᠂ ᠰᠣᠷᠭᠠᠭᠤᠯᠢ ᠶᠢᠨ ᠰᠡᠷᠬᠡᠶᠢᠯᠡᠨ | ᠡᠵᠡᠮᠳᠡᠬᠦ ᠦᠨᠳᠦᠰᠦᠨ ᠨᠦᠬᠦᠴᠡᠯ ᠪᠦᠷᠢᠯᠳᠦᠭᠰᠡᠨ ᠦᠬᠡᠢ ᠪᠣᠯ ᠰᠣᠷᠭᠠᠭᠤᠯᠢ ᠡᠬᠢᠯᠡᠬᠦ ᠦᠬᠡᠢ᠂ ᠪᠠᠭᠰᠢ ᠰᠣᠷᠣᠭᠴᠢ | ᠪᠠ ᠰᠣᠷᠭᠠᠭᠤᠯᠢ ᠶᠢᠨ ᠬᠦᠷᠢᠶᠡᠨ ᠤ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠣᠷ ᠲᠦᠪᠰᠢᠨ ᠢ ᠦᠨᠡᠨᠬᠦ | ᠪᠠᠳᠣᠯᠠᠵᠣ ᠲᠠᠶᠢᠯᠬᠦ ᠦᠬᠡᠢ ᠪᠣᠯ ᠰᠣᠷᠭᠠᠭᠤᠯᠢ ᠡᠬᠢᠯᠡᠬᠦ ᠦᠬᠡᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠦᠮᠯᠡᠨ᠂ | ᠬᠠᠷᠢᠶ᠎ᠠ ᠭᠠᠵᠠᠷ ᠲᠤᠨᠢ ᠬᠠᠮᠢᠶᠠᠷᠠᠭᠤᠯᠬᠤ ᠵᠠᠷᠴᠢᠮ ᠢ ᠪᠠᠷᠢᠮᠳᠠᠯᠠᠨ᠂ ᠰᠣᠷᠭᠠᠭᠤᠯᠢ ᠶᠢᠨ ᠰᠣᠷᠭᠠᠭᠤᠯᠢ ᠡᠬᠢᠯᠡᠵᠦ | ᠬᠢᠴᠢᠶᠡᠯᠯᠡᠬᠦ ᠪᠡᠯᠡᠳᠭᠡᠯ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠣᠨ ᠪᠠᠶᠢᠴᠠᠭᠠᠵᠣ ᠦᠨᠡᠯᠡᠨ ᠵᠢᠱᠢᠵᠦ᠂ ᠨᠦᠬᠦᠴᠡᠯ | ᠪᠦᠷᠢᠯᠳᠦᠬᠦᠯᠦᠭᠰᠡᠨ ᠪᠠᠶᠢᠪᠠᠯ ᠬᠤᠭᠤᠴᠠᠭ᠎ᠠ ᠪᠦᠯᠦᠭ ᠬᠤᠪᠢᠶᠠᠨ ᠡᠮᠬᠢ ᠵᠢᠷᠦᠮ ᠲᠠᠢ ᠪᠠᠷ ᠰᠣᠷᠭᠠᠭᠤᠯᠢ ᠡᠬᠢᠯᠡᠬᠦᠯᠵᠦ᠂ | ᠨᠦᠬᠦᠴᠡᠯ ᠪᠦᠷᠢᠯᠳᠦᠬᠦᠯᠦᠭᠰᠡᠨ ᠦᠬᠡᠢ ᠰᠣᠷᠭᠠᠭᠤᠯᠢ ᠶᠢᠨ ᠰᠣᠷᠭᠠᠭᠤᠯᠢ ᠡᠬᠢᠯᠡᠬᠦ ᠶᠢ ᠡᠷᠡᠰ ᠵᠦᠪᠰᠢᠶᠡᠷᠡᠵᠦ ᠪᠣᠯᠬᠤ | ᠦᠬᠡᠢ᠃ ᠡᠯ᠎ᠡ ᠱᠠᠳᠣᠨ ᠤ ᠡᠯ᠎ᠡ ᠲᠦᠷᠦᠯ ᠤᠨ ᠰᠣᠷᠭᠠᠭᠤᠯᠢ ᠶᠢᠨ ᠬᠢᠯᠢ ᠶᠢᠨ ᠭᠠᠳᠠᠨ᠎ᠠ ᠪᠠᠶᠢᠭ᠎ᠠ ᠪᠠᠭᠰᠢ | ᠰᠣᠷᠣᠭᠴᠢᠳ ᠴᠦᠮ ᠰᠣᠷᠭᠠᠭᠤᠯᠢ ᠳᠠᠭᠠᠨ ᠪᠣᠴᠠᠵᠣ ᠪᠣᠯᠬᠤ ᠦᠬᠡᠢ᠃ ᠬᠤᠪᠸᠢ ᠮᠣᠵᠢ ᠪᠣᠯᠣᠨ ᠣᠯᠣᠰ ᠤᠨ | ᠲᠣᠳᠣᠭᠠᠳᠣ ᠶᠢᠨ ᠲᠣᠮᠳᠠ᠂ ᠦᠨᠳᠦᠷ ᠲᠡᠰ ᠤᠨ ᠲᠦᠭᠰᠢᠬᠦᠷᠢ ᠲᠠᠢ ᠭᠠᠵᠠᠷ ᠠᠴᠠ ᠰᠣᠷᠭᠠᠭᠤᠯᠢ ᠳᠠᠭᠠᠨ ᠪᠣᠴᠠᠭᠰᠠᠨ | ᠪᠠᠭᠰᠢ ᠰᠣᠷᠣᠭᠴᠢᠳ ᠬᠠᠮᠢᠶ᠎ᠠ ᠪᠦᠬᠦᠢ ᠲᠣᠭᠳᠠᠭᠠᠯ ᠶᠣᠰᠣᠭᠠᠷ ᠲᠣᠰᠠᠭᠠᠷᠯᠠᠬᠤ ᠪᠠ ᠪᠦᠬᠡᠮ ᠬᠦᠴᠢᠯ ᠤᠨ | ᠪᠠᠶᠢᠴᠠᠭᠠᠯᠲᠠ ᠬᠢᠬᠦ ᠬᠡᠷᠡᠭᠳᠡᠢ᠃ ᠬᠢᠯᠢ ᠶᠢᠨ ᠪᠣᠭᠤᠮᠳᠠ ᠶᠢᠨ ᠬᠤᠲᠠ ᠪᠠᠯᠭᠠᠰᠣ ᠵᠢᠴᠢ ᠪᠣᠰᠣᠳ ᠬᠢᠯᠢ ᠶᠢᠨ | ᠭᠠᠳᠠᠨ᠎ᠠ ᠠᠴᠠ ᠡᠪᠡᠳᠴᠢᠨ ᠬᠠᠯᠳᠠᠪᠣᠷᠢᠯᠠᠬᠤ ᠲᠦᠭᠰᠢᠭᠦᠷᠢ ᠶᠡᠭᠡ ᠲᠠᠢ ᠭᠠᠵᠠᠷ ᠣᠷᠣᠨ ᠳᠤ ᠠᠶᠢᠮᠠᠭ ᠬᠤᠲᠠ ᠶᠢᠨ | ᠵᠠᠰᠠᠭ ᠤᠨ ᠣᠷᠳᠣᠨ ᠠᠴᠠ ᠰᠢᠨᠵᠢᠯᠡᠬᠦ ᠣᠬᠠᠭᠠᠨᠴᠢ ᠰᠣᠳᠣᠯᠣᠯᠲᠠ ᠮᠠᠭᠠᠳᠯᠠᠯᠲᠠ ᠬᠢᠵᠦ ᠪᠠᠶᠢᠭᠠᠳ ᠰᠣᠷᠭᠠᠭᠤᠯᠢ | ᠡᠬᠢᠯᠡᠬᠦ ᠴᠠᠭ ᠢ ᠲᠣᠭᠳᠠᠭᠠᠨ᠎ᠠ᠃ ︵ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ ᠶᠢᠨ ᠴᠡᠯᠮᠡᠭ ᠣᠷᠴᠢᠭᠤᠯᠪᠠ︶ | | |