ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ | ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠤᠬᠠᠢ ᠱᠠᠭᠠᠷᠳᠠᠯᠭ᠎ᠠ ᠶᠢ ᠦᠨᠳᠦᠰᠦᠯᠡᠨ᠂ ᠰᠤᠶᠤᠯ ᠪᠠ ᠵᠤᠭᠠᠴᠠᠯ ᠤᠨ | ᠶᠠᠮᠤᠨ ᠵᠢᠴᠢ ᠬᠤᠳᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠤᠯᠪᠤᠭᠳᠠᠯ | ᠪᠦᠬᠦᠢ ᠲᠤᠭᠳᠠᠭᠠᠯ ᠢ ᠵᠢᠷᠦᠮᠯᠡᠵᠦ᠂ ᠴᠦᠩᠭᠦᠯ ᠤᠨ ᠵᠤᠭᠠᠴᠠᠯ ᠤᠨ ᠦᠵᠡᠮᠵᠢ ᠶᠢᠨ ᠤᠷᠤᠨ 5 ᠰᠡᠷ᠎ᠡ ᠶᠢᠨ 1 ᠠᠴᠠ | ᠡᠬᠢᠯᠡᠨ ᠡᠮᠬᠢ ᠴᠡᠭᠴᠡ ᠲᠠᠢ ᠪᠠᠷ ᠡᠬᠦᠳᠡ ᠪᠠᠨ ᠨᠡᠬᠡᠬᠡᠬᠦ ᠪᠠᠷ ᠪᠤᠢ᠃ | ᠲᠡᠭᠡᠷ᠎ᠡ ᠱᠠᠳᠤᠨ ᠤ ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠵᠢᠭ ᠰᠡᠷᠬᠡᠶᠢᠯᠡᠬᠦ | ᠬᠤᠭᠤᠴᠠᠭᠠᠨ ᠳᠤ ᠴᠦᠩᠭᠦᠯ ᠤᠨ ᠦᠵᠡᠮᠵᠢ ᠶᠢᠨ ᠤᠷᠤᠨ ᠤ ᠪᠠᠯᠠᠷ ᠤᠢ᠂ ᠭᠤᠷᠪᠠᠨ ᠵᠠᠮ ᠤᠨ ᠠᠭᠤᠯᠵᠠᠷ᠂ | ᠴᠦᠩᠭᠦᠯ ᠨᠠᠭᠤᠷ ᠵᠡᠷᠭᠡ ᠦᠵᠡᠮᠵᠢ ᠶᠢᠨ ᠴᠡᠭ ᠪᠤᠯᠤᠨ ᠲᠦᠷᠦᠯ ᠵᠦᠢᠯ ᠢ ᠬᠡᠪ ᠤᠨ ᠶᠤᠰᠤᠭᠠᠷ ᠴᠢᠯᠦᠬᠡᠳᠡᠢ ᠪᠤᠯᠭᠠᠵᠤ | ᠂ ᠮᠦᠽᠸᠢ ᠵᠡᠷᠭᠡ ᠭᠡᠷ ᠲᠤᠳᠤᠷᠡᠬᠢ ᠵᠤᠭᠠᠴᠠᠯ ᠤᠨ ᠲᠦᠷᠦᠯ ᠵᠦᠢᠯ ᠳᠤ ᠬᠦᠮᠦᠨ ᠤ ᠲᠤᠭ᠎ᠠ ᠶᠢ ᠬᠢᠵᠠᠭᠠᠷᠯᠠᠵᠤ᠂ | ᠠᠳᠠᠯᠢ ᠴᠠᠭ ᠲᠤ ᠬᠦᠯᠢᠶᠡᠨ ᠠᠪᠬᠤ ᠵᠤᠭᠠᠴᠠᠭᠰᠡᠳ ᠤᠨ ᠲᠤᠭ᠎ᠠ ᠶᠢ ᠶᠡᠷᠦ ᠶᠢᠨ ᠦᠶ᠎ᠡ ᠶᠢᠨ 30% ᠶᠢ | ᠲᠠᠪᠠᠭᠤᠯᠬᠤ ᠦᠭᠡᠢ ᠶᠢ ᠪᠠᠳᠤᠯᠠᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠲᠦᠭᠰᠢᠬᠦᠷᠢ ᠪᠠᠭ᠎ᠠ ᠭᠠᠵᠠᠷ | ᠤᠷᠤᠨ ᠤ ᠵᠤᠭᠠᠴᠠᠭᠰᠡᠳ ᠲᠤ ︽ᠪᠡᠶ᠎ᠡ ᠶᠢᠨ ᠬᠠᠯᠠᠭᠤᠨ ᠢ ᠬᠡᠮᠵᠢᠵᠦ᠂ ᠲᠡᠮᠳᠡᠭᠯᠡᠨ ᠲᠠᠩᠰᠠᠯᠠᠬᠤ︾ ᠲᠦᠷᠢᠮ ᠢ | ᠬᠡᠷᠡᠭᠵᠢᠬᠦᠯᠵᠦ᠂ ᠬᠠᠷᠢ ᠤᠯᠤᠰ ᠲᠤ ᠵᠤᠭᠠᠴᠠᠨ ᠰᠠᠭᠤᠵᠦ ᠦᠩᠭᠡᠷᠡᠭᠰᠡᠨ ᠵᠤᠭᠠᠴᠠᠭᠰᠡᠳ ᠪᠤᠯᠤᠨ ᠬᠠᠷᠢ ᠶᠢᠨ | ᠵᠤᠭᠠᠴᠠᠭᠰᠡᠳ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠨᠠᠭᠠᠬᠤ ᠤᠬᠠᠭᠠᠨ ᠤ ᠠᠵᠢᠭᠯᠠᠯᠳᠡ ᠬᠢᠭᠰᠡᠨ | ᠬᠡᠷᠡᠴᠢ᠂ ᠡᠷᠡᠬᠦᠯ ᠮᠡᠨᠳᠦ ᠶᠢᠨ ᠬᠡᠷᠡᠴᠢ ᠶᠢ ᠦᠵᠡᠵᠦ᠂ ᠪᠡᠶ᠎ᠡ ᠶᠢᠨ ᠬᠠᠯᠠᠭᠤᠨ ᠢ ᠬᠡᠮᠵᠢᠨ᠂ ᠰᠤᠷᠠᠭ ᠵᠠᠩᠭᠢ ᠶᠢ ᠨᠢ | ᠲᠡᠩᠰᠡᠯᠡᠨ ᠲᠡᠮᠳᠡᠭᠯᠡᠬᠦ ᠪᠤᠯᠤᠨ᠎ᠠ᠃ ᠵᠤᠭᠠᠴᠠᠭᠰᠡᠳ ᠤᠨ ᠠᠮᠦᠷ ᠲᠦᠪᠰᠢᠨ ᠢ ᠪᠠᠳᠤᠯᠠᠬᠤ ᠶᠢᠨ ᠲᠤᠰᠠᠳᠠ ᠬᠢᠵᠢᠭ | ᠰᠡᠷᠬᠡᠶᠢᠯᠡᠬᠦ ᠬᠤᠭᠤᠴᠠᠭᠠᠨ ᠳᠤ ᠦᠵᠡᠮᠵᠢ ᠶᠢᠨ ᠤᠷᠤᠨ ᠤ ᠬᠦᠮᠦᠨ ᠤ ᠲᠤᠭ᠎ᠠ ᠶᠢ ᠬᠢᠵᠠᠭᠠᠷᠯᠠᠵᠤ᠂ ᠬᠤᠭᠤᠴᠠᠭ᠎ᠠ | ᠪᠦᠯᠦᠭ ᠬᠤᠪᠢᠶᠠᠨ᠂ ᠲᠤᠰᠠᠭᠠᠷᠯᠠᠬᠤ ᠮᠠᠶ᠋ᠢᠭ ᠢᠶᠠᠷ ᠵᠤᠭᠠᠴᠠᠭᠤᠯᠬᠤ ᠠᠷᠭ᠎ᠠ ᠠᠪᠴᠦ᠂ 30 ᠬᠦᠮᠦᠨ ᠢ ᠲᠠᠪᠠᠭ᠋ᠤ | ᠵᠤᠭᠠᠴᠠᠯ ᠤᠨ ᠪᠦᠯᠬᠦᠮ ᠳᠤ ᠬᠤᠭᠤᠴᠠᠭ᠎ᠠ ᠪᠦᠯᠦᠭ ᠬᠤᠪᠢᠶᠠᠬᠤ᠂ ᠲᠤᠰᠠᠭᠠᠷᠯᠠᠬᠤ ᠮᠠᠶ᠋ᠢᠭ ᠤᠨ᠂ ᠤᠷᠢᠳᠴᠢᠯᠡᠨ | ᠪᠤᠯᠵᠤᠬᠤ ᠬᠡᠯᠪᠡᠷᠢ ᠶᠢᠨ ᠬᠠᠮᠢᠶᠠᠷᠤᠯᠳᠡ ᠬᠡᠷᠡᠭᠵᠢᠬᠦᠯᠦᠨ᠎ᠡ᠃ ᠡᠬᠦᠨ ᠤ ᠬᠠᠮᠳᠤ ᠴᠦᠩᠭᠦᠯ ᠤᠨ ᠵᠤᠭᠠᠴᠠᠯ ᠤᠨ | ᠦᠵᠡᠮᠵᠢ ᠶᠢᠨ ᠤᠷᠤᠨ ᠪᠠᠰᠠ᠂ ᠪᠦᠬᠦ ᠤᠯᠤᠰ ᠤᠨ ᠡᠮ ᠡᠮᠨᠡᠯᠬᠡ ᠶᠢᠨ ᠠᠵᠢᠯᠳᠡᠨ ᠳᠤ ᠬᠠᠷᠠᠭᠠᠯᠵᠠᠯᠠᠯ ᠤᠨ | ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠪᠡᠶ᠎ᠡ ᠶᠢᠨ ᠦᠨᠡᠮᠯᠡᠯ ᠪᠤᠯᠤᠨ ᠡᠮ ᠡᠮᠨᠡᠯᠬᠡ ᠶᠢᠨ ᠠᠵᠢᠯ ᠡᠷᠬᠢᠯᠡᠬᠦ | ᠬᠦᠴᠦᠨ ᠲᠠᠢ ᠬᠡᠷᠡᠴᠢ ᠲᠠᠢ ᠡᠮ ᠡᠮᠨᠡᠯᠬᠡ ᠶᠢᠨ ᠠᠵᠢᠯᠳᠡᠨ ᠢ 5 ᠰᠡᠷ᠎ᠡ ᠶᠢᠨ 1 ᠠᠴᠠ 10 ᠰᠡᠷ᠎ᠡ ᠶᠢᠨ 15 | ᠪᠤᠯᠳᠡᠯ᠎ᠡ᠂ ᠰᠦᠢᠳᠭᠡᠯ ᠠᠪᠬᠤ ᠦᠭᠡᠢ ᠪᠠᠷ ᠵᠤᠭᠠᠴᠠᠨ ᠲᠤᠭᠤᠷᠢᠭᠤᠯᠬᠤ ᠪᠤᠯᠤᠨ᠎ᠠ᠃ | ᠴᠦᠩᠭᠦᠯ ᠤᠨ ᠵᠤᠭᠠᠴᠠᠯ ᠤᠨ ᠦᠵᠡᠮᠵᠢ ᠶᠢᠨ ᠤᠷᠤᠨ ᠤᠷᠴᠢᠨ ᠲᠤᠭᠤᠷᠢᠨ ᠤ ᠡᠷᠡᠬᠦᠯ ᠢ ᠬᠠᠮᠠᠭᠠᠯᠠᠵᠤ᠂ | ᠠᠷᠢᠭᠤᠳᠬᠠᠬᠤ ᠲᠦᠷᠢᠮ ᠢ ᠬᠡᠷᠡᠭᠵᠢᠬᠦᠯᠦᠨ᠂ ᠦᠵᠡᠮᠵᠢ ᠶᠢᠨ ᠤᠷᠤᠨ ᠤ ᠪᠧᠯᠧᠲ ᠬᠤᠳᠠᠯᠳᠤᠬᠤ ᠭᠠᠵᠠᠷ᠂ ᠤᠷᠤᠬᠤ | ᠡᠬᠦᠳᠡ᠂ ᠵᠤᠭᠠᠴᠠᠭᠰᠡᠳ ᠤᠨ ᠦᠢᠯᠡᠴᠢᠯᠡᠭᠡᠨ ᠤ ᠲᠦᠪ᠂ ᠵᠤᠷᠯᠤᠩ᠂ ᠠᠮᠠᠷᠠᠬᠤ ᠭᠡᠷ᠂ ᠵᠤᠭᠠᠴᠠᠯ ᠤᠨ ᠲᠡᠷᠭᠡ ᠵᠡᠷᠭᠡ | ᠤᠯᠠᠨ ᠨᠡᠶᠢᠳᠡ ᠶᠢᠨ ᠤᠷᠤᠨ ᠲᠤᠭᠤᠷᠢᠭ ᠪᠤᠯᠤᠨ ᠰᠠᠭᠤᠷᠢ ᠲᠦᠬᠦᠭᠡᠷᠦᠮᠵᠢ ᠶᠢ ᠲᠤᠭᠳᠠᠮᠠᠯ ᠬᠤᠭᠤᠴᠠᠭ᠎ᠠ ᠲᠠᠢ | ᠠᠷᠢᠭᠤᠳᠬᠠᠵᠤ᠂ ᠦᠷᠭᠡᠨ ᠤᠯᠠᠨ ᠵᠤᠭᠠᠴᠠᠭᠰᠡᠳ ᠲᠤ ᠠᠷᠢᠭᠤᠨ ᠴᠡᠪᠡᠷ᠂ ᠠᠮᠦᠷ ᠲᠦᠪᠰᠢᠨ ᠵᠤᠭᠠᠴᠠᠯ ᠤᠨ | ᠤᠷᠴᠢᠨ ᠬᠠᠩᠭᠠᠬᠤ ᠪᠤᠯᠤᠨ᠎ᠠ᠃ | | | | | | |