ᠰᠤᠷᠭᠠᠨ ᠬᠥᠮᠦᠵᠢᠯ ᠤᠨ ᠶᠠᠮᠤᠨ᠄ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠢᠶᠠᠨ ᠰᠡᠷᠭᠦᠭᠡᠭᠰᠡᠨ ᠤ ᠳᠠᠷᠠᠭ᠎ᠠ ᠠᠬᠢᠴᠠ ᠨᠢ ᠪᠠᠭᠲᠠᠭᠠᠮᠵᠢ ᠠᠴᠠ ᠳᠠᠪᠠᠭ᠋ᠤ ᠶᠢ ᠰᠡᠷᠭᠡᠶᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2020/5/20
     ᠠᠷᠠᠳ ᠤᠨ ᠰᠦᠯᠵᠢᠶᠡᠨ ᠤ ᠪᠡᠭᠡᠵᠢᠩ ᠤᠨ 5 ᠰᠠᠷ᠎ᠠ ᠶᠢᠨ 14 ᠤ ᠮᠡᠳᠡᠭᠡ ︵ᠯᠢ ᠢ ᠬᠤᠸᠠᠨ︶ ᠣᠶᠢᠷ᠎ᠠ ᠳᠤ᠂ ᠪᠥᠬᠦ ᠤᠯᠤᠰ ᠤᠨ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠬᠤᠶᠢᠨ᠎ᠠ ᠬᠤᠶᠢᠨ᠎ᠠ ᠠᠴᠠ ᠪᠠᠨ ᠬᠢᠴᠢᠶᠡᠯ ᠢᠶᠠᠨ ᠰᠡᠷᠭᠦᠭᠡᠪᠡ᠃ ᠬᠡᠰᠡᠭ ᠬᠤᠭᠤᠴᠠᠭᠠᠨ ᠤ ︽ᠡᠭᠦᠯᠡᠨ ᠬᠢᠴᠢᠶᠡᠯ ᠤᠨ ᠲᠠᠩᠬᠢᠮ︾ ᠳᠤ ᠰᠤᠷᠤᠯᠴᠠᠬᠤ ᠶᠢ ᠥᠩᠭᠡᠷᠡᠭᠦᠯᠦᠭᠰᠡᠨ ᠤ ᠳᠠᠷᠠᠭ᠎ᠠ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢ ᠬᠡᠷᠬᠢᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠲᠠᠢ ᠪᠦᠲᠦᠮᠵᠢᠲᠡᠢ ᠵᠣᠯᠭᠠᠭᠤᠯᠬᠤ ᠪᠣᠶ︖ 14 ᠳᠤ ᠶᠠᠪᠤᠭᠳᠠᠭᠰᠠᠨ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠯᠢᠦᠶ ᠢᠦᠶ ᠭᠠᠩ ᠬᠡᠯᠡᠬᠦ ᠳᠡᠭᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠪᠤᠶᠢᠵᠢᠯᠲᠠ ᠶᠢᠨ ᠠᠳᠠᠯᠢ ᠪᠤᠰᠤ ᠱᠠᠲᠤ ᠦᠶ᠎ᠡ ᠳᠤ ᠂ ᠭᠡᠷ ᠲᠡᠭᠡᠨ ᠰᠤᠷᠤᠯᠴᠠᠬᠤ ᠦᠷ᠎ᠡ ᠪᠦᠲᠦᠮᠵᠢ ᠨᠢ ᠴᠦ ᠠᠳᠠᠯᠢ ᠪᠤᠰᠤ ᠪᠠᠶᠢᠳᠠᠭ ᠢ ᠪᠣᠳᠣᠯᠬᠢᠯᠠᠨ᠂ ᠰᠤᠷᠭᠠᠭᠤᠯᠢ ᠳᠠᠭᠠᠨ ᠪᠤᠴᠠᠭᠰᠠᠨ ᠤ ᠳᠠᠷᠠᠭᠠᠬᠢ ᠵᠣᠯᠭᠠᠭᠤᠯᠬᠤ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ ᠭᠡᠵᠡᠢ᠃      ᠯᠢᠦᠶ ᠢᠦᠶ ᠭᠠᠩ ᠳᠣᠣᠷᠠᠬᠢ ᠲᠠᠪᠤᠨ ᠲᠠᠯ᠎ᠠ ᠶᠢ ᠣᠨᠴᠠᠭᠠᠶᠢᠯᠠᠨ ᠠᠩᠬᠠᠷᠬᠤ ᠴᠢᠬᠤᠯᠠ ᠲᠠᠢ ᠬᠡᠮᠡᠨ ᠴᠢᠬᠤᠯᠠᠴᠢᠯᠠᠭᠰᠠᠨ ᠪᠠᠶᠢᠨ᠎ᠠ᠄      ᠨᠢᠭᠡᠳᠦᠭᠡᠷ ᠲᠤ᠂ ᠰᠡᠳᠬᠢᠴᠡ ᠶᠢᠨ ᠲᠠᠯ᠎ᠠ ᠪᠠᠷ ᠰᠠᠶᠢᠲᠤᠷ ᠬᠥᠲᠥᠯᠥᠨ ᠵᠢᠯᠣᠭᠤᠳᠬᠤ ᠬᠡᠷᠡᠭᠲᠡᠶ᠃ ᠰᠤᠷᠤᠭᠴᠢ ᠨᠢᠭᠡᠪᠦᠷᠢ ᠶᠢᠨ ᠦᠵᠡᠯ ᠰᠠᠨᠠᠭ᠎ᠠ ᠰᠡᠳᠬᠢᠴᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠣᠷᠣᠭᠴᠢ ᠨᠢᠭᠡᠪᠦᠷᠢ ᠶᠢ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠭᠦᠭᠡᠭᠰᠡᠨ ᠤ ᠳᠠᠷᠠᠭᠠᠬᠢ ᠰᠤᠷᠤᠯᠴᠠᠯᠭ᠎ᠠ ᠳᠤ ᠴᠤᠭ ᠪᠠᠳᠠᠷᠠᠩᠭᠤᠢ ᠣᠷᠣᠯᠴᠠᠭᠤᠯᠬᠤ ᠨᠢ ᠲᠦᠢᠯ ᠤᠨ ᠴᠢᠬᠤᠯᠠ ᠶᠤᠮ᠃ ᠡᠭᠦᠨ ᠤ ᠲᠤᠯᠠᠳᠠ ᠰᠤᠷᠭᠠᠨ ᠬᠥᠮᠦᠵᠢᠯ ᠤᠨ ᠶᠠᠮᠤᠨ ᠡᠭᠦᠨ ᠠᠴᠠ ᠡᠮᠦᠨ᠎ᠡ ᠲᠤᠰᠬᠠᠶᠢᠯᠠᠨ ᠬᠤᠯᠪᠣᠭᠳᠠᠯ ᠪᠥᠬᠦᠶ ᠮᠡᠳᠡᠭᠳᠡᠯ ᠨᠡᠶᠢᠲᠡᠯᠡᠵᠦ᠂ ᠰᠤᠷᠭᠠᠭᠤᠯᠢ ᠳᠠᠭᠠᠨ ᠪᠤᠴᠠᠭᠰᠠᠨ ᠰᠤᠷᠤᠭᠴᠢᠳ ᠤᠨ ᠰᠡᠳᠬᠢᠴᠡ ᠶᠢᠨ ᠵᠢᠯᠣᠭᠤᠳᠤᠮᠵᠢ ᠶᠢᠨ ᠠᠵᠢᠯ᠂ ᠦᠵᠡᠯ ᠰᠠᠨᠠᠭᠠᠨ ᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃      ᠬᠤᠶᠠᠳᠤᠭᠠᠷ ᠲᠤ᠂ ᠰᠤᠷᠤᠯᠭ᠎ᠠ ᠪᠠᠨ ᠰᠡᠷᠭᠦᠭᠡᠭᠰᠡᠨ ᠤ ᠳᠠᠷᠠᠭᠠᠬᠢ ᠨᠢᠭᠡᠳᠦᠭᠡᠷ ᠬᠢᠴᠢᠶᠡᠯ ᠢ ᠰᠠᠶᠢᠲᠤᠷ ᠣᠷᠣᠨ᠎ᠠ ᠃ ᠰᠤᠷᠭᠠᠨ ᠬᠥᠮᠦᠵᠢᠯ ᠤᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ᠂ ᠬᠢᠵᠢᠭ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠬᠢᠵᠢᠭ ᠲᠠᠢ ᠲᠡᠮᠡᠴᠡᠬᠦ ᠰᠠᠨᠠᠭ᠎ᠠ ᠶᠢ ᠪᠠᠳᠠᠷᠠᠭᠤᠯᠬᠤ ᠪᠠᠷ ᠭᠤᠤᠯ ᠰᠡᠳᠦᠪ ᠪᠣᠯᠭᠠᠨ᠂ ᠰᠤᠷᠤᠯᠭ᠎ᠠ ᠰᠡᠷᠭᠦᠭᠡᠬᠦ ᠨᠢᠭᠡᠳᠦᠭᠡᠷ ᠬᠢᠴᠢᠶᠡᠯ ᠤᠨ ᠬᠥᠮᠦᠵᠢᠯ ᠢ ᠲᠥᠪᠯᠡᠷᠡᠭᠦᠯᠦᠨ ᠥᠷᠨᠢᠭᠦᠯᠦᠨ᠎ᠡ᠃ ᠰᠤᠷᠤᠭᠴᠢᠳ ᠤᠨ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢ ᠨᠠᠷ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠠᠷᠠᠳ ᠲᠦᠮᠡᠨ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠴᠢᠩᠭᠠᠳᠬᠠᠵᠤ᠂ ᠡᠨᠡ ᠤᠳᠠᠭᠠᠨ ᠤ ︽ᠬᠢᠵᠢᠭ︾ ᠲᠠᠢ ᠲᠡᠮᠡᠴᠡᠬᠦ ︽ᠲᠣᠮᠣ ᠵᠢᠭᠠᠬᠤ ᠮᠠᠲ᠋ᠧᠷᠢᠶᠠᠯ︾ ᠢ ᠰᠠᠶᠢᠲᠤᠷ ᠬᠡᠷᠡᠭᠯᠡᠵᠦ᠂ ᠰᠤᠷᠤᠭᠴᠢᠳ ᠤᠨ ᠦᠵᠡᠯ ᠰᠠᠨᠠᠭ᠎ᠠ ᠵᠠᠩ ᠮᠣᠷᠠᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠶ ᠭᠡᠵᠦ     ᠴᠢᠬᠤᠯᠠᠴᠢᠯᠠᠪᠠ᠃      ᠭᠤᠷᠪᠠᠳᠤᠭᠠᠷ ᠲᠤ᠂ ᠰᠤᠷᠤᠯᠭ᠎ᠠ ᠶᠢᠨ ᠪᠠᠶᠢᠳᠠᠯ ᠢ ᠨᠠᠷᠢᠨ ᠨᠢᠮᠪᠠᠶ᠂ ᠨᠠᠷᠢᠯᠢᠭ ᠣᠨᠣᠴᠠᠲᠠᠶ ᠪᠠᠷ ᠵᠠᠳᠠᠯᠬᠤ ᠬᠡᠷᠡᠭᠲᠡᠢ᠃ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠬᠢᠴᠢᠶᠡᠯ ᠢᠶᠠᠨ ᠰᠡᠷᠭᠦᠭᠡᠬᠦ ᠠᠴᠠ ᠡᠮᠦᠨᠡᠬᠢ ᠰᠤᠷᠤᠭᠴᠢᠳ ᠤᠨ ᠭᠡᠷ ᠲᠡᠭᠡᠨ ᠰᠤᠷᠤᠯᠴᠠᠭᠰᠠᠨ ᠪᠠᠶᠢᠳᠠᠯ ᠢ ᠨᠢᠭᠡᠳ ᠨᠢᠭᠡ ᠪᠠᠷ ᠣᠶᠢᠯᠠᠭᠠᠵᠤ᠂ ᠣᠨᠣᠰᠢᠯᠠᠵᠤ᠂ ᠠᠳᠠᠯᠢ ᠪᠤᠰᠤ ᠣᠨ᠂ ᠠᠳᠠᠯᠢ ᠪᠤᠰᠤ ᠠᠩᠭᠢ᠂ ᠠᠳᠠᠯᠢ ᠪᠤᠰᠤ ᠰᠢᠨᠵᠢᠯᠡᠭᠡᠨ ᠤ ᠰᠠᠯᠠᠭ᠎ᠠ ᠶᠢᠨ ᠪᠠᠶᠢᠳᠠᠯ ᠢ ᠢᠯᠭᠠᠨ᠂ ᠮᠡᠳᠡᠯᠭᠡ ᠶᠢ ᠬᠢᠷᠢ ᠵᠡᠷᠭᠡ ᠡᠵᠡᠮᠰᠢᠭᠰᠡᠨ ᠵᠡᠷᠭᠡ ᠶᠢ ᠪᠠᠭᠲᠠᠭᠠᠭᠰᠠᠨ ᠰᠤᠷᠤᠭᠴᠢ ᠨᠢᠭᠡᠪᠦᠷᠢ ᠶᠢᠨ ᠪᠣᠳᠠᠲᠠᠢ ᠰᠤᠷᠤᠯᠴᠠᠯᠭ᠎ᠠ ᠶᠢᠨ ᠪᠠᠶᠢᠳᠠᠯ ᠢ ᠣᠨᠣᠪᠴᠢᠲᠠᠢ ᠡᠵᠡᠮᠰᠢᠬᠦ ᠬᠡᠷᠡᠭᠲᠡᠢ᠃ ᠡᠨᠡ ᠪᠣᠯ ᠮᠥᠨ ᠴᠦ ᠲᠠᠷᠠᠭᠠᠴᠢ ᠶᠢᠨ ᠠᠯᠬᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠰᠠᠭᠤᠷᠢ ᠮᠥᠨ᠃      ᠳᠥᠷᠪᠡᠳᠦᠭᠡᠷ ᠲᠤ᠂ ᠵᠢᠭᠠᠨ ᠰᠤᠷᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠲᠣᠭᠲᠠᠭᠠᠵᠤ᠂ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠴᠠᠭ ᠢ ᠵᠠᠪᠳᠤᠬᠤ᠂ ᠠᠬᠢᠴᠠ ᠶᠢ ᠲᠦᠷᠭᠡᠳᠬᠡᠬᠦ᠂ ᠪᠠᠭᠲᠠᠭᠠᠮᠵᠢ ᠶᠢ ᠳᠠᠪᠠᠭᠤᠯᠬᠤ ᠵᠡᠷᠭᠡ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠵᠠᠷᠢᠮ ᠠᠷᠭ᠎ᠠ ᠬᠢᠳᠡᠯ ᠢ ᠡᠷᠡᠰ ᠰᠡᠷᠭᠡᠶᠢᠯᠡᠵᠦ᠂ ᠰᠤᠷᠤᠭᠴᠢᠳ ᠲᠤ ᠬᠡᠲᠦᠷᠬᠡᠢ ᠬᠦᠨᠳᠦ ᠰᠡᠳᠬᠢᠯ ᠤᠨ ᠳᠠᠷᠤᠭᠠᠰᠤ ᠪᠠ ᠰᠤᠷᠤᠯᠭ᠎ᠠ ᠶᠢᠨ ᠳᠠᠷᠤᠭᠠᠰᠤ ᠥᠭᠴᠦ ᠪᠣᠯᠬᠤ ᠦᠭᠡᠢ᠂ ᠡᠭᠦᠨ ᠢ ᠣᠨᠴᠠᠭᠠᠶᠢᠯᠠᠨ ᠬᠢᠴᠢᠶᠡᠬᠦ ᠬᠡᠷᠡᠭᠲᠡᠢ᠃ ᠡᠮᠦᠨᠡᠬᠢ ᠱᠠᠲᠤᠨ ᠳᠤ ᠰᠢᠨ᠎ᠡ ᠬᠢᠴᠢᠶᠡᠯ ᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠦᠭᠰᠡᠨ ᠦᠭᠡᠢ ᠪᠣᠯ ᠳᠠᠩ ᠠᠴᠠ ᠡᠬᠢᠯᠡᠬᠦ ᠵᠢᠭᠠᠨ ᠰᠤᠷᠭᠠᠯᠲᠠ ᠶᠢ ᠬᠡᠷᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ︔ ᠨᠢᠭᠡᠨᠲᠡ ᠰᠢᠨ᠎ᠡ ᠬᠢᠴᠢᠶᠡᠯ ᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠥᠷᠨᠢᠭᠦᠯᠦᠭᠰᠡᠨ ᠪᠠᠶᠢᠪᠠᠯ᠂ ᠨᠠᠷᠢᠨ ᠬᠢᠨᠠᠮᠠᠭᠠᠶ ᠳᠠᠪᠲᠠᠯᠭ᠎ᠠ ᠬᠢᠵᠦ᠂ ᠰᠤᠷᠤᠭᠴᠢ ᠨᠢᠭᠡᠪᠦᠷᠢ ᠶᠢᠨ ᠰᠣᠷᠣᠭᠰᠠᠨ ᠮᠡᠳᠡᠯᠭᠡ ᠶᠢ ᠰᠠᠶᠢᠨ ᠡᠵᠡᠮᠰᠢᠬᠦ ᠶᠢ ᠪᠠᠲᠤᠯᠠᠭᠰᠠᠨ ᠰᠠᠭᠤᠷᠢᠨ ᠳᠡᠭᠡᠷ᠎ᠡ ᠳᠠᠬᠢᠨ ᠰᠢᠨ᠎ᠡ ᠬᠢᠴᠢᠶᠡᠯ ᠤᠨ ᠰᠤᠷᠤᠯᠴᠠᠯᠭ᠎ᠠ ᠬᠢᠨ᠎ᠡ᠃ ᠣᠳᠣᠬᠠᠨ ᠤ ᠱᠠᠲᠤᠨ ᠳᠤ᠂ ᠵᠠᠷᠢᠮ ᠰᠤᠷᠤᠭᠴᠢᠳ ᠪᠠᠰᠠ ᠭᠡᠷ ᠲᠡᠭᠡᠨ ᠰᠤᠷᠤᠯᠴᠠᠵᠤ ᠪᠠᠶᠢᠬᠤ ᠮᠠᠭᠠᠳ᠂ ᠵᠠᠷᠢᠮ ᠰᠤᠷᠭᠠᠭᠤᠯᠢ ᠨᠢᠭᠡᠨᠲᠡ ᠰᠤᠷᠭᠠᠭᠤᠯᠢ ᠡᠬᠢᠯᠡᠭᠰᠡᠨ ᠪᠣᠯᠬᠤᠷ ᠭᠡᠷ ᠲᠡᠭᠡᠨ ᠰᠤᠷᠤᠯᠴᠠᠵᠤ ᠪᠠᠶᠢᠭ᠎ᠠ ᠬᠥᠮᠦᠰ ᠲᠤ ᠮᠥᠨ ᠯᠡ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠵᠢᠯᠣᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃      ᠲᠠᠪᠤᠳᠤᠭᠠᠷ ᠲᠤ᠂ ᠣᠨᠴᠠᠭᠠᠶ ᠰᠤᠷᠤᠭᠴᠢᠳ ᠤᠨ ᠬᠠᠮᠲᠤᠯᠢᠭ ᠢ ᠨᠡᠩ ᠢᠯᠡᠭᠦᠤ ᠠᠩᠬᠠᠷᠤᠨ ᠬᠠᠯᠠᠮᠵᠢᠯᠠᠬᠤ ᠬᠡᠷᠡᠭᠲᠡᠶ᠃ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠬᠥᠮᠦᠰ ᠤᠨ ᠦᠷ᠎ᠡ ᠬᠡᠤᠬᠡᠳ᠂ ᠳᠠᠭᠠᠵᠤ ᠨᠡᠭᠦᠭᠰᠡᠨ ᠦᠷ᠎ᠡ ᠬᠡᠤᠬᠡᠳ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠵᠢᠴᠢ ᠰᠤᠷᠤᠯᠭ᠎ᠠ ᠳᠤ ᠬᠦᠴᠢᠷᠲᠡᠶ ᠰᠤᠷᠤᠭᠴᠢᠳ ᠤᠨ ᠰᠤᠷᠤᠯᠭ᠎ᠠ ᠶᠢᠨ ᠵᠢᠯᠤᠭᠤᠳᠤᠯᠭ᠎ᠠ ᠪᠠ ᠬᠠᠯᠠᠮᠵᠢᠯᠠᠨ ᠲᠡᠳᠬᠦᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠢ ᠭᠦᠢᠴᠡᠳ ᠠᠰᠢᠭᠯᠠᠵᠤ᠂ ᠲᠤᠰᠬᠠᠶ ᠬᠠᠪᠰᠤᠷᠤᠨ ᠵᠢᠯᠣᠭᠤᠳᠬᠤ ᠶᠢ ᠴᠢᠩᠭᠠᠳᠬᠠᠵᠤ᠂ ᠶᠠᠮᠠᠷᠪᠠ ᠨᠢᠭᠡ ᠰᠤᠷᠤᠭᠴᠢ ᠶᠢ ᠡᠩᠨᠡᠭᠡ ᠠᠴᠠ ᠨᠢ ᠬᠤᠴᠣᠷᠤᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠯᠢᠦᠶ ᠢᠦᠶ ᠭᠠᠩ ᠢᠯᠡᠷᠬᠡᠶᠢᠯᠡᠬᠦ ᠳᠡᠭᠡᠨ᠂ ᠰᠤᠷᠭᠠᠭᠤᠯᠢ ᠵᠢᠭᠠᠨ ᠰᠤᠷᠭᠠᠯᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠡᠨᠡ ᠲᠠᠪᠤᠨ ᠲᠠᠯ᠎ᠠ ᠪᠠᠷ ᠪᠦᠬᠦ ᠲᠠᠯ᠎ᠠ ᠪᠠᠷ ᠪᠣᠳᠣᠯᠬᠢᠯᠠᠵᠤ᠂ ᠨᠠᠷᠢᠨ ᠨᠢᠭᠲᠠ ᠵᠢᠷᠤᠭᠯᠠᠨ ᠲᠣᠬᠢᠷᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠪᠠᠲᠤᠯᠠᠵᠤ᠂ ᠰᠤᠷᠤᠭᠴᠢᠳ ᠢ ᠰᠤᠷᠭᠠᠭᠤᠯᠢ ᠳᠠᠭᠠᠨ ᠪᠤᠴᠠᠵᠤ ᠬᠢᠴᠢᠶᠡᠯ ᠰᠡᠷᠭᠦᠭᠡᠭᠰᠡᠨ ᠤ ᠳᠠᠷᠠᠭᠠᠬᠢ ᠰᠤᠷᠤᠯᠴᠠᠯᠭ᠎ᠠ ᠠᠮᠢᠳᠤᠷᠠᠯ ᠢ ᠰᠠᠶᠢᠨ ᠵᠣᠬᠢᠴᠠᠭᠤᠯᠬᠤ ᠬᠡᠷᠡᠭᠲᠡᠢ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号