ᠬᠡᠷ ᠤᠨ ᠠᠬᠠᠮᠠᠳ ᠡ ᠨᠠᠭᠠᠲᠦᠬᠢ ᠭᠠᠷ ᠤᠲᠠᠰᠤ ᠪᠠᠨ ᠵᠤᠬᠢᠰᠲᠡᠢ ᠬᠡᠷᠡᠭᠯᠡᠬᠦ ᠶᠤᠮ ᠰᠢᠦ
ᠨᠡᠶᠢᠲᠡᠯᠡᠭᠰᠡᠨ ᠴᠠᠭ᠄
2020/5/6
     ᠮᠡᠷᠭᠡᠵᠢᠯ ᠤᠨ ᠬᠤᠪᠢᠰᠬᠠᠯ ᠤᠨ ᠴᠠᠭ ᠦᠶ᠎ᠠ ᠬᠦᠷᠴᠤ ᠢᠷᠡᠬᠦ ᠶᠢ ᠲᠠᠭᠠᠯᠳᠤᠨ ᠬᠦᠭᠰᠢᠨ ᠵᠠᠯᠠᠭᠤ᠂ ᠬᠡᠤᠬᠡᠳ ᠪᠠᠭᠠᠴᠤᠳ ᠭᠡᠰᠡᠨ ᠦᠬᠡᠢ ᠪᠦᠷ ᠭᠠᠷ ᠤᠲᠠᠰᠤ ᠬᠡᠷᠡᠭᠯᠡᠬᠦ ᠪᠤᠯᠵᠠᠢ᠃ ᠭᠠᠷ ᠤᠲᠠᠰᠤ ᠨᠢ ᠡᠯᠪᠡᠭ ᠪᠠᠶᠠᠯᠢᠭ ᠮᠡᠳᠡᠭᠡ ᠵᠠᠩᠬᠢ᠂ ᠡᠯᠳᠡᠪ ᠲᠦᠷᠦᠯ ᠤᠨ ᠲᠤᠭᠯᠠᠭᠠᠮ᠂ ᠲᠦᠬᠦᠮ ᠲᠦᠲᠠ ᠦᠢᠯᠡᠴᠢᠯᠡᠭᠡ ᠶᠢ ᠠᠮᠢᠳᠤᠷᠠᠯ ᠦᠢᠯᠡᠳᠪᠦᠷᠢᠯᠡᠯ ᠲᠠᠢ ᠨᠢᠭᠲᠠ ᠬᠤᠯᠪᠤᠵᠤ᠂ ᠬᠦᠮᠦᠰ ᠤᠨ ᠠᠮᠢᠳᠤᠷᠠᠯ ᠦᠢᠯᠡᠳᠪᠦᠷᠢᠯᠡᠯ ᠳᠤ ᠲᠦᠭᠦᠮ ᠲᠦᠲᠠ ᠦᠢᠯᠡᠴᠢᠯᠡᠭᠡ ᠬᠠᠨᠭ᠍ᠭᠠᠭᠰᠠᠨ ᠪᠠᠶᠢᠨ᠎ᠠ᠃ ᠭᠡᠳᠡᠯ᠎ᠠ ᠪᠠᠰᠠ ᠨᠢᠬᠡ ᠲᠠᠯ᠎ᠠ ᠪᠠᠷ ᠠᠪᠴᠤ ᠦᠵᠡᠪᠡᠯ ᠭᠠᠷ ᠤᠲᠠᠰᠤ ᠨᠢ ᠬᠦᠮᠦᠨ ᠬᠦᠮᠦᠨ ᠤ ᠬᠤᠭᠤᠷᠤᠨᠳᠤᠬᠢ ᠵᠠᠢ ᠶᠢ ᠬᠤᠯᠠᠲᠠᠭᠤᠯᠵᠤ᠂ ᠬᠠᠶᠢᠷ᠎ᠠ ᠰᠡᠳᠬᠢᠯ ᠢ ᠨᠢᠮᠭᠡᠷᠡᠬᠦᠯᠵᠤ ᠪᠤᠢ᠃     ᠤᠯᠠᠩᠬᠢ ᠬᠦᠮᠤᠨ ᠭᠠᠷ ᠤᠲᠠᠰᠤᠨ ᠲᠡᠭᠡᠷ᠎ᠠ ᠮᠠᠰᠢ ᠤᠯᠠᠨ ᠡᠷᠬᠢᠮ ᠨᠠᠨᠳᠢᠨ ᠴᠠᠭ ᠢᠶᠠᠨ ᠲᠠᠯᠠᠭᠠᠷ ᠦᠷᠦᠵᠤ ᠰᠦᠢᠳᠭᠡᠨ᠂ ᠭᠡᠷ ᠪᠦᠯᠢ ᠪᠠ ᠨᠡᠶᠢᠭᠡᠮ ᠤᠨ ᠬᠠᠷᠢᠯᠴᠠᠭ᠎ᠠ ᠪᠠᠨ ᠬᠠᠷᠰᠢᠯᠠᠵᠤ ᠪᠠᠶᠢᠨ᠎ᠠ᠃ ᠭᠠᠷ ᠤᠲᠠᠰᠤᠨ ᠤ ᠨᠦᠯᠦᠬᠡ ᠶᠢ ᠬᠦᠷᠲᠡᠵᠤ ᠪᠠᠶᠢᠭ᠎ᠠ ᠨᠢ ᠲᠠᠩ ᠭᠠᠭᠴᠠ ᠬᠦ ᠦᠷ᠎ᠠ ᠬᠡᠤᠬᠡᠳ᠂ ᠡᠵᠢ ᠠᠪᠤ ᠵᠡᠷᠭᠡ ᠭᠡᠷ ᠪᠦᠯᠢ ᠶᠢᠨ ᠬᠡᠰᠢᠬᠦᠳ ᠪᠢᠰᠢ᠂ ᠪᠠᠰᠠ ᠨᠠᠶᠢᠵᠠ ᠨᠦᠬᠦᠳ᠂ ᠬᠠᠮᠳᠤ ᠠᠵᠢᠯᠯᠠᠭᠰᠡᠳ ᠴᠦ ᠪᠤᠢ᠃ ︽ᠶᠢᠷᠳᠢᠨᠴᠤ ᠲᠡᠭᠡᠷᠡᠬᠢ ᠬᠠᠮᠤᠭ ᠤᠨ ᠬᠤᠯᠠ ᠵᠠᠢ ᠪᠤᠯ ᠪᠢᠲᠠ ᠬᠠᠮᠳᠤ ᠰᠠᠭᠤᠵᠤ᠂ ᠴᠢ ᠭᠠᠷ ᠤᠲᠠᠰᠤ ᠨᠠᠭᠠᠳᠤᠨ᠎ᠠ︾᠃ ᠡᠨᠡ ᠬᠦ ᠵᠢᠷᠤᠬᠡ ᠶᠢ ᠰᠢᠮᠰᠢᠷᠡᠬᠦᠯᠤᠮ᠎ᠠ ᠦᠵᠡᠭᠳᠡᠯ ᠨᠢ ᠨᠡᠶᠢᠬᠡᠮ ᠤᠨ ᠲᠦᠭᠡᠮᠡᠯ ᠦᠵᠡᠭᠳᠡᠯ ᠪᠤᠯᠤᠭᠰᠠᠨ ᠪᠠᠶᠢᠨ᠎ᠠ᠃ ᠤᠶᠢᠷ᠎ᠠ ᠳᠤ ᠴᠦᠡᠭᠴᠢᠩ ᠬᠤᠲᠠ ᠶᠢᠨ ᠨᠢᠬᠡᠨ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠢᠴᠢᠭᠰᠡᠨ ︽ᠮᠢᠨᠤ ᠠᠪᠤ ᠭᠠᠷ ᠤᠲᠠᠰᠤ ᠪᠠᠨ ᠦᠵᠡᠨ᠎ᠠ︾ ᠭᠡᠳᠡᠭ ᠵᠤᠬᠢᠶᠠᠯ ᠰᠦᠯᠵᠢᠶᠡᠨ ᠲᠡᠭᠡᠷ᠎ᠠ ᠶᠡᠭᠡ ᠪᠠᠷ ᠲᠠᠷᠬᠠᠵᠤ᠂ ᠬᠦᠮᠦᠰ ᠤᠨ ᠠᠩᠬᠠᠷᠤᠯ ᠢ ᠲᠠᠲᠠᠵᠡᠢ᠂ ᠵᠤᠬᠢᠶᠠᠯ ᠳᠤ ︽ᠮᠢᠨᠤ ᠠᠪᠤ ᠭᠠᠷ ᠤᠲᠠᠰᠤ ᠦᠵᠡᠬᠦ ᠲᠤᠷᠠᠲᠠᠢ᠂ ᠵᠠᠪ ᠴᠢᠯᠦᠬᠡ ᠭᠠᠷᠤᠭᠰᠠᠭᠠᠷ ᠯᠠ ᠭᠠᠷ ᠤᠲᠠᠰᠤ ᠪᠠᠨ ᠦᠵᠡᠨ᠎ᠠ᠃ ᠪᠢ ᠨᠢᠬᠡ ᠤᠲᠠᠭ᠎ᠠ ᠠᠪᠤ ᠪᠠᠨ ᠤᠷᠤᠵᠤ ᠢᠷᠡᠭᠡᠳ ᠨᠠᠲᠠ ᠲᠠᠢ ᠴᠤᠭ ᠨᠤᠮ ᠤᠡᠭᠰᠢᠵᠤ᠂ ᠵᠢᠷᠤᠭ ᠵᠢᠷᠤᠶ᠎ᠠ ᠭᠡᠵᠤ ᠲᠠᠭᠤᠲᠠᠭᠰᠠᠨ ᠳᠤ ᠠᠪᠤ ᠤᠯᠵᠤ ᠰᠤᠨᠤᠰᠤᠭᠰᠠᠨ ᠦᠬᠡᠢ᠂ ᠪᠢ ᠬᠡᠳᠤ ᠤᠲᠠᠭ᠎ᠠ ᠲᠠᠭᠤᠲᠠᠬᠤ ᠳᠤ ᠠᠪᠤ ᠰᠠᠶ᠋ᠢ ᠤᠷᠤᠵᠤ ᠢᠷᠡᠭᠰᠡᠨ᠂ ᠤᠷᠤᠵᠤ ᠢᠷᠡᠬᠦ ᠳᠡᠭᠡᠨ ᠭᠠᠷ ᠲᠠᠭᠠᠨ ᠮᠦᠨ ᠭᠠᠷ ᠤᠲᠠᠰᠤ ᠪᠠᠨ ᠪᠠᠷᠢᠭᠰᠠᠭᠠᠷ ᠁︾᠃ ᠡᠨᠡ ᠬᠦ ᠦᠨᠡᠨ ᠪᠤᠲᠠᠳᠤ ᠵᠢᠷᠤᠭᠯᠠᠯ ᠨᠢ ᠮᠠᠰᠢ ᠤᠯᠠᠨ ᠭᠡᠷ ᠤᠨ ᠠᠬᠠᠮᠡᠳ ᠤᠨ ᠵᠢᠷᠤᠭᠡ ᠶᠢ ᠰᠢᠮᠰᠢᠷᠡᠬᠦᠯᠵᠤ ᠤᠯᠠᠨ ᠶᠠᠭᠤᠮ᠎ᠠ ᠪᠤᠳᠤᠭᠲᠠᠭᠤᠯᠤᠭᠰᠠᠨ ᠨᠢ ᠲᠠᠮᠵᠢᠭ ᠦᠬᠡᠢ ᠶᠤᠮ᠃ ᠮᠠᠰᠢ ᠤᠯᠠᠨ ᠭᠡᠷ ᠤᠨ ᠠᠬᠠᠮᠡᠳ ᠵᠠᠪ ᠴᠢᠯᠦᠬᠡ ᠭᠠᠷᠤᠭᠰᠠᠭᠠᠷ ᠯᠠ ᠭᠠᠷ ᠤᠲᠠᠰᠤ ᠲᠠᠢ ᠪᠠᠨ ᠨᠤᠴᠤᠯᠳᠤᠭᠠᠳ ᠨᠢᠯᠬ᠎ᠠ ᠪᠠᠭ᠎ᠠ ᠦᠷ᠎ᠠ ᠬᠡᠤᠬᠡᠳ᠂ ᠨᠠᠰᠤᠲᠠᠢ ᠪᠤᠭᠤᠷᠤᠯ ᠡᠵᠢ ᠠᠪᠤ ᠪᠠᠨ ᠤᠮᠳᠤᠭᠠᠶᠢᠯᠠᠲᠠᠭ ᠪᠤᠯᠵᠠᠢ᠃      ᠭᠠᠷ ᠤᠲᠠᠰᠤ ᠠᠷᠪᠢᠨ ᠨᠠᠭᠠᠳᠬᠤ ᠨᠢ ᠴᠢ ᠪᠢᠲᠡᠨ ᠤ ᠠᠮᠢᠲᠦᠷᠡᠯ ᠳᠤ ᠤᠯᠠᠨ ᠨᠠᠵᠠᠭᠠᠢ ᠨᠦᠯᠤᠬᠡ ᠠᠪᠴᠢᠷᠡᠲᠠᠬ᠃ ᠲᠦᠷᠦᠯ ᠰᠠᠳᠤᠨ ᠤ ᠬᠤᠭᠤᠷᠤᠨᠳᠤᠬᠢ ᠬᠠᠶᠢᠷ᠎ᠠ ᠰᠡᠳᠬᠢᠯ ᠢ ᠨᠢᠮᠭᠡᠷᠡᠬᠦᠯᠵᠤ᠂ ᠤᠨᠴᠠᠭᠠᠶᠢᠯᠠᠨ ᠡᠴᠢᠬᠡ ᠡᠬᠡ ᠶᠢᠨ ᠢᠶᠠᠨ ᠬᠠᠶᠢᠷ᠎ᠠ ᠬᠠᠯᠠᠮᠵᠢ ᠶᠢ ᠱᠠᠭᠠᠷᠲᠠᠵᠤ ᠪᠠᠶᠢᠭ᠎ᠠ ᠬᠡᠤᠬᠡᠳ ᠤᠨ ᠡᠷᠡᠬᠦᠯ ᠢᠶᠠᠷ ᠦᠰᠤᠨ ᠪᠤᠶᠢᠵᠢᠬᠤ ᠶᠢ ᠨᠦᠯᠦᠭᠡᠯᠡᠨ᠎ᠠ᠃ ᠦᠷ᠎ᠠ ᠬᠡᠤᠬᠡᠳ ᠲᠤ ᠠᠪᠴᠤ ᠬᠡᠯᠡᠪᠡᠯ ᠡᠴᠢᠬᠡ ᠡᠬᠡ ᠶᠢᠨ ᠬᠠᠶᠢᠷ᠎ᠠ ᠬᠠᠯᠠᠮᠵᠢ ᠨᠢ ᠵᠦᠪᠬᠡᠨ ᠡᠳ᠋ ᠪᠤᠲᠠᠰ ᠤᠨ ᠪᠠᠳᠤᠯᠠᠭ᠎ᠠ ᠲᠡᠳᠤᠢ ᠪᠢᠰᠢ᠂ ᠨᠡᠩ ᠴᠢᠬᠤᠯᠠ ᠨᠢ ᠪᠡᠶ᠎ᠠ ᠪᠠᠷ ᠢᠶᠠᠨ ᠬᠠᠨᠢ ᠪᠤᠯᠵᠤ ᠬᠠᠶᠢᠷᠠᠯᠠᠨ ᠬᠠᠯᠠᠮᠵᠢᠯᠠᠬᠤ ᠶᠠᠪᠤᠳᠠᠯ ᠪᠤᠯᠤᠨ᠎ᠠ᠃ ᠬᠡᠷᠪᠡ ᠬᠡᠤᠬᠡᠳ ᠪᠠᠭ᠎ᠠ ᠠᠴᠠ ᠪᠠᠨ ᠬᠠᠶᠢᠷ᠎ᠠ ᠬᠠᠯᠠᠮᠵᠢ ᠲᠤᠲᠠᠪᠠᠯ ᠦᠷᠦᠭᠡᠯ ᠪᠤᠰᠤᠳ ᠲᠤ ᠬᠦᠢᠲᠡᠮᠰᠦᠭ ᠢᠶᠠᠷ ᠬᠠᠨᠳᠤᠬᠤ᠂ ᠨᠡᠶᠢᠭᠡᠮ ᠢ ᠲᠠᠶᠢᠰᠤᠩᠨᠠᠬᠤ᠂ ᠦᠪᠡᠷ ᠢ ᠪᠠᠨ ᠭᠤᠯᠤᠬᠤ ᠰᠡᠳᠬᠢᠯᠬᠡ ᠲᠠᠢ ᠪᠤᠯᠵᠤ ᠮᠡᠳᠡᠨ᠎ᠠ᠃ ᠡᠶᠢᠮᠤ ᠠᠴᠠ ︽ᠦᠷ᠎ᠠ ᠬᠡᠤᠬᠡᠳ ᠤᠨ ᠢᠶᠠᠨ ᠲᠦᠯᠦᠬᠡ ᠭᠠᠷ ᠲᠠᠬᠢ ᠭᠠᠷ ᠤᠲᠠᠰᠤ ᠪᠠᠨ ᠵᠤᠬᠢᠰᠲᠠᠢ ᠬᠡᠷᠡᠭᠯᠡᠭᠡᠷᠡᠢ︾ ᠭᠡᠰᠡᠨ ᠨᠢ ᠪᠦᠬᠦ ᠨᠡᠶᠢᠬᠡᠮ ᠨᠠᠶᠢᠲᠠ ᠶᠢᠨ ᠰᠡᠳᠬᠢᠯ ᠤᠨ ᠲᠠᠭᠤᠨ ᠪᠤᠯᠤᠭᠰᠠᠨ ᠪᠠᠶᠢᠨ᠎ᠠ᠃      ᠭᠠᠷ ᠤᠲᠠᠰᠤ ᠬᠡᠳᠤᠢ ᠰᠠᠶᠢᠨ ᠪᠤᠯᠪᠠᠴᠤ ᠲᠡᠷᠡ ᠪᠤᠯ ᠵᠦᠪᠬᠡᠨ ᠬᠦᠮᠦᠰ ᠤᠨ ᠬᠡᠷᠡᠭᠯᠡᠬᠡᠨ ᠤ ᠨᠢᠬᠡᠨ ᠪᠠᠭᠠᠵᠢ ᠬᠡᠷᠡᠭᠰᠠᠯ ᠲᠡᠳᠤᠢ ᠶᠤᠮ᠃ ᠬᠡᠳᠡᠯ᠎ᠠ ᠭᠠᠷ ᠤᠲᠠᠰᠤ ᠶᠢ ᠰᠠᠶᠢᠳᠤᠷ ᠠᠰᠢᠭᠯᠠᠬᠤ ᠦᠬᠡᠢ ᠪᠤᠯ ᠡᠳᠤᠷ ᠤᠲᠠᠭᠠᠨ ᠳᠠᠭᠠᠨ ᠬᠦᠮᠦᠰ ᠭᠠᠷ ᠤᠲᠠᠰᠤᠨ ᠤ ᠪᠤᠭᠤᠯ ᠪᠤᠯᠵᠤ᠂ ᠴᠢᠨᠠᠭᠰᠢᠯᠠᠨ ᠭᠡᠷ ᠪᠦᠯᠢ ᠶᠢᠨ ᠬᠠᠷᠢᠴᠠᠭ᠎ᠠ ᠪᠠᠨ ᠨᠦᠯᠦᠭᠡᠯᠡᠵᠤ ᠮᠡᠳᠡᠨ᠎ᠠ᠃ ᠡᠶᠢᠮᠤ ᠠᠴᠠ ᠦᠷᠬᠡᠨ ᠤᠯᠠᠨ ᠭᠡᠷ ᠤᠨ ᠠᠬᠠᠮᠠᠳ ᠪᠡᠶ᠎ᠠ ᠪᠠᠨ ᠴᠢᠩᠭ᠎ᠠ ᠪᠠᠷᠢᠵᠤ ᠭᠠᠷ ᠤᠲᠠᠰᠤ ᠪᠠᠨ ᠬᠠᠶᠠᠵᠤ᠂ ᠢᠯᠡᠬᠦᠦ ᠴᠠᠭ ᠭᠠᠷᠭᠠᠨ ᠬᠡᠤᠬᠡᠳ ᠲᠡᠭᠡᠨ ᠬᠠᠨᠢ ᠪᠤᠯᠵᠤ ᠬᠠᠶᠢᠷᠠᠯᠠᠨ ᠬᠠᠯᠠᠮᠵᠢᠯᠠᠵᠤ ᠶᠠᠪᠤᠪᠠᠯ ᠵᠤᠬᠢᠨ᠎ᠠ᠃ ᠤᠶᠤᠨᠴᠢ ᠰᠢᠨᠵᠢᠯᠡᠭᠡ ᠮᠡᠷᠭᠡᠵᠢᠯ ᠤᠨ ᠴᠠᠭ ᠦᠶ᠎ᠠ ᠳᠤ ᠬᠦᠮᠦᠰ ᠦᠪᠡᠷ ᠢ ᠪᠠᠨ ᠴᠢᠩᠭ᠎ᠠ ᠰᠠᠬᠢᠵᠤ᠂ ᠰᠢᠨᠵᠢᠯᠡᠬᠦ ᠤᠬᠠᠭᠠᠨᠴᠢ ᠪᠠᠷ ᠭᠠᠷ ᠤᠲᠠᠰᠤ ᠶᠢ ᠬᠡᠷᠡᠭᠯᠡᠬᠦ ᠶᠢ ᠪᠠᠷᠢᠮᠲᠠᠯᠠᠨ᠎ᠠ ᠬᠡᠲᠡᠭ ᠬᠢᠯᠪᠠᠷ ᠦᠬᠡᠢ ᠶᠤᠮ᠃ ᠭᠡᠳᠡᠯ᠎ᠠ ᠡᠷᠡᠬᠦᠯ ᠰᠠᠷᠠᠭᠤᠯ ᠰᠡᠳᠬᠢᠴᠠ ᠲᠠᠢ ᠨᠠᠰᠤᠨ ᠳᠤ ᠬᠦᠷᠦᠭᠰᠡᠳ ᠪᠤᠯᠤᠭᠰᠠᠨ ᠤ ᠬᠤᠪᠢ ᠳᠤ ᠪᠢᠲᠠ ᠵᠠᠪᠠᠯ ᠡᠵᠢ ᠠᠪᠤ᠂ ᠦᠷ᠎ᠠ ᠬᠡᠤᠬᠡᠳ ᠲᠡᠭᠡᠨ ᠬᠠᠷᠢᠭᠤᠴᠠᠬᠤ ᠬᠡᠷᠡᠭᠲᠠᠢ᠂ ᠡᠨᠡ ᠪᠤᠯ ᠵᠠᠶᠢᠯᠠᠭᠤᠯᠵᠤ ᠪᠤᠯᠤᠰᠢ ᠦᠬᠡᠢ ᠡᠬᠦᠷᠬᠡ ᠬᠠᠷᠢᠭᠤᠴᠠᠯᠭ᠎ᠠ ᠪᠤᠯᠬᠤ ᠶᠤᠮ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号