ᠰᠢᠨ᠎ᠡ ᠲᠢᠳᠢᠮᠯᠢᠭ ᠠᠭᠤᠰᠬᠢᠨ ᠦᠷᠪᠢᠰᠦᠯ ᠲᠡᠯᠬᠡᠷᠡᠭᠰᠡᠨ ᠠᠴᠠ ᠪᠤᠯᠵᠦ᠂ ᠤᠯᠠᠩᠬᠢ ᠭᠠᠵᠠᠷ ᠤᠷᠤᠨ ᠤ | ᠵᠠᠯᠠᠭᠤ ᠪᠠᠭᠠᠴᠤᠳ ᠴᠢᠨᠠᠭᠰᠢᠯᠠᠭᠠᠳ ᠴᠡᠴᠡᠷᠯᠢᠭ ᠤᠨ ᠬᠡᠤᠬᠡᠳ ᠤᠳ ᠤᠷᠢᠲᠤ ᠭᠠᠷᠤᠭ᠎ᠠ ᠦᠬᠡᠢ ᠤᠷᠲᠤ ᠡᠪᠤᠯ ᠤᠨ | ᠠᠮᠠᠷᠠᠯᠳᠠ ᠶᠢ ᠦᠡᠭᠬᠡᠷᠡᠬᠦᠯᠵᠦ ᠪᠤᠢ᠃ ᠡᠬᠦᠨ ᠤ ᠬᠠᠮᠲᠤ ᠬᠡᠷ ᠤᠨ ᠠᠬᠠᠮᠠᠳ ᠴᠦ ᠬᠡᠤᠬᠡᠳ ᠲᠠᠢ ᠪᠠᠨ ᠬᠠᠮᠲᠦ | ᠮᠠᠷᠳᠠᠭᠳᠠᠰᠢ ᠦᠬᠡᠢ ᠴᠠᠭ ᠮᠦᠴᠡ ᠶᠢ ᠦᠡᠭᠬᠡᠷᠡᠬᠦᠯᠵᠦ ᠪᠤᠢ᠃ | ᠬᠡᠤᠬᠡᠳ ᠢᠶᠠᠨ ᠠᠮᠤᠷ ᠲᠤᠭᠳᠠᠭᠤᠨ᠂ ᠪᠠᠶᠠᠷ ᠪᠠᠶᠠᠰᠤᠯ ᠲᠠᠢ᠂ ᠮᠡᠳᠡᠯᠬᠡ ᠶᠢᠨ ᠬᠤᠷᠠᠮᠳᠤᠭᠤᠯᠤᠯ ᠲᠠᠢ ᠪᠠᠷ | ᠠᠮᠠᠷᠡᠯᠲᠡ ᠪᠠᠨ ᠦᠩᠬᠡᠷᠡᠬᠦᠯᠬᠦ ᠶᠢᠨ ᠲᠦᠯᠦᠬᠡ ᠬᠡᠷ ᠤᠨ ᠠᠬᠠᠮᠠᠳ ᠴᠦ ᠲᠠᠷᠢᠬᠢ ᠪᠠᠨ ᠰᠢᠪᠬᠠᠵᠦ᠂ ᠬᠦᠯᠦᠰᠦ ᠪᠠᠨ | ᠤᠷᠤᠰᠬᠠᠵᠦ ᠪᠠᠶᠢᠨ᠎ᠠ᠃ ᠨᠢᠬᠡ ᠲᠠᠯ᠎ᠠ ᠪᠠᠷ ᠬᠤᠭᠤᠯᠠ ᠤᠮᠳᠠ ᠪᠡᠯᠡᠳᠬᠡᠵᠦ ᠬᠤᠪᠴᠠᠰᠦ ᠬᠤᠨᠠᠷ ᠤᠬᠢᠶᠠᠵᠦ | ᠴᠡᠪᠡᠷᠯᠡᠨ ᠬᠡᠷ ᠡᠷᠦᠬᠡ ᠪᠠᠨ ᠲᠤᠲᠤᠮᠳᠠᠬᠤ ᠶᠢᠨ ᠬᠠᠮᠲᠤ ᠬᠡᠤᠬᠡᠳ ᠲᠠᠢ ᠪᠠᠨ ᠨᠠᠭᠠᠳᠴᠦ ᠴᠡᠩᠬᠡᠬᠦ᠂ ᠲᠠᠰᠬᠠᠯ | ᠲᠠᠭᠠᠭᠠᠯᠭᠠᠪᠤᠷᠢ ᠶᠢ ᠨᠢ ᠬᠢᠨᠠᠬᠤ᠂ ᠪᠡᠶ᠎ᠡ ᠶᠢᠨ ᠲᠤᠯᠠᠭᠠᠨ ᠢ ᠨᠢ ᠬᠡᠮᠵᠢᠬᠦ ᠵᠡᠷᠬᠡ ᠶᠢ ᠲᠠᠭᠠᠭᠠᠴᠢᠯᠠᠵᠤ᠂ ᠡᠳᠦᠷ | ᠤᠳᠠᠭᠠᠨ ᠳᠠᠭᠠᠨ ᠵᠠᠷᠢᠮ ᠬᠡᠷ ᠤᠨ ᠠᠬᠠᠮᠠᠳ ᠪᠡᠶ᠎ᠡ ᠰᠡᠳᠬᠢᠯ ᠨᠢ ᠶᠠᠲᠡᠷᠡᠵᠤ ᠲᠦᠢᠯᠲᠠᠬᠤ ᠶᠢᠨ ᠵᠡᠷᠬᠡ ᠪᠠᠷ ᠡᠷ᠎ᠡ ᠡᠮ᠎ᠡ | ᠬᠤᠶᠠᠭᠤᠯᠠ ᠶᠢᠨ ᠵᠦᠷᠢᠴᠡᠯ ᠮᠦᠷᠬᠦᠯᠳᠦᠬᠡᠨ ᠬᠤᠷᠴᠠᠳᠤᠭᠰᠠᠨ ᠪᠠᠶᠢᠨ᠎ᠠ᠃ | ᠤᠨᠴᠠᠭᠠᠢ ᠴᠠᠭ ᠮᠦᠴᠡ ᠳᠤ᠂ ᠬᠡᠷ ᠪᠦᠯᠢ ᠶᠢᠨ ᠬᠠᠷᠢᠴᠠᠭ᠎ᠠ ᠶᠢᠨ ᠡᠪ ᠨᠠᠶᠢᠷ ᠲᠠᠢ ᠪᠠᠶᠢᠬᠤ ᠶᠢ | ᠪᠠᠲᠦᠯᠠᠬᠤ ᠳᠤ ᠬᠡᠷ ᠤᠨ ᠠᠬᠠᠮᠠᠳ ᠤᠨ ᠠᠮᠢᠳᠤᠷᠠᠯ ᠳᠤ ᠢᠳᠡᠪᠬᠢᠳᠡᠢ ᠬᠠᠨᠳᠤᠬᠤ ᠤᠪᠤᠷ᠂ ᠬᠠᠷᠢᠭᠤᠴᠠᠯᠭᠠᠳᠤ | ᠰᠡᠳᠬᠢᠯᠬᠡ᠂ ᠵᠦᠢ ᠵᠤᠬᠢᠰᠲᠠᠢ ᠦᠵᠡᠯᠳᠡ ᠲᠠᠨᠢᠯᠲᠠ ᠪᠠᠶᠢᠬᠤ ᠠᠴᠠ ᠭᠠᠲᠠᠨ᠎ᠠ ᠪᠠᠰᠠ ᠨᠡᠶᠢᠬᠡᠮ ᠤᠨ ᠲᠡᠮᠵᠢᠯᠬᠡ ᠠᠴᠠ | ᠰᠠᠯᠵᠦ ᠴᠢᠳᠠᠬᠤ ᠦᠬᠡᠢ ᠶᠤᠮ᠃ | ᠡᠩ ᠲᠡᠷᠢᠬᠦᠨ ᠳᠤ ᠬᠡᠷ ᠪᠦᠯᠢ ᠶᠢᠨ ᠦᠵᠡᠯᠳᠡ ᠲᠠᠨᠢᠯᠳᠠ ᠵᠦᠢ ᠵᠤᠬᠢᠰᠲᠠᠢ ᠰᠢᠨᠵᠢᠯᠡᠬᠦ ᠤᠬᠠᠭᠠᠨᠴᠢ ᠪᠠᠶᠢᠬᠤ | ᠶᠤᠰᠤᠲᠠᠢ᠃ ᠤᠳᠤ ᠦᠶ᠎ᠡ ᠶᠢᠨ ᠡᠷ᠎ᠡ ᠡᠮ᠎ᠡ ᠶᠢᠨ ᠬᠠᠷᠢᠴᠠᠭ᠎ᠠ ᠡᠷᠬᠡ ᠲᠡᠭᠰᠢ ᠪᠠᠶᠢᠵᠦ᠂ ᠬᠠᠷᠢᠯᠴᠠᠨ ᠬᠦᠨᠳᠦᠳᠬᠡᠵᠦ | ᠬᠠᠷᠢᠯᠴᠠᠨ ᠬᠠᠪᠰᠤᠷᠤᠯᠴᠠᠵᠦ᠂ ᠦᠷ᠎ᠡ ᠬᠡᠤᠬᠡᠳ ᠢᠶᠠᠨ ᠦᠰᠬᠡᠨ ᠪᠤᠶᠢᠵᠢᠭᠤᠯᠬᠤ ᠨᠢ ᠭᠠᠭᠴᠠ ᠬᠦ ᠡᠵᠢ ᠬᠦᠮᠦᠨ ᠤ | ᠡᠬᠦᠷᠬᠡ ᠬᠠᠷᠢᠭᠤᠴᠠᠯᠭ᠎ᠠ ᠪᠢᠰᠢ᠂ ᠬᠠᠷᠢᠨ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠬᠦᠷᠬᠡ ᠪᠤᠯᠤᠨ᠎ᠠ᠃ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ᠂ ᠬᠡᠷ ᠪᠦᠯᠢ ᠶᠢᠨ ᠬᠡᠰᠢᠬᠦᠳ ᠠᠵᠢᠯ ᠢᠶᠠᠨ ᠵᠦᠢ | ᠵᠤᠬᠢᠰᠲᠠᠢ ᠬᠤᠪᠢᠶᠠᠷᠢᠯᠠᠵᠦ᠂ ᠠᠯᠪᠠᠨ ᠠᠵᠢᠯ ᠬᠢᠬᠡᠳ ᠬᠡᠷ ᠪᠦᠯᠢ ᠪᠠᠨ ᠵᠡᠷᠬᠡ ᠪᠠᠷ ᠬᠠᠷᠠᠭᠠᠯᠵᠠᠨ ᠦᠵᠡᠬᠦ | ᠬᠡᠷᠡᠭᠲᠡᠢ᠃ | ᠲᠠᠷᠠᠭ᠎ᠠ ᠳᠤᠨᠢ᠂ ᠬᠡᠤᠬᠡᠳ ᠬᠦᠮᠤᠵᠢᠬᠦᠯᠬᠦ ᠠᠷᠭ᠎ᠠ ᠪᠠᠷᠢᠯ ᠵᠦᠢ ᠵᠤᠬᠢᠰᠲᠠᠢ ᠪᠠᠶᠢᠬᠤ ᠬᠡᠷᠡᠭᠲᠠᠢ᠃ ᠠᠯᠢᠶ᠎ᠠ | ᠲᠡᠭᠵᠢᠨ ᠪᠤᠯ ᠬᠡᠤᠬᠡᠳ ᠤᠨ ᠲᠦᠷᠦᠯᠬᠢ ᠴᠢᠨᠠᠷ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ | ᠭᠠᠳᠠᠭᠰᠢ ᠭᠠᠷᠴᠦ ᠪᠤᠯᠬᠤ ᠦᠬᠡᠢ ᠤᠴᠢᠷ ᠠᠴᠠ ᠡᠳᠦᠷᠵᠢᠨ ᠬᠡᠷ ᠲᠡᠭᠡᠨ ᠰᠠᠭᠤᠵᠦ ᠢᠪᠴᠤᠤ ᠴᠢᠬᠤᠯ ᠤᠷᠤᠨ | ᠵᠠᠢ ᠳᠤ ᠪᠠᠶᠢᠬᠤ ᠠᠴᠠ ᠪᠤᠯᠵᠦ ᠬᠡᠤᠬᠡᠳ ᠤᠨ ᠪᠡᠶ᠎ᠡ ᠰᠡᠳᠬᠢᠯᠬᠡ ᠬᠡᠪ ᠤᠨ ᠪᠤᠰᠤ ᠪᠤᠯᠬᠤ ᠨᠢ ᠠᠶᠠᠨᠳᠠᠭᠠᠨ ᠤ ᠤᠴᠢᠷ | ᠪᠤᠯᠬᠤ ᠶᠤᠮ᠃ ᠰᠤᠷᠬᠤ ᠨᠠᠰᠤᠨ ᠠᠴᠠ ᠡᠮᠦᠨᠡᠬᠢ ᠬᠤᠭᠤᠴᠠᠭᠠᠨ ᠤ ᠬᠡᠤᠬᠡᠳ ᠲᠤ ᠠᠪᠴᠦ ᠬᠡᠯᠡᠪᠡᠯ᠂ ᠨᠠᠭᠠᠳᠬᠤ ᠨᠢ | ᠮᠡᠳᠡᠯᠬᠡ ᠬᠤᠷᠠᠮᠳᠤᠭᠤᠯᠬᠤ ᠠᠴᠠ ᠨᠡᠩ ᠴᠢᠬᠤᠯᠠ ᠪᠠᠶᠢᠵᠦ᠂ ᠦᠰᠦᠭ ᠲᠠᠨᠢᠬᠤ᠂ ᠲᠤᠭ᠎ᠠ ᠲᠤᠭᠠᠯᠠᠭᠤᠯᠬᠤ ᠨᠢ | ᠬᠡᠤᠬᠡᠳ ᠲᠠᠢ ᠪᠠᠨ ᠬᠠᠮᠲᠤ ᠲᠤᠭᠯᠠᠵᠤ ᠬᠠᠮᠲᠤ ᠪᠠᠷ ᠬᠦᠳᠡᠯᠮᠦᠷᠢ ᠳᠤ ᠤᠷᠤᠯᠴᠠᠬᠤ ᠶᠢᠨ ᠬᠢᠷᠢ ᠦᠷ᠎ᠡ ᠪᠦᠲᠦᠮᠵᠢ | ᠭᠠᠷᠴᠦ ᠲᠡᠶᠢᠯᠬᠦ ᠦᠬᠡᠢ ᠶᠤᠮ᠃ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤ ᠠᠪᠴᠦ ᠬᠡᠯᠡᠪᠡᠯ᠂ ᠬᠡᠳᠦᠷᠬᠡᠢ | ᠴᠢᠩᠭ᠎ᠠ ᠰᠤᠷᠤᠯᠴᠠᠯᠭ᠎ᠠ ᠶᠢᠨ ᠲᠦᠯᠦᠪᠯᠡᠭᠡ ᠨᠢ ᠰᠡᠳᠬᠢᠴᠡ ᠶᠢᠨ ᠲᠠᠷᠤᠭᠠᠰᠦ ᠶᠢ ᠠᠪᠴᠢᠷᠠᠵᠦ ᠦᠭᠳᠡᠭ᠃ ᠴᠠᠭ ᠢ | ᠡᠷᠬᠢᠮᠯᠡᠨ ᠬᠡᠤᠬᠡᠳ ᠲᠡᠭᠡᠨ ᠲᠠᠭᠤᠷᠢᠶᠠᠯ ᠦᠵᠡᠬᠦᠯᠬᠦ ᠨᠢ ᠬᠡᠤᠬᠡᠳ ᠢ ᠵᠠᠩᠨᠠᠵᠦ ᠰᠤᠷᠭᠠᠬᠤ ᠠᠴᠠ ᠨᠡᠩ ᠴᠢᠬᠤᠯᠠ | ᠪᠠᠶᠢᠳᠠᠭ᠃ | ᠨᠡᠶᠢᠬᠡᠮ ᠤᠨ ᠲᠡᠮᠵᠢᠯᠬᠡ ᠮᠦᠨ ᠲᠦᠢᠯ ᠤᠨ ᠴᠢᠬᠤᠯᠠ ᠪᠠᠶᠢᠵᠦ᠂ ᠤᠮᠳᠤᠭᠠᠶᠢᠢᠯᠠᠵᠦ ᠪᠤᠯᠤᠰᠢ ᠦᠬᠡᠢ ᠶᠤᠮ᠃ | ᠠᠵᠢᠯᠴᠢᠨ ᠤ ᠡᠪᠯᠡᠯ ᠵᠠᠯᠠᠭᠤᠴᠤᠳ ᠤᠨ ᠬᠤᠯᠪᠤᠭ᠎ᠠ ᠡᠮᠡᠭᠳᠡᠶᠢᠴᠤᠳ ᠤᠨ ᠬᠤᠯᠪᠤᠭ᠎ᠠ ᠵᠡᠷᠬᠡ ᠵᠤᠬᠢᠶᠠᠨ | ᠪᠠᠶᠢᠭᠤᠯᠤᠯᠳᠠ ᠶᠢᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠠᠬᠢ ᠬᠡᠷ ᠪᠦᠯᠢ ᠶᠢᠨ | ᠠᠰᠠᠭᠤᠳᠠᠯ ᠢ ᠬᠠᠷᠠᠭᠠᠯᠵᠠᠨ ᠰᠢᠢᠳᠪᠦᠷᠢᠯᠡᠵᠦ᠂ ᠦᠨᠡᠨ ᠬᠦ ᠬᠦᠴᠢᠷᠳᠡᠯᠳᠡᠢ ᠬᠡᠷ ᠪᠦᠯᠢ ᠳᠤ ᠨᠡᠶᠢᠬᠡᠮ ᠤᠨ ᠲᠠᠯ᠎ᠠ ᠠᠴᠠ | ᠤᠨᠴᠠᠭᠠᠶᠢᠯᠠᠨ ᠨᠡᠶᠢᠬᠡᠮ ᠲᠤᠭᠤᠷᠢᠭ ᠠᠴᠠ ᠬᠠᠮᠢᠶ᠎ᠠ ᠪᠦᠬᠦᠢ ᠬᠠᠪᠰᠤᠷᠤᠯᠭ᠎ᠠ ᠦᠵᠡᠬᠦᠯᠬᠦ ᠬᠡᠷᠡᠭᠲᠡᠢ᠃ | ᠬᠡᠷ ᠪᠦᠯᠢ ᠪᠤᠯ ᠨᠡᠶᠢᠬᠡᠮ ᠤᠨ ᠪᠦᠷᠢᠯᠳᠦᠬᠦᠨ ᠪᠠᠶᠢᠵᠦ᠂ ᠬᠡᠷ ᠪᠦᠯᠢ ᠵᠤᠯ ᠵᠢᠷᠭᠠᠯᠲᠠᠢ ᠪᠤᠯ ᠨᠡᠶᠢᠬᠡᠮ ᠠᠮᠤᠷ | ᠲᠤᠭᠳᠠᠭᠤᠨ ᠪᠠᠶᠢᠳᠠᠭ᠃ ᠡᠨᠡ ᠬᠦ ᠤᠨᠴᠠᠭᠠᠢ ᠡᠪᠦᠯ ᠤᠨ ᠠᠮᠠᠷᠠᠯᠳᠠ ᠶᠢᠨ ᠬᠤᠭᠤᠴᠠᠭᠠᠨ ᠳᠤ᠂ ᠡᠶ᠎ᠡ ᠨᠠᠶᠢᠷᠠᠮᠳᠠᠭᠤ | ᠬᠡᠷ ᠪᠦᠯᠢ ᠶᠢ ᠪᠠᠶᠢᠭᠤᠯᠬᠤ ᠨᠢ ᠮᠦᠨ ᠴᠦ ᠨᠢᠬᠡᠨ ᠰᠢᠯᠭᠠᠯᠳᠠ ᠪᠤᠯᠤᠨ᠎ᠠ᠃ ᠪᠢᠳᠡ ᠡᠨᠡ ᠬᠦ ᠤᠷᠲᠤ ᠠᠮᠠᠷᠠᠯᠳᠠ ᠶᠢᠨ | ᠴᠠᠭ ᠢ ᠨᠠᠨᠳᠢᠩᠨᠠᠨ ᠬᠠᠷᠢᠯᠴᠠᠨ ᠤᠶᠢᠢᠯᠠᠭᠠᠯᠴᠠᠨ ᠬᠠᠷᠢᠯᠴᠠᠨ ᠬᠠᠯᠠᠮᠵᠢᠯᠠᠨ ᠪᠠᠶᠠᠷ ᠪᠠᠶᠠᠰᠤᠯ ᠲᠠᠢ ᠪᠠᠷ ᠡᠳᠦᠷ | ᠬᠤᠨᠤᠭ ᠢ ᠦᠡᠭᠬᠡᠷᠡᠬᠦᠯᠪᠡᠯ ᠵᠤᠬᠢᠨ᠎ᠠ᠃ | | |