ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠦᠭᠵᠢᠬᠦᠯᠬᠦ ᠲᠠᠪᠴᠠᠩ
ᠨᠡᠶᠢᠲᠡᠯᠡᠭᠰᠡᠨ ᠴᠠᠭ᠄
2020/5/7
     ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠦᠭᠵᠢᠬᠦᠯᠬᠦ ᠲᠠᠪᠴᠠᠩ            ᠊᠊᠊᠊᠊ ᠲᠠᠯ᠎ᠠ ᠨᠤᠲᠤᠭ ᠤᠨ ᠰᠤᠶᠤᠯ ᠤᠨ ᠮᠡᠷᠭᠡᠳ ᠤᠨ ᠶᠠᠷᠢᠯᠴᠠᠭᠠᠨ ᠤ ᠡᠷᠬᠢᠴᠡᠬᠦᠯᠦᠯ      ᠰᠤᠶᠤᠯ ᠪᠤᠯ ᠨᠢᠬᠡ ᠤᠯᠤᠰ ᠪᠤᠶᠤ ᠦᠨᠳᠦᠰᠦᠲᠡᠨ ᠤ ᠰᠦᠭ ᠰᠦᠨᠡᠰᠦ ᠮᠦᠨ᠃ ᠪᠦᠬᠦ ᠪᠦᠮᠪᠦᠷᠴᠡᠭ ᠤᠨ ᠠᠵᠦ ᠠᠬᠤᠢ ᠶᠠᠭ ᠰᠠᠶ᠋ᠢᠬᠠᠨ ᠨᠢᠬᠡ ᠴᠤᠭᠴᠠᠵᠢᠭᠰᠠᠨ ᠮᠡᠳᠡᠭᠡ ᠵᠠᠩᠬᠢᠵᠢᠯᠳᠠ ᠶᠢᠨ ᠴᠠᠭ ᠦᠶ᠎ᠠ ᠲᠡᠶᠢᠰᠢ ᠬᠦᠭᠵᠢᠵᠦ᠂ ᠰᠤᠶᠤᠯ ᠤᠨ ᠤᠯᠠᠨ ᠡᠰᠢᠵᠢᠭᠰᠡᠨ ᠬᠦᠭᠵᠢᠯᠳᠡ ᠨᠢ ᠨᠢᠬᠡᠨᠳᠡ ᠡᠯ᠎ᠡ ᠤᠯᠤᠰ᠂ ᠦᠨᠳᠦᠰᠦᠲᠡᠨ ᠨᠦᠭᠦᠳ ᠤᠨ ᠬᠠᠮᠲᠤ ᠶᠢᠨ ᠲᠠᠨᠢᠯᠳᠠ ᠪᠤᠯᠤᠭᠰᠠᠨ ᠪᠠᠶᠢᠨ᠎ᠠ᠃ ᠰᠤᠶᠤᠯ ᠤᠨ ᠤᠯᠠᠨ ᠡᠰᠢᠵᠢᠭᠰᠡᠨ᠂ ᠤᠯᠠᠨ ᠶᠠᠩᠵᠤᠵᠢᠯᠳᠠ ᠶᠢᠨ ᠬᠦᠭᠵᠢᠯᠳᠡ ᠪᠤᠯ ᠡᠯ᠎ᠡ ᠤᠯᠤᠰ ᠤᠨ ᠬᠤᠭᠤᠷᠤᠨᠳᠤᠬᠢ᠂ ᠦᠨᠳᠦᠰᠦᠲᠡᠨ ᠤ ᠬᠤᠭᠤᠷᠤᠨᠳᠤᠬᠢ ᠡᠷᠬᠡ ᠲᠡᠭᠰᠢ ᠡᠶ᠎ᠡ ᠵᠤᠬᠢᠴᠠᠯᠲᠠᠢ ᠪᠠᠷ ᠬᠠᠮᠲᠤ ᠤᠷᠤᠰᠢᠬᠤ᠂ ᠭᠠᠳᠠᠭᠠᠲᠤ ᠯᠤᠭ᠎ᠠ ᠶᠢᠨ ᠰᠤᠶᠤᠯ ᠤᠨ ᠬᠠᠷᠢᠯᠴᠠᠭ᠎ᠠ᠂ ᠠᠵᠦ ᠠᠬᠤᠢ ᠠᠷᠠᠯᠵᠢᠶᠠᠨ ᠤ ᠶᠠᠪᠤᠯᠴᠠᠭ᠎ᠠ ᠶᠢᠨ ᠤᠷᠢᠳᠴᠢᠯᠠᠭᠰᠠᠨ ᠨᠦᠬᠦᠴᠡᠯ ᠮᠦᠨ᠃ ᠨᠡᠬᠦᠳᠡᠯ ᠰᠤᠶᠤᠯ ᠢᠶᠠᠷ ᠰᠠᠭᠤᠷᠢ ᠪᠤᠯᠭᠠᠵᠦ ᠂ ᠮᠤᠩᠭᠤᠯ ᠦᠨᠳᠦᠰᠤᠳᠡᠨ ᠤ ᠰᠤᠶᠤᠯ ᠢᠶᠠᠷ ᠭᠤᠤᠯ ᠴᠤᠭᠴᠠ ᠪᠤᠯᠭᠠᠭᠰᠠᠨ ᠲᠠᠯ᠎ᠠ ᠨᠤᠲᠤᠭ ᠤᠨ ᠰᠤᠶᠤᠯ ᠪᠤᠯ ᠲᠡᠯᠡᠬᠡᠢ ᠶᠢᠨ ᠰᠤᠶᠤᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠲᠡᠷᠡ ᠨᠢ ᠬᠡᠳᠦᠨ ᠮᠢᠩᠭᠠᠨ ᠵᠢᠯ ᠤᠨ ᠲᠤᠷᠰᠢᠬᠢ ᠨᠡᠬᠦᠳᠡᠯᠴᠢᠨ ᠦᠨᠳᠦᠰᠦᠲᠡᠨ ᠤ ᠬᠡᠷᠡᠯ ᠰᠠᠴᠤᠷᠠᠩᠭᠤᠢ ᠲᠡᠤᠬᠡᠨ ᠡᠬᠦᠳᠤᠯᠳᠡ ᠶᠢ ᠠᠴᠢᠶᠠᠯᠠᠵᠦ᠂ ᠬᠦᠨ ᠬᠦᠨᠵᠡᠬᠡᠢ ᠦᠵᠡᠯ ᠰᠠᠨᠠᠭ᠎ᠠ ᠪᠠ ᠦᠷᠬᠡᠨ ᠳᠡᠯᠬᠡᠷ ᠵᠤᠷᠢᠭ ᠰᠠᠨᠠᠭ᠎ᠠ ᠨᠢ ᠪᠦᠬᠦᠢ ᠯᠡ ᠬᠦᠮᠦᠨ ᠲᠦᠷᠦᠯᠬᠢᠲᠡᠨ ᠤ ᠪᠤᠯᠪᠠᠰᠤᠨ ᠤ ᠠᠬᠢᠴᠠ ᠳᠤ ᠯᠤᠲᠤ ᠶᠡᠭᠡ ᠨᠦᠯᠦᠬᠡ ᠦᠵᠡᠬᠦᠯᠵᠦ᠂ ᠦᠷ᠎ᠡ ᠬᠤᠶᠢᠴᠢᠰ ᠲᠠᠭᠠᠨ ᠠᠪᠤᠭᠠᠳ ᠪᠠᠷᠠᠰᠢ ᠦᠬᠡᠢ᠂ ᠬᠡᠷᠡᠭᠯᠡᠬᠡᠳ ᠲᠠᠭᠤᠰᠤᠰᠢ ᠦᠬᠡᠢ ᠤᠶᠤᠨ ᠰᠠᠨᠠᠭᠠᠨ ᠤ ᠡᠬᠢ ᠪᠠᠶᠠᠯᠢᠭ ᠢ ᠦᠯᠡᠳᠡᠬᠡᠵᠦ ᠦᠭᠬᠦᠭᠰᠡᠨ ᠪᠠᠶᠢᠨ᠎ᠠ ᠃ ᠬᠦᠮᠦᠨ ᠲᠦᠷᠦᠯᠬᠢᠲᠡᠨ ᠤ ᠡᠨᠡ ᠬᠦ ᠬᠠᠮᠲᠤ ᠶᠢᠨ ᠰᠤᠶᠤᠯ ᠤᠨ ᠡᠳ᠋ ᠬᠦᠷᠦᠩᠬᠡ ᠶᠢ ᠬᠡᠷᠬᠢᠨ ᠬᠠᠮᠠᠭᠠᠯᠠᠵᠦ᠂ ᠤᠯᠠᠮᠵᠢᠯᠠᠨ ᠬᠦᠭᠵᠢᠬᠦᠯᠵᠦ᠂ ᠲᠡᠬᠦᠨ ᠢ ᠤᠯᠠᠮ ᠴᠢᠨᠠᠭᠰᠢᠳᠠ ᠪᠠᠳᠠᠷᠠᠭᠤᠯᠤᠨ ᠳᠡᠯᠬᠡᠷᠡᠬᠦᠯᠵᠦ᠂ ᠤᠳᠤ ᠦᠶ᠎ᠡ ᠶᠢᠨ ᠨᠡᠶᠢᠬᠡᠮ ᠳᠤ ᠦᠢᠯᠡᠴᠢᠯᠡᠬᠦᠯᠬᠦ ᠪᠤᠯ ᠮᠠᠨ ᠤ ᠡᠨᠡ ᠦᠶ᠎ᠡ ᠶᠢᠨ ᠬᠦᠮᠦᠰ ᠤᠨ ᠡᠮᠦᠨ᠎ᠡ ᠲᠠᠯᠪᠢᠭᠳᠠᠵᠦ ᠪᠠᠶᠢᠭ᠎ᠠ ᠬᠠᠳᠠᠭᠤ ᠡᠬᠦᠷᠬᠡ ᠪᠠ ᠲᠠᠷᠬᠠᠨ ᠡᠬᠦᠷᠬᠡ ᠬᠠᠷᠢᠭᠤᠴᠠᠯᠭ᠎ᠠ ᠮᠦᠨ᠃ ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ ᠪᠤᠯ ᠲᠠᠷᠤᠢ ᠠᠳᠠᠯᠢ ᠪᠤᠰᠤ ᠤᠯᠤᠰ ᠪᠠ ᠭᠠᠵᠠᠷ ᠤᠷᠤᠨ ᠤ ᠡᠷᠳᠡᠮᠳᠡᠨ ᠪᠠ ᠵᠤᠷᠢᠭ ᠰᠦᠰᠦ ᠲᠠᠢ ᠬᠦᠮᠦᠰ ᠢ ᠴᠤᠭᠯᠠᠭᠤᠯᠵᠦ᠂ ᠲᠠᠯ᠎ᠠ ᠨᠤᠲᠤᠭ ᠤᠨ ᠰᠤᠶᠤᠯ ᠤᠨ ᠲᠤᠬᠠᠢ ᠬᠠᠮᠲᠤ ᠶᠢᠨ ᠶᠠᠷᠢᠯᠴᠠᠭ᠎ᠠ ᠪᠠ ᠰᠤᠯᠢᠯᠴᠠᠭ᠎ᠠ ᠪᠠᠷ ᠲᠠᠮᠵᠢᠭᠤᠯᠤᠨ᠂ ᠲᠡᠬᠦᠨ ᠤ ᠬᠦᠨ ᠲᠠᠪᠬᠤᠷᠭ᠎ᠠ ᠶᠢᠨ ᠠᠭᠤᠯᠤᠭᠳᠠᠬᠤᠨ ᠢ ᠤᠯᠠᠮ ᠨᠢᠬᠡ ᠠᠯᠬᠤᠮ ᠠᠭᠤᠳᠠᠯᠵᠦ᠂ ᠡᠨᠡ ᠬᠦ ᠰᠤᠶᠤᠯ ᠢ ᠬᠠᠮᠠᠭᠠᠯᠠᠨ᠂ ᠤᠯᠠᠮᠵᠢᠯᠠᠨ ᠬᠦᠭᠵᠢᠬᠦᠯᠵᠦ᠂ ᠮᠠᠨ ᠤ ᠬᠠᠮᠲᠤ ᠶᠢᠨ ᠤᠶᠤᠨ ᠰᠠᠨᠠᠭᠠᠨ ᠤ ᠦᠪ ᠬᠦᠷᠦᠩᠬᠡ ᠪᠤᠯᠭᠠᠵᠦ᠂ ᠲᠡᠯᠡᠬᠡᠢ ᠶᠢᠨ ᠰᠤᠶᠤᠯ ᠤᠨ ᠡᠷᠳᠡᠨᠢᠰ ᠤᠨ ᠰᠠᠩ ᠳᠤ ᠨᠡᠩ ᠤᠯᠠᠨ ᠤᠶᠤᠨ ᠤ ᠲᠡᠵᠢᠬᠡᠯ ᠢ ᠨᠡᠮᠡᠬᠦ ᠴᠢᠬᠤᠯᠠ ᠲᠠᠪᠴᠠᠩ ᠪᠤᠯᠤᠨ᠎ᠠ᠃      ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ ᠢ ᠦᠪᠦᠷ ᠮᠤᠩᠭᠤᠯ ᠤᠨ ᠱᠢ ᠴᠢ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠠᠴᠠ ᠡᠬᠦᠰᠬᠡᠨ ᠪᠠᠶᠢᠭᠤᠯᠵᠦ᠂ ︽ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ︾ ᠨᠢ 2005 ᠤᠨ ᠤ 6 ᠰᠠᠷ᠎ᠠ ᠶᠢᠨ 25 ᠤ ᠡᠳᠦᠷ ᠬᠦᠬᠡᠬᠤᠳᠠ ᠳᠤ ᠶᠠᠪᠤᠭᠳᠠᠵᠦ᠂ ᠤᠳᠤ ᠪᠤᠯᠳᠠᠯ᠎ᠠ ᠨᠢᠬᠡᠨᠳᠡ ᠬᠤᠷᠢᠨ ᠨᠢᠬᠡᠨ ᠬᠤᠭᠤᠴᠠᠭ᠎ᠠ ᠠᠮᠵᠢᠯᠳᠠᠲᠠᠢ ᠡᠷᠬᠢᠯᠡᠪᠡ᠃ 2005 ᠤᠨ ᠤ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ ᠢ ᠦᠪᠦᠷ ᠮᠤᠩᠭᠤᠯ ᠤᠨ ᠱᠢ ᠴᠢ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠠᠴᠠ ᠰᠠᠨᠠᠭᠠᠴᠢᠯᠠᠨ ᠡᠷᠬᠢᠯᠡᠭᠰᠡᠨ ᠪᠦᠬᠡᠳ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠭᠤᠸᠠᠩ ᠮᠢᠩ ᠡᠳᠦᠷ ᠤᠨ ᠰᠤᠨᠢᠨ᠂ ᠰᠢᠶᠠᠩᠭᠠᠡᠭ ᠤᠨ ᠹᠧᠡᠭ ᠬᠤᠸᠠᠩ ᠤᠳᠤᠨ ᠲᠧᠯᠸᠢᠰ ᠪᠤᠯᠤᠨ ᠦᠪᠦᠷ ᠮᠤᠩᠭᠤᠯ ᠤᠨ ᠲᠧᠯᠸᠢᠰ ᠬᠤᠷᠢᠶ᠎ᠠ ᠠᠴᠠ ᠬᠠᠮᠲᠤᠷᠠᠨ ᠡᠷᠬᠢᠯᠡᠵᠦ᠂ ︽ᠲᠠᠯ᠎ᠠ ᠨᠤᠲᠤᠭ ᠤᠨ ᠰᠤᠶᠤᠯ ᠤᠨ ᠰᠤᠳᠠᠰᠦ ᠶᠢ ᠬᠠᠮᠲᠤ ᠪᠠᠷ ᠡᠮᠬᠢᠯᠡᠵᠦ᠂ ᠲᠠᠯ᠎ᠠ ᠨᠤᠲᠤᠭ ᠤᠨ ᠰᠤᠶᠤᠯ ᠤᠨ ᠢᠷᠠᠭᠤ ᠠᠯᠳᠠᠷ ᠢ ᠬᠠᠮᠲᠤ ᠪᠠᠷ ᠡᠳ᠋ᠯᠡᠵᠦ᠂ ᠲᠠᠯ᠎ᠠ ᠨᠤᠲᠤᠭ ᠤᠨ ᠰᠤᠶᠤᠯ ᠤᠨ ᠬᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠡᠬᠦᠳᠬᠦ︾ ᠪᠠᠷ ᠭᠤᠤᠯ ᠰᠡᠳᠦᠪ ᠪᠤᠯᠭᠠᠵᠦ᠂ ᠶᠠᠷᠢᠯᠴᠠᠭᠠᠨ ᠨᠢ ᠤᠯᠤᠰ ᠤᠨ ᠠᠯᠳᠠᠷᠲᠤ ᠡᠷᠳᠡᠮ ᠰᠢᠨᠵᠢᠯᠡᠬᠡᠨ ᠤ ᠰᠤᠳᠤᠯᠭᠠᠨ ᠤ ᠪᠠᠶᠢᠭᠤᠯᠤᠮᠵᠢ᠂ ᠡᠷᠬᠡ ᠰᠦᠷᠲᠤ ᠲᠤᠰᠬᠠᠢ ᠮᠡᠷᠬᠡᠵᠢᠯᠳᠡᠨ ᠢ ᠤᠷᠢᠵᠦ᠂ ᠶᠠᠫᠤᠨ᠂ ᠮᠤᠩᠭᠤᠯ ᠵᠡᠷᠬᠡ ᠤᠯᠤᠰ ᠤᠨ ᠨᠡᠷ᠎ᠡ ᠬᠦᠨᠳᠦᠲᠦ ᠡᠷᠳᠡᠮᠳᠡᠨ ᠢ ᠤᠷᠢᠵᠦ ᠬᠤᠷᠠᠯ ᠳᠤ ᠤᠷᠤᠯᠴᠠᠭᠤᠯᠵᠠᠢ᠃      2006 ᠤᠨ ᠤ 12 ᠰᠠᠷ᠎ᠠ ᠶᠢᠨ 27 ᠳᠤ᠂ ︽ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ︾ ᠵᠢᠴᠢ ︽ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠬᠠᠮᠠᠭᠠᠯᠠᠨ ᠬᠦᠭᠵᠢᠬᠦᠯᠬᠦ ᠰᠠᠭᠤᠷᠢ ᠮᠦᠡᠭᠬᠦᠨ ᠤ ᠨᠡᠶᠢᠬᠡᠮᠯᠢᠭ ᠪᠠᠶᠢᠭᠤᠯᠤᠭᠳᠠᠬᠤ ᠶᠡᠭᠡ ᠬᠤᠷᠠᠯ︾ ᠨᠢ ᠪᠡᠬᠡᠵᠢᠩ ᠶᠡᠭᠡ ᠰᠤᠷᠭᠠᠭᠤᠯᠢ ᠶᠢᠨ ︽ᠵᠠᠭᠤᠨ ᠵᠢᠯ ᠤᠨ ᠤᠢ ᠶᠢ ᠲᠤᠷᠠᠰᠬᠠᠬᠤ ᠶᠠᠷᠢᠶᠠᠨ ᠤ ᠲᠢᠩᠬᠢᠮ︾ ᠳᠤ ᠶᠠᠪᠤᠭᠳᠠᠪᠠ᠃ ᠶᠠᠷᠢᠯᠴᠠᠭᠠᠨ ᠤ ᠭᠤᠤᠯ ᠰᠡᠳᠦᠪ ᠨᠢ ︽ᠲᠤᠮᠳᠠᠳᠤ ᠶᠢᠨ ᠪᠤᠯᠪᠠᠰᠤᠨ ᠲᠡᠤᠬᠡᠨ ᠳᠠᠬᠢ ᠲᠠᠯ ᠎ᠠ ᠨᠤᠲᠤᠭ ᠤᠨ ᠰᠤᠶᠤᠯ ᠊᠊᠊᠊᠊ ᠠᠷᠪᠠᠨ ᠭᠤᠷᠪᠠᠳᠤᠭᠠᠷ ᠵᠠᠭᠤᠨ ᠠᠴᠠ ᠨᠠᠭᠠᠰᠢᠬᠢ ᠲᠡᠤᠬᠡ ᠬᠢᠬᠡᠳ ᠠᠬᠤᠢ ᠪᠠᠶᠢᠳᠠᠯ︾ ᠪᠤᠯᠤᠨ᠎ᠠ᠃ ᠶᠠᠷᠢᠯᠴᠠᠭᠠᠨ ᠨᠢ ᠭᠤᠤᠯ ᠰᠡᠳᠦᠪ ᠤᠨ ᠲᠤᠭᠤᠷᠢᠨ ᠳᠤ᠂ ᠮᠤᠩᠭᠤᠯ ᠶᠤᠸᠠᠨ ᠤ ᠤᠯᠤᠰ ᠲᠦᠷᠦ ᠶᠢᠨ ᠪᠠᠶᠢᠭᠤᠯᠤᠯ᠂ ᠲᠠᠯ᠎ᠠ ᠨᠤᠲᠤᠭ ᠤᠨ ᠠᠮᠢ ᠠᠬᠤᠢ ᠶᠢᠨ ᠤᠬᠠᠭᠠᠨ᠂ ᠬᠦᠨ ᠤᠬᠠᠭᠠᠨ᠂ ᠮᠤᠩᠭᠤᠯ ᠰᠤᠳᠤᠯᠤᠯ᠂ ᠬᠠᠭᠤᠴᠢ ᠰᠤᠳᠤᠯᠤᠯ ᠂ ᠤᠳᠬ᠎ᠠ ᠵᠤᠬᠢᠶᠠᠯ ᠤᠷᠠᠯᠢᠭ ᠤᠨ ᠰᠤᠳᠤᠯᠭᠠᠨ ᠵᠡᠷᠬᠡ ᠶᠢ ᠬᠦᠨ ᠲᠡᠰ ᠲᠠᠪᠬᠤᠷᠭ᠎ᠠ᠂ ᠤᠯᠠᠨ ᠬᠠᠷᠠᠭᠠᠰᠦ ᠠᠴᠠ ᠪᠦᠬᠦ ᠲᠠᠯ᠎ᠠ ᠪᠠᠷ ᠲᠠᠯ᠎ᠠ ᠨᠤᠲᠤᠭ ᠤᠨ ᠰᠤᠶᠤᠯ ᠤᠨ ᠲᠤᠮᠳᠠᠳᠤ ᠤᠯᠤᠰ ᠤᠨ ᠬᠦᠭᠵᠢᠯᠳᠡ ᠶᠢᠨ ᠲᠡᠤᠬᠡᠨ ᠲᠡᠭᠡᠷᠡᠬᠢ ᠪᠠᠶᠢᠷᠢ ᠰᠠᠭᠤᠷᠢ ᠪᠠ ᠲᠠᠯ᠎ᠠ ᠨᠤᠲᠤᠭ ᠤᠨ ᠰᠤᠶᠤᠯ ᠤᠨ ᠲᠤᠮᠳᠠᠳᠤ ᠶᠢᠨ ᠪᠤᠯᠪᠠᠰᠤᠨ ᠳᠤ ᠦᠵᠡᠬᠦᠯᠬᠦ ᠨᠦᠯᠦᠬᠡ ᠪᠠ ᠦᠢᠯᠡᠳᠦᠯ ᠢ ᠲᠤᠲᠤᠷᠬᠠᠶᠢᠯᠠᠵᠦ᠂ ᠲᠠᠯ᠎ᠠ ᠨᠤᠲᠤᠭ ᠤᠨ ᠰᠤᠶᠤᠯ ᠤᠨ ᠬᠦᠨ ᠵᠤᠵᠠᠭᠠᠨ ᠪᠤᠳᠠᠰ ᠤᠨ ᠪᠠ ᠤᠶᠤᠨ ᠰᠠᠨᠠᠭᠠᠨ ᠤ ᠠᠭᠤᠯᠤᠭᠳᠠᠬᠤᠨ ᠵᠢᠴᠢ ᠲᠡᠯᠡᠬᠡᠢ ᠶᠢᠨ ᠴᠢᠨᠠᠷᠲᠠᠢ ᠨᠦᠯᠦᠬᠡᠯᠡᠯ ᠤᠨ ᠡᠬᠢ ᠪᠡᠶᠠᠯᠢᠭ ᠤᠨ ᠲᠠᠪᠠᠭᠤᠯᠢᠭ ᠢ ᠲᠡᠯᠬᠡᠨ ᠦᠵᠡᠬᠦᠯᠵᠦ᠂ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠦᠨᠳᠦᠰᠦᠲᠡᠨ ᠤ ᠰᠤᠶᠤᠯ ᠤᠨ ᠲᠤᠮᠤ ᠤᠷᠤᠨ ᠢ ᠪᠦᠲᠦᠬᠡᠨ ᠪᠠᠶᠢᠭᠤᠯᠬᠤ ᠪᠠ ᠮᠠᠨ ᠤ ᠤᠯᠤᠰ ᠤᠨ ᠨᠡᠶᠢᠬᠡᠮ ᠵᠢᠷᠤᠮ ᠤᠨ ᠡᠶ᠎ᠡ ᠵᠤᠬᠢᠴᠠᠯᠲᠠᠢ ᠨᠡᠶᠢᠬᠡᠮ ᠢ ᠪᠦᠲᠦᠬᠡᠨ ᠪᠠᠶᠢᠭᠤᠯᠬᠤ ᠳᠤ ᠯᠠᠪᠳᠠᠭᠤᠨ ᠪᠠᠲᠤᠲᠠᠢ ᠡᠷᠳᠡᠮ ᠰᠢᠨᠵᠢᠯᠡᠬᠡᠨ ᠤ ᠲᠤᠯᠭᠠᠭᠤᠷᠢᠯᠠᠬᠤ ᠴᠡᠭ ᠢ ᠬᠠᠨᠭ᠍ᠭᠠᠭᠰᠠᠨ ᠪᠠᠶᠢᠨ᠎ᠠ᠃      ᠮᠦᠨ ᠴᠤ᠂ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠢ ᠬᠠᠮᠠᠭᠠᠯᠠᠨ ᠬᠦᠭᠵᠢᠬᠦᠯᠬᠦ ᠰᠠᠭᠤᠷᠢ ᠮᠦᠡᠭᠬᠦᠨ ᠤ ᠨᠡᠶᠢᠬᠡᠮᠯᠢᠭ ᠪᠠᠶᠢᠭᠤᠯᠤᠭᠳᠠᠭᠰᠠᠨ ᠢᠶᠠᠨ ᠲᠤᠩᠬᠠᠭᠯᠠᠵᠠᠢ᠃ ᠰᠠᠭᠤᠷᠢ ᠮᠦᠡᠭᠬᠦᠨ ᠤ ᠨᠡᠶᠢᠬᠡᠮᠯᠢᠭ ᠨᠢ ᠦᠪᠦᠷ ᠮᠤᠩᠭᠤᠯ ᠤᠨ ᠱᠢ ᠴᠢ ᠪᠦᠯᠦᠭᠯᠡᠯ ᠠᠴᠠ ᠡᠬᠦᠰᠬᠡᠨ ᠪᠠᠶᠢᠭᠤᠯᠵᠦ᠂ ᠲᠠᠯ᠎ᠠ ᠨᠤᠲᠤᠭ ᠤᠨ ᠰᠤᠶᠤᠯ ᠢ ᠬᠠᠶᠢᠷᠠᠯᠠᠬᠤ᠂ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠᠷ ᠵᠤᠷᠢᠭ ᠰᠢᠭᠤᠳᠤᠭᠰᠠᠨ ᠤᠯᠤᠰ ᠤᠨ ᠲᠤᠲᠤᠭᠠᠲᠤ ᠭᠠᠳᠠᠭᠠᠲᠤ ᠶᠢᠨ ᠡᠷᠳᠡᠮᠳᠡᠨ ᠮᠡᠷᠬᠡᠳ ᠬᠠᠮᠲᠤ ᠪᠠᠷ ᠬᠠᠨᠳᠢᠪᠯᠠᠨ ᠡᠬᠦᠳᠦᠭᠰᠡᠨ ᠲᠤᠮᠳᠠᠳᠤ ᠤᠯᠤᠰ ᠤᠨ ᠠᠩᠬᠠᠳᠠᠭᠴᠢ ᠲᠠᠯ᠎ᠠ ᠨᠤᠲᠤᠭ ᠤᠨ ᠰᠤᠶᠤᠯ ᠢ ᠬᠠᠮᠠᠭᠠᠯᠠᠨ ᠬᠦᠭᠵᠢᠬᠦᠯᠬᠦ ᠲᠤᠰᠬᠠᠢ ᠰᠠᠭᠤᠷᠢ ᠮᠦᠡᠭᠬᠦᠨ ᠤ ᠨᠡᠶᠢᠬᠡᠮᠯᠢᠭ ᠪᠤᠯᠤᠨ᠎ᠠ᠃ ᠰᠠᠭᠤᠷᠢ ᠮᠦᠡᠭᠬᠦᠨ ᠤ ᠨᠡᠶᠢᠬᠡᠮᠯᠢᠭ ᠨᠢ ᠡᠮᠬᠢᠯᠡᠬᠦ᠂ ᠬᠠᠮᠠᠭᠠᠯᠠᠬᠤ᠂ ᠤᠯᠠᠮᠵᠢᠯᠠᠬᠤ᠂ ᠬᠦᠭᠵᠢᠬᠦᠯᠬᠦ ᠪᠠᠷ ᠵᠤᠷᠢᠯᠳᠠ ᠪᠤᠯᠭᠠᠵᠦ᠂ ᠲᠠᠯ᠎ᠠ ᠨᠤᠲᠤᠭ ᠤᠨ ᠰᠤᠶᠤᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠵᠠᠯᠭᠠᠮᠵᠢᠯᠠᠨ ᠪᠠᠳᠠᠷᠠᠭᠤᠯᠵᠦ᠂ ᠤᠯᠤᠰ ᠤᠨ ᠲᠤᠲᠤᠭᠠᠲᠤ ᠭᠠᠳᠠᠭᠠᠲᠤ ᠶᠢᠨ ᠲᠠᠯ᠎ᠠ ᠨᠤᠲᠤᠭ ᠤᠨ ᠰᠤᠶᠤᠯ ᠤᠨ ᠬᠦᠭᠵᠢᠯᠳᠡ ᠶᠢ ᠠᠩᠬᠠᠷᠴᠦ᠂ ᠲᠠᠯ᠎ᠠ ᠨᠤᠲᠤᠭ ᠤᠨ ᠰᠤᠶᠤᠯ ᠤᠨ ᠰᠤᠳᠤᠯᠭᠠᠨ ᠬᠢᠵᠦ ᠪᠠᠶᠢᠭ᠎ᠠ ᠲᠤᠰᠬᠠᠢ ᠮᠡᠷᠬᠡᠵᠢᠯᠳᠡᠨ ᠡᠷᠳᠡᠮᠳᠡᠨ ᠲᠠᠢ ᠦᠷᠬᠡᠨ ᠢᠶᠠᠷ ᠬᠠᠷᠢᠯᠴᠠᠬᠤ ᠶᠢᠨ ᠲᠦᠯᠦᠬᠡ ᠶᠤᠮ᠃ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠲᠡᠯᠬᠡᠷᠡᠬᠦᠯᠬᠦ ᠠᠵᠢᠯ ᠢ ᠡᠷᠬᠢᠯᠡᠵᠦ ᠪᠠᠶᠢᠭ᠎ᠠ ᠤᠷᠠᠯᠢᠭᠴᠢᠳ᠂ ᠤᠳᠬ᠎ᠠ ᠵᠤᠬᠢᠶᠠᠯᠴᠢᠳ ᠪᠤᠯᠤᠨ ᠰᠤᠨᠢᠨ ᠮᠡᠳᠡᠬᠡᠨ ᠤ ᠬᠢᠨ ᠵᠢᠴᠢ ᠬᠠᠮᠢᠶ᠎ᠠ ᠪᠦᠬᠦᠢ ᠨᠡᠶᠢᠬᠡᠮ ᠤᠨ ᠪᠦᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠪᠤᠯᠤᠨ ᠬᠦᠮᠦᠰ ᠬᠠᠮᠲᠤ ᠪᠠᠷ ᠲᠠᠯ᠎ᠠ ᠨᠤᠲᠤᠭ ᠤᠨ ᠰᠤᠶᠤᠯ ᠢ ᠬᠠᠮᠠᠭᠠᠯᠠᠨ ᠬᠦᠭᠵᠢᠬᠦᠯᠬᠦ ᠲᠤᠰᠬᠠᠢ ᠲᠦᠷᠦᠯ ᠵᠦᠢᠯ ᠤᠨ ᠪᠡᠯᠡ ᠮᠦᠡᠭᠬᠦ ᠶᠢ ᠴᠤᠭᠯᠠᠭᠤᠯᠵᠦ᠂ ᠲᠠᠯ᠎ᠠ ᠨᠤᠲᠤᠭ ᠤᠨ ᠰᠤᠶᠤᠯ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠢ ᠡᠯ᠎ᠡ ᠵᠦᠢᠯ ᠤᠨ ᠬᠡᠯᠪᠡᠷᠢ ᠪᠠᠷ ᠲᠤᠰᠠᠯᠠᠨ ᠲᠡᠮᠵᠢᠵᠦ᠂ ᠲᠠᠯ᠎ᠠ ᠨᠤᠲᠤᠭ ᠤᠨ ᠰᠤᠶᠤᠯ ᠤᠨ ᠰᠢᠨ᠎ᠡ ᠶᠢ ᠡᠬᠦᠳᠬᠦ ᠶᠢ ᠠᠬᠢᠭᠤᠯᠵᠦ᠂ ᠲᠠᠯ᠎ᠠ ᠨᠤᠲᠤᠭ ᠤᠨ ᠰᠤᠶᠤᠯ ᠤᠨ ᠰᠢᠨ᠎ᠡ ᠬᠦᠮᠦᠨ ᠢ ᠲᠡᠳᠬᠦᠨ ᠲᠡᠮᠵᠢᠵᠦ᠂ ᠲᠠᠯ᠎ᠠ ᠨᠤᠲᠤᠭ ᠤᠨ ᠰᠤᠶᠤᠯ ᠤᠨ ᠪᠠᠶᠢᠭᠤᠯᠤᠯᠳᠠ ᠪᠤᠯᠤᠨ ᠰᠤᠯᠢᠯᠴᠠᠭ᠎ᠠ ᠶᠢ ᠠᠬᠢᠭᠤᠯᠵᠦ᠂ ᠲᠠᠯ᠎ᠠ ᠨᠤᠲᠤᠭ ᠤᠨ ᠰᠤᠶᠤᠯ ᠤᠨ ᠦᠢᠯᠡᠰ ᠢ ᠴᠡᠭᠴᠡᠯᠡᠨ ᠬᠦᠭᠵᠢᠬᠦᠯᠬᠦ ᠪᠠᠷ ᠬᠦᠴᠦᠯᠡᠨ ᠴᠢᠷᠮᠠᠶᠢᠵᠦ᠂ ᠲᠠᠯ᠎ᠠ ᠨᠤᠲᠤᠭ ᠤᠨ ᠰᠤᠶᠤᠯ ᠤᠨ ᠠᠭᠤᠯᠤᠭᠳᠠᠬᠤᠨ ᠪᠤᠯᠤᠨ ᠲᠠᠳᠠᠬᠤ ᠬᠦᠴᠦᠨ ᠢ ᠴᠢᠩᠭᠠᠷᠠᠭᠤᠯᠵᠦ ᠪᠤᠢ᠃ ︽ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ︾  ᠨᠢ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠢ ᠬᠠᠮᠠᠭᠠᠯᠠᠨ ᠬᠦᠭᠵᠢᠬᠦᠯᠬᠦ ᠰᠠᠭᠤᠷᠢ ᠮᠦᠡᠭᠬᠦᠨ ᠤ ᠨᠡᠶᠢᠬᠡᠮᠯᠢᠭ ᠤᠨ ᠭᠤᠤᠯᠳᠠᠯᠭ᠎ᠠ ᠲᠠᠢ ᠲᠤᠰᠠᠯᠠᠨ ᠠᠬᠢᠭᠤᠯᠬᠤ ᠲᠠᠯ᠎ᠠ ᠨᠤᠲᠤᠭ ᠤᠨ ᠰᠤᠶᠤᠯ ᠢ ᠬᠠᠮᠠᠭᠠᠯᠠᠨ ᠬᠦᠭᠵᠢᠬᠦᠯᠬᠦ ᠢᠨᠵᠧᠨᠧᠷᠢᠩ ᠤᠨ ᠲᠦᠷᠦᠯ ᠵᠦᠢᠯ ᠪᠠᠶᠢᠵᠦ᠂ ᠵᠢᠯ ᠪᠦᠷᠢ ᠨᠢᠬᠡ ᠬᠤᠭᠤᠴᠠᠭ᠎ᠠ ᠶᠠᠪᠤᠭᠳᠠᠭᠤᠯᠳᠠᠭ᠃      2019 ᠤᠨ ᠤ 1 ᠰᠠᠷ᠎ᠠ ᠶᠢᠨ 12 ᠊᠊᠊᠊᠊ 13 ᠳᠤ᠂ ᠬᠤᠷᠢᠨ ᠨᠢᠬᠡᠳᠦᠬᠡᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠮᠡᠷᠬᠡᠳ ᠤᠨ ᠶᠠᠷᠢᠯᠴᠠᠭᠠᠨ ᠨᠢ ᠬᠦᠬᠡᠬᠤᠳᠠ ᠳᠤ ᠶᠠᠪᠤᠭᠳᠠᠪᠠ᠃ ᠶᠠᠷᠢᠯᠴᠠᠭᠠᠨ ᠤ ᠭᠤᠤᠯ ᠰᠡᠳᠦᠪ ᠨᠢ ︽ᠦᠬᠡᠷᠡᠴᠢᠯᠡᠯᠳᠡ ᠨᠡᠬᠡᠬᠡᠯᠳᠡ ᠨᠢ ᠲᠠᠯ᠎ᠠ ᠨᠤᠲᠤᠭ ᠤᠨ ᠰᠤᠶᠤᠯ ᠤᠨ ᠪᠠᠳᠠᠷᠠᠨ ᠬᠦᠭᠵᠢᠬᠦ ᠳᠤ ᠵᠢᠬᠦᠷ ᠤᠷᠭᠤᠭᠤᠯᠵᠦ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠨᠢ ᠲᠠᠯ᠎ᠠ ᠨᠤᠲᠤᠭ ᠤᠨ ᠰᠤᠶᠤᠯ ᠤᠨ ᠬᠦᠭᠵᠢᠯᠳᠡ ᠶᠢᠨ ᠴᠢᠭᠯᠡᠯ ᠢ ᠵᠢᠭᠠᠨ ᠦᠭᠴᠡᠢ︾᠃ ᠲᠤᠮᠳᠠᠳᠤ ᠤᠯᠤᠰ᠂ ᠤᠷᠤᠰ᠂ ᠮᠤᠩᠭᠤᠯ ᠤᠯᠤᠰ ᠵᠡᠷᠬᠡ ᠤᠯᠤᠰ ᠤᠨ ᠲᠡᠭᠡᠲᠦ ᠵᠡᠷᠬᠡ ᠶᠢᠨ ᠬᠦᠷᠢᠶᠡᠯᠡᠩ ᠪᠠ ᠰᠤᠳᠤᠯᠭᠠᠨ ᠤ ᠪᠠᠶᠢᠭᠤᠯᠤᠮᠵᠢ ᠶᠢᠨ 300 ᠭᠠᠷᠤᠢ ᠲᠤᠰᠬᠠᠢ ᠮᠡᠷᠬᠡᠵᠢᠯᠳᠡᠨ ᠡᠷᠳᠡᠮᠳᠡᠨ᠂ ᠠᠯᠳᠠᠷᠲᠤ ᠤᠷᠠᠯᠢᠭᠴᠢᠨ᠂ ᠵᠢᠭᠤᠯᠴᠢᠯᠠᠯ ᠤᠨ ᠰᠤᠶᠤᠯ ᠪᠠ ᠰᠤᠨᠢᠨ ᠮᠡᠳᠡᠭᠡ ᠵᠠᠭᠤᠴᠢᠯᠠᠭᠤᠷ ᠤᠨ ᠠᠵᠢᠯᠳᠠᠨ᠂ ᠬᠠᠮᠢᠶ᠎ᠠ ᠪᠦᠬᠦᠢ ᠠᠵᠦ ᠠᠬᠤᠶᠢᠯᠠᠯᠲᠠᠨ ᠵᠢᠴᠢ ᠲᠠᠯ᠎ᠠ ᠨᠤᠲᠤᠭ ᠤᠨ ᠰᠤᠶᠤᠯ ᠢ ᠬᠠᠯᠠᠮᠵᠢᠯᠠᠨ ᠬᠠᠶᠢᠷᠠᠯᠠᠵᠦ ᠪᠠᠶᠢᠭ᠎ᠠ ᠤᠳᠤᠷᠢᠳᠤᠯᠭ᠎ᠠ ᠪᠠ ᠬᠦᠨᠳᠦᠲᠦ ᠵᠤᠴᠢᠨ ᠤᠷᠤᠯᠴᠠᠵᠠᠢ᠃      ᠲᠤᠰ ᠬᠤᠭᠤᠴᠠᠭᠠᠨ ᠤ ᠶᠠᠷᠢᠯᠴᠠᠭᠠᠨ ᠨᠢ ᠲᠠᠯ᠎ᠠ ᠨᠤᠲᠤᠭ ᠤᠨ ᠰᠤᠶᠤᠯ ᠤᠨ ᠤᠨᠤᠯ ᠤᠨ ᠬᠦᠭᠵᠢᠯᠳᠡ ᠪᠠ ᠦᠢᠯᠡᠳᠦᠯᠬᠡ ᠶᠢᠨ ᠰᠢᠨ᠎ᠡ ᠶᠢ ᠡᠬᠦᠳᠦᠯᠳᠡ ᠪᠠᠷ ᠵᠤᠷᠢᠯᠳᠠ ᠪᠤᠯᠭᠠᠨ᠂ ᠬᠦᠴᠢᠷ ᠪᠡᠷᠬᠡ ᠶᠢ ᠲᠡᠰᠪᠦᠷᠢᠯᠡᠨ ᠴᠤᠴᠠᠯᠲᠠ ᠦᠬᠡᠢ ᠤᠷᠤᠭᠰᠢᠯᠠᠬᠤ ᠮᠤᠩᠭᠤᠯ ᠮᠤᠷᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠪᠠᠷ ᠤᠳᠤᠷᠢᠳᠤᠮᠵᠢ ᠪᠤᠯᠭᠠᠪᠠ᠃ ᠭᠤᠤᠯ ᠰᠡᠳᠦᠪᠲᠤ ᠶᠠᠷᠢᠯᠴᠠᠭᠠᠨ ᠤ ᠶᠠᠷᠢᠶ᠎ᠠ ᠢᠯᠡᠳᠬᠡᠯ ᠠᠴᠠ ᠭᠠᠳᠠᠨ᠎ᠠ ᠪᠠᠰᠠ ︽ᠠᠳᠤᠭᠤᠨ ᠰᠤᠶᠤᠯ ᠤᠨ ᠲᠤᠬᠠᠢ ᠲᠠᠬᠢᠨ ᠦᠬᠦᠯᠡᠬᠦ ᠨᠢ︾᠂ ︽ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠤᠨ ᠪᠡᠯᠡᠳᠬᠡᠯ ᠬᠤᠷᠠᠯ︾᠂ ︽ᠬᠤᠶᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠯᠴᠠᠭᠠᠨ ᠤ ᠲᠠᠪᠴᠠᠩ ᠤᠨ ᠪᠡᠯᠡᠳᠬᠡᠯ ᠬᠤᠷᠠᠯ︾᠂ ︽ᠠᠩᠬᠠᠳᠤᠭᠠᠷ ᠬᠤᠭᠤᠴᠠᠭᠠᠨ ᠤ ᠬᠦᠯᠦᠨ ᠪᠤᠶᠢᠷ ᠤᠨ ᠤᠯᠠᠨ ᠤᠯᠤᠰ ᠤᠨ ᠪᠤᠬᠢᠷᠳᠤᠯ ᠦᠬᠡᠢ ᠬᠦᠭᠵᠢᠯᠳᠡ ᠶᠢᠨ ᠶᠡᠭᠡ ᠬᠤᠷᠠᠯ ᠤᠨ ᠪᠡᠯᠡᠳᠬᠡᠯ ᠬᠤᠷᠠᠯ︾᠂ ︽ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠪᠤᠬᠢᠷᠳᠤᠯ ᠦᠬᠡᠢ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠤᠨ ᠪᠡᠯᠡᠳᠬᠡᠯ ᠬᠤᠷᠠᠯ︾ ᠬᠡᠬᠦ ᠲᠠᠪᠤᠨ ᠲᠤᠰᠬᠠᠢ ᠰᠡᠳᠦᠪᠲᠤ ᠬᠤᠪᠢᠶᠠᠷᠢ ᠶᠠᠷᠢᠯᠴᠠᠭᠠᠨ ᠢ ᠦᠷᠨᠢᠭᠦᠯᠵᠦ᠂ ᠬᠤᠯᠪᠤᠭᠳᠠᠯ ᠪᠦᠬᠦᠢ ᠵᠦᠪᠯᠡᠬᠦ ᠰᠡᠳᠦᠪ ᠤᠨ ᠲᠤᠬᠠᠢ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠭ᠎ᠠ ᠬᠢᠵᠦ ᠲᠤᠷᠰᠢᠯᠭ᠎ᠠ ᠪᠠᠨ ᠰᠤᠯᠢᠯᠴᠠᠪᠠ᠃ ᠶᠠᠷᠢᠯᠴᠠᠭᠠᠨ ᠳᠤ ᠤᠷᠤᠯᠴᠠᠭᠰᠠᠨ ᠵᠤᠴᠢᠳ ᠦᠪᠡᠷ ᠦᠪᠡᠷ ᠤᠨ ᠰᠠᠨᠠᠯ ᠢᠶᠠᠨ ᠶᠠᠷᠢᠵᠦ᠂ ᠦᠵᠡᠯ ᠪᠤᠳᠤᠯ ᠢᠶᠠᠨ ᠰᠤᠯᠢᠯᠴᠠᠵᠦ᠂ ᠲᠠᠯ᠎ᠠ ᠨᠤᠲᠤᠭ ᠤᠨ ᠰᠤᠶᠤᠯ ᠢ ᠬᠠᠮᠠᠭᠠᠯᠠᠬᠤ᠂ ᠤᠯᠠᠮᠵᠢᠯᠠᠬᠤ᠂ ᠬᠦᠭᠵᠢᠬᠦᠯᠬᠦ᠂ ᠰᠢᠨ᠎ᠡ ᠶᠢ ᠡᠬᠦᠳᠬᠦ ᠳᠤ ᠰᠠᠨᠠᠯ ᠰᠠᠨᠠᠭᠤᠯᠭ᠎ᠠ ᠪᠠᠨ ᠲᠡᠪᠰᠢᠬᠦᠯᠤᠨ ᠠᠷᠭ᠎ᠠ ᠤᠬᠠᠭᠠᠨ ᠭᠠᠷᠭᠠᠵᠦ᠂ ᠲᠠᠯ᠎ᠠ ᠨᠤᠲᠤᠭ ᠤᠨ ᠰᠤᠶᠤᠯ ᠤᠨ ᠰᠤᠳᠤᠯᠭᠠᠨ ᠤ ᠦᠷ᠎ᠠ ᠪᠦᠲᠦᠬᠡᠯ ᠢ ᠤᠳᠤᠬᠠᠨ ᠤ ᠠᠵᠦ ᠠᠬᠤᠢ ᠪᠠ ᠰᠤᠶᠤᠯ ᠤᠨ ᠪᠠᠶᠢᠭᠤᠯᠤᠯᠳᠠ ᠳᠤ ᠬᠡᠷᠡᠭᠯᠡᠵᠦ᠂ ᠰᠢᠨ᠎ᠡ ᠲᠡᠤᠬᠡᠨ ᠴᠠᠭ ᠦᠶ᠎ᠠ ᠳᠤ ᠦᠪᠡᠷᠲᠡᠬᠡᠨ ᠵᠠᠰᠠᠬᠤ ᠤᠷᠤᠨ ᠤ ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠠᠵᠦ ᠠᠬᠤᠢ ᠶᠢᠨ ᠪᠦᠲᠦᠬᠡᠨ ᠪᠠᠶᠢᠭᠤᠯᠤᠯᠳᠠ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠬᠦ ᠳᠤ ᠪᠦᠲᠦᠬᠡᠯᠴᠢ ᠴᠢᠨᠠᠷᠲᠡᠢ ᠰᠠᠨᠠᠯ ᠰᠠᠨᠠᠭᠤᠯᠭ᠎ᠠ ᠲᠤᠷᠠᠳᠴᠠᠢ᠃      ᠬᠤᠷᠢᠨ ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠵᠢᠴᠢ ᠠᠩᠬᠠᠳᠤᠭᠠᠷ ᠬᠤᠭᠤᠴᠠᠭᠠᠨ ᠤ ᠬᠤᠷᠴᠢᠨ ᠲᠡᠤᠬᠡ ᠰᠤᠶᠤᠯ ᠤᠨ ᠮᠡᠷᠭᠡᠳ ᠤᠨ ᠶᠠᠷᠢᠯᠴᠠᠭᠠᠨ ᠢ 2020 ᠤᠨ ᠤ 4 ᠰᠠᠷ᠎ᠠ ᠶᠢᠨ 28 ᠠᠴᠠ 29 ᠪᠤᠯᠳᠠᠯ᠎ᠠ ᠲᠦᠡᠭᠯᠢᠶᠤᠤ ᠬᠤᠳᠠ ᠳᠤ ᠶᠠᠪᠤᠭᠳᠠᠭᠤᠯᠵᠦ ᠪᠤᠢ᠃ ᠲᠤᠰ ᠤᠳᠠᠭᠠᠨ ᠤ ᠶᠠᠷᠢᠯᠴᠠᠭᠠᠨ ᠢ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠢ ᠬᠦᠭᠵᠢᠬᠦᠯᠦᠨ ᠬᠠᠮᠠᠭᠠᠯᠠᠬᠤ ᠰᠠᠭᠤᠷᠢ ᠮᠦᠡᠭᠬᠦᠨ ᠤ ᠨᠡᠶᠢᠬᠡᠮᠯᠢᠭ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠬᠤᠷᠴᠢᠨ ᠰᠤᠶᠤᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠲᠠᠭᠠᠭᠠᠴᠢᠯᠠᠨ ᠡᠷᠬᠢᠯᠡᠵᠡᠢ᠃      ᠶᠠᠷᠢᠯᠴᠠᠭᠠᠨ ᠨᠢ ᠠᠬᠤᠢ ᠲᠠᠯᠠᠪᠠᠢ ᠶᠢᠨ ᠬᠤᠷᠠᠯ ᠪᠠ ᠸᠢᠳᠢᠣ᠋ ᠬᠤᠷᠠᠯ ᠤᠨ ᠬᠡᠯᠪᠡᠷᠢ ᠪᠠᠷ ᠭᠤᠤᠯ ᠰᠡᠳᠦᠪᠲᠤ ᠶᠠᠷᠢᠶ᠎ᠠ ᠪᠠ ᠰᠤᠳᠤᠯᠤᠨ ᠶᠠᠷᠢᠯᠴᠠᠬᠤ ᠠᠵᠢᠯᠯᠠᠭ᠎ᠠ ᠦᠷᠨᠢᠬᠦᠯᠵᠦ᠂ ᠭᠤᠤᠯ ᠬᠤᠷᠠᠯ ᠤᠨ ᠲᠠᠯᠠᠪᠠᠢ ᠶᠢ ᠲᠦᠡᠭᠯᠢᠶᠤᠤ ᠬᠤᠳᠠ ᠶᠢᠨ ᠪᠢ ᠬᠦᠢ ᠶᠤᠸᠠᠨ ᠹᠧᠡᠭ ᠬᠤᠸᠠᠩ ᠵᠤᠴᠢᠳ ᠤᠨ ᠪᠠᠭᠤᠳᠠᠯ ᠳᠤ ᠲᠤᠬᠢᠷᠠᠭᠤᠯᠵᠦ᠂ ᠪᠡᠬᠡᠵᠢᠩ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠤᠨ᠂ ᠸᠢᠳᠢᠣ᠋ ᠬᠤᠷᠠᠯ ᠤᠨ ᠮᠠᠶ᠋ᠢᠭ ᠢᠶᠠᠷ ᠭᠤᠤᠯ ᠬᠤᠷᠠᠯ ᠤᠨ ᠲᠠᠯᠠᠪᠠᠢ ᠲᠠᠢ ᠬᠤᠯᠪᠤᠭᠰᠠᠨ ᠪᠠᠶᠢᠨ᠎ᠠ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号