︽ᠵᠠᠭᠤᠨ ᠡᠳᠦᠷ ᠤᠨ ᠰᠢᠪᠲᠤᠯᠤᠯᠲᠠ ᠬᠢᠭᠦ︾ ᠠᠵᠢᠯᠯᠠᠭ᠎ᠠ ᠶᠢ ᠡᠬᠢᠯᠡᠭᠦᠯᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/5/8
     ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 6 ᠤ ᠮᠡᠳᠡᠭᠡ ︵ᠰᠤᠷᠪᠤᠯᠵᠢᠯᠠᠭᠴᠢ ᠬᠤ᠋ ᠬᠤᠤ︶ ᠰᠤᠷᠪᠤᠯᠵᠢᠯᠠᠭᠴᠢ 6 ᠳᠤ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠶᠠᠮᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠵᠡᠷᠭᠡ 6 ᠰᠠᠯᠠᠭ᠎ᠠ ᠮᠥᠴᠢᠷ ᠪᠠ ᠨᠢᠭᠡᠴᠢ ᠶᠢᠨ ᠬᠢᠨ 2020 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ︽ᠵᠠᠭᠤᠨ ᠡᠳᠦᠷ ᠤᠨ ᠰᠢᠪᠲᠤᠯᠤᠯᠲᠠ ᠬᠢᠭᠦ︾ ᠠᠵᠢᠯᠯᠠᠭ᠎ᠠ ᠶᠢ ᠬᠠᠮᠲᠤ ᠪᠠᠷ ᠬᠡᠷᠡᠭᠵᠢᠭᠦᠯᠵᠦ᠂ 5 ᠰᠠᠷ᠎ᠠ ᠠᠴᠠ 8 ᠰᠠᠷ᠎ᠠ ᠶᠢᠨ ᠳᠤᠮᠳᠠᠴᠢ ᠪᠣᠯᠲᠠᠯ᠎ᠠ᠂ ᠠᠷᠪᠠᠨ ᠶᠡᠭᠡ ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠭᠦᠰᠬᠦ ᠤᠶᠤᠳᠠᠳ ᠢ ᠬᠠᠪᠰᠤᠷᠤᠨ ᠤᠷᠤᠭᠰᠢᠲᠠᠶ ᠲᠡᠭᠦᠰᠬᠡᠵᠦ᠂ ᠡᠷᠲᠡᠬᠡᠨ ᠠᠵᠢᠯ ᠤᠯᠭᠤᠬᠤ ᠪᠤᠯᠤᠨ᠎ᠠ᠃      ᠠᠷᠪᠠᠨ ᠶᠡᠭᠡ ᠲᠤᠰᠬᠠᠢ ᠠᠵᠢᠯᠯᠠᠭ᠎ᠠ ᠳᠤ ᠰᠤᠷᠭᠠᠭᠤᠯᠢ ᠳᠡᠪᠰᠢᠬᠦ ᠳᠤ ᠥᠷᠭᠡᠳᠬᠡᠨ ᠡᠯᠰᠡᠵᠦ ᠰᠢᠩᠭᠡᠭᠡᠨ ᠠᠪᠬᠤ ᠠᠵᠢᠯᠯᠠᠭ᠎ᠠ᠂ ᠦᠨᠳᠦᠰᠦᠨ ᠱᠠᠲᠤᠨ ᠤ ᠲᠤᠰᠬᠠᠢ ᠲᠥᠯᠥᠪᠯᠡᠭᠡ ᠶᠢ ᠲᠡᠭᠦᠯᠳᠡᠷᠵᠢᠭᠦᠯᠭᠦ ᠠᠵᠢᠯᠯᠠᠭ᠎ᠠ᠂ ᠲᠡᠭᠦᠰᠬᠦ ᠤᠶᠤᠲᠠᠳ ᠤᠨ ᠴᠡᠷᠢᠭ ᠲᠤ ᠣᠷᠣᠬᠤ ᠶᠢ ᠦᠷᠭᠡᠳᠭᠡᠭᠦ ᠠᠵᠢᠯᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠲᠣᠭᠤᠷᠢᠭ᠂ ᠡᠮᠴᠢᠯᠡᠭᠡ ᠵᠡᠷᠭᠡ ᠦᠨᠳᠦᠰᠦᠨ ᠱᠠᠲᠤᠨ ᠤ ᠠᠵᠢᠯ ᠤᠨ ᠪᠠᠶᠢᠷᠢ ᠶᠢ ᠶᠡᠭᠡᠪᠠᠷ ᠦᠷᠭᠡᠳᠭᠡᠭᠦ ᠠᠵᠢᠯᠯᠠᠭ᠎ᠠ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠠᠵᠢᠯᠯᠠᠭ᠎ᠠ᠂ ᠰᠦᠯᠵᠢᠶᠡᠨ ᠲᠡᠭᠡᠷᠡᠭᠢ ᠠᠵᠢᠯ ᠣᠯᠭᠤᠬᠤ ᠦᠢᠯᠡᠴᠢᠯᠡᠭᠡ ᠶᠢ ᠦᠷᠭᠦᠯᠵᠢᠯᠡᠨ ᠦᠷᠨᠢᠭᠦᠯᠭᠦ ᠠᠵᠢᠯᠯᠠᠭ᠎ᠠ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠠᠵᠢᠯᠯᠠᠭ᠎ᠠ᠂ ᠬᠤᠪᠸᠢ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠵᠦ ᠳᠡᠮᠵᠢᠬᠦ ᠠᠵᠢᠯᠯᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠭᠦ ᠠᠵᠢᠯᠯᠠᠭ᠎ᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠠᠵᠢᠯᠯᠠᠭ᠎ᠠ ᠪᠠᠭᠳᠠᠨ᠎ᠠ᠃      ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠨᠢᠭᠡᠨᠲᠡ ᠠᠰᠫᠢᠷᠠᠨᠲ ᠡᠯᠰᠡᠬᠦ ᠬᠡᠪᠴᠢᠶ᠎ᠡ ᠶᠢ 18.9 ᠲᠦᠮᠡ ᠥᠷᠭᠡᠳᠬᠡᠵᠦ᠂ ᠡᠩ ᠤᠨ ᠲᠡᠭᠡᠲᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠲᠡᠪᠰᠢᠭᠦ ᠤᠶᠤᠳᠠᠨ ᠢ 32.2 ᠲᠦᠮᠡ ᠦᠷᠭᠡᠳᠭᠡᠨ ᠡᠯᠰᠡᠬᠦ ᠪᠠᠷ ᠲᠣᠬᠢᠷᠠᠭᠤᠯᠪᠠ᠃ ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠶᠠᠳᠤᠭᠠᠷ ᠣᠶᠤᠲᠠᠨ ᠴᠣᠯᠠ ᠬᠠᠮᠠᠭᠠᠯᠠᠬᠤ ᠲᠠᠯ᠎ᠠ ᠪᠠᠷ ᠦᠷᠭᠡᠳᠭᠡᠨ ᠡᠯᠰᠡᠭᠦ ᠲᠤᠬᠠᠢ ᠰᠤᠳᠤᠯᠵᠤ ᠪᠤᠢ᠃ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ ᠡᠯᠰᠡᠬᠦ ᠬᠡᠪᠴᠢᠶ᠎ᠡ ᠡᠨᠡ ᠵᠢᠯ 10.5 ᠲᠦᠮᠡ ᠳᠤ ᠬᠥᠷᠬᠦ ᠪᠣᠯᠤᠨ᠎ᠠ᠃ ᠡᠨᠡ ᠵᠢᠯ ᠪᠠᠰᠠ 40 ᠭᠠᠷᠤᠶ ᠲᠦᠮᠡᠨ ᠲᠡᠭᠦᠰᠦᠭᠰᠡᠨ ᠤᠶᠤᠲᠠᠳ ᠢ ᠡᠯᠰᠡᠵᠦ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢ ᠨᠥᠬᠦᠪᠥᠷᠢᠯᠡᠵᠦ᠂ ︽ᠤᠷᠢᠳ ᠢᠶᠠᠷ ᠠᠵᠢᠯ ᠤᠨ ᠪᠠᠶᠢᠷᠢ ᠳᠤ ᠭᠠᠷᠭᠠᠵᠤ᠂ ᠳᠠᠬᠢᠨ ᠦᠨᠡᠮᠯᠡᠯ ᠰᠢᠯᠭᠠᠬᠤ︾ ᠠᠷᠭ᠎ᠠ ᠬᠡᠮᠵᠢᠶ᠎ᠡ ᠠᠪᠴᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠡᠨᠡ ᠵᠢᠯ ᠪᠣᠯᠤᠨ ᠢᠷᠡᠬᠦ ᠵᠢᠯ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠬᠦ ᠪᠣᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠥᠷᠢ ᠥᠭᠬᠦ᠂ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠬᠤ ᠶᠢ ᠵᠣᠷᠢᠭᠵᠢᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号