ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 5 ᠰᠠᠷ᠎ᠠ ᠶᠢᠨ 6 ᠤ ᠮᠡᠳᠡᠭᠡ ︵ᠰᠤᠷᠪᠤᠯᠵᠢᠯᠠᠭᠴᠢ | ᠵᠠᠩ ᠴᠧᠩ︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠲᠢᠩᠬᠢᠮ ᠬᠢᠵᠢᠭ ᠢ ᠰᠡᠷᠭᠡᠶᠢᠯᠡᠨ ᠬᠤᠷᠢᠭᠯᠠᠬᠤ | ᠬᠤᠭᠤᠴᠠᠭᠠᠨ ᠳᠤ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠣᠯᠣᠰ ᠤᠨ | ᠪᠠ ᠦᠪᠡᠷᠳᠡᠭᠡᠨ ᠵᠠᠰᠠᠬᠤ ᠣᠷᠣᠨ ᠤ ᠡᠯ᠎ᠡ ᠵᠦᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠣᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠤᠷᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ | ᠰᠤᠷᠤᠯᠭ᠎ᠠ ᠶᠢᠨ ᠵᠠᠷᠤᠳᠠᠯ ᠢ ᠬᠠᠰᠤᠵᠤ ᠭᠡᠯᠳᠦᠷᠢᠭᠦᠯᠬᠦ ᠪᠤᠶᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠣᠯᠭᠤᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ | ᠰᠤᠷᠤᠯᠭ᠎ᠠ ᠪᠠ ᠠᠮᠢᠳᠣᠷᠠᠯ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠳᠣᠬᠠᠨ ᠪᠣᠯᠲᠠᠯ᠎ᠠ᠂ ᠨᠢᠭᠡᠨᠲᠡ ᠬᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ 1.4 ᠲᠦᠮᠡ ᠭᠠᠷᠤᠶ ᠰᠣᠷᠣᠭᠴᠢ ᠳᠤ ᠨᠡᠶᠢᠲᠡ 454.5 ᠲᠦᠮᠡᠨ | ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠲᠤᠰᠬᠠᠶ ᠨᠥᠬᠦᠪᠥᠷᠢ ᠣᠯᠭᠤᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠡᠳ᠋ ᠤᠨ | ᠵᠠᠰᠠᠭ ᠤᠨ ᠲᠢᠩᠬᠢᠮ ᠪᠠ ᠤᠯᠤᠰ ᠤᠨ ᠨᠡᠭᠡᠭᠡᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠠᠬᠢ ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠣᠭᠤᠰ ᠢᠶᠠᠷ ᠲᠤᠰᠠᠯᠠᠬᠤ ᠲᠥᠷᠥ ᠶᠢᠨ | ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠨᠢ | ᠬᠢᠵᠢᠭ ᠢ ᠰᠡᠷᠭᠡᠶᠢᠯᠡ ᠬᠤᠷᠢᠭᠯᠠᠬᠤ ᠬᠤᠭᠤᠴᠠᠭᠠᠨ ᠳᠠᠬᠢ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ | ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ ᠬᠠᠮᠢᠶ᠎ᠠ ᠪᠦᠬᠦᠢ ᠵᠣᠭᠤᠰ ᠢᠶᠠᠷ | ᠲᠤᠰᠠᠯᠠᠬᠤ ᠵᠠᠷᠣᠳᠠᠯ ᠢ ᠴᠠᠭ ᠲᠤᠬᠠᠶ ᠳᠤᠨᠢ ᠭᠦᠢᠴᠡᠳ ᠣᠯᠭᠤᠵᠤ᠂ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠤᠨ ᠦᠨᠳᠦᠰᠦᠨ ᠰᠤᠷᠤᠯᠭ᠎ᠠ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠬᠢᠵᠢᠭ ᠤᠨ | ᠨᠥᠯᠥᠭᠡ ᠶᠢ ᠨᠡᠯᠢᠶᠡᠳ ᠶᠡᠭᠡ ᠬᠦᠷᠳᠡᠭᠰᠡᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ᠂ | ᠰᠤᠷᠭᠠᠭᠤᠯᠢ ᠠᠴᠠ ᠰᠤᠷᠤᠯᠭ᠎ᠠ ᠶᠢᠨ ᠵᠠᠷᠤᠳᠠᠯ ᠢ ᠨᠢ ᠬᠠᠰᠤᠵᠤ ᠬᠡᠯᠲᠦᠷᠢᠭᠦᠯᠬᠦ ᠪᠤᠶᠤ ᠲᠦᠷ ᠴᠠᠭ ᠤᠨ ᠠᠮᠢᠳᠤᠷᠠᠯ ᠤᠨ | ᠨᠥᠬᠦᠪᠥᠷᠢ ᠥᠭᠬᠦ ᠵᠡᠷᠭᠡ ᠠᠷᠭ᠎ᠠ ᠠᠪᠴᠤ᠂ ᠰᠤᠷᠤᠭᠴᠢᠳ ᠤᠨ ᠬᠡᠪ ᠤᠨ ᠰᠤᠷᠤᠯᠭ᠎ᠠ ᠪᠠ ᠠᠮᠢᠳᠤᠷᠠᠯ ᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ | ᠶᠡᠭᠡ ᠳᠡᠭᠡᠳᠦ ᠰᠤᠷᠭᠠᠭᠤᠯᠢ ᠨᠢ ᠬᠢᠵᠢᠭ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠠᠬᠢ ᠰᠣᠷᠣᠭᠴᠢ ᠶᠢᠨ ᠲᠦᠷ | ᠴᠠᠭ ᠤᠨ ᠬᠦᠴᠢᠷᠳᠡᠯ ᠤᠨ ᠨᠥᠬᠦᠪᠥᠷᠢ ᠭᠤᠶᠤᠴᠢᠯᠠᠬᠤ ᠲᠣᠭᠲᠠᠴᠠ ᠶᠢ ᠵᠠᠯᠭᠠᠭ᠎ᠠ ᠪᠠᠷ ᠡᠬᠢᠯᠡᠭᠦᠯᠦᠭᠰᠡᠨ ᠤ ᠬᠠᠮᠲᠤ | ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠨᠢ ᠳᠥᠭᠦᠮᠴᠢᠯᠡᠵᠦ᠂ ᠰᠣᠷᠣᠭᠴᠢᠳ ᠤᠨ ᠬᠡᠪ ᠤᠨ ᠰᠤᠷᠤᠯᠭ᠎ᠠ | ᠠᠮᠢᠳᠤᠷᠠᠯ ᠢ ᠪᠠᠲᠤᠯᠠᠪᠠ᠃ | | |