︽ᠪᠤᠶᠢᠷ᠎ᠠ ᠶᠢᠨ ᠲᠠᠷᠢᠶ᠎ᠠ︾ ᠶᠢᠨ ᠲᠤᠬᠠᠢ
ᠨᠡᠶᠢᠲᠡᠯᠡᠭᠰᠡᠨ ᠴᠠᠭ᠄
2020/6/1
           
     ᠲᠡᠭᠡᠷ᠎ᠡ ᠬᠤᠭᠤᠴᠠᠭᠠᠨ ᠤ ᠨᠡᠪᠳᠡᠷᠡᠭᠦᠯᠭᠡ ᠳᠤ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠲᠡᠮᠦᠷᠪᠠᠭᠠᠨ᠎ᠠ ᠪᠠᠭᠰᠢ ᠠᠴᠠ ᠪᠤᠶᠢᠷ᠎ᠠ ᠶᠢᠨ ᠲᠠᠷᠢᠶᠠᠨ ᠤ ᠡᠭᠦᠰᠦᠯ ᠢᠷᠡᠯᠲᠡ ᠶᠢᠨ ᠲᠤᠬᠠᠢ ᠲᠡᠤᠬᠡᠨ ᠠᠬᠤᠢ ᠪᠠᠶᠢᠳᠠᠯ ᠢ ᠶᠠᠷᠢᠵᠤ ᠦᠭᠭᠦᠭᠰᠡᠨ ᠪᠠᠶᠢᠨ᠎ᠠ᠃ ᠡᠨᠡ ᠳ᠋ᠤᠭᠠᠷ ᠤᠨ ᠨᠡᠪᠳᠡᠷᠡᠭᠦᠯᠭᠡ ᠳᠡᠭᠡᠨ ᠪᠤᠶᠢᠷ᠎ᠠ ᠶᠢᠨ ᠲᠠᠷᠢᠶᠠᠨ ᠤ ᠬᠦᠷᠢᠶ᠎ᠡ ᠬᠡᠪᠴᠢᠶ᠎ᠡ ᠵᠢᠴᠢ ᠲᠦᠡᠭᠯᠢᠶᠤᠤ ᠬᠤᠲᠠ ᠶᠢᠨ ᠬᠠᠭᠤᠴᠢᠨ ᠰᠠᠭᠤᠷᠢᠰᠢᠯ ᠤᠨ ᠲᠤᠬᠠᠢ ᠬᠠᠭᠤᠴᠢ ᠵᠤᠭᠤᠭ ᠠᠴᠠ ᠨᠢ ᠵᠠᠯᠭᠠᠭᠠᠳ ᠰᠤᠨᠤᠰᠴᠠᠭᠠᠶ᠎ᠠ᠃ ᠊᠊᠊᠊᠊᠊ ᠪᠤᠶᠢᠷ᠎ᠠ ᠶᠢᠨ ᠲᠠᠷᠢᠶᠠᠨ ᠤ ᠠᠳᠠᠷ ᠨᠢ ᠴᠤᠬᠤᠮ ᠬᠡᠳᠦᠢ ᠶᠡᠭᠡ ᠭᠠᠵᠠᠷ ᠢ ᠬᠠᠭᠠᠯᠪᠤᠷᠢᠯᠠᠭᠰᠠᠨ ᠲᠤᠬᠠᠢ ᠪᠤᠳᠠᠳᠠᠢ ᠲᠡᠮᠳᠡᠭᠯᠡᠯ ᠪᠤᠢ᠃ ᠪᠤᠶᠢᠷ᠎ᠠ ᠶᠢᠨ ᠲᠠᠷᠢᠶᠠᠨ ᠤ ᠠᠳᠠᠷ ᠢ ᠪᠠᠰᠠ ᠪᠤᠶᠢᠷ᠎ᠠ ᠶᠢᠨ ᠲᠠᠷᠢᠶ᠎ᠠ ᠠᠶᠤᠰᠢ ᠶᠢᠨ ᠲᠦᠮᠡᠨ ᠤ ᠠᠳᠠᠷ ᠭᠡᠵᠦ ᠬᠡᠯᠡᠨ᠎ᠡ᠃ ᠡᠨᠡ ᠴᠢᠨᠢ ᠦᠨᠡᠨ ᠲᠡᠭᠡᠷ᠎ᠡ ᠪᠠᠨ ᠬᠠᠭᠠᠯᠪᠦᠷᠢᠯᠠᠭᠰᠠᠨ ᠨᠤᠳᠤᠭ ᠤᠨ ᠢᠶᠠᠨ ᠬᠢᠵᠠᠭᠠᠷ ᠢ ᠨᠢ ᠬᠡᠮᠵᠢᠶᠡᠯᠡᠴᠢᠬᠡᠭᠰᠡᠨ ᠪᠠᠶᠢᠨ᠎ᠠ᠃ ᠵᠡᠭᠦᠨ ᠲᠠᠯ᠎ᠠ ᠨᠢ ᠪᠤᠶᠢᠷ᠎ᠠ ᠶᠢᠨ ᠲᠠᠷᠢᠶ᠎ᠠ᠂ ᠤᠳᠤ ᠶᠢᠨ ᠲᠦᠡᠭᠯᠢᠶᠤᠤ ᠬᠤᠲᠠ ᠶᠢᠨ ᠰᠠᠭᠤᠷᠢ᠂ ᠪᠠᠷᠠᠭᠤᠨᠰᠢ ᠪᠠᠨ ᠠᠶᠤᠰᠢ ᠶᠢᠨ ᠰᠦᠮ᠎ᠡ ᠬᠦᠷᠦᠨ᠎ᠡ᠃ ᠲᠠᠷᠤᠢ ᠤᠳᠤ ᠶᠢᠨ ᠲᠦᠡᠭᠯᠢᠶᠤᠤ ᠬᠤᠲᠠ ᠠᠴᠠ ᠪᠠᠷᠠᠭᠤᠨᠰᠢ ᠶᠠᠪᠤᠪᠠᠯ ᠢᠤᠢ ᠰᠢᠨ ᠰᠢᠶᠠᠩ ᠭᠡᠵᠦ ᠪᠠᠶᠢᠳᠠᠭ᠂ ᠲᠡᠨᠳᠡ ᠬᠦᠷᠳᠡᠭ ᠶᠤᠮ᠃ ᠠᠶᠤᠰᠢ ᠶᠢᠨ ᠰᠦᠮ᠎ᠡ ᠠᠶᠢᠯ ᠢ ᠤᠳᠤᠬᠠᠨ ᠳᠤ ᠢᠤᠢ ᠰᠢᠨ ᠪᠠᠯᠭᠠᠰᠤ ᠶᠢᠨ ᠰᠢᠩ ᠹᠦ᠋ ᠲᠤᠰᠬᠤᠨ ᠭᠡᠮᠡᠨ ᠨᠡᠷᠡᠯᠡᠵᠦ ᠪᠠᠶᠢᠨ᠎ᠠ᠃ ᠡᠶᠢᠮᠦ ᠠᠴᠠ ᠪᠤᠶᠢᠷ᠎ᠠ ᠶᠢᠨ ᠲᠠᠷᠢᠶ᠎ᠠ ᠠᠶᠤᠰᠢ ᠶᠢᠨ ᠰᠦᠮ᠎ᠡ ᠶᠢᠨ ᠠᠳᠠᠷ ᠤᠨ ᠵᠡᠭᠦᠨ ᠬᠢᠵᠠᠭᠠᠷ ᠨᠢ ᠪᠤᠯ ᠤᠳᠤ ᠶᠢᠨ ᠲᠦᠡᠭᠯᠢᠶᠤᠤ ᠬᠤᠲᠠ ᠶᠢᠨ ᠰᠠᠭᠤᠷᠢ᠂ ᠪᠠᠷᠠᠭᠤᠨ ᠬᠢᠵᠠᠭᠠᠷ ᠨᠢ ᠪᠤᠯ ᠠᠶᠤᠰᠢ ᠶᠢᠨ ᠰᠦᠮ᠎ᠡ ᠪᠤᠯᠤᠨ᠎ᠠ᠃ ᠡᠮᠦᠨᠡᠰᠢ ᠪᠠᠨ ᠨᠠᠷᠢᠳ ᠤᠨ ᠭᠤᠤᠯ ᠬᠦᠷᠦᠨ᠎ᠡ᠃ ᠬᠢᠳᠠᠳ ᠢᠶᠠᠷ ᠨᠠᠷᠢᠳ ᠤᠨ ᠭᠤᠤᠯ ᠢ ︽清河︾ ᠭᠡᠵᠦ ᠲᠡᠮᠳᠡᠭᠯᠡᠵᠦ ᠪᠤᠢ᠃ ᠠᠷᠤ ᠵᠠᠬ᠎ᠠ ᠨᠢ ᠪᠤᠯ ᠰᠢᠷᠠᠮᠦ᠋ᠷᠡᠨ᠃ ᠪᠤᠶᠢᠷ᠎ᠠ ᠶᠢᠨ ᠲᠠᠷᠢᠶᠠᠨ ᠤ ᠠᠳᠠᠷ ᠤᠨ ᠬᠠᠮᠤᠭ ᠠᠩᠬᠠᠨ ᠤ ᠰᠠᠭᠤᠷᠢ ᠨᠢ ᠲᠠᠷᠤᠢ ᠡᠨᠡ ᠬᠦ ᠬᠡᠰᠡᠭ ᠭᠠᠵᠠᠷ ᠪᠤᠯᠤᠨ᠎ᠠ᠃ ᠬᠡᠪᠴᠢᠶ᠎ᠡ ᠨᠢ ᠲᠤᠩ ᠪᠠᠭ᠎ᠠ᠃ ᠵᠡᠭᠦᠨᠰᠢ ᠪᠠᠷᠠᠭᠤᠨᠰᠢ ᠪᠠᠷᠤᠭ 30 ᠭᠠᠵᠠᠷ᠂ ᠡᠮᠦᠨᠡᠰᠢ ᠤᠮᠠᠷᠠᠰᠢ ᠪᠠᠷᠤᠭ 3 ᠠᠴᠠ 40 ᠭᠠᠵᠠᠷ ᠢ ᠲᠠᠪᠠᠭ᠋ᠤ ᠦᠭᠡᠢ ᠶᠤᠮ᠃ ᠶᠠᠭ ᠡᠶᠢᠮᠦ ᠠᠴᠠ ᠪᠢᠳᠠᠨ ᠤ ᠶᠠᠷᠢᠳᠠᠭ ᠪᠤᠶᠢᠷ᠎ᠠ ᠶᠢᠨ ᠲᠠᠷᠢᠶᠠᠨ ᠤ ᠠᠳᠠᠷ ᠲᠦᠡᠭᠯᠢᠶᠤᠤ ᠬᠤᠸᠠᠩ ᠪᠤᠯ ᠬᠤᠶᠠᠷ ᠬᠡᠰᠡᠭ ᠭᠠᠵᠠᠷ ᠢᠶᠠᠷ ᠪᠦᠷᠢᠯᠳᠤᠨ᠎ᠡ᠃ ᠪᠠᠷᠠᠭᠤᠨ ᠲᠠᠯ ᠎ᠠ ᠶᠢᠨ ᠬᠡᠰᠡᠭ ᠨᠢ ᠰᠸᠧᠠᠩᠲᠤᠩᠷᠤᠪ ᠸᠠᠩ ᠤᠨ ᠲᠠᠯᠪᠢᠭᠰᠠᠨ ᠪᠤᠶᠢᠷ᠎ᠠ ᠶᠢᠨ ᠲᠠᠷᠢᠶᠠᠨ ᠤ ᠠᠳᠠᠷ ᠶᠤᠮ ᠃ 1908 ᠤᠨ ᠠᠴᠠ 1918 ᠤᠨ ᠤ ᠬᠤᠭᠤᠷᠤᠨᠳᠤ ᠲᠦᠷᠪᠡᠨ ᠬᠢᠵᠠᠭᠠᠷ ᠨᠢ ᠲᠤᠭᠳᠠᠵᠦ᠂ ᠬᠤᠵᠢᠮ ᠨᠢ ᠪᠠᠷᠠᠭᠤᠨᠰᠢ ᠪᠠᠨ ᠮᠤᠷᠢᠨ ᠰᠦᠮ᠎ᠡ ᠬᠦᠷᠳᠡᠯ᠎ᠠ ᠭᠠᠵᠠᠷ ᠨᠤᠳᠤᠭ ᠨᠢ ᠪᠠᠭ᠎ᠠ ᠪᠠᠭ᠎ᠠ ᠪᠠᠷ ᠨᠡᠮᠡᠭᠳᠡᠭᠰᠡᠨ ᠪᠠᠶᠢᠨ᠎ᠠ᠃ ᠡᠭᠦᠨ ᠢᠶᠠᠨ ᠪᠤᠶᠢᠷ᠎ᠠ ᠶᠢᠨ ᠲᠠᠷᠢᠶ᠎ᠠ ᠶᠢᠨ ᠠᠳᠠᠷ ᠭᠡᠵᠦ ᠬᠡᠯᠡᠵᠦ ᠪᠠᠶᠢᠵᠠᠢ᠃ ᠵᠡᠭᠦᠨ ᠲᠠᠯ᠎ᠠ ᠶᠢᠨ ᠬᠡᠰᠡᠭ ᠨᠢ ᠤᠳᠤ ᠶᠢᠨ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠭᠡ ᠶᠢᠨ ᠬᠤᠷᠢᠶ᠎ᠡ ᠠᠴᠠ ᠵᠡᠭᠦᠨᠰᠢᠬᠢ ᠬᠡᠰᠡᠭ ᠭᠠᠵᠠᠷ ᠮᠦᠨ᠂ ᠲᠠᠷᠦᠢ ᠦᠬᠡᠷ ᠰᠡᠭᠦᠯᠳᠦ᠂ ᠤᠳᠠᠨ ᠤᠯᠤᠮ ᠵᠡᠷᠭᠡ ᠭᠠᠵᠠᠷ ᠪᠤᠯᠤᠨ᠎ᠠ᠂ ᠲᠡᠷᠡ ᠪᠤᠯ ᠪᠠᠶᠢᠯᠡ ᠨᠤᠶᠠᠨ ᠶᠠᠩᠰᠠᠨᠪᠠᠯ ᠤᠨ ᠲᠠᠯᠪᠢᠭᠰᠠᠨ ᠭᠠᠵᠠᠷ ᠶᠤᠮ᠃ ᠡᠭᠦᠨ ᠢ ᠬᠢᠳᠠᠳ ᠢᠶᠠᠷ ︽河南荒︾᠂ ᠭᠤᠤᠯ ᠤᠨ ᠡᠮᠦᠨᠡᠬᠢ ᠠᠳᠠᠷ ᠭᠡᠳᠡᠭ᠃ ᠲᠡᠭᠡᠷ᠎ᠡ ᠵᠠᠭᠤᠨ ᠤ ᠬᠤᠷᠢᠭᠠᠳ ᠤᠨ ᠤ ᠦᠶ᠎ᠡ ᠳᠤ ᠪᠤᠢ ᠪᠤᠯᠤᠭᠰᠠᠨ ᠶᠠᠪᠤᠳᠠᠯ ᠶᠤᠮ᠃ ᠲᠡᠭᠦᠨ ᠤ ᠬᠢᠵᠠᠭᠠᠷ ᠨᠢ ᠰᠢᠷᠠᠮᠦ᠋ᠷᠡᠨ ᠠᠴᠠ ᠨᠠᠷᠢᠳ ᠤᠨ ᠭᠤᠤᠯ ᠤᠨ ᠬᠤᠭᠤᠷᠤᠨᠳᠤ ᠪᠤᠢ᠃ ᠪᠠᠷᠠᠭᠤᠨ ᠵᠠᠬ᠎ᠠ ᠨᠢ ᠪᠤᠯ ᠤᠳᠤ ᠶᠢᠨ ᠲᠦᠡᠭᠯᠢᠶᠤᠤ ᠬᠤᠲᠠ ᠶᠢᠨ ᠰᠠᠭᠤᠷᠢ᠂ ᠵᠡᠭᠦᠨ ᠵᠠᠬ᠎ᠠ ᠨᠢ ᠪᠤᠯ ᠲᠠᠷᠬᠠᠨ ᠭᠡᠳᠡᠭ ᠭᠠᠵᠠᠷ᠃ ᠭᠤᠤᠯ ᠤᠨ ᠡᠮᠦᠨᠡᠬᠢ ᠠᠳᠠᠷ ᠨᠢ ᠤᠤᠯ ᠤᠨ ᠪᠤᠶᠢᠷ᠎ᠠ ᠶᠢᠨ ᠲᠠᠷᠢᠶ᠎ᠠ ᠶᠢᠨ ᠠᠳᠠᠷ ᠠᠴᠠ ᠪᠠᠨ ᠬᠡᠪᠴᠢᠶ᠎ᠡ ᠪᠠᠷ ᠶᠡᠭᠡ᠃ ᠬᠤᠶᠠᠭᠤᠯᠠ ᠪᠠᠨ ᠨᠡᠶᠢᠯᠡᠭᠡᠳ ᠶᠡᠭᠡ ᠪᠤᠶᠢᠷ᠎ᠠ ᠶᠢᠨ ᠲᠠᠷᠢᠶ᠎ᠠ ᠶᠢᠨ ᠠᠳᠠᠷ ᠢ ᠪᠤᠢ ᠪᠤᠯᠭᠠᠵᠠᠢ᠃      ᠡᠨᠡ ᠬᠦ ᠶᠡᠭᠡ ᠪᠤᠶᠢᠷ᠎ᠠ ᠶᠢᠨ ᠲᠠᠷᠢᠶ᠎ᠠ ᠭᠡᠳᠡᠭ ᠨᠢ ᠲᠠᠷᠤᠢ ᠤᠳᠤ ᠶᠢᠨ ᠲᠦᠡᠭᠯᠢᠶᠤᠤ ᠬᠤᠲᠠ ᠶᠢᠨ ᠬᠤᠷᠴᠢᠨ ᠲᠤᠭᠤᠷᠢᠭ ᠤᠨ ᠰᠠᠭᠤᠷᠢ ᠮᠦᠨ᠃ ᠬᠤᠷᠴᠢᠨ ᠲᠤᠭᠤᠷᠢᠭ ᠪᠤᠯ ᠲᠠᠷᠤᠢ ᠤᠤᠯ ᠤᠨ ᠲᠦᠡᠭᠯᠢᠶᠤᠤ ᠰᠢᠶᠠᠨ ᠮᠦᠨ᠃ ᠲᠦᠡᠭᠯᠢᠶᠤᠤ ᠰᠢᠶᠠᠨ ᠪᠤᠯ ᠬᠤᠶᠠᠷ ᠬᠡᠰᠡᠭ ᠢᠶᠠᠷ ᠪᠦᠷᠢᠯᠳᠤᠵᠦ᠂ ᠨᠢᠭᠡ ᠨᠢ ᠪᠤᠯ ᠪᠤᠶᠢᠷ᠎ᠠ ᠶᠢᠨ ᠲᠠᠷᠢᠶ ᠎ᠠ ᠶᠢᠨ ᠠᠳᠠᠷ᠂ ᠨᠦᠭᠦᠬᠡ ᠨᠢ ᠪᠤᠯ ᠭᠤᠤᠯ ᠤᠨ ᠡᠮᠦᠨᠡᠬᠢ ᠠᠳᠠᠷ᠃ ᠬᠤᠶᠠᠭᠤᠯᠠ ᠪᠠᠨ ᠨᠡᠶᠢᠯᠡᠭᠡᠳ ᠲᠦᠡᠭᠯᠢᠶᠤᠤ ᠶᠢᠨ ᠠᠳᠠᠷ ᠪᠤᠯᠤᠭᠠᠳ ᠬᠤᠵᠢᠮ ᠨᠢ ᠲᠡᠨᠳᠡ ᠰᠢᠶᠠᠨ ᠪᠠᠶᠢᠭᠤᠯᠤᠭᠰᠠᠨ ᠤ ᠲᠠᠷᠠᠭ᠎ᠠ ᠲᠦᠡᠭᠯᠢᠶᠦᠤ ᠰᠢᠶᠠᠨ ᠬᠡᠵᠦ ᠨᠡᠷᠡᠯᠡᠭᠡᠳ ᠲᠦᠡᠭᠯᠢᠶᠤᠤ ᠰᠢᠶᠠᠨ ᠨᠢ ᠬᠤᠪᠢᠷᠠᠭᠰᠠᠭᠠᠷ ᠬᠤᠪᠢᠷᠠᠭᠰᠠᠭᠠᠷ ᠬᠤᠳᠠ ᠪᠤᠯᠵᠤ᠂ ᠲᠦᠡᠭᠯᠢᠶᠤᠤ ᠬᠤᠲᠠ ᠭᠡᠮᠡᠨ ᠨᠡᠷᠡᠯᠡᠵᠦ ᠵᠢᠷᠢᠮ ᠠᠶᠢᠮᠠᠭ ᠲᠤ ᠪᠠᠭᠳᠠᠭᠳᠠᠵᠤ ᠪᠠᠶᠢᠵᠠᠢ᠃ 1999 ᠤᠨ ᠳᠤ ᠵᠢᠷᠢᠮ ᠠᠶᠢᠮᠠᠭ ᠤᠨ ᠠᠶᠢᠮᠠᠭ ᠤᠨ ᠪᠠᠶᠢᠭᠤᠯᠤᠯ ᠢ ᠬᠠᠰᠤᠭᠠᠳ ᠬᠤᠲᠠ ᠶᠢᠨ ᠪᠠᠶᠢᠭᠤᠯᠤᠯ ᠪᠤᠯᠭᠠᠵᠤ᠂ ᠵᠢᠷᠢᠮ ᠠᠶᠢᠮᠠᠭ ᠢᠶᠠᠨ ᠲᠦᠡᠭᠯᠢᠶᠤᠤ ᠬᠤᠲᠠ ᠭᠡᠮᠡᠨ ᠨᠡᠷᠡᠯᠡᠵᠡᠢ᠃ ᠢᠡᠭᠭᠢᠵᠦ ᠨᠡᠷᠡᠯᠡᠬᠦ ᠦᠶᠡᠰ ᠤᠤᠯ ᠤᠨ ᠰᠢᠶᠠᠨ ᠤ ᠲᠡᠰ ᠤᠨ ᠲᠦᠡᠭᠯᠢᠶᠤᠤ ᠬᠤᠲᠠ ᠪᠠᠨ ᠬᠤᠷᠴᠢᠨ ᠲᠤᠭᠤᠷᠢᠭ ᠭᠡᠵᠦ ᠨᠡᠷᠡᠯᠡᠵᠡᠢ᠃ ᠡᠭᠦᠨ ᠳᠤ᠂ ᠤᠤᠯ ᠤᠨ ᠪᠤᠶᠢᠷ᠎ᠠ ᠶᠢᠨ ᠲᠠᠷᠢᠶ᠎ᠠ ᠭᠡᠳᠡᠭ ᠨᠡᠷᠡᠶᠢᠳᠤᠯ ᠨᠢ ᠪᠠᠶᠠᠨ ᠲᠠᠷᠢᠶ᠎ᠠ ᠬᠡᠳᠡᠭ ᠠᠶᠢᠯ ᠤᠨ ᠨᠡᠷ᠎ᠡ ᠪᠠᠷ ᠢᠶᠠᠨ ᠦᠯᠡᠳᠡᠵᠦ ᠬᠤᠷᠴᠢᠨ ᠲᠤᠭᠤᠷᠢᠭ ᠲᠤ ᠪᠠᠭᠳᠠᠭᠳᠠᠨ᠂ ᠲᠦᠡᠭᠯᠢᠶᠤᠤ ᠬᠤᠲᠠ ᠶᠢᠨ ᠭᠠᠯᠳᠤ ᠲᠡᠷᠭᠡᠨ ᠦᠷᠳᠡᠭᠡᠨ ᠤ ᠡᠮᠦᠨ᠎ᠡ ᠲᠠᠯ᠎ᠠ ᠳᠤ ᠤᠳᠤ ᠪᠤᠯᠳᠠᠯ᠎ᠠ ᠦᠯᠡᠳᠡᠵᠦ ᠢᠷᠡᠭᠰᠡᠨ ᠨᠢ ᠡᠶᠢᠮᠦᠷᠬᠦᠦ ᠶᠠᠪᠤᠴᠠ ᠶᠢ ᠦᠡᠭᠭᠡᠷᠡᠭᠡᠭᠰᠡᠨ ᠶᠤᠮ᠃ ᠡᠨᠡ ᠬᠦ ᠬᠡᠰᠡᠭ ᠲᠡᠤᠬᠡ ᠦᠨᠡᠨ ᠳᠡᠭᠡᠨ ᠨᠡᠯᠢᠶᠡᠳ ᠪᠤᠳᠤᠯᠢᠶᠠᠨᠳᠠᠢ᠂ ᠡ᠊ᠨᠳᠡ ᠵᠦᠪᠬᠡᠨ ᠲᠦᠭᠦᠮᠴᠢᠯᠡᠵᠦ ᠶᠠᠷᠢᠭᠰᠠᠨ ᠲᠡᠳᠦᠢ᠃      ᠲᠦᠡᠭᠯᠢᠶᠤᠤ ᠬᠡᠳᠡᠭ ᠦᠭᠡ ᠶᠢᠨ ᠤᠳᠬ᠎ᠠ ᠨᠢ ᠯᠤᠤᠬ᠎ᠠ ᠶᠢᠨ ᠭᠤᠤᠯ ᠳᠤ ᠨᠡᠪᠳᠡᠷᠡᠬᠦ ᠭᠡᠳᠡᠭ ᠰᠠᠨᠠᠭ᠎ᠠ᠃ 1910 ᠤᠨ ᠳᠤ ᠡᠨᠡ ᠦᠭᠡ ᠠᠯᠪᠠᠨ ᠤ ᠲᠠᠩᠰᠠᠨ ᠳᠤ ᠨᠢᠭᠡᠨᠳᠡ ᠢᠯᠡᠷᠡᠵᠦ᠂ ᠲᠦᠡᠭᠯᠢᠶᠤᠤ ᠬᠤᠸᠠᠩ ᠭᠡᠮᠡᠨ ᠲᠦᠷᠪᠡᠨ ᠬᠢᠵᠠᠭᠠᠷ ᠢ ᠨᠢ ᠲᠡᠮᠳᠡᠭᠯᠡᠵᠦ ᠪᠠᠶᠢᠵᠠᠢ᠃ 1914 ᠤᠨ ᠪᠤᠯᠬᠤ ᠦᠶᠡᠰ ᠲᠦᠡᠭᠯᠢᠶᠤᠤ ᠭᠡᠳᠡᠭ ᠨᠡᠷ᠎ᠡ ᠶᠢ ᠵᠢᠩᠬᠢᠨᠢ ᠪᠠᠷ ᠬᠡᠷᠡᠭᠯᠡᠵᠦ᠂ 1918 ᠤᠨ ᠳᠤ ᠪᠤᠶᠢᠷ᠎ᠠ ᠶᠢᠨ ᠲᠠᠷᠢᠶᠠᠨ ᠤ ᠠᠳᠠᠷ ᠢᠶᠠᠨ ᠲᠦᠡᠭᠯᠢᠶᠤᠤ ᠰᠢᠶᠠᠨ ᠭᠡᠵᠦ ᠨᠡᠷᠡᠶᠢᠳᠴᠡᠢ᠃ ᠤᠳᠤ ᠪᠤᠯᠬᠤ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠡᠭᠯᠢᠶᠤᠤ ᠬᠤᠲᠠ ᠶᠢᠨ ᠲᠤᠤᠷ᠎ᠠ ᠬᠤᠷᠴᠢᠨ ᠲᠤᠭᠤᠷᠢᠭ ᠪᠤᠢ ᠪᠤᠯᠵᠤ᠂ ᠬᠤᠷᠴᠢᠨ ᠲᠤᠭᠤᠷᠢᠭ ᠤᠨ ᠲᠤᠤᠷ᠎ᠠ ᠪᠠᠶᠠᠨ ᠲᠠᠷᠢᠶ᠎ᠠ ᠭᠡᠳᠡᠭ ᠠᠶᠢᠯ ᠲᠠᠢ ᠶᠤᠮ᠃
                   
     ᠪᠤᠶᠢᠷ᠎ᠠ ᠶᠢᠨ ᠲᠠᠷᠢᠶ᠎ᠠ ᠭᠡᠳᠡᠭ ᠶᠡᠭᠡ ᠨᠡᠷ᠎ᠡ ᠨᠢ ᠤᠳᠤ ᠵᠦᠪᠬᠡᠨ ᠨᠢᠭᠡ ᠠᠶᠢᠯ ᠤᠨ ᠨᠡᠷ᠎ᠡ ᠪᠤᠯᠤᠭᠠᠳ ᠬᠤᠪᠢᠷᠠᠴᠢᠬᠠᠵᠠᠢ᠃ ᠲᠦᠡᠭᠯᠢᠶᠤᠤ ᠭᠡᠳᠡᠭ ᠨᠡᠷ᠎ᠡ ᠶᠢᠨ ᠯᠤᠤᠬ᠎ᠠ ᠶᠢᠨ ᠭᠤᠤᠯ ᠳᠤ ᠨᠡᠪᠳᠡᠷᠡᠬᠦ ᠭᠡᠳᠡᠭ ᠤᠳᠬ᠎ᠠ ᠨᠢ ᠶᠡᠬᠡᠳᠡᠭᠡᠳ ᠤᠤᠯ ᠤᠨ ᠨᠤᠳᠤᠭ ᠤᠰᠤᠨ ᠤ ᠨᠡᠷ᠎ᠡ ᠶᠢ ᠬᠤᠪᠢᠷᠠᠭᠠᠬᠤ ᠶᠢᠨ ᠤᠯᠠᠮ ᠢᠶᠠᠷ ᠠᠶᠢᠮᠠᠭ ᠤᠨ ᠨᠡᠷ᠎ᠡ ᠶᠢ ᠬᠦᠷᠳᠡᠯ᠎ᠡ ᠬᠤᠪᠢᠷᠠᠭᠠᠵᠤ᠂ ᠤᠳᠤ ᠪᠤᠯ ᠶᠡᠭᠡ ᠲᠦᠡᠭᠯᠢᠶᠤᠤ ᠪᠤᠯᠤᠭᠠᠳ ᠬᠤᠪᠢᠷᠠᠭᠰᠠᠨ ᠪᠠᠶᠢᠨ᠎ᠠ᠃ ᠡᠨᠡ ᠪᠤᠯ ᠵᠠᠭᠤᠬᠠᠨ ᠵᠢᠯ ᠪᠤᠯᠵᠤ ᠪᠠᠶᠢᠭ᠎ᠠ ᠤᠬᠤᠷᠬᠠᠨ ᠲᠡᠤᠬᠡ ᠮᠦᠨ᠃ ᠡᠭᠦᠨ ᠳᠤ ᠲᠦᠡᠭᠯᠢᠶᠤᠤ ᠬᠡᠳᠡᠭ ᠨᠡᠷᠡᠶᠢᠳᠤᠯ ᠢ ᠯᠠᠪᠳᠠᠢ ︽ᠬᠤᠷᠴᠢᠨ︾᠂ ︽ᠵᠢᠷᠢᠮ︾ ᠵᠡᠷᠭᠡ ᠬᠡᠳᠦᠨ ᠵᠠᠭᠤᠨ ᠵᠢᠯ ᠲᠡᠷᠡᠴᠢᠯᠡᠨ ᠬᠡᠳᠦᠨ ᠮᠢᠩᠭᠠᠨ ᠵᠢᠯ ᠤᠨ ᠲᠡᠤᠬᠡ ᠪᠦᠬᠦᠢ ᠭᠦᠨ ᠠᠭᠤᠯᠤᠭᠳᠠᠬᠤᠨ ᠲᠠᠢ ᠨᠡᠷ᠎ᠡ ᠲᠤᠮᠢᠶ᠎ᠠ ᠯᠤᠭ᠎ᠠ ᠬᠠᠷᠢᠴᠠᠭᠤᠯᠬᠤ ᠶᠢᠨ ᠠᠷᠭ᠎ᠠ ᠦᠭᠡᠢ᠃ ᠡᠨᠡ ᠬᠡᠰᠡᠭ ᠲᠡᠤᠬᠡ ᠶᠢᠨ ᠲᠤᠬᠠᠢ ᠦᠨᠦᠳᠦᠷ ᠵᠦᠪᠬᠡᠨ ᠨᠢᠭᠡ ᠪᠠᠶᠠᠨ ᠲᠠᠷᠢᠶ᠎ᠠ ᠭᠡᠳᠡᠭ ᠠᠶᠢᠯ ᠤᠨ ᠨᠡᠷ᠎ᠡ ᠪᠠ ︽ᠪᠤᠶᠢᠷ᠎ᠠ ᠶᠢᠨ ᠲᠠᠷᠢᠶ᠎ᠠ︾ ᠭᠡᠳᠡᠭ ᠲᠠᠭᠤᠤ ᠦᠯᠡᠳᠡᠵᠡᠢ᠃ ︽ᠪᠤᠶᠢᠷ᠎ᠠ ᠶᠢᠨ ᠲᠠᠷᠢᠶ᠎ᠠ︾ ᠭᠡᠳᠡᠭ ᠲᠠᠭᠤᠤ ᠷᠠᠳᠢᠣ᠋ ᠲᠧᠯᠸᠢᠰ ᠲᠡᠭᠡᠷ᠎ᠠ ᠦᠷᠭᠦᠯᠵᠢ ᠲᠠᠭᠤᠯᠠᠭᠳᠠᠵᠤ ᠪᠠᠶᠢᠬᠤ ᠪᠤᠯᠪᠠᠴᠤ ᠨᠢᠭᠡ ᠦᠨᠳᠦᠰᠦᠳᠡᠨ ᠤ ᠲᠡᠤᠬᠡᠨ ᠳᠤ ᠠᠪᠴᠤ ᠬᠡᠯᠡᠪᠡᠯ ᠡᠶᠢᠮᠦ ᠶᠡᠭᠡ ᠨᠤᠳᠤᠭ ᠤᠰᠤ ᠶᠢ ᠵᠦᠪᠬᠡᠨ ᠨᠢᠭᠡ ᠯᠠ ᠵᠢᠵᠢᠭᠬᠡᠨ ᠠᠶᠢᠯ ᠤᠨ ᠨᠡᠷ᠎ᠡ ᠪᠠ ᠲᠠᠭᠤᠤ ᠶᠢᠨ ᠨᠡᠷ᠎ᠡ ᠪᠠᠷ ᠰᠤᠯᠢᠬᠤ ᠨᠢ ᠲᠤᠩ ᠬᠠᠷᠠᠮᠰᠠᠯᠳᠠᠢ᠃ ᠡᠨᠡ ᠨᠢ ᠬᠡᠳᠦ᠋ᠢᠪᠡᠷ ᠲᠡᠤᠭᠡᠨ ᠬᠦᠭᠵᠢᠯᠲᠡ ᠶᠢᠨ ᠶᠠᠪᠤᠴᠠ ᠪᠤᠯᠪᠠᠴᠤ ᠵᠠᠷᠢᠮ ᠲᠠᠯ᠎ᠠ ᠠᠴᠠ ᠠᠪᠴᠤ ᠦᠵᠡᠪᠡᠯ ᠮᠠᠨ ᠤ ᠲᠡᠭᠡᠷ᠎ᠡ ᠦᠶ᠎ᠡ ᠶᠢᠨ ᠬᠦᠮᠦᠰ ᠡᠰᠡᠭᠦᠯ᠎ᠡ ᠮᠠᠨ ᠤ ᠦᠶ᠎ᠡ ᠶᠢᠨ ᠵᠠᠷᠢᠮ ᠬᠦᠮᠦᠨ ᠤ ᠦᠢᠯᠡ ᠠᠵᠢᠯᠯᠠᠭ᠎ᠠ ᠨᠢ ᠴᠠᠭ ᠦᠶ᠎ᠡ ᠲᠠᠢ ᠪᠠᠨ ᠲᠤᠬᠢᠷᠠᠭᠰᠠᠨ ᠦᠭᠡᠢ ᠪᠠᠶᠢᠳᠠᠯ ᠭᠠᠷᠤᠭᠰᠠᠨ ᠲᠠᠢ ᠬᠤᠯᠪᠤᠭᠳᠠᠨ᠎ᠠ᠃ ᠭᠡᠳᠡᠯ᠎ᠡ ᠲᠡᠤᠬᠡ ᠪᠤᠯ ᠲᠡᠤᠬᠡ᠂ ᠡᠭᠦᠨ ᠢ ᠦᠭᠡᠷᠡᠴᠢᠯᠡᠬᠦ ᠶᠢᠨ ᠠᠷᠭ᠎ᠠ ᠦᠭᠡᠢ ᠶᠤᠮ᠃      ᠡ᠊ᠨᠳᠡ ᠬᠦᠷᠦᠭᠡᠳ ᠪᠤᠶᠢᠷ᠎ᠠ ᠶᠢᠨ ᠲᠠᠷᠢᠶ᠎ᠠ ᠶᠢᠨ ᠡᠭᠦᠰᠦᠯ ᠢᠷᠡᠯᠳᠡ ᠶᠢᠨ ᠲᠤᠬᠠᠢ ᠬᠠᠭᠤᠴᠢ ᠵᠤᠭᠤᠭ ᠮᠠᠨᠢ ᠪᠦᠬᠦᠨ ᠢᠶᠠᠷ ᠢᠶᠠᠨ ᠦᠨᠳᠦᠷᠯᠡᠭᠰᠡᠨ ᠶᠤᠮ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号