ᠤᠯᠤᠰ ᠤᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ 7 ᠤ ᠡᠳᠦᠷ | 2019 ᠤᠨ ᠤ ᠤᠯᠤᠰ ᠤᠨ ᠢᠳᠡᠬᠡᠨ ᠤ ᠠᠮᠤᠷ ᠳᠦᠪᠰᠢᠨ ᠳᠤ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠯᠳᠠ | ᠬᠢᠭᠰᠡᠨ ᠪᠠᠶᠢᠳᠠᠯ ᠢ ᠨᠡᠶᠢᠳᠡᠯᠡᠪᠡ᠂ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠯᠳᠠ ᠬᠢᠭᠰᠡᠨ ᠤ ᠳ᠋ᠦᠩ ᠳᠤ᠂ | ᠶᠡᠷᠦᠩᠬᠡᠢ ᠬᠢᠷᠢ ᠳᠡᠩᠴᠡᠭᠰᠡᠨ ᠨᠤᠷᠮ᠎ᠠ ᠨᠢ 97.6% ᠳᠤ ᠬᠦᠷᠴᠦ᠂ ᠳᠡᠬᠡᠷ᠎ᠠ ᠵᠢᠯ ᠤᠨ ᠬᠢ ᠲᠠᠢ ᠪᠠᠷᠤᠭ ᠤᠴᠢᠨ᠎ᠠ᠃ | ᠡᠭᠦᠨ ᠳᠤ ᠮᠢᠬᠠᠨ ᠤ ᠲᠦᠷᠦᠯ ᠤᠨ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018 | ᠤᠨ ᠤ ᠬᠢ ᠠᠴᠠ ᠳᠡᠬᠡᠭᠰᠢᠯᠡᠪᠡ︔ ᠰᠦᠯᠵᠢᠶ᠎ᠠ ᠪᠠᠷ ᠬᠤᠳᠠᠯᠳᠤᠨ ᠠᠪᠬᠤ ᠢᠳᠡᠬᠡᠨ ᠤ ᠰᠤᠭᠤᠴᠢᠨ | ᠪᠠᠶᠢᠴᠠᠭᠠᠯᠳᠠ ᠶᠢᠨ ᠬᠢᠷᠢ ᠳᠡᠩᠴᠡᠬᠦ ᠦᠬᠡᠢ ᠨᠤᠷᠮ᠎ᠠ ᠨᠢ ᠳᠡᠬᠡᠷ᠎ᠠ ᠵᠢᠯ ᠤᠨ ᠬᠢ ᠠᠴᠠ ᠦᠨᠳᠦᠷ ᠪᠤᠯᠵᠠᠢ︔ ᠭᠦᠢᠳᠡᠨ | ᠤᠮᠳᠠᠭᠠᠨ ᠤ ᠬᠢᠷᠢ ᠳᠡᠩᠴᠡᠬᠦ ᠦᠬᠡᠢ ᠨᠤᠷᠮ᠎ᠠ ᠨᠢ ᠮᠦᠨ ᠬᠦ ᠨᠡᠯᠢᠶᠡᠳ ᠦᠨᠳᠦᠷ ᠪᠠᠶᠢᠵᠦ᠂ ᠭᠤᠤᠯᠳᠠᠭᠤ ᠮᠢᠺᠷᠤᠪ | ᠪᠤᠳᠠᠰ ᠤᠨ ᠪᠤᠬᠢᠷᠳᠦᠯ ᠤᠨ ᠠᠰᠠᠭᠤᠳᠠᠯ ᠤᠷᠤᠰᠢᠵᠦ ᠪᠠᠶᠢᠨ᠎ᠠ᠃ | 2019 ᠤᠨ ᠳᠤ᠂ ᠤᠯᠤᠰ ᠤᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ | ᠪᠦᠬᠦ ᠤᠯᠤᠰ ᠤᠨ 31 ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠳᠠᠷᠢᠶᠠᠯᠠᠩ ᠤᠨ | ᠪᠦᠳᠦᠬᠡᠭᠳᠡᠬᠦᠨ ᠪᠤᠯᠤᠨ ᠢᠳᠡᠬᠡᠨ ᠤ ᠠᠷᠠᠯᠵᠢᠶᠠᠨ ᠤ ᠭᠠᠵᠠᠷ ᠠᠴᠠ ᠬᠠᠤᠯᠢ ᠶᠤᠰᠤᠭᠠᠷ ᠢᠳᠡᠬᠡᠨ ᠤ ᠦᠯᠢᠬᠡᠷ | ᠶᠠᠩᠵᠦ ᠶᠢ ᠰᠤᠭᠤᠴᠢᠨ ᠠᠪᠴᠤ ᠬᠤᠳᠠᠯᠳᠤᠵᠦ ᠠᠪᠤᠭᠠᠳ᠂ 24.4 ᠳᠦᠮᠡᠨ ᠪᠦᠯᠦᠭ ᠤᠳᠠᠭ᠎ᠠ ᠶᠢᠨ ᠰᠤᠭᠤᠴᠢᠨ | ᠪᠠᠶᠢᠴᠠᠭᠠᠯᠳᠠ ᠬᠢᠵᠦ᠂ 33 ᠳᠤᠮᠤ ᠳᠦᠷᠦᠯ ᠤᠨ ᠢᠳᠡᠬᠡᠨ ᠢ ᠬᠠᠮᠤᠷᠴᠤ᠂ ᠮᠢᠺᠷᠤᠪ᠂ ᠳᠠᠷᠢᠶᠡᠨ ᠡᠮ ᠪᠡ ᠮᠠᠯ ᠤᠨ | ᠡᠮ ᠤᠨ ᠦᠯᠡᠳᠡᠭᠳᠡᠯ᠂ ᠢᠳᠡᠬᠡᠨ ᠤ ᠨᠡᠮᠡᠯᠳᠡ ᠡᠳ᠋᠂ ᠠᠮᠢᠳᠤ ᠪᠤᠳᠠᠰ ᠤᠨ ᠬᠤᠤᠷᠳᠤ ᠡᠳ᠋᠂ ᠬᠦᠨᠳᠦ ᠳᠡᠮᠦᠷᠯᠢᠭ | ᠵᠡᠷᠬᠡ ᠢᠳᠡᠬᠡᠨ ᠤ ᠠᠮᠤᠷ ᠳᠦᠪᠰᠢᠨ ᠤ ᠤᠯᠤᠰ ᠤᠨ ᠪᠠᠷᠢᠮᠵᠢᠶᠠᠨ ᠤ ᠵᠢᠭᠠᠯᠳᠠ ᠳᠤᠭᠠᠨ ᠤ 558 ᠳᠦᠷᠦᠯ ᠵᠦᠢᠯ ᠢ | ᠰᠢᠯᠭᠠᠨ ᠪᠠᠶᠢᠴᠠᠭᠠᠵᠦ᠂ 23.8 ᠳᠦᠮᠡᠨ ᠪᠦᠯᠦᠭ ᠤᠳᠠᠭ᠎ᠠ ᠶᠢᠨ ᠬᠢᠷᠢ ᠳᠡᠩᠴᠡᠭᠰᠡᠨ ᠪᠦᠳᠦᠬᠡᠭᠳᠡᠬᠦᠨ᠂ 5773 | ᠪᠦᠯᠦᠭ ᠤᠳᠠᠭ᠎ᠠ ᠶᠢᠨ ᠬᠢᠷᠢ ᠳᠡᠩᠴᠡᠬᠦ ᠦᠬᠡᠢ ᠪᠦᠳᠦᠬᠡᠭᠳᠡᠬᠦᠨ ᠢ ᠪᠠᠶᠢᠴᠠᠭᠠᠵᠦ ᠭᠠᠷᠭᠠᠵᠠᠢ᠃ | ᠰᠤᠭᠤᠴᠢᠨ ᠪᠠᠶᠢᠴᠠᠭᠠᠯᠳᠠ ᠠᠴᠠ ᠦᠵᠡᠪᠡᠯ᠂ ᠡᠳᠦᠷ ᠳᠤᠳᠤᠮ ᠤᠨ ᠬᠡᠷᠡᠭᠯᠡᠬᠡᠨ ᠤ ᠬᠡᠮᠵᠢᠶ᠎ᠠ ᠪᠠᠷ ᠶᠡᠭᠡ | ᠪᠠᠶᠢᠭ᠎ᠠ ᠢᠳᠡᠬᠡᠨ ᠤ ᠬᠢᠷᠢ ᠳᠡᠩᠴᠡᠬᠦ ᠨᠤᠷᠮ᠎ᠠ ᠨᠢ ᠦᠷᠬᠦᠯᠵᠢᠯᠡᠨ ᠦᠨᠳᠦᠷ ᠪᠠᠶᠢᠷᠢᠨ ᠳᠤ ᠪᠠᠶᠢᠬᠤ ᠪᠠᠨ ᠪᠠᠳᠤᠯᠠᠵᠦ | ᠪᠠᠶᠢᠨ᠎ᠠ᠃ ᠮᠢᠬᠠᠨ ᠢᠳᠡᠬᠡᠨ ᠤ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018 | ᠤᠨ ᠤ ᠬᠢ ᠠᠴᠠ ᠳᠡᠬᠡᠭᠰᠢᠯᠡᠵᠡᠢ︔ ᠠᠮᠤ ᠪᠤᠳᠠᠭᠠᠨ ᠤ ᠡᠳ᠋ᠰᠢᠬᠦᠯᠦᠭᠰᠡᠨ ᠪᠦᠳᠦᠬᠡᠭᠳᠡᠬᠦᠨ᠂ ᠢᠳᠡᠬᠡᠨ ᠤ ᠲᠤᠰᠤ᠂ | ᠦᠨᠳᠡᠬᠡᠨ ᠤ ᠪᠦᠳᠦᠬᠡᠭᠳᠡᠬᠦᠨ᠂ ᠰᠦᠨ ᠪᠦᠳᠦᠬᠡᠭᠳᠡᠬᠦᠨ᠂ ᠨᠢᠷᠡᠢ ᠨᠢᠯᠬ᠎ᠠ ᠬᠡᠤᠬᠡᠳ ᠤᠨ ᠨᠠᠶᠢᠷᠠᠯᠭᠠᠳᠤ ᠰᠦᠨ | ᠳᠠᠯᠬ᠎ᠠ ᠶᠢᠨ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018 ᠤᠨ ᠤ ᠬᠢ ᠲᠠᠢ ᠪᠠᠷᠤᠭ | ᠤᠴᠢᠨ᠎ᠠ︔ ᠲᠤᠰᠬᠠᠢ ᠴᠡᠭᠴᠡᠯᠡᠨ ᠵᠠᠰᠠᠯᠳᠠ ᠪᠠᠷ ᠳᠠᠮᠵᠢᠨ᠂ ᠢᠳᠡᠭᠡᠨ ᠤᠮᠳᠠᠭᠠᠨ᠂ ᠴᠠᠷᠳᠠᠭᠤᠯ ᠵᠢᠴᠢ | ᠴᠠᠷᠳᠠᠭᠤᠯ ᠢᠶᠠᠷ ᠦᠢᠯᠡᠳᠦᠭᠰᠡᠨ ᠦᠢᠯᠡᠳᠭᠦᠨ ᠤ ᠰᠤᠭᠤᠴᠢᠨ ᠪᠠᠶᠢᠴᠠᠭᠠᠯᠳᠠ ᠶᠢᠨ ᠬᠢᠷᠢ ᠲᠡᠩᠴᠡᠬᠦ ᠨᠤᠷᠮ᠎ᠠ ᠳᠡᠭᠡᠷ᠎ᠠ | ᠵᠢᠯ ᠤᠨ ᠬᠢ ᠠᠴᠠ ᠳᠡᠭᠡᠭᠰᠢᠯᠡᠪᠡ︔ ᠬᠠᠤᠯᠢ ᠪᠤᠰᠤ ᠪᠠᠷ ᠬᠤᠯᠢᠭᠰᠠᠨ ᠢᠳᠡᠵᠤ ᠪᠤᠯᠬᠤ ᠦᠭᠡᠢ ᠪᠤᠳᠠᠰ ᠢ ᠪᠠᠶᠢᠴᠠᠭᠠᠨ | ᠭᠠᠷᠭᠠᠭᠰᠠᠨ ᠨᠤᠷᠮ᠎ᠠ 0.02% ᠪᠠᠶᠢᠪᠠ︔ ᠨᠢᠯᠬ᠎ᠠ ᠬᠡᠤᠬᠡᠳ ᠤᠨ ᠨᠠᠶᠢᠷᠠᠯᠭᠠᠳᠤ ᠰᠦᠨ ᠲᠠᠯᠬ᠎ᠠ ᠠᠴᠠ ᠳᠠᠷᠠᠭᠠᠯᠠᠨ | 11 ᠵᠢᠯ ︽ᠭᠤᠷᠪᠠᠨ ᠪᠦᠭᠡᠭᠡᠨᠡᠷᠡᠯᠳᠤ ᠼᠢᠶᠠᠨᠳᠤ ᠠᠮᠢᠨ︾ ᠢ ᠪᠠᠶᠢᠴᠠᠭᠠᠵᠤ ᠭᠠᠷᠤᠭᠰᠠᠨ ᠦᠭᠡᠢ᠃ | ᠰᠤᠭᠤᠴᠢᠨ ᠪᠠᠶᠢᠴᠠᠭᠠᠭᠰᠠᠨ ᠢᠳᠡᠭᠡᠨ ᠤ ᠲᠦᠷᠦᠯ ᠵᠦᠢᠯ ᠠᠴᠠ ᠦᠵᠡᠪᠡᠯ᠂ ᠬᠦᠢᠲᠡᠨ ᠤᠮᠳᠠᠭᠠᠨ ᠤ ᠬᠢᠷᠢ | ᠲᠡᠩᠴᠡᠬᠦ ᠦᠭᠡᠢ ᠨᠤᠷᠮ᠎ᠠ ᠨᠢ 6.1% ᠳᠤ ᠬᠦᠷᠴᠤ᠂ ᠳᠡᠭᠡᠷ᠎ᠠ ᠵᠢᠯ ᠤᠨ ᠬᠢ ᠠᠴᠠ ᠪᠠᠭᠤᠷᠠᠭᠰᠠᠨ ᠪᠤᠯᠪᠠᠴᠤ ᠮᠦᠨ | ᠨᠡᠯᠢᠶᠡᠳ ᠦᠨᠳᠦᠷ ᠲᠦᠪᠰᠢᠨ ᠳᠤ ᠤᠷᠤᠰᠢᠵᠤ᠂ ᠭᠤᠤᠯᠳᠠᠭᠤ ᠮᠢᠺᠷᠤᠪ ᠪᠤᠳᠠᠰ ᠤᠨ ᠪᠤᠬᠢᠷᠳᠤᠯ ᠤᠨ ᠠᠰᠠᠭᠤᠳᠠᠯ | ᠤᠷᠤᠰᠢᠨ᠎ᠠ︔ ᠪᠠᠶᠢᠴᠠᠭᠠᠬᠤ ᠲᠦᠷᠦᠯ ᠵᠦᠢᠯ ᠨᠢ ᠨᠡᠮᠡᠭᠳᠡᠭᠰᠡᠨ ᠠᠴᠠ ᠵᠦᠭᠡᠢ ᠶᠢᠨ ᠪᠠᠯ ᠤᠨ ᠪᠦᠲᠦᠭᠡᠭᠳᠡᠭᠦᠨ ᠤ ᠬᠢᠷᠢ | ᠲᠡᠩᠴᠡᠬᠦ ᠦᠭᠡᠢ ᠨᠤᠷᠮ᠎ᠠ ᠳᠡᠭᠡᠷ᠎ᠠ ᠵᠢᠯ ᠤᠨ ᠬᠢ ᠠᠴᠠ ᠳᠡᠭᠡᠭᠰᠢᠯᠡᠵᠤ᠂ ᠭᠤᠤᠯᠳᠠᠭᠤ ᠴᠠᠭᠠᠵᠠᠯᠠᠭᠰᠠᠨ ᠮᠠᠯ ᠤᠨ | ᠡᠮ ᠤᠨ ᠦᠯᠡᠳᠡᠭᠳᠡᠯ ᠪᠠ ᠮᠢᠺᠷᠤᠪ ᠪᠤᠳᠠᠰ ᠤᠨ ᠪᠤᠬᠢᠷᠳᠤᠯ ᠤᠨ ᠠᠰᠠᠭᠤᠳᠠᠯ ᠠᠴᠠ ᠪᠤᠯᠵᠠᠢ᠃ ᠢᠳᠡᠭᠡᠨ ᠢ | ᠰᠤᠭᠤᠴᠢᠨ ᠪᠠᠶᠢᠴᠠᠭᠠᠭᠰᠠᠨ ᠭᠤᠭᠴᠤᠭ᠎ᠠ ᠠᠴᠠ ᠦᠵᠡᠪᠡᠯ᠂ ᠰᠦᠯᠵᠢᠶᠡᠨ ᠠᠴᠠ ᠬᠤᠳᠠᠯᠳᠤᠨ ᠠᠪᠤᠭᠰᠠᠨ ᠢᠳᠡᠭᠡᠨ ᠤ | ᠬᠢᠷᠢ ᠲᠡᠩᠴᠡᠬᠦ ᠦᠭᠡᠢ ᠨᠤᠷᠮ᠎ᠠ 3.2% ᠲᠤ ᠬᠦᠷᠴᠤ᠂ ᠳᠡᠭᠡᠷ᠎ᠠ ᠵᠢᠯ ᠤᠨ ᠬᠢ ᠠᠴᠠ ᠳᠡᠭᠡᠭᠰᠢᠯᠡᠵᠤ᠂ | ᠰᠦᠯᠵᠢᠶᠠᠨ ᠤ ᠲᠠᠪᠴᠠᠩ ᠳᠡᠭᠡᠷ᠎ᠠ ᠬᠤᠳᠠᠯᠳᠤᠵᠤ ᠪᠠᠶᠢᠭ᠎ᠠ ᠢᠳᠡᠭᠡᠨ ᠤ ᠬᠢᠨᠠᠯᠳᠠ ᠬᠠᠮᠢᠶᠠᠷᠤᠯᠳᠠ ᠶᠢ ᠤᠯᠠᠮ | ᠴᠢᠨᠠᠭᠰᠢᠳᠠ ᠴᠢᠩᠭᠠᠳᠬᠠᠬᠤ ᠬᠡᠷᠡᠭᠳᠠᠢ ᠭᠡᠳᠡᠭ ᠢ ᠳᠤᠰᠬᠠᠵᠤ ᠪᠠᠶᠢᠨ᠎ᠠ᠃ ᠮᠢᠺᠷᠤᠪ ᠪᠤᠳᠠᠰ ᠤᠨ ᠪᠤᠬᠢᠷᠳᠤᠯ᠂ | ᠢᠳᠡᠭᠡᠨ ᠤ ᠨᠡᠮᠡᠯᠳᠡ ᠡᠳ᠋ ᠪᠠᠷᠢᠮᠵᠢᠶ᠎ᠠ ᠠᠴᠠ ᠬᠡᠳᠦᠷᠡᠬᠦ ᠪᠠ ᠲᠠᠷᠢᠶᠠᠨ ᠡᠮ ᠮᠠᠯ ᠤᠨ ᠡᠮ ᠤᠨ ᠦᠯᠡᠳᠡᠭᠳᠡᠯ | ᠪᠠᠷᠢᠮᠵᠢᠶ᠎ᠠ ᠠᠴᠠ ᠭᠡᠳᠦᠷᠡᠵᠤ ᠪᠠᠶᠢᠬᠤ ᠨᠢ ᠮᠦᠨ ᠬᠦ ᠤᠳᠤᠬᠠᠨ ᠤ ᠢᠳᠡᠭᠡᠨ ᠤ ᠠᠮᠤᠷ ᠲᠦᠪᠰᠢᠨ ᠳᠤ ᠲᠤᠯᠭᠠᠷᠠᠵᠤ | ᠪᠠᠶᠢᠭ᠎ᠠ ᠭᠤᠤᠯ ᠠᠰᠠᠭᠤᠳᠠᠯ ᠪᠤᠯᠤᠨ᠎ᠠ᠃ | ᠰᠤᠭᠤᠴᠢᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠢᠳᠡᠭᠡᠨ ᠢ ᠲᠤᠬᠠᠢ ᠶᠢᠨ ᠭᠠᠵᠠᠷ ᠤᠷᠤᠨ ᠤ | ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠲᠤᠰ ᠪᠦᠯᠦᠭ | ᠪᠦᠲᠦᠭᠡᠭᠳᠡᠭᠦᠨ ᠢ ᠪᠢᠳᠡᠭᠦᠮᠵᠢᠯᠡᠨ ᠬᠠᠳᠠᠭᠠᠯᠠᠬᠤ᠂ ᠬᠤᠷᠢᠶᠠᠵᠤ ᠠᠪᠬᠤ᠂ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠠ ᠠᠪᠴᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠ ᠠᠷᠢᠯᠭᠠᠬᠤ ᠪᠠᠷ ᠴᠢᠷᠮᠠᠶᠢᠵᠤ᠂ ᠡᠬᠢ ᠦᠨᠳᠦᠰᠦ ᠠᠴᠠ ᠨᠢ ᠬᠠᠮᠢᠶᠠᠷᠬᠤ ᠶᠢ ᠴᠢᠩᠭᠠᠳᠬᠠᠵᠤ | ᠂ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠳᠡᠨ ᠬᠢᠨᠠᠯᠳᠠ ᠬᠠᠮᠢᠶᠠᠷᠤᠯᠳᠠ ᠶᠢᠨ ᠠᠷᠭ᠎ᠠ | ᠬᠡᠮᠵᠢᠶ᠎ᠠ ᠶᠢ ᠴᠢᠩᠭᠠᠳᠬᠠᠵᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠠᠵᠢᠯ ᠦᠷᠨᠢᠭᠦᠯᠪᠡ᠃ | 2019 ᠤᠨ ᠳᠤ᠂ ᠤᠯᠤᠰ ᠤᠨ ᠬᠢᠨᠠᠯᠳᠠ ᠬᠠᠮᠢᠶᠠᠷᠤᠯᠳᠠ ᠶᠢᠨ ᠰᠤᠭᠤᠴᠢᠨ ᠪᠠᠶᠢᠴᠠᠭᠠᠯᠳᠠ ᠳᠤ ᠬᠢᠷᠢ ᠲᠡᠩᠴᠡᠭᠰᠡᠨ | ᠦᠭᠡᠢ ᠢᠳᠡᠭᠡᠨ ᠳᠤ 5214 ᠬᠤᠪᠢ ᠵᠠᠰᠠᠭ ᠵᠠᠬᠢᠷᠭᠠᠨ ᠤ ᠰᠢᠢᠳᠭᠡᠯ ᠦᠭᠴᠤ᠂ ᠨᠡᠶᠢᠳᠡ 1.6 ᠳ᠋ᠦᠩᠰᠢᠭᠤᠷ | ᠲᠦᠭᠦᠷᠢᠭ ᠤᠨ ᠲᠤᠷᠭᠠᠭᠤᠯᠢ ᠦᠭᠭᠦᠭᠰᠡᠨ ᠪᠠᠶᠢᠨ᠎ᠠ᠃ | | |