ᠰᠤᠷᠤᠭᠴᠢᠳ ᠰᠢᠯᠭᠠᠯᠳᠠ ᠳᠤ ᠤᠷᠤᠯᠴᠠᠵᠤ ᠪᠠᠶᠢᠬᠤ ᠲᠠᠭᠠᠨ ᠬᠠᠯᠠᠭᠤᠷᠠᠵᠤ ᠬᠠᠨᠢᠶᠠᠪᠠᠯ ᠶᠠᠭᠠᠬᠢᠬᠤ ᠪᠤᠢ
ᠨᠡᠶᠢᠲᠡᠯᠡᠭᠰᠡᠨ ᠴᠠᠭ᠄
2020/6/24
     2020 ᠤᠨ ᠤ ᠶᠡᠭᠡ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠠᠢ ᠰᠢᠯᠭᠠᠯᠳᠠ ᠪᠤᠯ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠪᠠᠶᠢᠳᠠᠯ ᠳᠤᠤᠷᠠᠬᠢ ᠨᠢᠭᠡ ᠤᠳᠠᠭ᠎ᠠ ᠶᠢᠨ ᠰᠢᠯᠭᠠᠯᠳᠠ ᠪᠤᠯᠤᠨ᠎ᠠ᠂ ᠡᠨᠡ ᠵᠢᠯ ᠤᠨ ᠠᠩᠬᠠᠳᠠᠭᠴᠢ ᠤᠳᠠᠭ᠎ᠠ ᠶᠢᠨ ᠤᠯᠤᠰ ᠤᠨ ᠰᠤᠷᠭᠠᠨ ᠬᠦᠮᠦᠵᠢᠯ ᠤᠨ ᠰᠢᠯᠭᠠᠯᠳᠠ ᠪᠤᠯᠤᠨ᠎ᠠ᠃ ᠰᠤᠷᠭᠠᠨ ᠬᠦᠮᠦᠵᠢᠯ ᠤᠨ ᠶᠠᠮᠤᠨ 19 ᠤ ᠡᠳᠦᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠤᠷᠢᠳᠴᠢᠯᠡᠨ ᠡᠷᠡᠭᠦᠯ ᠮᠡᠨᠳᠦ ᠶᠢᠨ ᠬᠢᠨᠠᠠ ᠬᠡᠮᠵᠢᠯᠳᠡ ᠬᠢᠬᠦ᠂ ᠬᠡᠪ ᠤᠨ ᠪᠤᠰᠤ ᠪᠠᠶᠢᠳᠠᠯ ᠢ ᠦᠨᠡᠯᠡᠬᠦ᠂ ᠠᠵᠢᠯᠳᠡᠨ ᠤ ᠡᠷᠡᠭᠦᠯ ᠬᠠᠮᠠᠭᠠᠯᠠᠯ ᠰᠡᠷᠭᠡᠶᠢᠯᠡᠯᠳᠡ ᠬᠠᠮᠠᠭᠠᠯᠠᠯᠳᠠ ᠵᠡᠷᠭᠡ ᠰᠢᠯᠭᠠᠯᠳᠠ ᠶᠢᠨ ᠶᠠᠪᠤᠴᠠ ᠳᠠᠬᠢ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠠ ᠶᠢ ᠲᠠᠨᠢᠯᠴᠠᠭᠤᠯᠪᠠ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠤᠪᠴᠢᠶᠠᠨ ᠤ ᠨᠢᠭᠡᠳᠦᠭᠡᠷ ᠳᠡᠰ ᠤᠨ ᠲᠤᠭᠤᠷᠢᠨ ᠪᠠᠶᠢᠴᠠᠭᠠᠭᠴᠢ ᠾᠧ ᠴᠢᠩ ᠬᠤᠸᠠ ᠲᠠᠨᠢᠯᠴᠠᠭᠤᠯᠬᠤ ᠳᠠᠭᠠᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠬᠢᠨ ᠰᠤᠷᠭᠠᠨ ᠬᠦᠮᠦᠵᠢᠯ ᠤᠨ ᠶᠠᠮᠤᠨ ᠲᠠᠢ ᠬᠠᠮᠳᠤᠷᠠᠵᠦ ᠪᠠᠶᠢᠭᠠᠳ ᠨᠠᠷᠢᠯᠢᠭᠵᠢᠭᠤᠯᠤᠭᠰᠠᠨ ᠠᠵᠢᠯ ᠤᠨ ᠳᠡᠰ ᠳᠠᠷᠠᠭᠠᠯᠠᠯ ᠪᠠ ᠵᠢᠯᠤᠭᠤᠳᠬᠤ ᠠᠷᠭ᠎ᠠ ᠬᠡᠮᠵᠢᠶ᠎ᠠ ᠶᠢ ᠲᠤᠭᠳᠠᠭᠠᠪᠠ᠃ ᠰᠢᠯᠭᠠᠯᠳᠠ ᠶᠢ ᠵᠤᠬᠢᠶᠠᠨ ᠪᠠᠶᠢᠭᠤᠯᠬᠤ᠂ ᠰᠢᠯᠭᠠᠯᠳᠠ ᠶᠢ ᠬᠢᠨᠠᠬᠤ ᠠᠵᠢᠯ ᠳᠤ ᠤᠷᠤᠯᠴᠠᠬᠤ ᠠᠵᠢᠯᠳᠠᠨ ᠪᠤᠯᠤᠨ ᠰᠢᠯᠭᠠᠯᠳᠠ ᠳᠤ ᠤᠷᠤᠯᠴᠠᠬᠤ ᠰᠤᠷᠤᠭᠴᠢᠳ᠂ 14 ᠡᠳᠦᠷ ᠤᠷᠢᠳᠴᠢᠯᠡᠨ ᠪᠡᠶ᠎ᠠ ᠶᠢᠨ ᠬᠠᠯᠠᠭᠤᠨ ᠪᠠ ᠪᠡᠶ᠎ᠠ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠬᠢᠨᠠᠨ ᠬᠡᠮᠵᠢᠵᠤ᠂ ᠡᠳᠦᠷ ᠪᠦᠷᠢ ᠪᠡᠶ᠎ᠠ ᠶᠢᠨ ᠬᠠᠯᠠᠭᠤᠨ ᠢᠶᠠᠨ ᠬᠡᠮᠵᠢᠵᠦ ᠲᠡᠮᠳᠡᠭᠯᠡᠬᠦ ᠶᠢ ᠪᠡᠶᠡᠯᠡᠭᠦᠯᠬᠦ ᠬᠡᠷᠡᠭᠳᠠᠢ᠃ ᠰᠢᠯᠭᠠᠯᠳᠠ ᠠᠴᠠ ᠡᠮᠦᠨ᠎ᠠ ᠪᠠ ᠰᠢᠯᠭᠠᠵᠦ ᠪᠠᠶᠢᠬᠤ ᠶᠠᠪᠤᠴᠠ ᠳᠤ ᠰᠢᠯᠭᠠᠭᠤᠯᠤᠭᠰᠠᠳ ᠪᠤᠯᠤᠨ ᠠᠵᠢᠯᠳᠠᠨ ᠤ ᠪᠡᠶ᠎ᠠ ᠴᠤᠬᠴᠠ ᠬᠡᠪ ᠤᠨ ᠪᠤᠰᠤ ᠪᠠᠶᠢᠳᠠᠯ ᠲᠠᠢ ᠪᠠᠶᠢᠬᠤ ᠶᠢ ᠬᠢᠨᠠᠨ ᠬᠡᠮᠵᠢᠵᠦ᠂ ᠪᠠᠶᠢᠴᠠᠭᠠᠨ ᠢᠯᠡᠷᠡᠭᠦᠯᠦᠭᠰᠡᠨ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ᠂ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠬᠢᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠢ ᠵᠢᠭᠠᠨ ᠵᠢᠯᠤᠭᠤᠳᠴᠤ ᠪᠠᠶᠢᠭᠠᠳ ᠲᠤᠰᠬᠠᠢ ᠦᠨᠡᠯᠡᠯᠳᠡ ᠬᠢᠵᠤ᠂ ᠰᠤᠷᠭᠠᠨ ᠬᠦᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠲᠤᠰᠬᠠᠢ ᠦᠨᠡᠯᠡᠯᠳᠡ ᠶᠢᠨ ᠰᠠᠨᠠᠭᠤᠯᠭ᠎ᠠ ᠶᠢ ᠦᠨᠳᠦᠰᠦᠯᠡᠵᠤ᠂ ᠰᠢᠯᠭᠠᠯᠳᠠ ᠳᠤ ᠤᠷᠤᠯᠴᠠᠬᠤ ᠪᠤᠶᠤ ᠰᠢᠯᠭᠠᠯᠳᠠ ᠶᠢ ᠵᠤᠬᠢᠶᠠᠨ ᠪᠠᠶᠢᠭᠤᠯᠬᠤ ᠠᠵᠢᠯ ᠳᠤ ᠤᠷᠤᠯᠴᠠᠬᠤ ᠨᠦᠬᠦᠴᠡᠯ ᠲᠠᠢ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠦ ᠲᠤᠬᠳᠠᠭᠠᠨ᠎ᠠ᠃ ᠰᠢᠯᠭᠠᠯᠳᠠ ᠶᠢᠨ ᠭᠠᠵᠠᠷ ᠲᠤ ᠤᠷᠤᠬᠤ ᠪᠦᠬᠦ ᠬᠦᠮᠦᠰ ᠤᠨ ᠪᠡᠶ᠎ᠠ ᠶᠢᠨ ᠬᠠᠯᠠᠭᠤᠨ ᠢ ᠬᠡᠮᠵᠢᠨ᠎ᠡ᠂ ᠡᠭᠦᠨ ᠤ ᠵᠡᠷᠭᠡ ᠪᠠᠷ ᠰᠡᠷᠢᠭᠦᠨ ᠰᠠᠷᠠᠪᠴᠢ ᠪᠠ ᠪᠡᠶ᠎ᠠ ᠶᠢᠨ ᠬᠠᠯᠠᠭᠤᠨ ᠨᠢ ᠬᠡᠪ ᠤᠨ ᠪᠤᠰᠤ ᠪᠠᠶᠢᠭ᠎ᠠ ᠬᠦᠮᠦᠰ ᠢ ᠳᠠᠬᠢᠨ ᠪᠠᠶᠢᠴᠠᠭᠠᠬᠤ ᠲᠠᠰᠤᠭ ᠲᠤᠬᠢᠷᠠᠭᠤᠯᠵᠤ᠂ ᠪᠠᠶᠢᠴᠠᠭᠠᠯᠳᠠ ᠬᠦᠯᠢᠶᠡᠬᠦ ᠪᠠ ᠳᠠᠬᠢᠨ ᠪᠠᠶᠢᠴᠠᠭᠠᠬᠤ ᠳᠤ ᠬᠡᠷᠡᠭᠯᠡᠭᠦᠯᠦᠨ᠎ᠠ᠃ ᠲᠤᠰᠠᠭᠠᠷᠯᠠᠬᠤ ᠪᠡᠯᠡᠳᠭᠡᠯ ᠰᠢᠯᠭᠠᠯᠳᠠ ᠶᠢᠨ ᠲᠠᠯᠠᠪᠠᠢ ᠲᠤᠬᠢᠷᠠᠭᠤᠯᠤᠨ᠎ᠠ᠂ ᠡᠭᠦᠨ ᠢ ᠵᠠᠷᠴᠢᠮ ᠳᠡᠭᠡᠷ᠎ᠠ ᠪᠠᠨ 10 ᠡᠩ ᠤᠨ ᠰᠢᠯᠭᠠᠯᠳᠠ ᠶᠢᠨ ᠲᠠᠯᠠᠪᠠᠢ ᠳᠤ 1 ᠪᠡᠯᠡᠳᠭᠡᠯ ᠰᠢᠯᠭᠠᠯᠳᠠ ᠶᠢᠨ ᠲᠠᠯᠠᠪᠠᠢ ᠲᠤᠬᠢᠷᠠᠭᠤᠯᠤᠨ᠎ᠠ ᠭᠡᠯ᠎ᠡ᠃      ︽ᠰᠢᠯᠭᠠᠯᠳᠠ ᠳᠤ ᠤᠷᠤᠯᠴᠠᠵᠦ ᠪᠠᠶᠢᠬᠤ ᠳᠤ ᠬᠡᠷᠪᠡ ᠵᠠᠷᠢᠮ ᠰᠤᠷᠤᠭᠴᠢ ᠬᠠᠯᠠᠭᠤᠷᠠᠬᠤ᠂ ᠬᠠᠨᠢᠶᠠᠬᠤ ᠮᠡᠳᠦ ᠶᠢᠨ ᠡᠪᠡᠳᠴᠢᠨ ᠤ ᠪᠠᠶᠢᠳᠠᠯ ᠢᠯᠡᠷᠡᠪᠡᠯ᠂ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ᠂ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠲᠤᠰᠬᠠᠢ ᠠᠵᠢᠯᠳᠠᠳ ᠤᠷᠢᠳᠴᠢᠯᠡᠨ ᠲᠤᠬᠳᠠᠬᠰᠠᠨ ᠲᠦᠰᠦᠯ ᠢ ᠦᠨᠳᠦᠰᠦᠯᠡᠨ ᠰᠤᠳᠤᠯᠤᠨ ᠮᠠᠭᠠᠳᠯᠠᠵᠦ ᠲᠤᠬᠳᠠᠭᠠᠨ᠎ᠠ᠃ ᠦᠷᠭᠦᠯᠵᠢᠯᠡᠨ ᠰᠢᠯᠭᠠᠵᠤ ᠪᠤᠯᠬᠤ᠂ ᠰᠢᠯᠭᠠᠯᠳᠠ ᠪᠠᠨ ᠲᠠᠭᠤᠰᠬᠠᠵᠦ ᠲᠡᠶᠢᠯᠬᠦ ᠰᠤᠷᠤᠭᠴᠢᠳ ᠢ ᠲᠤᠰᠠᠭᠠᠷᠯᠠᠬᠤ ᠪᠡᠯᠡᠳᠭᠡᠯ ᠰᠢᠯᠭᠠᠯᠳᠠ ᠶᠢᠨ ᠲᠠᠯᠠᠪᠠᠢ ᠳᠤ ᠰᠢᠯᠭᠠᠭᠤᠯᠤᠨ᠎ᠠ︾ ᠭᠡᠵᠤ ᠾᠧ ᠴᠢᠩ ᠬᠤᠸᠠ ᠬᠡᠯᠡᠪᠡ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号