ᠣᠶᠢᠷ᠎ᠠ ᠳᠤ᠂ ᠺᠠᠶᠢᠯᠦ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ PCR ᠪᠦᠭᠡᠮ | ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠯᠭᠠᠨ | ᠪᠠᠶᠢᠴᠠᠭᠠᠵᠤ ᠰᠢᠯᠭᠠᠨ ᠠᠪᠬᠤ ᠪᠠᠷᠢᠮᠵᠢᠶ᠎ᠠ ᠳᠤ ᠬᠦᠷᠴᠦ᠂ ᠵᠢᠩᠬᠢᠨᠢ ᠪᠠᠷ ᠠᠰᠢᠭᠯᠠᠯᠲᠠ ᠳᠤ ᠤᠷᠤᠭᠤᠯᠵᠤ᠂ ᠥᠪᠥᠷ | ᠮᠣᠩᠭᠤᠯ ᠤᠨ ᠲᠦᠩᠯᠢᠶᠣᠤ ᠬᠤᠲᠠ ᠶᠢᠨ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠠᠩᠬ᠎ᠠ ᠪᠠᠶᠢᠭᠤᠯᠤᠭᠰᠠᠨ PCR ᠪᠦᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ | ᠪᠤᠯᠵᠤ᠂ ᠺᠠᠶᠢᠯᠦ ᠰᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠬᠤᠭᠤᠰᠣᠨ ᠢ ᠨᠥᠬᠦᠪᠥᠷᠢᠯᠡᠵᠦ᠂ ᠪᠠᠰᠠ | ᠲᠦᠩᠯᠢᠶᠣᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠠᠶᠢᠴᠠᠭᠠᠨ ᠰᠢᠯᠭᠠᠬᠤ | ᠳᠠᠷᠤᠯᠲᠠ ᠶᠢ ᠨᠠᠮᠳᠠᠭᠤᠯᠵᠤ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠪᠠᠲᠤ ᠪᠠᠬᠢ ᠡᠮ | ᠡᠮᠨᠡᠯᠭᠡ ᠶᠢᠨ ᠪᠠᠲᠤᠯᠠᠭ᠎ᠠ ᠬᠠᠩᠭᠠᠭᠰᠠᠨ ᠪᠠᠶᠢᠪᠠ᠃ | | | | | | | | ᠣᠶᠢᠯᠠᠭᠠᠭᠰᠠᠨ ᠢᠶᠠᠷ᠂ ᠲᠣᠰ PCR ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ | ᠲᠠᠰᠤᠭ ᠤᠨ ᠪᠠᠷᠢᠯᠭ᠎ᠠ ᠶᠢᠨ ᠲᠠᠯᠠᠪᠠᠢ 77 ᠲᠡᠭᠰᠢ ᠳᠥᠷᠪᠡᠯᠵᠢᠨ ᠮᠧᠲᠷ ᠲᠤ ᠬᠦᠷᠴᠦ᠂ 150 ᠭᠠᠷᠤᠶ ᠲᠦᠮᠡᠨ | ᠲᠥᠭᠦᠷᠢᠭ ᠵᠠᠷᠤᠴᠠᠭᠤᠯᠵᠤ᠂ ᠴᠡᠭᠡᠨ ᠭᠡᠷᠡᠯ ᠤᠨ ᠲᠣᠭᠲᠠᠭᠰᠠᠨ ᠬᠡᠮᠵᠢᠶᠡᠨ ᠤ PCR ᠬᠡᠮᠵᠢᠭᠦᠷ᠂ ᠪᠥᠭᠡᠮ | ᠬᠦᠴᠢᠯ ᠢ ᠭᠠᠷᠭᠠᠨ ᠠᠪᠬᠤ ᠬᠡᠮᠵᠢᠭᠦᠷ᠂ ᠤᠯᠠᠨ ᠴᠢᠳᠠᠮᠵᠢᠲᠤ ᠥᠨᠳᠥᠷ ᠬᠤᠷᠳᠤᠴᠠᠲᠤ ᠬᠥᠯᠳᠡᠭᠡᠬᠦ ᠵᠢᠭᠤᠳᠠᠮᠠᠯ | ᠮᠠᠰᠢᠨ᠂ ᠪᠦᠷᠢᠨ ᠠᠦ᠋ᠲ᠋ᠣ᠋ ᠥᠨᠳᠥᠷ ᠬᠦᠴᠦᠳᠡᠯᠲᠦ ᠪᠠᠺᠲ᠋ᠧᠷᠢ ᠤᠰᠠᠳᠬᠠᠭᠤᠷ᠂ ᠲᠤᠭ᠎ᠠ ᠢᠯᠡᠷᠬᠡᠶ ᠲᠣᠭᠲᠠᠮᠠᠯ | ᠳᠤᠯᠠᠭᠠᠨ ᠵᠡᠷᠭᠡ ᠲᠥᠬᠦᠭᠡᠷᠦᠮᠵᠢ ᠶᠢ ᠲᠤᠬᠢᠷᠠᠭᠤᠯᠵᠤ᠂ ᠡᠳᠦᠷ ᠪᠦᠷᠢ ᠶᠢᠨ ᠬᠠᠮᠤᠭ ᠤᠨ ᠶᠡᠭᠡ ᠦᠯᠢᠭᠡᠷ ᠬᠡᠪ ᠢ | ᠪᠠᠶᠢᠴᠠᠭᠠᠨ ᠰᠢᠯᠭᠠᠭᠰᠠᠨ ᠬᠡᠮᠵᠢᠶ᠎ᠡ 70 ᠬᠥᠮᠦᠨ᠂ ᠲᠤᠰ ᠡᠳᠦᠷ ᠲᠤ ᠦᠯᠢᠭᠡᠷ ᠠᠪᠬᠤ᠂ ᠲᠤᠰ ᠡᠳᠦᠷ ᠲᠤ | ᠪᠠᠶᠢᠴᠠᠭᠠᠨ ᠰᠢᠯᠭᠠᠬᠤ᠂ ᠲᠤᠰ ᠡᠳᠦᠷ ᠲᠤ ᠦᠷ᠎ᠡ ᠳ᠋ᠦᠩ ᠭᠠᠷᠭᠠᠬᠤ ᠶᠢ ᠪᠡᠶᠡᠯᠡᠭᠦᠯᠵᠦ᠂ ᠠᠮᠢᠳᠤ ᠪᠣᠳᠠᠰ ᠤᠨ | ᠬᠤᠶᠠᠳᠤᠭᠠᠷ ᠳᠡᠰ ᠤᠨ ᠠᠮᠤᠷ ᠲᠦᠪᠰᠢᠨ ᠤ ᠦᠨᠳᠦᠰᠦᠨ ᠱᠠᠭᠠᠷᠳᠠᠯᠭ᠎ᠠ ᠳᠤ ᠬᠦᠷᠦᠭᠰᠡᠨ ᠪᠠᠶᠢᠪᠠ᠃ | | | | |