6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠴᠠᠬᠢᠯᠭᠠᠨ ᠲᠣᠣᠷ ᠤᠨ ᠺᠠᠶᠢᠯᠦ | ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠺᠣᠮᠫᠠᠨᠢ ᠶᠢᠨ ᠬᠤᠶᠠᠳᠤᠭᠠᠷ ᠳᠠᠪᠬᠤᠷᠯᠢᠭ ᠤᠨ ᠶᠡᠭᠡ ᠬᠤᠷᠠᠯ ᠤᠨ ᠭᠡᠷ ᠲᠤ | ᠨᠠᠮ ᠤᠨ ᠶᠠᠪᠤᠳᠠᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠺᠣᠮᠫᠠᠨᠢ ᠶᠢᠨ ᠰᠢᠰᠲ᠋ᠧᠮ ᠤᠨ ᠡᠯ᠎ᠡ | ᠨᠠᠮ ᠤᠨ ᠡᠭᠦᠷ ᠤᠨ ᠱᠦᠵᠢ ᠵᠢᠴᠢ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠨ ᠨᠡᠶᠢᠲᠡ 60 ᠭᠠᠷᠤᠢ | ᠬᠥᠮᠦᠨ ᠪᠣᠯᠪᠠᠰᠤᠷᠠᠯ ᠳᠤ ᠣᠷᠣᠯᠴᠠᠪᠠ᠃ 6 ᠰᠠᠷ᠎ᠠ ᠠᠴᠠ ᠨᠠᠰᠢ᠂ ᠤᠯᠤᠰ ᠤᠨ ᠴᠠᠬᠢᠯᠭᠠᠨ ᠲᠣᠤᠷ ᠤᠨ ᠺᠠᠶᠢᠯᠦ | ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠬᠤᠷᠢᠶ᠎ᠠ ︽ᠳᠣᠯᠣᠭᠠᠨ ᠰᠠᠷ᠎ᠠ ᠶᠢᠨ ᠨᠢᠭᠡᠨ︾ ᠤ ᠨᠠᠮ ᠤᠨ | ᠲᠥᠷᠥᠭᠰᠡᠨ ᠡᠳᠦᠷ ᠢ ᠪᠡᠯᠭᠡᠯᠡᠬᠦ ᠶᠢᠨ ᠲᠥᠯᠥᠭᠡ ᠺᠣᠮᠫᠠᠨᠢ ᠶᠢᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠨ ︽ᠳᠣᠯᠣᠭᠠᠨ ᠨᠢᠭᠡᠳᠦᠭᠡᠷ︾ ᠨᠠᠮ ᠤᠨ ᠪᠠᠶᠢᠭᠤᠯᠤᠯᠲᠠ ᠶᠢᠨ ᠭᠤᠤᠯ ᠰᠡᠳᠦᠪᠲᠦ ᠠᠵᠢᠯᠯᠠᠭ᠎ᠠ ᠶᠢ | ᠢᠳᠡᠪᠬᠢᠲᠡᠶ ᠦᠷᠨᠢᠭᠦᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ 99 ᠵᠢᠯ ᠤᠨ ᠤᠢ ᠶᠢ | ᠪᠡᠯᠭᠡᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ | ᠪᠠᠳᠠᠷᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠦᠵᠡᠯ | ᠰᠠᠨᠠᠭ᠎ᠠ ᠪᠠᠨ ᠴᠢᠯᠥᠭᠡᠯᠡᠨ᠂ ᠵᠠᠮ ᠨᠡᠭᠡᠭᠡᠨ ᠤᠷᠤᠭᠰᠢᠯᠠᠵᠤ᠂ ᠺᠣᠮᠫᠠᠨᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ | ᠠᠬᠢᠭᠤᠯᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠪᠡ᠃ | ᠨᠢᠭᠡ ᠳᠤ᠂ ᠨᠠᠮ ᠤᠨ ᠶᠠᠪᠤᠳᠠᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠶᠢ ᠨᠢᠭᠡ ᠤᠳᠠᠭ᠎ᠠ ᠡᠷᠬᠢᠯᠡᠨ᠎ᠡ᠃ | ᠪᠣᠯᠪᠠᠰᠤᠷᠠᠯ ᠬᠢᠵᠦ ᠺᠠᠶᠢᠯᠦ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠤᠷᠢᠵᠤ ︽ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠶ᠎ᠡ︾ | ᠭᠡᠬᠦ ᠲᠤᠰᠬᠠᠶ ᠰᠡᠳᠦᠪᠲᠦ ᠲᠠᠶᠢᠯᠤᠮᠵᠢ ᠬᠢᠪᠡ᠃ ᠲᠠᠶᠢᠯᠤᠮᠵᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠡᠳᠬᠡᠯ ᠤᠨ ᠲᠠᠶᠢᠯᠤᠮᠵᠢ ᠪᠠᠷ ᠭᠤᠤᠯ ᠰᠢᠵᠢᠮ ᠪᠤᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ | ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠶ | ᠰᠢᠰᠲ᠋ᠧᠮ ᠲᠠᠢ ᠣᠶᠢᠯᠠᠭᠠᠯᠲᠠ ᠪᠠ ᠰᠤᠷᠤᠯᠴᠠᠯᠭ᠎ᠠ ᠬᠢᠬᠦ ᠶᠢ ᠬᠥᠲᠥᠯᠥᠨ ᠵᠢᠯᠣᠭᠤᠳᠪᠠ᠃ | ᠬᠤᠶᠠᠷ ᠲᠤ᠂ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠢ ᠨᠢᠭᠡ ᠤᠳᠠᠭ᠎ᠠ ᠡᠷᠬᠢᠯᠡᠨ᠎ᠡ᠃ | ᠪᠦᠬᠦ ᠨᠠᠮ ᠤᠨ ᠭᠡᠰᠢᠭᠦᠳ ᠤᠨ ᠳᠤᠮᠳᠠ ᠨᠢᠭᠡ ᠤᠳᠠᠭᠠᠨ ᠤ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠰᠡᠳᠦᠪ | ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠡᠭᠦᠨ ᠢᠶᠠᠷ ᠠᠵᠠ ᠲᠣᠬᠢᠶᠠᠯ ᠪᠣᠯᠭᠠᠨ ᠨᠠᠮ ᠤᠨ ᠤᠨᠤᠯ ᠤᠨ ᠮᠡᠳᠡᠯᠭᠡ ᠶᠢ | ᠰᠤᠷᠤᠯᠴᠠᠬᠤ᠂ ᠤᠨᠤᠯ ᠲᠦᠷᠦ ᠶᠢᠨ ᠪᠣᠳᠤᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠠᠯᠠᠭᠤᠨ ᠥᠷᠨᠢᠯᠲᠡ ᠭᠠᠷᠭᠠᠵᠤ | ᠂ ᠡᠪ ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ᠃ | ᠭᠤᠷᠪᠠ ᠳᠤ᠂ ︽ᠨᠠᠮ ᠤᠨ ᠰᠦᠯᠳᠡ ᠨᠢᠭᠡᠳᠦᠭᠡᠷ ᠹᠷᠣᠨᠲ ᠲᠤ ᠭᠢᠯᠠᠯᠵᠠᠬᠤ︾ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠨᠢᠭᠡ ᠤᠳᠠᠭ᠎ᠠ ᠡᠷᠬᠢᠯᠡᠨ᠎ᠡ᠃ ᠺᠣᠮᠫᠠᠨᠢ ᠶᠢᠨ ᠰᠦᠯᠵᠢᠶᠡᠨ ᠥᠷᠲᠡᠭᠡ ᠪᠠ | ᠸᠢᠴᠠᠲ ᠤᠨ ᠬᠤᠯᠪᠤᠭ᠎ᠠ ᠳᠤ ︽ᠨᠠᠮ ᠤᠨ ᠰᠦᠯᠳᠡ ᠨᠢᠭᠡᠳᠦᠭᠡᠷ ᠹᠷᠣᠨᠲ ᠲᠤ ᠭᠢᠯᠠᠯᠵᠠᠬᠤ︾ ᠲᠤᠰᠬᠠᠶ ᠪᠤᠯᠤᠩ | ᠨᠡᠭᠡᠭᠡᠪᠡ᠃ ᠤᠬᠠᠭᠤᠯᠬᠤ ᠠᠵᠢᠯᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠨᠠᠮ ᠤᠨ ᠭᠡᠰᠢᠭᠦᠨ ᠲᠠᠢ | ᠣᠶᠢᠷᠠᠲᠤᠵᠤ᠂ ᠬᠥᠮᠦᠰ ᠤᠨ ᠪᠣᠷᠣ ᠮᠠᠲ᠋ᠧᠷᠢᠶᠠᠯ ᠢ ᠠᠭᠤᠳᠠᠯᠵᠤ᠂ ᠨᠠᠮ ᠤᠨ ᠭᠡᠰᠢᠭᠦᠨ ᠤ ᠳᠦᠷᠢ ᠲᠥᠷᠬᠦ ᠶᠢ | ᠬᠠᠷᠠᠭᠤᠯᠵᠤ᠂ ᠪᠦᠯᠦᠭ ᠬᠤᠪᠢᠶᠠᠨ ᠲᠤᠰᠬᠠᠶ ᠪᠤᠯᠤᠩ ᠳᠤ ᠨᠢᠭᠡ ᠪᠦᠯᠦᠭ ᠬᠤᠰᠢᠭᠤᠴᠢ ᠨᠠᠮ ᠤᠨ ᠭᠡᠰᠢᠭᠦᠨ ᠤ | ᠦᠢᠯᠡ ᠠᠵᠢᠯᠯᠠᠭ᠎ᠠ ᠶᠢᠨ ᠮᠡᠳᠡᠭᠡᠯᠡᠯ ᠢ ᠨᠡᠶᠢᠲᠡᠯᠡᠵᠦ ᠥᠷᠭᠡᠨ ᠣᠯᠠᠨ ᠠᠵᠢᠯᠴᠢᠨ ᠢ ᠬᠤᠰᠢᠭᠤᠴᠢ ᠵᠢᠱᠢᠶᠡᠴᠢ ᠨᠠᠮ ᠤᠨ | ᠭᠡᠰᠢᠭᠦᠨ ᠤ ᠠᠵᠢᠯ ᠤᠨ ᠪᠠᠶᠢᠷᠢ ᠳᠡᠭᠡᠷ᠎ᠡ ᠬᠠᠷᠠᠮ ᠦᠭᠡᠶ ᠵᠢᠳᠬᠦᠯ ᠭᠠᠷᠭᠠᠬᠤ ᠶᠢ ᠨᠠᠷᠢᠨ ᠬᠢᠨᠠᠮᠠᠭᠠᠢ ᠰᠤᠷᠤᠯᠴᠠᠵᠤ᠂ | ᠪᠣᠳᠠᠲᠤ ᠠᠵᠢᠯᠯᠠᠭ᠎ᠠ ᠪᠠᠷ ᠢᠶᠠᠨ ︽ᠴᠢᠷᠮᠠᠶᠢᠨ ᠳᠠᠪᠠᠵᠤ᠂ ᠭᠠᠷᠮᠠᠭᠠᠶ ᠶᠢ ᠬᠦᠭᠡᠭᠡᠴᠡᠯᠳᠦᠬᠦ︾ ᠠᠵᠤ ᠠᠬᠤᠶᠢᠯᠠᠯ ᠤᠨ | ᠵᠣᠷᠢᠭ ᠰᠠᠨᠠᠭ᠎ᠠ ᠶᠢ ᠲᠠᠶᠢᠯᠪᠤᠷᠢᠯᠠᠬᠤ ᠬᠡᠷᠡᠭᠲᠡᠢ᠃ | ᠳᠥᠷᠪᠡ ᠳᠤ᠂ ︽ᠨᠠᠮ ᠤᠨ ᠲᠡᠦᠬᠡ ᠶᠢ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠢ | ᠮᠦᠷᠦᠭᠡᠳᠴᠦ᠂ ᠰᠢᠢᠳᠮᠡᠭᠡᠢ ᠵᠣᠷᠢᠭ ᠢᠶᠠᠨ ᠢᠯᠡᠷᠬᠡᠶᠢᠯᠡᠵᠦ︾ ᠨᠠᠮ ᠳᠤ ᠣᠷᠣᠬᠤ ᠲᠠᠩᠭᠠᠷᠢᠭ ᠤᠨ ᠦᠭᠡ ᠶᠢ | ᠡᠷᠭᠢᠴᠡᠭᠦᠯᠬᠦ ᠠᠵᠢᠯᠯᠠᠭ᠎ᠠ ᠥᠷᠨᠢᠭᠦᠯᠦᠨ᠎ᠡ᠃ ᠺᠣᠮᠫᠠᠨᠢ ᠶᠢᠨ ᠬᠡᠰᠡᠭ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ | ᠬᠤᠪᠢᠰᠬᠠᠯ ᠤᠨ ᠦᠷᠡᠭᠳᠡᠭᠰᠡᠨ ᠪᠠᠭᠠᠲᠤᠷ ᠮᠠᠶᠢᠰᠢᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠭᠦᠯᠵᠦ᠂ | ᠨᠠᠮ ᠤᠨ ᠲᠡᠦᠬᠡ ᠶᠢ ᠲᠠᠬᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ | ᠵᠢᠳᠬᠦᠯ ᠢ ᠳᠤᠷᠠᠰᠤᠨ ᠰᠠᠨᠠᠭᠠᠯᠵᠠᠨ᠎ᠠ᠃ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠮ ᠳᠤ ᠣᠷᠣᠬᠤ | ᠲᠠᠩᠭᠠᠷᠢᠭ ᠢ ᠳᠠᠬᠢᠨᠲᠠ ᠡᠷᠭᠢᠴᠡᠭᠦᠯᠵᠦ᠂ ᠨᠠᠮ ᠤᠨ ᠭᠡᠰᠢᠭᠦᠨ ᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠨᠠᠮ ᠤᠨ ᠭᠡᠰᠢᠭᠦᠨ ᠤ ᠤᠬᠠᠮᠰᠠᠷ ᠢ ᠴᠢᠩᠭᠠᠳᠬᠠᠵᠤ᠂ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠵᠦ᠂ ᠲᠤᠬᠠᠶᠢᠯᠠᠭᠰᠠᠨ ᠠᠵᠢᠯ ᠤᠨ | ᠪᠠᠶᠢᠷᠢ ᠳᠠᠭᠠᠨ ᠬᠤᠰᠢᠭᠤᠴᠢ ᠵᠢᠱᠢᠶᠡᠴᠢ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ | ᠲᠠᠪᠤ ᠳᠤ᠂ ᠨᠠᠮ ᠳᠤ ᠣᠷᠣᠬᠤ ᠢᠳᠡᠪᠬᠢᠲᠡᠨ᠂ ᠨᠠᠮ ᠤᠨ ᠪᠡᠯᠡᠳᠬᠡᠯ ᠭᠡᠰᠢᠭᠦᠨ ᠤ ᠦᠵᠡᠯ ᠰᠠᠨᠠᠭᠠᠨ ᠤ | ᠬᠠᠷᠢᠭᠤ ᠮᠡᠳᠡᠭᠦᠯᠦᠯᠲᠡ ᠶᠢᠨ ᠬᠤᠷᠠᠯ ᠢ ᠨᠢᠭᠡ ᠤᠳᠠᠭ᠎ᠠ ᠡᠷᠬᠢᠯᠡᠨ᠎ᠡ᠃ ᠨᠠᠮ ᠳᠤ ᠣᠷᠣᠬᠤ ᠢᠳᠡᠪᠬᠢᠲᠡᠨ᠂ ᠨᠠᠮ ᠤᠨ | ᠪᠡᠯᠡᠳᠬᠡᠯ ᠭᠡᠰᠢᠭᠦᠨ ᠨᠢᠭᠡ ᠵᠢᠯ ᠤᠨ ᠲᠤᠷᠰᠢᠬᠢ ᠦᠵᠡᠯ ᠰᠠᠨᠠᠭᠠᠨ ᠤ ᠪᠠᠶᠢᠳᠠᠯ ᠤᠨ ᠵᠣᠬᠢᠶᠠᠨ ᠪᠠᠶᠢᠭᠤᠯᠤᠯᠲᠠ ᠳᠤ | ᠬᠠᠷᠢᠭᠤ ᠮᠡᠳᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ | ᠠᠰᠠᠭᠤᠳᠠᠯ ᠢ ᠨᠠᠷᠢᠨ ᠬᠢᠨᠠᠮᠠᠭᠠᠶ ᠵᠠᠳᠠᠯᠤᠨ ᠰᠢᠨᠵᠢᠯᠡᠪᠡ᠃ ᠡᠭᠦᠨ ᠤ ᠬᠠᠮᠲᠤ᠂ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠠᠴᠠ ᠨᠠᠮ ᠤᠨ ᠭᠡᠰᠢᠭᠦᠨ ᠤ ᠪᠠᠷᠢᠮᠵᠢᠶ᠎ᠠ ᠲᠠᠢ ᠬᠠᠷᠢᠴᠠᠭᠤᠯᠤᠨ ᠲᠡᠳᠡᠨ ᠢ ᠬᠠᠪᠰᠤᠷᠴᠤ ᠣᠷᠣᠰᠢᠵᠤ | ᠪᠠᠶᠢᠭ᠎ᠠ ᠳᠤᠲᠠᠭᠳᠠᠯ ᠪᠣᠯᠤᠨ ᠬᠦᠷᠦᠯᠴᠡᠬᠦ ᠦᠭᠡᠶ ᠲᠠᠯ᠎ᠠ ᠶᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠵᠤ᠂ ᠨᠠᠮ ᠳᠤ ᠣᠷᠣᠬᠤ ᠢᠳᠡᠪᠬᠢᠲᠡᠨ ᠢ ᠠᠯᠢ ᠲᠦᠷᠭᠡᠨ ᠢᠶᠠᠷ ᠨᠢᠭᠡᠨ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠭᠠᠬᠤ ᠬᠡᠷᠡᠭᠲᠡᠶ᠃ | ᠵᠢᠷᠭᠤᠭ᠎ᠠ ᠳᠤ᠂ ᠨᠢᠭᠡ ᠤᠳᠠᠭᠠᠨ ᠤ ᠪᠣᠯᠭᠤᠭᠠᠨ ᠦᠵᠡᠵᠦ ᠲᠣᠬᠤᠨᠢᠭᠤᠯᠬᠤ ᠠᠵᠢᠯᠯᠠᠭ᠎ᠠ ᠦᠷᠨᠢᠭᠦᠯᠦᠨ᠎ᠡ᠃ | ᠺᠣᠮᠫᠠᠨᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ ᠭᠦᠨᠵᠡᠭᠡᠶᠢᠷᠡᠨ ᠬᠦᠴᠢᠷᠳᠡᠵᠦ᠂ | ᠡᠪᠡᠳᠴᠢᠨ ᠲᠠᠢ ᠠᠬᠠᠮᠠᠳ ᠨᠠᠮ ᠤᠨ ᠭᠡᠰᠢᠭᠦᠨ ᠤ ᠭᠡᠷ ᠲᠤ ᠣᠷᠣᠵᠤ ᠲᠤᠬᠤᠨᠢᠭᠤᠯᠤᠨ᠎ᠠ᠃ ᠡᠭᠦᠨ ᠤ ᠬᠠᠮᠲᠤ᠂ | ᠬᠡᠰᠡᠭ ᠠᠬᠠᠮᠠᠳ ᠨᠠᠮ ᠤᠨ ᠭᠡᠰᠢᠭᠦᠨ ᠢ ᠺᠣᠮᠫᠠᠨᠢ ᠳᠤ ᠤᠷᠢᠵᠤ᠂ ᠲᠡᠳᠡᠠ ᠳᠤ ᠨᠠᠮ ᠤᠨ ᠰᠡᠶᠢᠠ ᠲᠥᠷᠦ ᠶᠢᠨ | ᠪᠤᠳᠦᠯᠭ᠎ᠠ ᠶᠢ ᠤᠯᠠᠮᠵᠢᠯᠠᠵᠤ᠂ ᠨᠠᠮ ᠤᠨ ᠰᠢᠨ᠎ᠡ ᠮᠡᠳᠡᠯᠭᠡ ᠶᠢ ᠤᠬᠠᠭᠤᠯᠬᠤ ᠬᠡᠷᠡᠭᠲᠡᠶ᠃ ᠡᠭᠦᠨ ᠤ ᠬᠠᠮᠲᠤ᠂ | ᠺᠣᠮᠫᠠᠨᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ ᠬᠡᠰᠡᠭ ᠠᠬᠠᠮᠠᠳ ᠨᠠᠮ ᠤᠨ ᠭᠡᠰᠢᠭᠦᠨ ᠲᠠᠢ | ᠲᠣᠭᠲᠠᠮᠠᠯ ᠬᠤᠤᠰᠯᠠᠯ ᠪᠣᠯᠵᠤ᠂ ︽ᠡᠯᠢᠭᠡᠨ ᠬᠠᠶᠢᠷ᠎ᠠ ᠶᠢᠨ ᠮᠠᠶ᠋ᠢᠭ︾ ︽ᠨᠠᠰᠤᠨ ᠲᠤᠷᠰᠢᠲᠠ ᠶᠢᠨ ᠮᠠᠶ᠋ᠢᠭ︾ ᠶᠢᠨ | ᠬᠠᠪᠰᠤᠷᠤᠯᠭ᠎ᠠ ᠲᠡᠳᠭᠦᠮᠵᠠᠢ ᠪᠤᠳᠠᠲᠠᠢ ᠦᠷᠨᠢᠭᠦᠯᠵᠦ᠂ ᠨᠠᠮ ᠤᠨ ᠬᠠᠯᠠᠭᠤᠨ ᠳᠤᠯᠠᠭᠠᠨ ᠢ ᠴᠠᠭ ᠲᠤᠬᠠᠶ ᠳᠤᠨᠢ | ᠲᠡᠳᠡᠨ ᠤ ᠰᠡᠳᠬᠢᠯ ᠳᠤ ᠬᠦᠷᠭᠡᠬᠦ ᠬᠡᠷᠡᠭᠲᠡᠢ᠃ | ᠲᠤᠯᠤᠭ᠎ᠠ ᠳᠤ᠂ ᠨᠢᠭᠡ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠣᠬᠢᠶᠠᠨ | ᠪᠠᠶᠢᠭᠤᠯᠵᠤ ᠬᠤᠷᠠᠯᠳᠤᠭᠤᠯᠤᠨ᠎ᠠ᠃ ᠡᠯ᠎ᠡ ᠡᠭᠦᠷ ᠢᠶᠠᠷ ᠨᠢᠭᠡᠴᠢ ᠪᠣᠯᠭᠠᠵᠤ᠂ ᠲᠤᠰ ᠲᠤᠰ ︽ᠭᠡᠷᠡᠯ ᠰᠠᠴᠤᠷᠠᠩᠭᠤᠶ | ᠥᠩᠭᠡᠷᠡᠯᠲᠡ ᠪᠠᠨ ᠡᠷᠭᠢᠴᠡᠭᠦᠯᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠵᠤ᠂ | ᠨᠢᠭᠡ ᠤᠳᠠᠭᠠᠨ ᠤ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠤᠯᠠᠨ ᠲᠦᠮᠡᠨᠴᠢ ᠦᠵᠡᠯᠲᠡ ᠶᠢ ᠤᠯᠠᠮ ᠨᠢᠭᠡ ᠠᠯᠬᠤᠮ | ᠪᠠᠷᠢᠮᠲᠠᠯᠠᠵᠤ᠂ ᠤᠯᠠᠨ ᠲᠦᠮᠡᠨᠴᠢ ᠱᠤᠭᠤᠮ ᠢ ᠦᠶᠯᠡᠳᠦᠯᠭᠡᠵᠢᠭᠦᠯᠵᠦ᠂ ᠤᠯᠠᠨ ᠲᠦᠮᠡᠨ ᠤ ᠵᠣᠭᠰᠣᠯᠲᠠ ᠪᠠᠨ | ᠪᠠᠲᠤᠳᠬᠠᠵᠤ᠂ ᠠᠷᠠᠳ ᠲᠦᠮᠡᠨ ᠳᠤ ᠦᠶᠯᠡᠴᠢᠯᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ | | |