6 ᠰᠠᠷ᠎ᠠ ᠶᠢᠨ 22 ᠤ ᠡᠳᠦᠷ ᠠᠴᠠ 23 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ | ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠬᠤᠤ ᠶᠢᠩ ᠵᠡᠷᠭᠡ 5 ᠬᠥᠮᠦᠨ ᠮᠠᠨ ᠤ ᠬᠤᠲᠠ ᠶᠢᠨ ᠺᠠᠶᠢᠯᠦ | ᠰᠢᠶᠠᠨ᠂ ᠬᠦᠷᠢᠶ᠎ᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶᠠᠨ ᠤ ᠳᠡᠳ᠋ ᠳᠠᠷᠤᠭ᠎ᠠ ᠸᠠᠩ ᠶᠤᠸᠠᠢ ᠶᠢᠩ᠂ ᠨᠠᠷᠢᠨ ᠪᠢᠴᠢᠭᠡᠴᠢ ᠶᠢᠨ ᠰᠠᠯᠠᠭᠠᠨ ᠳᠠᠷᠤᠭ᠎ᠠ ᠮᠠ ᠬᠠᠶ ᠹᠧᠩ᠂ | ᠬᠤᠲᠠ ᠶᠢᠨ ᠲᠠᠷᠢᠶᠠᠯᠠᠩ ᠤᠨ ᠡᠵᠡᠩᠨᠡᠯᠲᠡ ᠶᠢᠨ ᠥᠷᠲᠡᠭᠡ ᠶᠢᠨ ᠳᠠᠷᠤᠭ᠎ᠠ ᠯᠦ ᠢᠦᠶ ᠵᠡᠷᠭᠡ ᠬᠥᠮᠦᠰ ᠤᠨ ᠪᠠᠷ᠎ᠠ | ᠪᠤᠯᠤᠯᠲᠠ ᠳᠤᠤᠷ᠎ᠠ᠂ ᠤᠷᠢᠳ ᠬᠤᠵᠢᠳ ᠺᠠᠶᠢᠯᠦ ᠰᠢᠶᠠᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ᠂ ᠬᠦᠷᠢᠶ᠎ᠡ ᠬᠤᠰᠢᠭᠤᠨ ᠳᠤ ᠬᠦᠷᠴᠦ ︽ᠵᠣᠷᠯᠣᠩ ᠤᠨ ᠬᠤᠪᠢᠰᠬᠠᠯ︾ ᠢ ᠠᠬᠢᠭᠤᠯᠤᠭᠰᠠᠨ ᠪᠠᠶᠢᠳᠠᠯ᠂ | ᠲᠤᠰᠬᠠᠢ ᠬᠤᠷᠰᠢᠶ᠎ᠠ ᠶᠢᠨ ᠲᠥᠯᠥᠪᠵᠢᠭᠦᠯᠭᠡ ᠶᠢᠨ ᠬᠡᠪ ᠳᠠᠭᠤᠷᠢᠶᠠᠯ ᠤᠨ ᠪᠠᠶᠢᠭᠤᠯᠤᠯᠲᠠ ᠪᠠ ᠬᠥᠭᠵᠢᠯᠲᠡ ᠵᠡᠷᠭᠡ | ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | 6 ᠰᠠᠷ᠎ᠠ ᠶᠢᠨ 22 ᠤ ᠡᠳᠦᠷ᠂ ᠬᠤᠤ ᠶᠢᠩ ᠨᠡᠷ ᠤᠷᠢᠳ ᠬᠤᠵᠢᠳ ᠺᠠᠶᠢᠯᠦ ᠰᠢᠶᠠᠨ ᠤ ᠳ᠋ᠦᠩ ᠹᠧᠩ | ᠪᠠᠯᠭᠠᠰᠤᠨ ᠤ ᠭᠤᠸᠠᠨ ᠶᠢᠨ ᠬᠤᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠲᠡᠭᠡ᠂ ᠳ᠋ᠦᠩ ᠹᠧᠩ ᠪᠠᠯᠭᠠᠰᠤᠨ ᠤ ᠲᠦᠮᠡᠨ ᠮᠦ ᠠᠵᠤ ᠠᠬᠤᠢ ᠶᠢᠨ ᠤᠢ ᠶᠢᠨ ᠭᠤᠣᠯ ᠲᠣᠭᠤᠷᠢᠭ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠦᠵᠡᠮᠵᠢ ᠶᠢᠨ ᠭᠠᠵᠠᠷ᠂ ᠺᠠᠶᠢᠯᠦ ᠰᠢᠶᠠᠨ ᠤ ᠲᠠᠷᠢᠶᠠᠯᠠᠩ ᠤᠨ ᠮᠡᠷᠭᠡᠵᠢᠯ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ᠂ ᠳ᠋ᠦᠡᠭ | ᠹᠸᠡᠭ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠣᠯᠤᠨ ᠰᠢᠨ᠎ᠡ ᠴᠠᠭ | ᠦᠶ᠎ᠡ ᠶᠢᠨ ᠦᠢᠯᠡᠳᠦᠯᠭᠡ ᠶᠢᠨ ᠲᠠᠯᠠᠪᠠᠢ᠂ ᠳ᠋ᠦᠩ ᠹᠠᠩ ᠬᠤᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠷᠲᠡᠭᠡ᠂ ᠮᠢᠨ ᠵᠤ᠋ ᠲᠣᠰᠬᠤᠨ ᠤ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠣᠷᠣᠨ᠂ ᠺᠠᠶᠢᠯᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠲᠤᠬᠠᠢ ᠶᠢᠨ | ᠭᠠᠵᠠᠷ ᠲᠤ ᠺᠠᠶᠢᠯᠦ ᠰᠢᠶᠠᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠪᠠᠬᠢᠯᠡᠯᠲᠡ ᠶᠢᠨ | ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂ ᠠᠵᠢᠯᠯᠠᠭ᠎ᠠ ᠶᠢᠨ ᠦᠷᠨᠢᠯᠲᠡ ᠵᠡᠷᠭᠡ ᠪᠠᠶᠢᠳᠠᠯ ᠢ ᠣᠶᠢᠯᠠᠭᠠᠪᠠ᠃ | ᠬᠤᠤ ᠶᠢᠩ ᠨᠡᠷ ᠺᠠᠶᠢᠯᠦ ᠰᠢᠶᠠᠨ ᠤ ᠲᠥᠪ ᠤᠨ ᠥᠷᠲᠡᠭᠡ ᠶᠢᠨ ᠪᠠᠶᠢᠭᠤᠯᠤᠯᠲᠠ ᠶᠢ ᠠᠬᠢᠭᠤᠯᠬᠤ᠂ | ᠰᠦᠯᠵᠢᠶᠡᠨ ᠳᠡᠭᠡᠷ᠎ᠡ ᠳᠣᠣᠷᠠᠬᠢ ᠬᠤᠯᠪᠣᠭᠠᠯᠠᠨ ᠬᠥᠳᠡᠯᠦᠯᠴᠡᠬᠦ᠂ ᠣᠯᠠᠨ ᠲᠦᠮᠡᠨ ᠤ ᠬᠡᠷᠡᠭᠴᠡᠭᠡ ᠶᠢ ᠴᠤᠭᠯᠠᠭᠤᠯᠬᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠵᠤᠬᠢᠶᠠᠨ | ᠪᠠᠶᠢᠭᠤᠯᠤᠯᠲᠠ ᠶᠢ ᠨᠢᠭᠡ ᠴᠣᠭᠴᠠᠵᠢᠭᠤᠯᠤᠭᠰᠠᠨ ᠦᠶᠯᠡᠴᠢᠯᠡᠭᠡᠨ ᠤ ᠬᠠᠮᠢᠶᠠᠷᠤᠯᠲᠠ ᠵᠡᠷᠭᠡ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶᠯᠡᠳᠦᠯᠭᠡ ᠶᠢᠨ ᠠᠵᠢᠯ ᠳᠠᠬᠢ ᠰᠠᠶᠢᠨ ᠠᠷᠭ᠎ᠠ ᠪᠠᠷᠢᠯ ᠢ ᠭᠦᠶᠴᠡᠳ ᠨᠣᠲᠠᠯᠠᠵᠤ᠂ ᠺᠠᠶᠢᠯᠦ ᠰᠢᠶᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠦᠬᠦᠯᠢ ᠴᠣᠭᠴᠠ ᠪᠠᠷ ᠯᠠᠪᠳᠠᠭᠤᠨ ᠡᠮᠬᠢ | ᠵᠢᠷᠤᠮ ᠲᠠᠢ ᠠᠬᠢᠭᠤᠯᠵᠤ᠂ ᠢᠳᠡᠪᠬᠢᠲᠡᠶ ᠪᠠᠷ ᠰᠢᠨ᠎ᠡ ᠶᠢ ᠡᠭᠦᠳᠴᠦ᠂ ᠬᠢᠯᠠᠰ ᠴᠡᠭ ᠵᠠᠯᠭᠠᠭ᠎ᠠ ᠪᠠᠷ ᠭᠠᠷᠴᠤ᠂ | ᠨᠡᠯᠢᠶᠡᠳ ᠰᠠᠶᠢᠨ ᠦᠷ᠎ᠡ ᠪᠦᠲᠦᠮᠵᠢ ᠤᠯᠪᠠ᠃ | ᠬᠤᠤ ᠶᠢᠩ ᠵᠢᠭᠠᠭᠰᠠᠨ ᠨᠢ᠂ ᠺᠠᠶᠢᠯᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠵᠣᠬᠢᠬᠤ ᠦᠷ᠎ᠡ ᠪᠦᠲᠦᠭᠡᠯ ᠣᠯᠣᠭᠰᠠᠨ ᠪᠣᠯᠪᠠᠴᠤ ᠰᠤᠯᠠᠷᠠᠵᠤ ᠪᠣᠯᠬᠤ ᠦᠭᠡᠢ᠂ ᠠᠵᠢᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠺᠠᠶᠢᠯᠦ ᠶᠢᠨ ᠲᠤᠷᠰᠢᠯᠭ᠎ᠠ᠂ ᠺᠠᠶᠢᠯᠦ ᠶᠢᠨ ᠬᠢᠳᠡᠯ ᠢᠶᠠᠷ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶᠯᠡᠳᠦᠯᠭᠡ ᠶᠢᠨ ᠠᠵᠢᠯ ᠢ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠪᠠᠷ ᠠᠬᠢᠭᠤᠯᠬᠤ ᠬᠡᠷᠡᠭᠲᠡᠶ | ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠲᠤᠬᠠᠢ ᠲᠥᠪ | ᠬᠤᠷᠢᠶᠠᠨ ᠤ ᠪᠣᠳᠠᠲᠠᠢ ᠱᠠᠭᠠᠷᠳᠠᠯᠭ᠎ᠠ ᠲᠠᠢ ᠬᠠᠷᠢᠴᠠᠭᠤᠯᠵᠤ᠂ ︽ᠡᠷᠭᠢᠨ ᠬᠠᠷᠠᠬᠤ︾ ᠶᠢ ᠬᠢᠨᠠᠮᠠᠭᠠᠶ ᠥᠷᠨᠢᠭᠦᠯᠵᠦ᠂ | ᠠᠵᠢᠯ ᠤᠨ ᠳᠤᠮᠳᠠᠬᠢ ᠪᠠᠭᠤᠷᠠᠶ ᠲᠠᠯ᠎ᠠ ᠪᠠ ᠬᠦᠷᠦᠯᠴᠡᠬᠦ ᠦᠭᠡᠢ ᠲᠠᠯ᠎ᠠ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ | ᠰᠠᠶᠢᠨ ᠲᠠᠯ᠎ᠠ ᠶᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠤᠨᠤᠴᠢᠲᠠᠢ ᠪᠠᠷ ᠬᠦᠴᠦᠯᠡᠬᠦ ᠬᠡᠷᠡᠭᠲᠡᠢ︔ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯᠳᠠᠯᠭ᠎ᠠ ᠨᠢ ᠦᠨᠳᠦᠰᠦᠨ ᠱᠠᠲᠤ᠂ ᠬᠥᠳᠡᠭᠡ | ᠲᠣᠰᠬᠤᠨ ᠳᠤ ᠪᠠᠶᠢᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠪᠦᠷᠢᠨ ᠪᠣᠯᠭᠠᠨ | ᠲᠡᠭᠦᠯᠳᠡᠷᠵᠢᠭᠦᠯᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠺᠠᠶᠢᠯᠦ ᠰᠢᠶᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ | ᠠᠬᠢᠭᠤᠯᠵᠤ᠂ ᠺᠠᠶᠢᠯᠦ ᠰᠢᠶᠠᠨ ᠳᠤ ᠬᠠᠷᠢᠶᠠᠯᠠᠭᠳᠠᠬᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠦᠷᠦᠯ ᠲᠡᠮᠳᠡᠭ ᠢ ᠡᠭᠦᠳᠬᠦ ᠬᠡᠷᠡᠭᠲᠡᠢ᠃ | 6 ᠰᠠᠷ᠎ᠠ ᠶᠢᠨ 23 ᠤ ᠡᠳᠦᠷ᠂ ᠬᠤᠤ ᠶᠢᠩ ᠨᠡᠷ ᠤᠷᠢᠳ ᠬᠤᠵᠢᠳ ᠬᠦᠷᠢᠶ᠎ᠡ ᠬᠤᠰᠢᠭᠤᠨ ᠤ ᠬᠦᠷᠢᠶ᠎ᠡ | ᠪᠠᠯᠭᠠᠰᠤᠨ ᠤ ᠬᠠᠲᠠᠭᠤ ᠲᠠᠯ᠎ᠠ ᠭᠠᠴᠠᠭᠠᠨ ᠤ ᠲᠦᠩ ᠹᠦ᠋ ᠲᠤᠰᠬᠠᠶ ᠲᠡᠵᠢᠭᠡᠨ ᠦᠷᠡᠵᠢᠭᠦᠯᠬᠦ ᠬᠤᠷᠰᠢᠶ᠎ᠠ᠂ ᠬᠦᠷᠢᠶ᠎ᠡ | ᠪᠠᠯᠭᠠᠰᠤᠨ ᠤ ᠪᠦᠯᠬᠦᠮᠳᠡᠯ ᠲᠣᠰᠬᠤᠨ ᠤ ᠰᠢ ᠹᠸᠡᠭ ᠱᠸᠤ ᠲᠠᠷᠢᠶᠠᠯᠠᠩ ᠤᠨ ᠮᠠᠰᠢᠨ ᠤ ᠳᠠᠷᠢᠬᠤ ᠬᠤᠷᠰᠢᠶ᠎ᠠ ᠪᠠ ᠯᠢᠦ | ᠵᠢᠶᠠ ᠽᠢ ᠪᠠᠯᠭᠠᠰᠤᠨ ᠤ ᠰᠢᠩ ᠱᠤ᠋ ᠸᠠ ᠲᠣᠰᠬᠤᠨ ᠤ ᠯᠢᠦ ᠬᠠᠶ ᠲᠠᠷᠢᠮᠠᠯ ᠤᠨ ᠬᠤᠷᠰᠢᠶ᠎ᠠ ᠳᠤ ᠭᠦᠨᠵᠡᠭᠡᠶᠢᠷᠡᠨ | ᠲᠣᠭᠤᠷᠢᠨ ᠦᠵᠡᠵᠦ ᠵᠢᠭᠠᠨ ᠵᠢᠯᠤᠭᠤᠳᠴᠤ᠂ ᠲᠤᠰᠬᠠᠶ ᠬᠤᠷᠰᠢᠶ᠎ᠠ ᠶᠢᠨ ᠠᠵᠢᠯᠯᠠᠭᠠᠨ ᠤ ᠪᠠᠶᠢᠳᠠᠯ ᠢ ᠤᠶᠢᠯᠠᠭᠠᠵᠤ᠂ | ᠲᠡᠷᠡᠴᠢᠯᠡᠨ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠤᠨ ᠲᠤᠬᠠᠶ ᠵᠢᠯᠣᠭᠤᠳᠬᠤ ᠰᠠᠨᠠᠯ ᠳᠤᠷᠠᠳᠴᠤ᠂ ᠲᠤᠰᠬᠠᠶ | ᠠᠵᠢᠯ ᠤᠨ ᠬᠤᠷᠰᠢᠶ᠎ᠠ ᠶᠢ ᠵᠢᠷᠤᠮᠵᠢᠭᠤᠯᠤᠨ ᠪᠠᠶᠢᠭᠤᠯᠬᠤ ᠡᠷᠴᠢᠮ ᠢ ᠴᠢᠩᠭᠠᠳᠬᠠᠵᠤ᠂ ᠵᠢᠱᠢᠶ᠎ᠡ ᠦᠵᠡᠭᠦᠯᠬᠦ | ᠬᠤᠷᠰᠢᠶ᠎ᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠯᠢᠦ ᠵᠢᠶᠠ ᠽᠢ ᠪᠠᠯᠭᠠᠰᠤᠨ ᠤ ᠰᠢᠩ ᠱᠣ᠋ ᠸᠠ ᠲᠣᠰᠬᠤᠨ ᠳᠤ ᠬᠦᠷᠴᠦ ᠮᠠᠯᠵᠢᠬᠤ ᠲᠠᠷᠢᠶᠠᠯᠠᠬᠤ | ᠣᠷᠣᠨ ᠤ ᠡᠷᠦᠬᠡ ᠳᠤ ᠬᠡᠷᠡᠭᠯᠡᠬᠦ ᠡᠷᠡᠭᠦᠯ ᠬᠠᠮᠠᠭᠠᠯᠠᠯ ᠤᠨ ᠵᠣᠷᠯᠣᠩ ᠤᠨ ᠥᠭᠡᠷᠡᠴᠢᠯᠡᠨ ᠵᠠᠰᠠᠭᠰᠠᠨ ᠪᠠ ᠬᠡᠷᠡᠭᠯᠡᠭᠰᠡᠨ | ᠪᠠᠶᠢᠳᠠᠯ ᠢ ᠣᠶᠢᠯᠠᠭᠠᠬᠤ ᠣᠶᠶ᠎ᠠ ᠳᠤ᠂ ᠬᠤᠤ ᠶᠢᠩ ᠴᠢᠬᠤᠯᠠᠴᠢᠯᠠᠭᠰᠠᠨ ᠨᠢ᠂ ︽ᠵᠣᠷᠯᠣᠩ ᠤᠨ ᠬᠤᠪᠢᠰᠬᠠᠯ︾ ᠢ | ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠴᠢᠬᠤᠯᠠ ᠠᠵᠢᠯ ᠪᠣᠯᠭᠠᠨ ᠪᠣᠳᠠᠲᠠᠢ | ᠰᠠᠶᠢᠲᠤᠷ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ | ᠠᠳᠬᠤᠬᠤ ᠶᠢᠨ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠳ ᠢ | ᠵᠢᠯᠣᠭᠤᠳᠴᠤ ᠪᠠᠶᠢᠭᠠᠳ ᠵᠢᠷᠤᠮᠵᠢᠭᠰᠠᠨ ᠬᠡᠷᠡᠭᠯᠡᠬᠦ ᠳᠠᠳᠬᠠᠯ ᠲᠠᠢ ᠪᠣᠯᠭᠠᠵᠤ᠂ ᠵᠠᠯᠭᠠᠮᠵᠢ ᠬᠠᠮᠢᠶᠠᠷᠤᠯᠲᠠ | ᠬᠠᠮᠠᠭᠠᠯᠠᠯᠲᠠ ᠶᠢᠨ ᠲᠣᠭᠲᠠᠴᠠ ᠶᠢ ᠴᠠᠭ ᠲᠤᠬᠠᠶ ᠳᠤᠨᠢ ᠲᠡᠭᠦᠯᠳᠡᠷᠵᠢᠭᠦᠯᠬᠦ ᠬᠡᠷᠡᠭᠲᠡᠶ᠃ | 2020 ᠣᠨ ᠤ ᠭᠤᠷᠪᠠᠳᠤᠭᠠᠷ ᠬᠤᠭᠤᠴᠠᠭᠠᠨ ᠤ ᠬᠦᠷᠢᠶᠡᠨ ᠤ ᠺᠠᠳ᠋ᠷ ᠤᠨ ᠰᠤᠷᠭᠠᠨ ᠬᠥᠮᠦᠵᠢᠯ ᠤᠨ | ᠶᠠᠷᠢᠶᠠᠨ ᠤ ᠲᠠᠪᠴᠠᠩ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠠᠷᠢᠨ ᠪᠢᠴᠢᠭ ᠤᠨ ᠰᠠᠯᠠᠭᠠᠨ ᠤ ᠳᠠᠷᠤᠭ᠎ᠠ ᠵᠣᠣ ᠢᠦᠶ | ᠱᠧᠩ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ | ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ ᠶᠠᠩ ᠶᠢᠨ ᠴᠧᠩ ᠲᠣᠰ ᠲᠣᠰ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠪᠥᠬᠦ ᠲᠠᠯ᠎ᠠ ᠪᠠᠷ ᠳᠥᠯᠭᠢᠨ | ᠠᠬᠢᠭᠤᠯᠬᠤ︾ ᠪᠠ ︽ᠬᠥᠳᠡᠭᠡ ᠲᠣᠰᠬᠤᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ | ᠡᠵᠡᠩᠨᠡᠯᠲᠡ ᠶᠢᠨ ᠪᠠᠶᠢᠭᠤᠯᠤᠯ ᠳᠤ ᠰᠢᠨ᠎ᠡ ᠶᠢ ᠡᠭᠦᠳᠬᠦ︾ ᠭᠡᠬᠦ ᠰᠡᠳᠦᠪ ᠢᠶᠠᠷ ᠲᠤᠰᠬᠠᠶ ᠰᠡᠳᠦᠪᠲᠦ ᠮᠡᠳᠡᠭᠦᠯᠦᠯᠲᠡ | ᠬᠢᠪᠠ᠃ | | |