ᠲᠦᠮᠡᠨ ᠮᠦ ᠤᠯᠠᠭᠠᠨ ᠯᠠᠵᠤᠤ ᠬᠦᠷᠢᠶᠡᠨ ᠤ ᠠᠵᠤ ᠠᠬᠤᠢ ᠶᠢᠨ ︽ᠲᠠᠯ᠎ᠠ ᠲᠩᠷᠢ︾ ᠶᠢ ᠲᠤᠯᠭᠠᠭᠤᠷᠢᠯᠠᠵᠤ᠂ | ᠺᠠᠶᠢᠯᠦ ᠰᠢᠶᠠᠨ ︽ᠤᠯᠠᠭᠠᠨ ᠯᠠᠵᠤᠤ ᠶᠢᠨ ᠬᠤᠳᠠ︾ ᠭᠡᠰᠡᠨ ᠰᠠᠶᠢᠬᠠᠨ ᠠᠯᠳᠠᠷ ᠢ ᠡᠳ᠋ᠯᠡᠵᠦ᠂ ᠲᠠᠷᠢᠬᠤ ᠲᠠᠯᠠᠪᠠᠢ | 60 ᠲᠦᠮᠡᠨ ᠮᠦ ᠳᠤ ᠬᠦᠷᠴᠦ᠂ ᠵᠢᠯ ᠳᠤ 30 ᠳ᠋ᠦᠩᠰᠢᠭᠤᠷ ᠵᠢᠩ ᠯᠠᠵᠤᠤ ᠦᠢᠯᠡᠳᠪᠦᠷᠢᠯᠡᠵᠦ᠂ ᠭᠠᠷᠤᠯᠲᠠ ᠪᠦᠬᠦ | ᠤᠯᠤᠰ ᠤᠨ 22% ᠢ ᠡᠵᠡᠯᠡᠵᠦ᠂ ᠮᠦ ᠪᠦᠷᠢ ᠶᠢᠨ ᠦᠷ᠎ᠡ ᠠᠰᠢᠭ 3500 ᠲᠥᠭᠦᠷᠢᠭ ᠠᠴᠠ ᠳᠡᠭᠡᠭᠰᠢ᠂ 3000 | ᠭᠠᠷᠤᠶ ᠶᠠᠳᠠᠭᠤ ᠬᠦᠴᠢᠷᠳᠡᠯᠲᠡᠶ ᠡᠷᠦᠬᠡ ᠤᠯᠠᠭᠠᠨ ᠯᠠᠵᠤᠤ ᠶᠢᠨ ᠠᠵᠤ ᠦᠶᠯᠡᠰ ᠲᠤ ᠲᠦᠰᠢᠭᠯᠡᠨ ᠶᠠᠳᠠᠭᠤ ᠠᠴᠠ | ᠠᠩᠭᠢᠵᠢᠷᠠᠨ ᠴᠢᠨᠡᠭᠡᠯᠢᠭᠵᠢᠵᠦ᠂ ᠲᠠᠷᠢᠮᠠᠯ ᠤᠨ ᠡᠷᠦᠬᠡ ᠶᠢᠨ ᠣᠷᠣᠯᠭ᠎ᠠ ᠵᠢᠯ ᠪᠦᠷᠢ ᠳᠤᠮᠳᠠᠴᠢ ᠪᠠᠷ 10000 | ᠲᠥᠭᠦᠷᠢᠭ ᠠᠴᠠ ᠳᠡᠭᠡᠭᠰᠢ ᠨᠡᠮᠡᠭᠳᠡᠪᠡ᠃ ᠺᠠᠶᠢᠯᠦ ᠰᠢᠶᠠᠨ ᠳᠤ ︽ᠴᠢᠬᠢ ᠪᠣᠶᠢᠵᠢᠭᠤᠯᠬᠤ᠂ ᠲᠠᠷᠢᠬᠤ᠂ ᠬᠤᠳᠠᠯᠳᠤᠨ | ᠠᠪᠬᠤ᠂ ᠪᠣᠷᠣᠯᠠᠭᠤᠯᠬᠤ᠂ ᠡᠳ᠋ᠰᠢᠭᠦᠯᠬᠦ︾ ᠪᠦᠷᠢᠨ ᠪᠦᠲᠦᠨ ᠠᠵᠤ ᠦᠶᠯᠡᠰ ᠤᠨ ᠬᠡᠯᠬᠢᠶ᠎ᠡ ᠪᠦᠷᠢᠯᠳᠦᠵᠦ᠂ ᠣᠳᠣ | ᠵᠢᠩ ᠱᠠᠨ᠂ ᠮᠸᠡᠭ ᠵᠢᠶᠤᠤ ᠳ᠋ᠥ᠋᠂ ᠬᠤᠩ ᠶᠤᠸᠠᠨ ᠰᠢᠶᠠᠩ ᠵᠡᠷᠭᠡ 15 ᠪᠣᠯᠪᠠᠰᠤᠷᠠᠭᠤᠯᠬᠤ ᠠᠵᠤ ᠠᠬᠤᠶᠢᠯᠠᠯ | ᠪᠠᠶᠢᠵᠤ᠂ ᠰᠢᠷᠢᠰ ᠦᠶᠯᠡᠳᠬᠦᠨ 30 ᠭᠠᠷᠤᠶ ᠵᠦᠶᠯ᠂ ᠵᠢᠯ ᠪᠦᠷᠢ 5 ᠲᠦᠮᠡ ᠭᠠᠷᠤᠶ ᠬᠥᠮᠦᠨ ᠤᠳᠠᠭ᠎ᠠ ᠠᠵᠤ | ᠦᠶᠯᠡᠰ ᠤᠨ ᠬᠡᠯᠬᠢᠶ᠎ᠡ ᠶᠢᠨ ᠠᠵᠢᠯ ᠣᠯᠭᠤᠯᠲᠠ ᠳᠤ ᠣᠷᠣᠯᠴᠠᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢ | 6500 ᠲᠥᠭᠦᠷᠢᠭ ᠨᠡᠮᠡᠭᠳᠡᠭᠦᠯᠪᠡ᠃ ᠣᠳᠣ ᠤᠯᠠᠭᠠᠨ ᠯᠠᠵᠤᠤ ᠲᠠᠷᠢᠵᠤ ᠪᠣᠷᠣᠯᠠᠭᠤᠯᠬᠤ ᠬᠤᠷᠰᠢᠶ᠎ᠠ 67 ᠪᠠᠶᠢᠵᠤ᠂ | ᠤᠯᠠᠭᠠᠨ ᠯᠠᠵᠤᠤ ᠨᠢᠭᠡᠨᠲᠡ ᠤᠯᠤᠰ ᠤᠨ ᠡᠭᠦᠳᠡ ᠠᠴᠠ ᠭᠠᠷᠴᠤ 10 ᠭᠠᠷᠤᠢ ᠤᠯᠤᠰ ᠲᠤ ᠪᠤᠷᠤᠯᠠᠭᠤᠯᠤᠭᠳᠠᠵᠤ᠂ | ᠲᠠᠸᠠᠷ ᠪᠦᠬᠦ ᠤᠯᠤᠰ ᠤᠨ ᠡᠯ᠎ᠡ ᠲᠤᠮᠤ ᠬᠤᠳᠠᠯᠳᠤᠭ᠎ᠠ ᠳᠡᠯᠭᠡᠭᠦᠷ ᠲᠤ ᠲᠦᠭᠡᠮᠡᠯᠵᠢᠪᠡ᠃ ᠺᠠᠶᠢᠯᠦ ᠰᠢᠶᠠᠨ ᠤᠯᠠᠭᠠᠨ | ᠯᠠᠵᠤᠤ ᠶᠢᠨ ᠴᠢᠬᠢ ᠪᠤᠶᠢᠵᠢᠭᠤᠯᠬᠤ ᠶᠢ ᠬᠦᠷᠢᠶᠡᠨ ᠤ ᠠᠵᠤ ᠠᠬᠤᠶ ᠲᠠᠢ ᠨᠢᠭᠲᠠ ᠤᠶᠠᠯᠳᠤᠭᠤᠯᠵᠤ᠂ ᠪᠦᠬᠦ ᠰᠢᠶᠠᠨ ᠤ | 60 ᠲᠦᠮᠡᠨ ᠮᠦ ᠤᠯᠠᠭᠠᠨ ᠯᠠᠵᠤᠤ ᠳᠤ 240 ᠲᠦᠮᠡᠨ ᠲᠡᠭᠰᠢ ᠳᠥᠷᠪᠡᠯᠵᠢᠨ ᠮᠧᠲᠷ ᠤᠨ ᠬᠠᠪᠤᠷ ᠤᠨ ᠰᠠᠷᠠᠪᠴᠢ᠂ | 2 ᠲᠦᠮᠡᠨ ᠡᠷᠦᠬᠡ ᠣᠷᠴᠢᠮ ᠤᠨ ᠲᠠᠷᠢᠶᠠᠴᠢᠳ ᠤᠯᠠᠭᠠᠨ ᠯᠠᠵᠤᠤ ᠶᠢᠨ ᠴᠢᠬᠢ ᠪᠣᠶᠢᠵᠢᠭᠤᠯᠬᠤ ᠳᠤ ᠣᠷᠣᠯᠴᠠᠵᠤ᠂ | ᠲᠣᠰᠬᠤᠨ ᠪᠦᠷᠢ ᠵᠠᠭᠤᠨ ᠡᠷᠦᠬᠡ ᠠᠴᠠ ᠳᠡᠭᠡᠭᠰᠢ ᠪᠣᠯᠵᠤ᠂ ᠮᠤᠨᠳᠠᠭ ᠶᠡᠭᠡ ᠬᠦᠷᠢᠶ᠎ᠡ ᠬᠠᠰᠢᠶ᠎ᠠ ᠶᠢᠨ ᠴᠢᠬᠢ | ᠪᠣᠶᠢᠵᠢᠭᠤᠯᠬᠤ ᠠᠵᠤ ᠠᠬᠤᠢ ᠶᠢ ᠪᠣᠢ ᠪᠣᠯᠭᠠᠪᠠ᠃ 200 ᠲᠡᠭᠰᠢ ᠳᠥᠷᠪᠡᠯᠵᠢᠨ ᠮᠧᠲᠷ ᠤᠨ ᠲᠣᠮᠣ ᠰᠠᠷᠠᠪᠴᠢ ᠪᠠᠷ | ᠠᠰᠢᠭ ᠣᠷᠣᠯᠭ᠎ᠠ ᠶᠢ ᠪᠤᠳᠤᠬᠤ ᠳᠤ᠂ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠨᠢ ᠲᠡᠭᠰᠢ | ᠳᠥᠷᠪᠡᠯᠵᠢᠨ ᠮᠧᠲᠷ ᠪᠦᠷᠢ ᠳᠤ 25 ᠲᠥᠭᠦᠷᠢᠭ᠂ ᠭᠤᠷᠪᠠᠨ ᠵᠢᠯ ᠠᠴᠠ ᠳᠡᠭᠡᠭᠰᠢ ᠬᠡᠷᠡᠭᠯᠡᠵᠦ ᠪᠣᠯᠤᠨ᠎ᠠ᠃ ᠭᠠᠳᠠᠭᠰᠢ | ᠵᠢᠯ ᠪᠦᠷᠢ 2000 ᠲᠥᠭᠦᠷᠢᠭ ᠢᠶᠠᠷ ᠲᠦᠷᠢᠶᠡᠰᠦᠯᠡᠭᠦᠯᠵᠦ᠂ ᠵᠢᠯ ᠪᠦᠷᠢ 1000 ᠲᠥᠭᠦᠷᠢᠭ ᠤᠨ ᠴᠡᠪᠡᠷ ᠠᠰᠢᠭ | ᠣᠷᠣᠯᠭ᠎ᠠ ᠣᠯᠤᠨ᠎ᠠ︔ ᠲᠦᠷᠢᠶᠡᠰᠦᠯᠡᠭᠰᠡᠨ ᠡᠷᠦᠬᠡ ᠬᠦᠴᠦ ᠬᠥᠳᠡᠯᠮᠦᠷᠢ ᠣᠷᠣᠭᠤᠯᠤᠨ ᠴᠢᠬᠢ ᠪᠤᠶᠢᠵᠢᠭᠤᠯᠤᠭᠰᠠᠨ | ᠪᠠᠶᠢᠪᠠᠯ᠂ ᠵᠢᠯ ᠪᠦᠷᠢ ᠶᠢᠨ ᠴᠡᠪᠡᠷ ᠠᠰᠢᠭ ᠣᠷᠣᠯᠭ᠎ᠠ ᠨᠢ 1500 ᠲᠥᠭᠦᠷᠢᠭ ᠠᠴᠠ ᠳᠡᠭᠡᠭᠰᠢ ᠪᠣᠯᠤᠨ᠎ᠠ︔ | ᠥᠪᠡᠷᠲᠡᠭᠡᠨ ᠴᠢᠬᠢ ᠪᠤᠶᠢᠵᠢᠭᠤᠯᠵᠤ ᠴᠢᠬᠢ ᠬᠤᠳᠠᠯᠳᠤᠭᠰᠠᠨ ᠪᠣᠯ ᠲᠡᠭᠰᠢ ᠳᠥᠷᠪᠡᠯᠵᠢᠨ ᠮᠧᠲᠷ ᠪᠦᠷᠢ ᠶᠢᠨ | ᠬᠤᠳᠠᠯᠳᠤᠬᠤ ᠦᠨ᠎ᠡ ᠨᠢ 25 ᠲᠥᠭᠦᠷᠢᠭ᠂ ᠵᠢᠯ ᠤᠨ ᠴᠡᠪᠡᠷ ᠠᠰᠢᠭ ᠣᠷᠣᠯᠭ᠎ᠠ 3000 ᠲᠥᠭᠦᠷᠢᠭ ᠠᠴᠠ | ᠳᠡᠭᠡᠭᠰᠢ ᠪᠠᠶᠢᠵᠤ ᠪᠣᠯᠤᠨ᠎ᠠ᠃ ᠬᠦᠷᠢᠶ᠎ᠡ ᠬᠠᠰᠢᠶ᠎ᠠ ᠶᠢᠨ ᠬᠠᠪᠤᠷ ᠤᠨ ᠰᠠᠷᠠᠪᠴᠢ 5 ᠰᠠᠷ᠎ᠠ ᠶᠢᠨ ᠰᠡᠭᠦᠯᠴᠢ ᠪᠠᠷ | ᠤᠯᠠᠭᠠᠨ ᠯᠠᠵᠤᠤ ᠶᠢᠨ ᠴᠢᠬᠢ ᠶᠢ ᠰᠢᠯᠵᠢᠭᠦᠯᠦᠨ ᠳᠠᠷᠢᠭᠰᠠᠨ ᠤ ᠳᠠᠷᠠᠭ᠎ᠠ ᠪᠠᠰᠠ ᠦᠷᠭᠦᠯᠵᠢᠯᠡᠨ ᠪᠤᠰᠤᠳ ᠢᠳᠡᠰᠢᠨ | ᠨᠣᠭᠤᠭ᠎ᠠ ᠶᠢᠨ ᠲᠥᠷᠥᠯ ᠵᠦᠢᠯ ᠢ ᠲᠠᠷᠢᠬᠤ ᠪᠤᠶᠤ ᠲᠤᠬᠠᠶ ᠶᠢᠨ ᠭᠠᠵᠠᠷ ᠲᠤᠨᠢ ᠤᠯᠠᠭᠠᠨ ᠯᠠᠵᠤᠤ ᠲᠠᠷᠢᠵᠤ ᠠᠰᠢᠭ | ᠣᠷᠣᠯᠭ᠎ᠠ ᠶᠢ ᠤᠷᠲᠤᠳᠬᠠᠵᠤ ᠪᠣᠯᠤᠨ᠎ᠠ᠃ ᠺᠠᠶᠢᠯᠦ ᠰᠢᠶᠠᠨ ᠤᠯᠠᠭᠠᠨ ᠯᠠᠵᠤᠤ ᠶᠢᠨ ᠠᠵᠤ ᠦᠢᠯᠡᠰ ᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠠᠪᠠᠭᠤᠯᠢᠭ | ᠣᠨᠴᠠᠯᠢᠭᠲᠤ ᠠᠵᠤ ᠦᠢᠯᠡᠰ ᠪᠣᠯᠭᠠᠵᠤ᠂ ᠵᠣᠬᠢᠴᠠᠩᠭᠤᠶ ᠲᠡᠳᠬᠦᠬᠦ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ | ᠶᠠᠳᠠᠭᠤ ᠬᠦᠴᠢᠷᠳᠡᠯᠲᠡᠢ ᠤᠯᠠᠨ ᠲᠦᠮᠡᠨ ᠤ ᠤᠯᠠᠭᠠᠨ ᠯᠠᠵᠤᠤ ᠶᠢᠨ ᠠᠵᠤ ᠦᠶᠯᠡᠰ ᠢ ᠬᠥᠭᠵᠢᠭᠦᠯᠬᠦ ᠶᠢ | ᠵᠣᠷᠢᠭᠵᠢᠭᠤᠯᠪᠠ᠃ ᠤᠯᠠᠭᠠᠨ ᠯᠠᠵᠤᠤ ᠲᠠᠷᠢᠭᠰᠠᠨ ᠶᠠᠳᠠᠭᠤ ᠬᠦᠴᠢᠷᠳᠡᠯᠲᠡᠢ ᠡᠷᠦᠬᠡ ᠳᠤ 1 — 3 ᠲᠦᠮᠡᠨ | ᠲᠥᠭᠦᠷᠢᠭ ᠤᠨ ᠬᠦᠦ ᠮᠥᠩᠭᠦ ᠦᠭᠡᠢ ᠵᠢᠭᠡᠯᠡᠯᠭᠡ ᠶᠢᠨ ᠲᠡᠳᠬᠦᠮᠵᠢ ᠣᠯᠭᠤᠵᠣ᠂ ᠴᠢᠬᠢ ᠪᠤᠶᠢᠵᠢᠭᠤᠯᠬᠤ ᠬᠦᠯᠡᠮᠵᠢ | ᠪᠠᠶᠢᠭᠤᠯᠬᠤ᠂ ᠭᠠᠵᠠᠷ ᠰᠢᠷᠣᠶ ᠶᠢᠨ ᠡᠷᠭᠢᠯᠲᠡ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ | ᠠᠪᠬᠤ ᠳᠤ ᠬᠡᠷᠡᠭᠯᠡᠵᠦ ᠪᠣᠯᠤᠨ᠎ᠠ᠂ ᠣᠳᠣᠬᠠᠨ ᠳᠤ ᠨᠢᠭᠡᠨᠲᠡ 800 ᠭᠠᠷᠤᠶ ᠲᠦᠮᠡᠨ ᠲᠥᠭᠦᠷᠢᠭ ᠤᠨ ᠬᠦᠤ ᠮᠥᠩᠭᠦ | ᠥᠬᠡᠶ ᠵᠢᠭᠡᠯᠡᠯᠭᠡ ᠲᠠᠯᠪᠢᠪᠠ︔ ᠶᠠᠳᠠᠭᠤ ᠬᠦᠴᠢᠷᠳᠡᠯᠲᠡᠶ ᠡᠷᠦᠬᠡ ᠶᠢᠨ ᠬᠥᠭᠵᠢᠯᠲᠡ ᠶᠢᠨ ᠬᠦᠷᠢᠶ᠎ᠡ ᠬᠠᠰᠢᠶ᠎ᠠ ᠶᠢᠨ | ᠤᠯᠠᠭᠠᠨ ᠯᠠᠵᠤᠤ ᠶᠢᠨ ᠬᠠᠪᠤᠷ ᠤᠨ ᠰᠠᠷᠠᠪᠴᠢ ᠳᠤ ᠴᠢᠬᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠲᠡᠭᠰᠢ ᠳᠥᠷᠪᠡᠯᠵᠢᠨ ᠮᠧᠲᠷ ᠪᠦᠷᠢ ᠳᠤ 22 ᠲᠥᠭᠦᠷᠢᠭ ᠤᠨ ᠨᠥᠬᠦᠪᠥᠷᠢ ᠥᠭᠴᠦ᠂ ᠣᠲᠣ | ᠪᠥᠬᠦ ᠰᠢᠶᠠᠨ ᠢᠶᠠᠷ ᠢᠶᠠᠨ 650 ᠶᠠᠳᠠᠭᠤ ᠬᠦᠴᠢᠷᠳᠡᠯᠲᠡᠶ ᠡᠷᠦᠬᠡ ᠳᠤ 226 ᠲᠦᠮᠡᠨ ᠲᠥᠭᠦᠷᠢᠭ ᠤᠨ ᠨᠥᠬᠦᠪᠥᠷᠢ | ᠮᠥᠩᠭᠦ ᠲᠠᠷᠬᠠᠭᠠᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠠᠵᠤ ᠦᠢᠯᠡᠰ ᠤᠨ | ᠵᠢᠭᠠᠨ ᠵᠢᠯᠣᠭᠤᠳᠤᠭᠴᠢ᠂ ᠨᠠᠮ ᠤᠨ ᠭᠡᠰᠢᠭᠦᠨ ᠺᠠᠳ᠋ᠷ ᠬᠤᠣᠰᠯᠠᠯ ᠪᠠᠶᠢᠭᠤᠯᠵᠤ᠂ ᠨᠢᠭᠡᠳᠦᠭᠡᠷ ᠱᠦᠵᠢ ᠳᠠᠭᠠᠭᠠᠴᠢᠯᠠᠨ | ᠬᠤᠯᠪᠤᠭᠠᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠳᠤ | ᠤᠯᠠᠭᠠᠨ ᠯᠠᠵᠤᠤ ᠶᠢᠨ ᠬᠠᠪᠤᠷ ᠤᠨ ᠰᠠᠷᠠᠪᠴᠢ ᠶᠢᠨ ᠴᠢᠬᠢ ᠪᠤᠶᠢᠵᠢᠭᠤᠯᠬᠤ᠂ ᠬᠤᠶᠠᠳᠠᠬᠢ ᠤᠳᠠᠭ᠎ᠠ ᠰᠢᠯᠵᠢᠭᠦᠯᠦᠨ | ᠵᠠᠶᠢᠯᠠᠬᠤ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠡᠷᠭᠡ ᠪᠦᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ | ᠪᠣᠯᠤᠨ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠳᠤᠲᠤᠨᠤ ᠦᠶᠯᠡᠴᠢᠯᠡᠭᠡ ᠬᠠᠩᠭᠠᠵᠤ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠲᠠᠷᠢᠬᠤ ᠮᠡᠷᠭᠡᠵᠢᠯ ᠪᠣᠯᠪᠠᠰᠤᠷᠠᠩᠭᠤᠶ ᠪᠤᠰᠤ᠂ ᠵᠠᠬ᠎ᠠ ᠳᠡᠯᠭᠡᠭᠦᠷ ᠤᠨ ᠮᠡᠳᠡᠭᠡ | ᠵᠠᠩᠭᠢ ᠲᠡᠭᠰᠢ ᠭᠡᠮ ᠦᠭᠡᠢ ᠪᠠᠶᠢᠬᠤ ᠵᠡᠷᠭᠡ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠮᠸᠡᠭ ᠵᠢᠶᠤᠤ ᠳ᠋ᠥ᠋᠂ ᠷᠧᠨ | ᠾᠧ ᠵᠠᠶ᠂ ᠵᠢᠩ ᠱᠠᠨ ᠢᠳᠡᠭᠡᠨ ᠵᠡᠷᠭᠡ ᠶᠢ ᠬᠤᠷᠢᠶᠠᠨ ᠬᠠᠳᠠᠭᠠᠯᠠᠵᠤ ᠡᠳ᠋ᠰᠢᠭᠦᠯᠬᠦ ᠠᠵᠤ ᠠᠬᠤᠶᠢᠯᠠᠯ ᠪᠣᠯᠤᠨ | ᠲᠠᠷᠢᠮᠠᠯ ᠤᠨ ᠲᠤᠰᠬᠠᠶ ᠬᠤᠷᠰᠢᠶ᠎ᠠ ᠶᠠᠳᠠᠭᠤ ᠬᠦᠴᠢᠷᠳᠡᠯᠲᠡᠶ ᠡᠷᠦᠬᠡ ᠶᠢᠨ ᠡᠩ ᠤᠨ ᠲᠠᠷᠢᠶᠠᠴᠢᠨ ᠡᠷᠦᠬᠡ ᠲᠠᠢ | ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠶᠠᠳᠠᠭᠤ ᠬᠦᠴᠢᠷᠳᠡᠯᠲᠡᠶ ᠡᠷᠦᠬᠡ ᠳᠤ ᠦᠷ᠎ᠡ᠂ ᠴᠢᠬᠢ᠂ ᠣᠷᠭᠠᠨᠢᠭ ᠪᠣᠷᠳᠣᠭᠤᠷ | ᠵᠡᠷᠭᠡ ᠦᠢᠯᠡᠳᠪᠦᠷᠢᠯᠡᠯ ᠤᠨ ᠬᠡᠷᠡᠭᠰᠡᠯ ᠬᠠᠩᠭᠠᠵᠤ᠂ ᠲᠡᠷᠡᠴᠢᠯᠡᠨ ᠵᠠᠬ᠎ᠠ ᠳᠡᠯᠭᠡᠭᠦᠷ ᠤᠨ 5% ᠶᠢᠨ ᠦᠨ᠎ᠡ ᠠᠴᠠ | ᠥᠨᠳᠥᠷ ᠢᠶᠠᠷ ᠪᠦᠲᠦᠭᠡᠭᠳᠡᠬᠦᠨ ᠢ ᠡᠭᠡᠭᠦᠯᠦᠨ ᠬᠤᠳᠠᠯᠳᠤᠨ ᠠᠪᠬᠤ ᠶᠢ ᠬᠠᠷᠢᠭᠤᠴᠠᠵᠤ᠂ ᠲᠠᠷᠢᠶᠠᠴᠢᠨ ᠡᠷᠦᠬᠡ ᠶᠢ | ᠳᠠᠶᠢᠴᠢᠯᠠᠨ ᠤᠯᠠᠭᠠᠨ ᠯᠠᠵᠤᠤ ᠲᠠᠷᠢᠬᠤ ᠬᠡᠪᠴᠢᠶ᠎ᠡ ᠶᠢ ᠦᠷᠭᠡᠳᠭᠡᠪᠡ᠃ | ᠲᠦᠮᠡᠨ ᠮᠦ ᠣᠶ ᠰᠢᠭᠤᠶ ᠵᠢᠮᠢᠰ ᠬᠥᠳᠡᠭᠡ ᠲᠣᠰᠬᠤᠨ ᠤ ᠵᠡᠭᠡᠯᠢ ᠭᠤᠳᠤᠮᠵᠢ ᠶᠢ ᠨᠤᠭᠤᠭᠠᠷᠠᠭᠤᠯᠵᠤ᠂ ᠺᠠᠶᠢᠯᠦ | ᠰᠢᠶᠠᠨ ᠣᠳᠣ ᠨᠢᠭᠡᠨᠲᠡ ᠪᠦᠬᠦ ᠬᠤᠲᠠ ᠶᠢᠨ ᠠᠮᠢ ᠠᠬᠤᠶ ᠶᠢᠨ ᠣᠶ ᠵᠢᠮᠢᠰ ᠤᠨ ᠲᠣᠮᠣ ᠰᠢᠶᠠᠨ ᠪᠤᠯᠵᠣ᠂ | ᠣᠶᠢᠷ᠎ᠠ ᠶᠢᠨ ᠬᠡᠳᠦᠨ ᠵᠢᠯ ᠳᠤ ᠨᠡᠶᠢᠲᠡ 2.92 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 26 ᠲᠦᠮᠡᠨ | ᠮᠦ ᠵᠢᠮᠢᠰ ᠤᠨ ᠠᠵᠤ ᠠᠬᠤᠢ ᠶᠢᠨ ᠤᠢ ᠶᠢ ᠪᠠᠶᠢᠭᠤᠯᠵᠤ᠂ ᠡᠭᠦᠨ ᠳᠤ ᠮᠢᠩᠭᠠᠨ ᠮᠦ ᠠᠴᠠ ᠳᠡᠭᠡᠭᠰᠢᠬᠢ | ᠪᠠᠷᠢᠮᠵᠢᠶᠠᠵᠢᠭᠰᠠᠨ ᠰᠠᠭᠤᠷᠢᠨ ᠭᠠᠵᠠᠷ 10᠂ ᠬᠡᠷ ᠪᠦᠯᠢ ᠶᠢᠨ ᠵᠢᠮᠢᠰ ᠤᠨ ᠬᠦᠷᠢᠶᠡᠯᠡᠩ 2000 ᠭᠠᠷᠤᠶ᠂ | ᠵᠢᠮᠢᠰ ᠤᠨ ᠲᠠᠷᠢᠶᠠᠴᠢᠨ 7800 ᠭᠠᠷᠤᠶ ᠶᠢ ᠳᠠᠶᠢᠴᠢᠯᠠᠨ᠂ ᠡᠭᠦᠨ ᠳᠤ ᠪᠥᠬᠦ ᠰᠢᠶᠠᠨ ᠤ ᠶᠠᠳᠠᠭᠤ ᠬᠦᠴᠢᠷᠳᠡᠯᠲᠡᠶ | 560 ᠡᠷᠦᠬᠡ ᠶᠢ ᠨᠦᠯᠦᠭᠡᠯᠡᠨ ᠳᠠᠶᠢᠴᠢᠯᠠᠨ 8500 ᠮᠥ ᠵᠢᠮᠢᠰ ᠤᠨ ᠠᠵᠤ ᠠᠬᠤᠶ ᠶᠢᠨ ᠣᠶ ᠶᠢ ᠬᠥᠭᠵᠢᠭᠦᠯᠬᠦ ᠳᠤ | ᠣᠷᠣᠯᠴᠠᠭᠤᠯᠪᠠ᠃ ᠤᠯᠤᠰ ᠤᠨ ᠵᠠᠮ 303 ᠱᠤᠭᠤᠮ ᠢᠶᠠᠷ ᠲᠡᠩᠭᠡᠯᠢᠭ ᠪᠣᠯᠭᠠᠵᠤ᠂ ᠵᠡᠭᠦᠨᠰᠢ ᠪᠠᠷᠠᠭᠤᠨᠰᠢ ᠪᠦᠬᠦ | ᠰᠢᠶᠠᠨ ᠤ ᠵᠠᠭᠤᠨ ᠭᠠᠵᠠᠷ ᠤᠨ ᠣᠶ ᠵᠢᠮᠢᠰ ᠤᠨ ᠪᠦᠰᠡ ᠶᠢ ᠨᠡᠪᠲᠡᠷᠡᠭᠦᠯᠪᠡ᠃ ᠭᠤᠣᠯ ᠲᠥᠷᠥᠯ ᠨᠢ ᠬᠡᠮᠡᠷᠯᠢᠭ | ᠬᠠᠶᠢᠲᠠᠩ᠂ ᠤᠯᠠᠭᠠᠨ ᠭᠦᠢᠯᠡᠰᠦ᠂ ᠠᠯᠮᠤᠷᠠᠳ ᠤᠨ ᠠᠯᠢᠮ᠎ᠠ ᠵᠡᠷᠭᠡ᠂ ᠡᠯᠪᠡᠭ ᠭᠠᠷᠤᠭᠰᠠᠨ ᠠᠭᠠᠯᠢᠭ ᠠᠯᠢᠮ᠎ᠠ ᠪᠠ | ᠤᠯᠠᠭᠠᠨ ᠠᠯᠮᠤᠷᠠᠳ 123 ᠪᠣᠯ ᠲᠦᠩᠯᠢᠶᠣᠤ ᠬᠤᠲᠠ ᠶᠢᠨ ᠠᠩᠬᠠᠨ ᠤ ᠪᠦᠯᠦᠭ ᠨᠠᠷᠠᠲᠤ ᠦᠶᠯᠡᠳᠬᠦᠨ᠂ ︽ | ᠮᠣᠩᠭᠤᠯ ᠬᠡᠭᠡᠷ᠎ᠡ ᠶᠢᠨ ᠵᠢᠮᠢᠰ᠂ ᠲᠠᠯ᠎ᠠ ᠨᠤᠲᠤᠭ ᠤᠨ ᠠᠷᠢᠭᠤᠨ ᠵᠢᠮᠢᠰ︾ ᠳᠠᠩᠰᠠᠯᠠᠭᠤᠯᠤᠭᠰᠠᠨ ᠲᠠᠸᠠᠷ ᠤᠨ ᠲᠦᠷᠦᠯ | ᠲᠡᠮᠳᠡᠭ ᠨᠢ ᠣᠷᠣᠨ ᠤ ᠳᠤᠲᠤᠷ᠎ᠠ ᠭᠠᠳᠠᠨ᠎ᠠ ᠠᠯᠳᠠᠷᠰᠢᠵᠤ᠂ ᠭᠤᠤᠯ ᠪᠣᠯᠬᠤ ᠵᠢᠮᠢᠰ ᠢ ᠬᠠᠷᠠᠮᠦ᠋ᠷᠦᠨ᠂ ᠭᠢᠷᠢᠨ᠂ | ᠯᠢᠶᠣᠤᠨᠢᠩ᠂ ᠡᠸ᠋ᠾᠪᠸᠢ᠂ ᠱᠧᠨᠵᠧᠨ ᠵᠡᠷᠭᠡ 20 ᠭᠠᠷᠤᠶ ᠮᠤᠵᠢ ᠬᠤᠲᠠ ᠳᠤ ᠪᠣᠷᠣᠯᠠᠭᠤᠯᠵᠤ ᠪᠣᠶ᠃ ᠣᠳᠣᠬᠠᠨ ᠳᠤ | ᠪᠦᠬᠦ ᠰᠢᠶᠠᠨ ᠤ ᠡᠯᠪᠡᠭ ᠬᠤᠷᠢᠶᠠᠯᠲᠠ ᠶᠢᠨ ᠬᠤᠭᠤᠴᠠᠭᠠᠨ ᠤ ᠲᠠᠯᠠᠪᠠᠶ 4.7 ᠲᠦᠮᠡᠨ ᠮᠦ᠂ ᠵᠢᠯ ᠳᠤ 13.8 | ᠲᠦᠮᠡᠨ ᠲᠣᠨ ᠰᠢᠨ᠎ᠡ ᠰᠣᠷᠭᠤᠭ ᠵᠢᠮᠢᠰ ᠦᠢᠯᠡᠳᠪᠦᠷᠢᠯᠡᠵᠦ᠂ ᠦᠢᠯᠡᠳᠬᠦᠨ ᠤ ᠥᠷᠲᠡᠭ 3.75 ᠳ᠋ᠦᠩᠰᠢᠭᠤᠷ | ᠲᠥᠭᠦᠷᠢᠭ ᠪᠠᠶᠢᠵᠤ᠂ ᠡᠭᠦᠨ ᠤ ᠳᠡᠭᠡᠷ᠎ᠡ ︽ᠣᠢ ᠶᠢᠨ ᠠᠵᠤ ᠠᠬᠤᠶ ᠠᠯᠠᠭᠯᠠᠨ ᠲᠠᠷᠢᠬᠤ︾᠂ ᠮᠦ ᠪᠦᠷᠢ ᠶᠢᠨ | ᠳᠤᠮᠳᠠᠴᠢ ᠦᠷ᠎ᠡ ᠠᠰᠢᠭ 6000 ᠲᠥᠭᠦᠷᠢᠭ ᠠᠴᠠ ᠳᠡᠭᠡᠭᠰᠢ ᠪᠠᠶᠢᠵᠤ᠂ ᠪᠦᠬᠦ ᠰᠢᠶᠠᠨ ᠤ ᠬᠥᠮᠦᠨ ᠪᠦᠷᠢ ᠶᠢᠨ | ᠳᠤᠮᠳᠠᠴᠢ ᠵᠢᠯ ᠤᠨ ᠣᠷᠣᠯᠭ᠎ᠠ ᠶᠢᠨ ᠨᠡᠮᠡᠭᠳᠡᠯ 1000 ᠲᠥᠭᠦᠷᠢᠭ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢᠨ | ᠨᠡᠮᠡᠭᠳᠡᠯ 3000 ᠲᠥᠭᠦᠷᠢᠭ ᠪᠣᠯᠤᠨ᠎ᠠ᠃ 2022 ᠣᠨ ᠪᠣᠯᠬᠤ ᠳᠤ ᠪᠦᠬᠦ ᠰᠢᠶᠠᠨ ᠤ ᠵᠢᠮᠢᠰ ᠤᠨ ᠠᠵᠤ | ᠠᠬᠤᠢ ᠶᠢᠨ ᠣᠢ 30 ᠲᠦᠮᠡᠨ ᠮᠦ ᠳᠤ ᠬᠦᠷᠴᠦ᠂ ᠡᠯᠪᠡᠭ ᠬᠤᠷᠢᠶᠠᠯᠲᠠ ᠶᠢᠨ ᠬᠤᠭᠤᠴᠠᠭᠠᠨ ᠤ ᠲᠠᠯᠠᠪᠠᠢ 10 | ᠲᠦᠮᠡᠨ ᠮᠦ᠂ ᠵᠢᠯ ᠳᠤ 30 ᠲᠦᠮᠡᠨ ᠲᠣᠨ ᠰᠢᠨ᠎ᠡ ᠰᠣᠷᠭᠤᠭ ᠵᠢᠮᠢᠰ ᠭᠠᠷᠴᠤ᠂ ᠵᠢᠯ ᠤᠨ ᠦᠶᠯᠡᠳᠬᠦᠨ ᠤ ᠥᠷᠲᠡᠭ | 8 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠰᠣᠷᠭᠤᠭ ᠬᠦᠯᠳᠡᠭᠡᠨ ᠬᠠᠳᠠᠭᠠᠯᠠᠬᠤ᠂ ᠤᠯᠠᠷᠢᠯ ᠠᠯᠤᠰᠯᠠᠨ | ᠪᠣᠷᠣᠯᠠᠭᠤᠯᠬᠤ᠂ ᠲᠡᠭᠦᠬᠦ ᠰᠡᠯᠡᠭᠦᠴᠡᠯ ᠶᠢ ᠪᠡᠶᠡᠴᠢᠯᠡᠨ ᠲᠤᠭᠤᠯᠬᠤ᠂ ᠵᠢᠮᠢᠰ ᠤᠨ ᠵᠦᠶᠯ ᠢ ᠨᠠᠷᠢᠯᠢᠭ ᠡᠳ᠋ᠰᠢᠭᠦᠯᠬᠦ᠂ | ᠠᠵᠤ ᠦᠶᠯᠡᠰ ᠤᠨ ᠬᠡᠯᠬᠢᠶ᠎ᠡ ᠶᠢ ᠳᠡᠰ ᠳᠡᠪᠰᠢᠭᠦᠯᠦᠨ ᠬᠦᠭᠵᠢᠭᠦᠯᠬᠦ᠂ ᠦᠶᠯᠡᠳᠬᠦᠨ ᠤ ᠥᠷᠲᠡᠭ 15 ᠳ᠋ᠦᠩᠰᠢᠭᠤᠷ | ᠲᠥᠭᠦᠷᠢᠭ ᠲᠤ ᠬᠦᠷᠴᠦ᠂ ᠣᠶ ᠵᠢᠮᠢᠰ ᠤᠨ ᠠᠵᠤ ᠦᠶᠯᠡᠰ ᠮᠠᠨ ᠤ ᠰᠢᠶᠠᠨ ᠤ ᠡᠷᠳᠡᠨᠢ ᠰᠢᠰᠢ᠂ ᠤᠯᠠᠭᠠᠨ ᠯᠠᠵᠤᠤ | ᠠᠵᠤ ᠦᠶᠯᠡᠰ ᠤᠨ ᠳᠠᠷᠠᠭᠠᠬᠢ ᠪᠠᠰᠠ ᠨᠢᠭᠡᠨ ᠶᠡᠭᠡ ᠠᠮᠢ ᠠᠬᠤᠶ ᠶᠢᠨ ᠪᠣᠬᠢᠷᠲᠤᠯ ᠥᠬᠡᠶ ᠭᠤᠤᠯᠯᠠᠬᠤ ᠠᠵᠤ ᠦᠶᠯᠡᠰ | ᠪᠣᠯᠬᠤ ᠪᠣᠯᠤᠨ᠎ᠠ᠃ 2016 ᠣᠨ ᠠᠴᠠ ᠡᠬᠢᠯᠡᠵᠦ᠂ ᠺᠠᠶᠢᠯᠦ ᠰᠢᠶᠠᠨ ᠣᠶ ᠰᠢᠭᠤᠶ ᠵᠢᠮᠢᠰ ᠤᠨ ᠠᠵᠤ ᠠᠬᠤᠶ ᠶᠢ | ᠵᠡᠭᠡᠯᠢ ᠭᠤᠳᠤᠮᠵᠢ ᠳᠤ ᠣᠷᠣᠭᠤᠯᠵᠤ᠂ ᠵᠠᠰᠠᠭ ᠤᠨ ᠣᠷᠳ ᠬᠥᠲᠥᠯᠥᠨ ᠵᠢᠯᠤᠭᠤᠳᠬᠤ᠂ ᠲᠥᠷᠥᠯ ᠵᠦᠶᠯ ᠤᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠨ᠂ ᠣᠢ ᠰᠢᠭᠤᠶ ᠵᠢᠮᠢᠰ ᠤᠨ ᠠᠵᠤ ᠠᠬᠤᠶ | ᠪᠣᠯᠤᠨ ᠬᠦᠷᠢᠶ᠎ᠡ ᠬᠠᠰᠢᠶ᠎ᠠ ᠶᠢᠨ ᠠᠵᠤ ᠠᠬᠤᠶ᠂ ᠵᠡᠭᠡᠯᠢ ᠭᠤᠳᠤᠮᠵᠢ ᠶᠢᠨ ᠠᠵᠤ ᠠᠬᠤᠶ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠣᠷᠭᠠᠨᠢᠭ ᠤᠶᠠᠯᠳᠤᠯ ᠢ ᠪᠡᠶᠡᠯᠡᠭᠦᠯᠵᠦ᠂ ︽ᠣᠯᠠᠨ ᠠᠰᠢᠭ︾ | ᠲᠤ ᠬᠥᠷᠪᠡ᠃ ᠲᠣᠰᠬᠤᠨ ᠤ ᠠᠷᠠᠳ ᠤᠨ ᠭᠡᠷ ᠤᠨ ᠠᠷᠤ ᠡᠮᠦᠨᠡᠬᠢ ᠵᠡᠭᠡᠯᠢ ᠭᠤᠳᠤᠮᠵᠢ ᠶᠢᠨ ᠬᠤᠭᠤᠰᠣᠨ | ᠭᠠᠵᠠᠷ ᠲᠤ ᠨᠢᠭᠡᠳᠦᠯᠲᠡᠶ ᠲᠦᠯᠦᠪᠵᠢᠭᠦᠯᠬᠦ᠂ ᠨᠢᠭᠡᠳᠦᠯᠲᠡᠶ ᠭᠠᠵᠠᠷ ᠲᠡᠭᠰᠢᠯᠡᠬᠦ᠂ ᠨᠢᠭᠡᠳᠦᠯᠲᠡᠶ ᠴᠢᠬᠢ ᠬᠠᠩᠭᠠᠬᠤ᠂ | ᠨᠢᠭᠡᠳᠦᠯᠲᠡᠶ ᠲᠠᠷᠢᠬᠤ᠂ ᠨᠢᠭᠡᠳᠦᠯᠲᠡᠢ ᠮᠡᠷᠭᠡᠵᠢᠯ ᠤᠨ ᠵᠢᠯᠣᠭᠤᠳᠤᠯᠭ᠎ᠠ ᠦᠶᠯᠡᠴᠢᠯᠡᠭᠡ ᠬᠢᠬᠦ᠂ ᠨᠢᠭᠡᠳᠦᠯᠲᠡᠶ ᠬᠢᠨᠠᠨ | ᠬᠠᠮᠢᠶᠠᠷᠬᠤ ᠬᠡᠪ ᠵᠠᠭᠪᠤᠷ ᠢ ᠠᠪᠴᠤ᠂ ᠲᠠᠷᠢᠵᠤ ᠤᠷᠭᠤᠭᠤᠯᠤᠭᠰᠠᠨ ᠤ ᠳᠠᠷᠠᠭ᠎ᠠ ᠲᠤᠰ ᠡᠷᠦᠬᠡ ᠳᠤ ᠲᠤᠰᠢᠶᠠᠨ | ᠥᠭᠴᠦ ᠡᠳᠦᠷ ᠲᠤᠲᠤᠮ ᠤᠨ ᠬᠠᠮᠢᠶᠠᠷᠤᠯᠲᠠ ᠬᠢᠯᠭᠡᠵᠤ᠂ ᠲᠡᠭᠦᠵᠦ ᠠᠪᠤᠭᠠᠳ ᠣᠯᠤᠭᠰᠠᠨ ᠠᠰᠢᠭ ᠣᠷᠣᠯᠭ᠎ᠠ ᠨᠢ | ᠲᠤᠰ ᠡᠷᠦᠬᠡ ᠳᠤ ᠥᠮᠴᠢᠯᠡᠭᠳᠡᠵᠦ᠂ ᠪᠠᠯᠭᠠᠰᠤ ᠲᠣᠰᠬᠤᠨ ᠠᠴᠠ ᠬᠤᠳᠠᠯᠳᠤᠨ ᠠᠪᠬᠤ ᠬᠤᠳᠠᠯᠳᠤᠭᠠᠴᠢᠨ | ᠨᠢᠭᠡᠳᠦᠯᠲᠡᠶ ᠬᠤᠳᠠᠯᠳᠤᠨ ᠠᠪᠴᠤ᠂ ᠡᠷᠦᠬᠡ ᠪᠦᠷᠢ ᠶᠢᠨ 20 ᠰᠠᠭᠤᠷᠢ ᠤᠯᠠᠭᠠᠨ ᠭᠦᠢᠯᠡᠰᠦ ᠪᠤᠶᠤ ᠬᠠᠶᠢᠲᠠᠩ | ᠵᠢᠮᠢᠰ ᠤᠨ ᠡᠯᠪᠡᠭ ᠬᠤᠷᠢᠶᠠᠯᠲᠠ ᠶᠢᠨ ᠬᠤᠷᠭᠤᠴᠠᠭ᠎ᠠ ᠳᠤ 1000 ᠲᠥᠭᠦᠷᠢᠭ ᠣᠷᠴᠢᠮ ᠠᠰᠢᠭ ᠬᠦᠷᠲᠡᠵᠤ᠂ | ᠲᠣᠰᠬᠤᠨ ᠤ ᠨᠢᠭᠡᠳᠦᠯᠲᠡᠶ ᠲᠥᠯᠥᠪᠵᠢᠭᠦᠯᠭᠡ ᠪᠠᠷ ᠪᠠᠰᠠ ᠵᠢᠮᠢᠰ ᠤᠨ ᠮᠣᠳᠣ ᠶᠢᠨ ᠳᠣᠤᠷ᠎ᠠ ᠤᠯᠠᠭᠠᠨ ᠯᠠᠵᠤᠤ᠂ | ᠪᠤᠷᠴᠠᠭ ᠤᠨ ᠲᠥᠷᠥᠯ᠂ ᠲᠣᠰᠣᠨ ᠤᠳᠪᠠᠯᠠ ᠵᠡᠷᠭᠡ ᠣᠳᠣᠶ ᠲᠠᠷᠢᠮᠠᠯ ᠲᠠᠷᠢᠵᠤ᠂ ᠠᠰᠢᠭ ᠣᠷᠣᠯᠭ᠎ᠠ 300— | 500 ᠲᠥᠭᠦᠷᠢᠭ ᠤᠨ ᠬᠤᠭᠤᠷᠣᠨᠳᠣ ᠪᠠᠶᠢᠳᠠᠭ᠃ ᠶᠠᠳᠠᠭᠤ ᠬᠦᠴᠢᠷᠳᠡᠯᠲᠡᠶ ᠡᠷᠦᠬᠡ ᠥᠪᠡᠷ ᠤᠨ ᠭᠡᠷ ᠪᠦᠯᠢ ᠶᠢᠨ | ᠬᠦᠷᠢᠶᠡᠨ ᠳᠡᠭᠡᠨ ᠵᠢᠮᠢᠰ ᠤᠨ ᠮᠣᠳᠣ ᠲᠠᠷᠢᠬᠤ ᠳᠤ᠂ ᠵᠠᠰᠠᠭ ᠤᠨ ᠣᠷᠳᠣᠨ ᠠᠴᠠ ᠮᠦ ᠪᠦᠷᠢ ᠶᠢᠨ ᠥᠷᠲᠡᠭ 700 | ᠲᠥᠭᠦᠷᠢᠭ ᠤᠨ 3 ᠵᠢᠯ ᠤᠨ ᠵᠢᠮᠢᠰ ᠤᠨ ᠮᠣᠳᠣ ᠶᠢ ᠰᠦᠶᠳᠬᠡᠯ ᠬᠤᠷᠢᠶᠠᠬᠤ ᠦᠭᠡᠢ ᠪᠠᠷ ᠬᠠᠩᠭᠠᠬᠤ ᠪᠤᠶᠤ ᠰᠢᠯᠭᠠᠨ | ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠮᠦ ᠪᠦᠷᠢ ᠳᠤ 500 ᠲᠥᠭᠦᠷᠢᠭ ᠤᠨ ᠠᠵᠤ ᠠᠬᠤᠢ ᠶᠢᠨ ᠤᠢ ᠶᠢᠨ | ᠨᠥᠬᠦᠪᠥᠷᠢ ᠣᠯᠭᠤᠨ᠎ᠠ᠃ ᠳ᠋ᠦᠩ ᠹᠧᠩ ᠪᠠᠯᠭᠠᠰᠤᠨ ᠤ ᠭᠤᠸᠠᠨ ᠶᠢᠨ ᠬᠤᠤ ᠲᠣᠰᠬᠤᠨ᠂ ᠴᠢ ᠵᠢᠶᠠ ᠽᠢ ᠲᠣᠰᠬᠤᠨ | ᠂ ᠰᠢᠨ ᠲᠣᠰᠬᠤᠨ ᠪᠣᠯᠤᠨ ᠶᠢᠨ ᠪᠦᠦ ᠳᠦᠨ 4 ᠲᠣᠰᠬᠤᠨ ᠬᠠᠮᠲᠤ ᠶᠢᠨ ᠭᠠᠵᠠᠷ ᠰᠢᠷᠣᠶ ᠶᠢ ᠠᠰᠢᠭᠯᠠᠨ 800 ᠮᠦ | ᠣᠶ ᠵᠢᠮᠢᠰ ᠲᠠᠷᠢᠵᠤ᠂ ᠡᠯᠪᠡᠭ ᠬᠤᠷᠢᠶᠠᠯᠲᠠ ᠶᠢᠨ ᠬᠤᠭᠤᠴᠠᠭᠠᠨ ᠤ ᠳᠠᠷᠠᠭ᠎ᠠ ᠡᠵᠡᠩᠨᠡᠯᠲᠡ ᠶᠢᠨ ᠡᠷᠦᠬᠡ ᠳᠤ | ᠳᠠᠭᠠᠭᠠᠴᠢᠯᠠᠭᠤᠯᠤᠨ ᠥᠭᠴᠦ ᠮᠦ ᠪᠦᠷᠢ 500 ᠲᠥᠭᠦᠷᠢᠭ ᠤᠨ ᠲᠦᠷᠢᠶᠡᠰᠦᠨ ᠮᠥᠩᠭᠦ ᠬᠤᠷᠢᠶᠠᠵᠤ᠂ ᠵᠢᠯ | ᠪᠦᠷᠢ ᠶᠢᠨ ᠬᠠᠮᠲᠤ ᠶᠢᠨ ᠠᠵᠤ ᠠᠬᠤᠢ ᠶᠢᠨ ᠣᠷᠣᠯᠭ᠎ᠠ 40 ᠲᠦᠮᠡᠨ ᠲᠥᠭᠦᠷᠢᠭ ᠲᠤ ᠬᠦᠷᠴᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠶᠠᠳᠠᠭᠤ ᠬᠦᠴᠢᠷᠳᠡᠯᠲᠡᠢ ᠡᠷᠦᠬᠡ ᠶᠢᠨ | ᠬᠥᠭᠵᠢᠯᠲᠡ ᠶᠢ ᠲᠡᠳᠬᠦᠨ ᠳᠡᠮᠵᠢᠬᠦ ᠳᠤ ᠬᠡᠷᠡᠭᠯᠡᠪᠡ᠃ | ᠲᠦᠮᠡᠨ ᠮᠦ ᠬᠦᠳᠡᠭᠡ ᠶᠢᠨ ᠢᠳᠡᠰᠢᠨ ᠨᠣᠭᠤᠭ᠎ᠠ ᠲᠦᠮᠨ ᠮᠢᠩᠭᠠᠨ ᠡᠷᠦᠬᠡ ᠶᠢ ᠳᠠᠶᠢᠴᠢᠯᠠᠨ ᠪᠠᠶᠠᠵᠢᠭᠤᠯᠵᠤ᠂ | ᠺᠠᠶᠢᠯᠦ ᠰᠢᠶᠠᠨ ᠪᠣᠯ ᠪᠦᠬᠦ ᠤᠯᠤᠰ ᠤᠨ ᠵᠠᠭᠤᠨ ᠡᠷᠦᠬᠡ ᠶᠢᠨ ᠪᠣᠬᠢᠷᠲᠤᠯ ᠦᠭᠡᠶ ᠢᠳᠡᠰᠢᠨ ᠨᠤᠭᠤᠭᠠᠨ ᠤ | ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠢᠶᠠᠨ᠂ 7 ᠪᠦᠲᠦᠭᠡᠭᠳᠡᠬᠦᠨ ᠨᠢ ᠤᠯᠤᠰ ᠤᠨ ᠲᠡᠰ ᠤᠨ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯᠲᠡ ᠶᠢ | ᠬᠦᠷᠲᠡᠵᠦ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠰᠤᠷᠪᠤᠯᠵᠢ ᠶᠢ ᠮᠥᠷᠳᠡᠬᠦ ᠰᠢᠰᠲ᠋ᠧᠮ ᠢ | ᠦᠨᠳᠦᠰᠦᠨ ᠳᠤ ᠪᠠᠨ ᠪᠠᠶᠢᠭᠤᠯᠵᠤ᠂ ᠤᠯᠤᠰ ᠤᠨ ᠲᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠰᠢᠶᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠮᠥᠨ᠃ ᠣᠶᠢᠷ᠎ᠠ ᠶᠢᠨ ᠵᠢᠯ ᠠᠴᠠ ᠨᠠᠰᠢ᠂ | ᠺᠠᠶᠢᠯᠦ ᠰᠢᠶᠠᠨ ᠳᠡᠭᠡᠷ᠎ᠡ ᠱᠠᠲᠤᠨ ᠤ ᠡᠯ᠎ᠡ ᠲᠥᠷᠥᠯ ᠤᠨ ᠲᠥᠷᠥᠯ ᠵᠦᠶᠯ ᠤᠨ ᠪᠡᠯᠡ ᠮᠥᠩᠭᠦ ᠶᠢ 28.2 | ᠳ᠋ᠦᠩᠰᠢᠭᠤᠷ ᠲᠥᠭᠦᠷᠢᠭ ᠨᠢᠭᠡᠳᠭᠡᠵᠤ᠂ ᠰᠢᠶᠠᠨ ᠪᠠᠯᠭᠠᠰᠤᠨ ᠤ ᠬᠤᠶᠠᠷ ᠱᠠᠲᠤᠨ ᠳᠤ 2258 ᠲᠦᠮᠡᠨ | ᠲᠥᠭᠦᠷᠢᠭ ᠤᠨ ᠨᠥᠬᠦᠪᠥᠷᠢ ᠮᠥᠩᠭᠦ ᠣᠷᠣᠭᠤᠯᠵᠤ᠂ 10.52 ᠳ᠋ᠦᠩᠰᠢᠭᠤᠷ ᠲᠥᠭᠦᠷᠢᠭ ᠤᠨ ᠳᠣᠤᠷ᠎ᠠ ᠬᠦᠤ ᠲᠠᠢ | ᠵᠢᠭᠡᠯᠡᠯᠭᠡ ᠲᠠᠯᠪᠢᠵᠤ᠂ ᠢᠳᠡᠰᠢᠨ ᠨᠣᠭᠤᠭ᠎ᠠ ᠲᠠᠷᠢᠭᠰᠠᠨ ᠲᠠᠯᠠᠪᠠᠢ 25 ᠲᠦᠮᠡᠨ ᠮᠦ ᠶᠢ ᠳᠠᠪᠠᠵᠤ᠂ ᠵᠢᠯ ᠤᠨ | ᠦᠢᠯᠡᠳᠬᠦᠨ ᠤ ᠥᠷᠲᠡᠭ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠲᠠᠷᠢᠶᠠᠴᠢᠨ ᠡᠷᠦᠬᠡ ᠶᠢᠨ | ᠲᠦᠮᠡ ᠭᠠᠷᠤᠶ ᠡᠷᠦᠬᠡ ᠶᠢ ᠨᠥᠯᠥᠭᠡᠯᠡᠨ ᠳᠠᠶᠢᠴᠢᠯᠠᠵᠤ᠂ ᠶᠠᠳᠠᠭᠤ ᠬᠦᠴᠢᠷᠳᠡᠯᠲᠡᠶ ᠡᠷᠦᠬᠡ ᠮᠢᠩᠭ᠎ᠠ ᠰᠢᠬᠠᠮ ᠡᠷᠦᠬᠡ | ᠪᠠᠶᠢᠵᠤ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 3000 ᠲᠥᠭᠦᠷᠢᠭ ᠨᠡᠮᠡᠭᠳᠡᠭᠦᠯᠪᠡ᠃ | ᠢᠳᠡᠰᠢᠨ ᠨᠣᠭᠤᠭ᠎ᠠ ᠶᠢᠨ ᠠᠵᠤ ᠦᠢᠯᠡᠰ ᠺᠠᠶᠢᠯᠦ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ | ᠴᠢᠨᠡᠭᠡᠯᠢᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠮᠠᠰᠢ ᠴᠢᠬᠤᠯᠠ | ᠦᠢᠯᠡᠳᠦᠯ ᠦᠵᠡᠭᠦᠯᠪᠡ᠃ | ᠺᠠᠶᠢᠯᠦ ᠰᠢᠶᠠᠨ ᠬᠤᠷᠰᠢᠶ᠎ᠠ ᠢᠶᠠᠷ ᠭᠠᠳᠠᠭᠰᠢ ᠵᠠᠬ᠎ᠠ ᠳᠡᠯᠭᠡᠭᠦᠷ ᠲᠠᠢ ᠬᠤᠯᠪᠣᠵᠤ᠂ ᠳᠣᠲᠣᠭᠠᠳᠤ ᠳᠠᠭᠠᠨ | ᠲᠠᠷᠢᠶᠠᠴᠢᠨ ᠡᠷᠦᠬᠡ ᠲᠠᠢ ᠬᠤᠯᠪᠣᠭᠠᠯᠠᠵᠤ᠂ ︽ᠨᠢᠭᠡ ᠬᠤᠷᠰᠢᠶ᠎ᠠ ᠵᠠᠭᠤᠨ ᠬᠤᠷᠰᠢᠶ᠎ᠠ ᠲᠠᠢ ᠬᠤᠯᠪᠤᠭᠠᠯᠠᠵᠤ ᠲᠦᠮᠡᠨ | ᠡᠷᠦᠬᠡ ᠶᠢ ᠳᠠᠶᠢᠴᠢᠯᠠᠬᠤ︾ ᠠᠷᠭ᠎ᠠ ᠮᠠᠶ᠋ᠢᠭ ᠢᠶᠠᠷ ᠥᠷᠭᠡᠨ ᠣᠯᠠᠨ ᠲᠠᠷᠢᠶᠠᠯᠠᠬᠤ ᠮᠠᠯᠵᠢᠬᠤ ᠡᠷᠦᠬᠡ ᠶᠢᠨ ᠢᠳᠡᠰᠢᠨ | ᠨᠣᠭᠤᠭ᠎ᠠ ᠶᠢᠨ ᠠᠵᠤ ᠦᠶᠯᠡᠰ ᠢ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠡᠷᠡᠭᠲᠡᠶ᠃ | ᠺᠠᠶᠢᠯᠦ ᠰᠢᠶᠠᠨ ᠤ ᠬᠦᠳᠡᠭᠡ ᠶᠢᠨ ᠢᠳᠡᠰᠢᠨ ᠨᠣᠭᠤᠭ᠎ᠠ ᠶᠢᠨ ᠬᠤᠷᠰᠢᠶ᠎ᠠ 2009 ᠣᠨ ᠳᠤ ᠪᠠᠶᠢᠭᠤᠯᠤᠭᠳᠠᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠣᠯᠤᠨ ᠳᠤᠮᠳᠠᠳᠤ ᠶᠢᠨ ᠪᠦᠬᠦ | ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠲᠠᠷᠢᠶᠠᠯᠠᠩ ᠤᠨ ᠠᠵᠤ ᠦᠶᠯᠡᠰᠵᠢᠯᠲᠡ ᠶᠢᠨ | ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠤᠨ ᠬᠥᠭᠵᠢᠵᠦ᠂ ᠣᠳᠣᠬᠠᠨ ᠳᠤ ᠬᠥᠳᠡᠭᠡ ᠶᠢᠨ ᠢᠳᠡᠰᠢᠨ | ᠨᠣᠭᠤᠭ᠎ᠠ ᠶᠢᠨ ᠬᠤᠷᠰᠢᠶ᠎ᠠ ᠨᠢᠭᠡᠨᠲᠡ 60 ᠭᠠᠷᠤᠶ ᠬᠤᠷᠰᠢᠶ᠎ᠠ ᠲᠠᠢ ᠬᠤᠯᠪᠤᠭᠠᠯᠠᠵᠤ᠂ ᠤᠳᠤ ᠬᠤᠷᠰᠢᠶ᠎ᠠ ᠶᠢᠨ | ᠭᠡᠰᠢᠭᠦᠨ 1186 ᠡᠷᠦᠬᠡ ᠪᠠᠶᠢᠵᠤ᠂ ᠡᠭᠦᠨ ᠳᠤ᠂ ᠡᠩ ᠤᠨ ᠲᠠᠷᠢᠶᠠᠯᠠᠬᠤ ᠮᠠᠯᠵᠢᠬᠤ ᠡᠷᠦᠬᠡ 506 ᠡᠷᠦᠬᠡ᠂ | ᠶᠠᠳᠠᠭᠤ ᠠᠴᠠ ᠠᠩᠭᠢᠵᠢᠷᠠᠬᠤ ᠡᠷᠦᠬᠡ 578 ᠡᠷᠦᠬᠡ ᠪᠠᠶᠢᠨ᠎ᠠ᠃ ᠬᠤᠷᠰᠢᠶ᠎ᠠ ᠡᠯ᠎ᠡ ᠲᠥᠷᠥᠯ ᠤᠨ ᠢᠳᠡᠰᠢᠨ | ᠨᠣᠭᠤᠭ᠎ᠠ ᠲᠠᠷᠢᠬᠤ ᠰᠠᠭᠤᠷᠢᠨ ᠭᠠᠵᠠᠷ ᠢ 46 ᠳᠠᠶᠢᠴᠢᠯᠠᠵᠤ᠂ ᠶᠡᠷᠦᠩᠬᠡᠶ ᠲᠠᠯᠠᠪᠠᠢ 20 ᠲᠦᠮᠡᠨ ᠮᠦ ᠳᠤ ᠬᠦᠷᠴᠦ᠂ | ᠡᠭᠦᠨ ᠳᠤ 10 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠵᠠᠬᠢᠶᠠᠯᠠᠭ᠎ᠠ ᠶᠢ ᠬᠤᠷᠢᠶᠠᠨ ᠠᠪᠬᠤ | ᠠᠷᠭ᠎ᠠ ᠮᠠᠶ᠋ᠢᠭ ᠢᠶᠠᠷ ᠳᠠᠮᠵᠢᠭᠤᠯᠤᠨ 2000 ᠭᠠᠷᠤᠶ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠪᠠ᠃ ᠤᠶᠢᠷ᠎ᠠ | ᠶᠢᠨ ᠵᠢᠯ ᠳᠤ᠂ ᠺᠠᠶᠢᠯᠦ ᠰᠢᠶᠠᠨ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠲᠠᠷᠢᠶᠠᠯᠠᠩ ᠤᠨ ᠠᠵᠤ | ᠦᠶᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ | 300 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ ᠨᠢᠰᠬᠡᠯ ᠤᠨ ᠪᠠᠭᠤᠳᠠᠯ ᠤᠨ ᠲᠣᠰᠬᠤᠨ ᠤ ᠮᠢᠩᠭᠠᠨ ᠮᠦ | ᠢᠳᠡᠰᠢᠨ ᠨᠣᠭᠤᠭ᠎ᠠ ᠲᠠᠷᠢᠬᠤ ᠪᠠᠷᠢᠮᠵᠢᠶ᠎ᠠ ᠶᠢᠨ ᠵᠢᠱᠢᠶ᠎ᠡ ᠦᠵᠡᠭᠦᠯᠬᠦ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢ | ᠭᠤᠣᠯᠳᠠᠯᠭ᠎ᠠ ᠲᠠᠢ ᠪᠠᠶᠢᠭᠤᠯᠵᠤ᠂ ᠢᠳᠡᠰᠢᠨ ᠨᠣᠭᠤᠭ᠎ᠠ ᠶᠢ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠣᠭᠤᠭ᠎ᠠ ᠶᠢᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠴᠡᠭ | ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠪᠠ᠃ ᠬᠦᠳᠡᠭᠡ ᠶᠢᠨ ᠢᠳᠡᠰᠢᠨ | ᠨᠣᠭᠤᠭ᠎ᠠ ᠬᠤᠳᠠᠯᠳᠤᠨ ᠠᠪᠬᠤ ᠪᠣᠷᠣᠯᠠᠭᠤᠯᠬᠤ ᠲᠤᠰᠬᠠᠶ ᠬᠤᠷᠰᠢᠶ᠎ᠠ ︽ᠬᠤᠷᠰᠢᠶ᠎ᠠ + ᠶᠠᠳᠠᠭᠤ ᠬᠦᠴᠢᠷᠳᠡᠯᠲᠡᠶ | ᠡᠷᠦᠬᠡ︾ ᠶᠢᠨ ᠵᠠᠭᠪᠤᠷ ᠢ ᠠᠪᠴᠤ᠂ ᠬᠦᠷᠢᠶ᠎ᠡ ᠬᠠᠰᠢᠶ᠎ᠠ ᠳᠤ ᠢᠳᠡᠰᠢᠨ ᠨᠣᠭᠤᠭ᠎ᠠ ᠲᠠᠷᠢᠬᠤ ᠶᠠᠳᠠᠭᠤ ᠬᠦᠴᠢᠷᠳᠡᠯᠲᠡᠶ | ᠡᠷᠦᠬᠡ ᠪᠣᠯᠤᠨ ᠡᠩ ᠤᠨ ᠡᠷᠦᠬᠡ ᠳᠤ ᠦᠷ᠎ᠡ᠂ ᠴᠢᠬᠢ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠳᠤ ᠬᠡᠷᠡᠭᠯᠡᠬᠦ | ᠡᠳ᠋ ᠪᠣᠳᠠᠰ ᠢ ᠲᠥᠯᠥᠪᠦᠷᠢ ᠦᠭᠡᠶ ᠪᠠᠷ ᠬᠠᠩᠭᠠᠵᠤ᠂ ᠪᠦᠬᠦ ᠶᠠᠪᠤᠴᠠ ᠳᠤ ᠮᠡᠷᠭᠡᠵᠢᠯ ᠤᠨ ᠦᠶᠯᠡᠴᠢᠯᠡᠭᠡ ᠪᠣᠯᠤᠨ | ᠬᠠᠮᠠᠭᠠᠯᠠᠯᠲᠠ ᠶᠢᠨ ᠦᠨ᠎ᠡ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠬᠤᠷᠢᠶᠠᠨ ᠠᠪᠴᠤ᠂ ᠣᠷᠣᠭᠤᠯᠤᠯᠲᠠ ᠠᠶᠤᠯ | ᠲᠦᠭᠰᠢᠭᠦᠷᠢ ᠦᠭᠡᠢ᠂ ᠠᠰᠢᠭ ᠣᠷᠣᠯᠭ᠎ᠠ ᠪᠠᠲᠤᠯᠠᠭ᠎ᠠ ᠲᠠᠢ ᠪᠠᠶᠢᠬᠤ ᠶᠢ ᠪᠠᠲᠤᠯᠠᠵᠤ᠂ ᠮᠦ ᠪᠦᠷᠢ ᠶᠢᠨ ᠳᠤᠮᠳᠠᠴᠢ | ᠴᠡᠪᠡᠷ ᠣᠷᠣᠯᠭ᠎ᠠ ᠠᠳᠠᠭ ᠪᠠᠭ᠎ᠠ ᠳᠠᠭᠠᠨ 5000 ᠲᠥᠭᠦᠷᠢᠭ ᠠᠴᠠ ᠳᠡᠭᠡᠭᠰᠢ ᠪᠠᠶᠢᠵᠤ᠂ ᠡᠷᠦᠬᠡ ᠪᠦᠷᠢ ᠶᠢᠨ | ᠳᠤᠮᠳᠠᠴᠢ ᠵᠢᠯ ᠤᠨ ᠴᠡᠪᠡᠷ ᠣᠷᠣᠯᠭ᠎ᠠ 10000 ᠲᠥᠭᠦᠷᠢᠭ ᠠᠴᠠ ᠳᠡᠭᠡᠭᠰᠢ ᠪᠠᠶᠢᠵᠤ᠂ ᠲᠣᠰᠬᠤᠨ ᠤ ᠬᠠᠮᠲᠤ | ᠨᠡᠶᠢᠲᠡ ᠬᠦᠯᠡᠮᠵᠢ ᠲᠦᠷᠢᠶᠡᠰᠦᠯᠡᠬᠦ ᠪᠠᠷ ᠳᠠᠮᠵᠢᠨ᠂ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ 10 | ᠲᠦᠮᠡᠨ ᠲᠥᠭᠦᠷᠢᠭ ᠰᠢᠬᠠᠮ ᠬᠦᠷᠦᠨ᠎ᠡ᠃ ᠺᠠᠶᠢᠯᠦ ᠰᠢᠶᠠᠨ ᠤ ᠢᠳᠡᠰᠢᠨ ᠨᠣᠭᠤᠭ᠎ᠠ ᠶᠢᠨ ᠠᠵᠤ ᠦᠶᠯᠡᠰ ᠣᠳᠣ | ᠨᠢᠭᠡᠨᠲᠡ ᠪᠦᠷᠢᠨ ᠪᠦᠲᠦᠨ ︽ᠦᠶᠯᠡᠳᠪᠦᠷᠢᠯᠡᠯ ᠬᠠᠩᠭᠠᠯᠭ᠎ᠠ︾ ᠶᠢ ᠨᠢᠭᠡ ᠴᠣᠭᠴᠠᠵᠢᠭᠤᠯᠬᠤ ᠬᠡᠯᠬᠢᠶ᠎ᠡ ᠪᠣᠯᠤᠨ | ᠪᠦᠷᠢᠯᠳᠦᠵᠤ᠂ ᠦᠢᠯᠡᠳᠬᠦᠨ ᠨᠢ ᠪᠡᠭᠡᠵᠢᠩ᠂ ᠱᠠᠩᠬᠠᠶ᠂ ᠭᠤᠸᠠᠩᠳᠦ᠋ᠩ ᠵᠡᠷᠭᠡ ᠶᠡᠭᠡ ᠳᠤᠮᠳᠠ ᠬᠤᠲᠠ ᠳᠤ ᠬᠤᠯᠠ | ᠪᠣᠷᠣᠯᠠᠭᠤᠯᠵᠤ᠂ ᠵᠢᠯ ᠳᠤ 5000 ᠲᠦᠮᠡᠨ ᠺᠢᠯᠣᠭ᠍ᠷᠠᠮ ᠠᠴᠠ ᠳᠡᠭᠡᠭᠰᠢ ᠢᠳᠡᠰᠢᠨ ᠨᠣᠭᠤᠭ᠎ᠠ᠂ 3000 ᠲᠦᠮᠡᠨ | ᠲᠦᠭᠦᠷᠢᠭ ᠰᠢᠬᠠᠮ ᠪᠤᠷᠤᠯᠠᠭᠤᠯᠪᠠ᠃ | ᠣᠨᠴᠠᠯᠢᠭᠲᠤ ᠠᠵᠤ ᠦᠶᠯᠡᠰ ᠤᠨ ᠲᠣᠭᠤᠷᠢᠨ ᠳᠤ ᠬᠦᠷᠢᠶᠡᠨ ᠤ ᠠᠵᠤ ᠠᠬᠤᠶ ᠶᠢ ᠠᠳᠬᠤᠵᠤ᠂ ᠨᠡᠶᠢᠲᠡᠯᠢᠭ | ᠵᠢᠱᠢᠶ᠎ᠡ ᠦᠵᠡᠭᠦᠯᠵᠤ ᠳᠠᠶᠢᠴᠢᠯᠠᠬᠤ ᠶᠢ ᠳᠣᠪᠤᠶᠢᠯᠭᠠᠨ᠎ᠠ | ᠠᠮᠢ ᠠᠬᠤᠶ ᠶᠢᠨ ᠰᠡᠯᠡᠭᠦᠴᠡᠯ ᠲᠠᠷᠢᠶᠠᠯᠠᠩ ᠪᠠ ᠵᠢᠭᠤᠯᠴᠢᠯᠠᠯ ᠲᠠᠷᠢᠶᠠᠯᠠᠩ ᠢ ᠬᠥᠭᠵᠢᠭᠦᠯᠦᠨ᠎ᠡ᠃ ᠲᠣᠰᠬᠤᠨ ᠤ | ᠠᠷᠠᠳ ᠤᠨ ᠬᠦᠷᠢᠶ᠎ᠡ ᠬᠠᠰᠢᠶ᠎ᠠ ᠪᠠᠨ ᠠᠰᠢᠭᠯᠠᠨ ᠬᠤᠪᠢᠰᠬᠠᠯᠲᠤ ᠰᠣᠶᠣᠯ ᠵᠢᠭᠤᠯᠴᠢᠯᠠᠯ ᠤᠨ ᠱᠤᠭᠤᠮ ᠳᠠᠭᠠᠤ | ᠢᠳᠡᠰᠢᠨ ᠨᠣᠭᠤᠭ᠎ᠠ᠂ ᠵᠢᠮᠢᠰ ᠲᠡᠭᠦᠬᠦ ᠬᠦᠷᠢᠶᠡᠯᠡᠩ ᠪᠠᠶᠢᠭᠤᠯᠬᠤ ᠶᠢ ᠵᠣᠷᠢᠭᠵᠢᠭᠤᠯᠬᠤ ᠪᠠᠷ ᠳᠡᠮᠵᠢᠵᠤ᠂ | ᠦᠶᠯᠡᠳᠪᠦᠷᠢᠯᠡᠵᠦ ᠪᠠᠶᠢᠭ᠎ᠠ ᠪᠣᠬᠢᠷᠲᠤᠯ ᠦᠭᠡᠢ ᠢᠳᠡᠰᠢᠨ ᠨᠣᠭᠤᠭ᠎ᠠ᠂ ᠮᠢᠬᠠᠨ ᠤ ᠵᠦᠶᠯ᠂ ᠵᠢᠭᠦᠷᠲᠡᠨ ᠤ ᠥᠨᠳᠡᠭᠡ᠂ | ᠲᠤᠲᠤᠷᠭ᠎ᠠ ᠵᠡᠷᠭᠡ ᠪᠠᠷ ᠳᠠᠮᠵᠢᠭᠤᠯᠤᠨ ᠠᠶᠠᠨᠴᠢᠳ ᠤᠨ ᠬᠥᠳᠡᠭᠡ ᠲᠣᠰᠬᠤᠨ ᠤ ᠠᠮᠢᠳᠤᠷᠠᠯ ᠢ ᠪᠡᠶᠡᠴᠢᠯᠡᠨ ᠲᠤᠭᠤᠯᠬᠤ | ᠬᠡᠷᠡᠭᠴᠡᠭᠡ ᠶᠢ ᠬᠠᠩᠭᠠᠵᠤ᠂ ᠶᠠᠳᠠᠭᠤ ᠬᠦᠴᠢᠷᠳᠡᠯᠲᠡᠶ ᠡᠷᠦᠬᠡ ᠪᠣᠯᠤᠨ ᠲᠠᠷᠢᠶᠠᠯᠠᠬᠤ ᠮᠠᠯᠵᠢᠬᠤ ᠡᠷᠦᠬᠡ ᠶᠢᠨ ᠭᠡᠷ | ᠪᠦᠯᠢ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠣᠳᠣᠬᠠᠨ ᠳᠤ᠂ ᠪᠥᠬᠦ ᠰᠢᠶᠠᠨ ᠢᠶᠠᠷ ᠢᠶᠠᠨ | ᠨᠢᠭᠡᠨᠲᠡ 30 ᠭᠠᠷᠤᠶ ᠢᠳᠡᠰᠢᠨ ᠨᠣᠭᠤᠭ᠎ᠠ᠂ ᠵᠢᠮᠢᠰ ᠲᠡᠭᠦᠬᠦ ᠬᠦᠷᠢᠶᠡᠯᠡᠭ ᠪᠠᠶᠢᠭᠤᠯᠵᠤ᠂ 80 ᠭᠠᠷᠤᠶ ᠲᠠᠷᠢᠶᠠᠴᠢᠨ | ᠠᠶᠢᠯ ᠤᠨ ᠵᠤᠭᠠᠴᠠᠯ ᠢ ᠬᠥᠭᠵᠢᠭᠦᠯᠵᠦ᠂ ᠵᠢᠯ ᠳᠤ 10 ᠲᠦᠮᠡᠨ ᠬᠥᠮᠦᠨ ᠤᠳᠠᠭ᠎ᠠ ᠵᠣᠴᠢᠯᠠᠭᠰᠠᠨ ᠪᠠᠶᠢᠪᠠ᠃ | ᠺᠠᠶᠢᠯᠦ ᠰᠢᠶᠠᠨ ᠤ ᠶᠸᠦ ᠹᠦ᠋ ᠭᠡᠷ ᠤᠨ ᠲᠠᠭᠲᠠᠭ᠎ᠠ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ︽ᠵᠠᠰᠠᠭ ᠤᠨ | ᠣᠷᠳᠣᠨ + ᠬᠤᠷᠰᠢᠶ᠎ᠠ + ᠶᠠᠳᠠᠭᠤ ᠬᠦᠴᠢᠷᠳᠡᠯᠲᠡᠶ ᠡᠷᠦᠬᠡ︾ ᠶᠢᠨ ᠬᠡᠪ ᠵᠠᠭᠪᠤᠷ ᠢ ᠠᠪᠴᠤ᠂ 10 ᠲᠦᠮᠡᠨ | ᠬᠤᠣᠰ ᠢᠳᠡᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠦᠪᠯᠡᠷᠡᠭᠦᠯᠦᠨ | ᠠᠷᠠᠴᠢᠯᠠᠬᠤ ᠠᠴᠠ ᠭᠠᠳᠠᠨ᠎ᠠ᠂ ᠪᠠᠰᠠ 150 ᠶᠠᠳᠠᠭᠤ ᠬᠦᠴᠢᠷᠳᠡᠯᠲᠡᠶ ᠡᠷᠦᠬᠡ ᠳᠤ 20 ᠬᠤᠤᠰ ᠡᠭᠦᠯᠳᠡᠷ ᠤᠨ | ᠲᠠᠭᠲᠠᠭ᠎ᠠ ᠬᠠᠩᠭᠠᠵᠤ᠂ ᠥᠪᠡᠷ ᠤᠨ ᠭᠡᠷ ᠪᠦᠯᠢ ᠶᠢᠨ ᠬᠦᠷᠢᠶᠡᠨ ᠳᠡᠭᠡᠨ ᠲᠠᠷᠠᠬᠠᠶ ᠠᠷᠠᠴᠢᠯᠠᠵᠤ᠂ ᠬᠤᠷᠰᠢᠶ᠎ᠠ ᠠᠴᠠ | ᠲᠡᠵᠢᠭᠡᠨ ᠦᠷᠡᠵᠢᠭᠦᠯᠬᠦ ᠮᠡᠷᠭᠡᠵᠢᠯ ᠬᠠᠩᠭᠠᠬᠤ ᠪᠠ ᠴᠤᠷᠪᠠᠭ᠎ᠠ ᠲᠠᠭᠲᠠᠭ᠎ᠠ ᠶᠢ ᠬᠤᠷᠢᠶᠠᠨ ᠠᠪᠴᠤ᠂ ᠲᠠᠷᠢᠶᠠᠴᠢᠨ | ᠡᠷᠦᠬᠡ ᠵᠢᠯ ᠪᠦᠷᠢ ᠬᠦᠷᠢᠶ᠎ᠡ ᠬᠠᠰᠢᠶ᠎ᠠ ᠪᠠᠷ ᠳᠡᠮᠵᠢᠨ ᠮᠢᠬᠠᠨ ᠲᠠᠭᠲᠠᠭ᠎ᠠ ᠲᠡᠵᠢᠭᠡᠪᠡᠯ 5000 ᠲᠥᠭᠦᠷᠢᠭ ᠤᠨ ᠠᠰᠢᠭ | ᠣᠷᠣᠯᠭ᠎ᠠ ᠣᠯᠵᠤ ᠪᠣᠯᠤᠨ᠎ᠠ︔ ᠬᠤᠷᠰᠢᠶᠠᠨ ᠳᠤ ᠵᠢᠯ ᠪᠦᠷᠢ ᠮᠢᠬᠠᠨ ᠲᠠᠭᠲᠠᠭ᠎ᠠ ᠶᠢᠨ ᠲᠡᠵᠢᠭᠡᠯ ᠪᠣᠷᠳᠤᠭ᠎ᠠ 1800 | ᠲᠣᠨ ᠬᠡᠷᠡᠭᠰᠡᠨ᠎ᠡ᠃ ᠬᠤᠷᠰᠢᠶ᠎ᠠ ᠣᠶᠢᠷ᠎ᠠ ᠬᠠᠪᠢ ᠶᠢᠨ ᠠᠶᠢᠯ ᠲᠣᠰᠬᠤᠨ ᠤ ᠲᠠᠷᠢᠶᠠᠴᠢᠨ ᠡᠷᠦᠬᠡ ᠲᠠᠢ ᠲᠡᠵᠢᠭᠡᠯ | ᠪᠣᠷᠳᠤᠭ᠎ᠠ ᠲᠠᠷᠢᠵᠤ ᠬᠤᠷᠢᠶᠠᠬᠤ ᠭᠡᠷ᠎ᠡ ᠲᠣᠭᠲᠠᠵᠤ᠂ ᠲᠠᠷᠢᠶᠠᠴᠢᠨ ᠡᠷᠦᠬᠡ ᠭᠡᠷ ᠤᠨ ᠬᠦᠷᠢᠶ᠎ᠡ ᠬᠠᠰᠢᠶ᠎ᠠ ᠪᠠᠨ | ᠠᠰᠢᠭᠯᠠᠨ ᠡᠷᠳᠡᠨᠢ ᠰᠢᠰᠢ᠂ ᠰᠢᠰᠢ᠂ ᠨᠣᠭᠤᠭᠠᠨ ᠪᠤᠷᠴᠠᠭ᠂ ᠪᠤᠭᠤᠳᠠᠶ ᠵᠡᠷᠭᠡ ᠢᠳᠡᠰᠢᠨ ᠲᠠᠭᠲᠠᠭ᠎ᠠ ᠶᠢᠨ ᠪᠣᠷᠳᠤᠭ᠎ᠠ | ᠲᠠᠷᠢᠵᠤ᠂ ᠮᠥ ᠪᠦᠷᠢ ᠳᠤ 1000 ᠲᠥᠭᠦᠷᠢᠭ ᠤᠨ ᠠᠰᠢᠭ ᠬᠦᠷᠲᠡᠬᠦ ᠶᠤᠮ᠃ | ︵ᠭᠤᠷᠪᠠ︶ ᠺᠠᠶᠢᠯᠦ ᠰᠢᠶᠠᠨ ᠤ ᠳ᠋ᠦᠩ ᠹᠧᠩ ᠪᠠᠯᠭᠠᠰᠤᠨ ᠤ ᠴᠠᠬᠢᠯᠭᠠᠨ ᠮᠡᠳᠡᠭᠡᠨ ᠤ ᠲᠣᠪᠴᠢᠶᠠᠨ ᠤ | ᠲᠣᠰᠬᠤᠨ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠬᠦᠷᠢᠶᠡᠨ ᠳᠤ ᠠᠮᠲᠠᠲᠤ ᠬᠡᠮᠬᠡ ᠳᠠᠷᠢᠵᠤ᠂ ︽ᠴᠠᠬᠢᠯᠭᠠᠨ | ᠮᠡᠳᠡᠭᠡᠨ ᠤ ᠲᠣᠪᠴᠢᠶ᠎ᠠ ᠶᠢᠨ ᠠᠮᠲᠠᠲᠤ ᠬᠡᠮᠬᠡ ᠲᠦᠢᠯ ᠤᠨ ᠠᠮᠲᠠᠲᠠᠢ︾ ᠭᠡᠵᠤ ᠵᠡᠭᠦᠨ ᠬᠤᠶᠢᠲᠤ ᠶᠢᠨ ᠡᠯ᠎ᠡ | ᠭᠠᠵᠠᠷ ᠲᠤ ᠨᠡᠷ᠎ᠡ ᠳᠤ ᠭᠠᠷᠪᠠ᠃ ᠴᠠᠬᠢᠯᠭᠠᠨ ᠮᠡᠳᠡᠭᠡᠨ ᠤ ᠲᠣᠪᠴᠢᠶᠠᠨ ᠤ ᠲᠣᠰᠬᠤᠨ ᠤ ᠠᠮᠲᠠᠲᠤ ᠬᠡᠮᠬᠡ ᠲᠠᠷᠢᠬᠤ | ᠠᠵᠢᠯ 1998 ᠣᠨ ᠠᠴᠠ ᠡᠬᠢᠯᠡᠵᠤ᠂ ᠲᠤᠷᠰᠢᠨ ᠲᠠᠷᠢᠬᠤ ᠪᠠᠷ ᠳᠠᠮᠵᠢᠨ ᠲᠤᠬᠠᠶ ᠶᠢᠨ ᠵᠢᠯ ᠤᠨ ᠦᠷ᠎ᠡ ᠠᠰᠢᠭ | ᠤᠯᠠᠮᠵᠢᠯᠠᠯᠲᠤ ᠲᠠᠷᠢᠮᠠᠯ ᠠᠴᠠ ᠬᠤᠯᠠ ᠳᠠᠪᠠᠵᠤ᠂ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠳᠣᠤᠷ᠎ᠠ 2000 | ᠣᠨ ᠳᠤ ᠪᠦᠬᠦ ᠲᠣᠰᠬᠤᠨ ᠤ ᠠᠮᠲᠠᠲᠤ ᠬᠡᠮᠬᠡ ᠲᠠᠷᠢᠬᠤ ᠲᠠᠯᠠᠪᠠᠶ 1000 ᠮᠦ ᠠᠴᠠ ᠳᠡᠭᠡᠭᠰᠢ ᠬᠦᠷᠪᠡ᠃ 2008 | ᠣᠨ ᠳᠤ ︽ᠳ᠋ᠦᠩ ᠰᠢᠶᠠᠩ ᠫᠢᠶᠤᠤ︾ ᠲᠠᠸᠠᠷ ᠤᠨ ᠲᠡᠮᠳᠡᠭ ᠢ ᠳᠠᠩᠰᠠᠯᠠᠭᠤᠯᠵᠤ᠂ 2014 ᠣᠨ ᠳᠤ ᠥᠪᠥᠷ | ᠮᠣᠩᠭᠤᠯ ᠤᠨ ᠲᠠᠷᠢᠶᠠᠯᠠᠩ ᠤᠨ ᠲᠢᠩᠬᠢᠮ ᠳᠤ ︽ᠪᠣᠬᠢᠷᠲᠤᠯ ᠬᠦᠨᠦᠭᠡᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ | ᠭᠠᠷᠤᠯᠲᠠ ᠶᠢᠨ ᠣᠷᠣᠨ︾ ᠬᠡᠮᠡᠨ ᠦᠨᠡᠯᠡᠭᠳᠡᠵᠦ᠂ ᠲᠣᠰᠬᠤᠨ ᠤ ᠨᠠᠮ ᠤᠨ ᠡᠭᠦᠷ ︽ᠵᠢᠮᠢᠰ ᠨᠣᠭᠤᠭ᠎ᠠ ᠲᠠᠷᠢᠬᠤ | ᠲᠤᠰᠬᠠᠢ ᠬᠤᠷᠰᠢᠶ᠎ᠠ︾ ᠶᠢ ᠳᠠᠭᠠᠭᠤᠯᠤᠨ ᠡᠷᠬᠢᠯᠡᠵᠤ᠂ ᠲᠠᠷᠢᠶᠠᠴᠢᠳ ᠤᠨ ᠲᠤᠬᠠᠶ ᠶᠢᠨ ᠲᠠᠯᠠᠪᠠᠶ ᠳᠤ | ᠪᠠᠷᠢᠮᠵᠢᠶᠠᠵᠢᠭᠤᠯᠤᠭᠰᠠᠨ ᠲᠠᠷᠢᠮᠠᠯ ᠤᠨ ᠮᠡᠳᠡᠯᠭᠡ ᠶᠢ ᠢᠳᠡᠪᠬᠢᠲᠡᠢ ᠬᠠᠩᠭᠠᠵᠤ᠂ ᠲᠠᠷᠢᠶᠠᠨ ᠭᠠᠵᠠᠷ ᠢ ᠲᠡᠭᠰᠢᠯᠡᠬᠦ᠂ | ᠴᠢᠬᠢ ᠪᠤᠶᠢᠵᠢᠭᠤᠯᠬᠤ᠂ ᠲᠠᠷᠢᠵᠤ ᠪᠤᠶᠢᠵᠢᠭᠤᠯᠬᠤ᠂ ᠲᠡᠭᠦᠬᠦ᠂ ᠡᠳ᠋ᠰᠢᠭᠦᠯᠬᠦ ᠵᠡᠷᠭᠡ ᠭᠤᠭᠴᠤᠭ᠎ᠠ ᠠᠴᠠ ᠭᠡᠰᠢᠭᠦᠳ ᠢ | ᠵᠢᠯᠣᠭᠤᠳᠤᠨ ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ ᠢ ᠬᠡᠷᠡᠭᠵᠢᠭᠦᠯᠬᠦ ᠬᠡᠷᠡᠭᠲᠡᠶ᠃ ᠣᠳᠣᠬᠠᠨ ᠳᠤ ᠲᠤᠰ ︽ | ᠳ᠋ᠦᠩ ᠰᠢᠶᠠᠩ ᠫᠢᠶᠤᠤ︾ ᠬᠡᠮᠬᠡ ᠨᠢ ᠬᠠᠷᠠᠮᠥ᠋ᠷᠡᠨ᠂ ᠯᠢᠶᠣᠤᠨᠢᠩ᠂ ᠭᠢᠷᠢᠨ ᠵᠡᠷᠭᠡ ᠮᠤᠵᠢ ᠬᠤᠲᠠ ᠲᠠᠢ ᠤᠷᠲᠤ | ᠬᠤᠭᠤᠴᠠᠭᠠᠨ ᠤ ᠪᠣᠷᠣᠯᠠᠭᠤᠯᠭ᠎ᠠ ᠶᠢᠨ ᠠᠵᠢᠯ ᠤᠨ ᠬᠠᠷᠢᠴᠠᠭ᠎ᠠ ᠪᠠᠶᠢᠭᠤᠯᠵᠤ᠂ ᠱᠦᠨ ᠹᠧᠩ ᠺᠣᠮᠫᠠᠨᠢ ᠲᠠᠢ | ᠬᠠᠮᠲᠤᠷᠠᠯᠴᠠᠬᠤ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢ ᠬᠠᠶᠢᠨ ᠰᠦᠪᠡᠭᠴᠢᠯᠡᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃ 2017 | ᠣᠨ ᠠᠴᠠ ᠡᠬᠢᠯᠡᠨ ᠣᠯᠠᠨ ᠲᠦᠮᠡᠨ ᠥᠪᠡᠰᠦᠪᠡᠨ ᠬᠠᠪᠤᠷ ᠤᠨ ᠰᠠᠷᠠᠪᠴᠢ ᠪᠠᠶᠢᠭᠤᠯᠵᠤ᠂ ᠬᠠᠪᠤᠷ ᠤᠨ ᠫᠧᠩ ᠤᠨ | ᠠᠮᠲᠠᠲᠤ ᠬᠡᠮᠬᠡ ᠵᠠᠬ᠎ᠠ ᠳᠡᠯᠭᠡᠭᠦᠷ ᠲᠤ ᠡᠷᠲᠡ ᠭᠠᠷᠬᠤ ᠪᠠᠷ ᠳᠠᠪᠠᠭᠤᠯᠢᠭ ᠪᠤᠯᠭᠠᠵᠦ᠂ ᠪᠥᠭᠡᠮ ᠢᠶᠠᠷ ᠬᠤᠳᠠᠯᠳᠤᠬᠤ | ᠦᠨ᠎ᠡ 4 ᠲᠥᠭᠦᠷᠢᠭ ᠠᠴᠠ ᠳᠡᠭᠡᠭᠰᠢ᠂ ᠵᠢᠵᠢᠭᠯᠡᠨ ᠬᠤᠳᠠᠯᠳᠤᠬᠤ ᠦᠨ᠎ᠡ ᠬᠠᠮᠤᠭ ᠥᠨᠳᠥᠷ ᠲᠡᠭᠡᠨ 8 ᠲᠥᠭᠦᠷᠢᠭ \ | ᠵᠢᠩ ᠳᠤ ᠬᠦᠷᠴᠦ᠂ ᠮᠦ ᠪᠦᠷᠢ ᠶᠢᠨ ᠠᠮᠲᠠᠲᠤ ᠬᠡᠮᠬᠡ 4000 ᠵᠢᠩ ᠣᠷᠴᠢᠮ ᠤᠷᠭᠤᠵᠤ᠂ ᠮᠦ ᠪᠦᠷᠢ ᠶᠢᠨ | ᠠᠮᠲᠠᠲᠤ ᠬᠡᠮᠬᠡ ᠶᠢᠨ ᠣᠷᠣᠯᠭ᠎ᠠ 16000 ᠲᠥᠭᠦᠷᠢᠭ ᠣᠷᠴᠢᠮ ᠬᠦᠷᠴᠤ᠂ ᠥᠪᠡᠷ ᠤᠨ ᠥᠷᠲᠡᠭ 4000 | ᠲᠥᠭᠦᠷᠢᠭ ᠢ ᠬᠠᠰᠤᠪᠠᠯ᠂ ᠴᠡᠪᠡᠷ ᠠᠰᠢᠭ ᠬᠤᠨᠵᠢᠪᠣᠷᠢ ᠮᠥ ᠪᠦᠷᠢ 12000 ᠲᠥᠭᠦᠷᠢᠭ ᠣᠷᠴᠢᠮ ᠪᠤᠯᠬᠤ | ᠶᠤᠮ᠃ | ︵ᠳᠥᠷᠪᠡ︶ ᠺᠠᠶᠢᠯᠦ ᠰᠢᠶᠠᠨ ᠤ ᠡᠾᠸᠢ ᠯᠦᠡᠭ ᠪᠠ ᠪᠠᠯᠭᠠᠰᠤ ᠬᠦᠷᠢᠶᠡᠨ ᠳᠤ ᠬᠠᠪᠤᠷ ᠤᠨ ᠰᠠᠷᠠᠪᠴᠢ ᠶᠢᠨ | ᠦᠵᠦᠮ ᠲᠠᠷᠢᠵᠤ ᠪᠤᠢ᠃ ᠡᠾᠸᠢ ᠯᠦᠡᠭ ᠪᠠ ᠪᠠᠯᠭᠠᠰᠤᠨ ᠤ ᠬᠠᠪᠤᠷ ᠤᠨ ᠰᠠᠷᠠᠪᠴᠢ ᠶᠢᠨ ᠦᠵᠦᠮ ᠨᠢᠭᠡᠨᠲᠡ 10 | ᠭᠠᠷᠤᠶ ᠵᠢᠯ ᠤᠨ ᠲᠡᠤᠬᠡ ᠲᠠᠢ ᠪᠤᠯᠵᠣ᠂ ᠪᠦᠬᠦ ᠪᠠᠯᠭᠠᠰᠤᠨ ᠳᠤ ᠣᠳᠣ 119 ᠦᠵᠦᠮ ᠤᠨ ᠬᠠᠪᠤᠷ ᠤᠨ | ᠰᠠᠷᠠᠪᠴᠢ ᠲᠠᠢ ᠪᠠᠶᠢᠵᠤ᠂ ᠮᠦ ᠪᠦᠷᠢ ᠶᠢᠨ ᠳᠤᠮᠳᠠᠴᠢ ᠴᠡᠪᠡᠷ ᠣᠷᠣᠯᠭ᠎ᠠ 1.5 ᠲᠦᠮᠡᠨ ᠲᠥᠭᠦᠷᠢᠭ ᠠᠴᠠ ᠳᠡᠭᠡᠭᠰᠢ | ᠪᠠᠶᠢᠨ᠎ᠠ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠴᠤ ᠲᠡᠳᠬᠦᠬᠦ ᠪᠠᠷ ᠳᠠᠮᠵᠢᠨ᠂ ᠲᠠᠷᠢᠶᠠᠴᠢᠨ ᠡᠷᠦᠬᠡ | ᠪᠡᠶ᠎ᠡ ᠪᠠᠨ ᠳᠠᠭᠠᠭᠠᠨ ᠬᠥᠭᠵᠢᠵᠦ᠂ ᠲᠠᠷᠢᠮᠠᠯ ᠤᠨ ᠮᠡᠷᠭᠡᠵᠢᠯ ᠡᠳᠦᠷ ᠢᠷᠡᠬᠦᠶ᠎ᠡ ᠲᠡᠭᠦᠯᠳᠡᠷᠵᠢᠵᠦ᠂ ᠣᠳᠣᠬᠠᠨ ᠳᠤ | ᠲᠤᠰ ᠪᠠᠯᠭᠠᠰᠤᠨ ᠤ ᠬᠠᠪᠤᠷ ᠤᠨ ᠰᠠᠷᠠᠪᠴᠢ ᠶᠢᠨ ᠦᠵᠦᠮ ᠦᠵᠦᠮ ᠤᠨ ᠲᠠᠷᠢᠮᠠᠯ ᠤᠨ ᠰᠠᠭᠤᠷᠢᠨ ᠭᠠᠵᠠᠷ + | ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ + ᠬᠡᠲᠦ ᠳᠡᠯᠭᠡᠭᠦᠷ + ᠵᠢᠭᠤᠯᠴᠢᠯᠠᠨ ᠲᠡᠭᠦᠬᠦ + ᠢᠨᠲ᠋ᠧᠷ | ᠰᠦᠯᠵᠢᠶ᠎ᠡ ᠶᠢᠨ ᠣᠯᠠᠨ ᠡᠰᠢᠵᠢᠭᠰᠡᠨ ᠪᠣᠷᠣᠯᠠᠭᠤᠯᠭ᠎ᠠ ᠶᠢᠨ ᠬᠡᠯᠪᠡᠷᠢ ᠶᠢ ᠪᠦᠷᠢᠯᠳᠦᠭᠦᠯᠵᠦ᠂ ᠲᠤᠰ ᠭᠠᠵᠠᠷ ᠣᠷᠣᠨ᠂ | ᠡᠷᠭᠢᠨ ᠲᠣᠭᠤᠷᠢᠨ ᠤ ᠭᠠᠵᠠᠷ ᠣᠷᠣᠨ ᠪᠣᠯᠤᠨ ᠵᠡᠭᠦᠨ ᠬᠤᠶᠢᠲᠤ ᠶᠢᠨ ᠭᠤᠷᠪᠠᠨ ᠮᠤᠵᠢ ᠳᠤ ᠵᠢᠵᠢᠭᠯᠡᠨ ᠬᠤᠳᠠᠯᠳᠤᠬᠤ᠂ | ᠪᠥᠭᠡᠮ ᠢᠶᠠᠷ ᠬᠤᠳᠠᠯᠳᠤᠬᠤ ᠰᠠᠭᠤᠷᠢᠨ ᠳᠡᠭᠡᠷ᠎ᠡ᠂ ᠵᠢᠮᠢᠰ ᠨᠢ ᠭᠠᠳᠠᠭᠠᠳᠤ ᠠᠷᠠᠯᠵᠢᠶᠠᠨ ᠤ ᠪᠣᠭᠤᠮᠲᠠ ᠶᠢ | ᠠᠮᠵᠢᠯᠲᠠᠲᠠᠢ ᠳᠠᠪᠠᠨ ᠠᠩᠭᠢᠯᠤᠮ᠎ᠠ ᠦᠨᠦᠷ ᠨᠢ ᠤᠷᠤᠰ ᠲᠤ ᠬᠦᠷᠪᠡ︔ ᠪᠡᠭᠡᠵᠢᠩ᠂ ᠱᠠᠩᠬᠠᠶ ᠵᠡᠷᠭᠡ ᠨᠢᠭᠡᠳᠦᠭᠡᠷ | ᠹᠷᠣᠨᠲ ᠤᠨ ᠬᠤᠲᠠ ᠶᠢᠨ ᠬᠡᠲᠦ ᠳᠡᠯᠭᠡᠭᠦᠷ ᠲᠠᠢ ᠬᠠᠮᠲᠤᠷᠠᠨ ᠪᠤᠷᠤᠯᠠᠭᠤᠯᠬᠤ ᠬᠠᠷᠢᠴᠠᠭ᠎ᠠ ᠪᠠᠶᠢᠭᠤᠯᠵᠤ᠂ ᠵᠢᠮᠢᠰ ᠤᠨ | ᠨᠡᠷ᠎ᠡ ᠪᠠ ᠲᠦᠷᠦᠯ ᠲᠡᠮᠳᠡᠭᠲᠦ ᠶᠢᠨ ᠠᠯᠳᠠᠷᠰᠢᠯ ᠲᠠᠰᠤᠷᠠᠯᠲᠠ ᠦᠭᠡᠢ ᠳᠡᠭᠡᠭᠰᠢᠯᠡᠵᠦ᠂ ᠰᠦᠯᠵᠢᠶᠡᠨ ᠳᠡᠭᠡᠷ᠎ᠡ | ᠠᠮᠵᠢᠯᠲᠠ ᠲᠠᠢ ᠲᠤᠷᠰᠢᠨ ᠪᠣᠷᠣᠯᠠᠭᠤᠯᠵᠤ᠂ ᠦᠵᠦᠮ ᠤᠨ ᠵᠢᠮᠢᠰ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ | ᠵᠢᠵᠢᠭᠯᠡᠨ ᠬᠤᠳᠠᠯᠳᠤᠬᠤ ᠦᠨ᠎ᠡ 15 ᠲᠥᠭᠦᠷᠢᠭ \ ᠵᠢᠩ ᠬᠦᠷᠴᠡᠶ᠃ ᠭᠤᠷᠪᠠ᠂ ᠣᠷᠣᠯᠭ᠎ᠠ ᠶᠢᠨ ᠨᠡᠮᠡᠭᠳᠡᠯ ᠲᠠᠢ | ᠤᠶᠠᠯᠳᠤᠭᠤᠯᠤᠨ ᠬᠦᠷᠢᠶᠡᠨ ᠤ ᠠᠵᠤ ᠠᠬᠤᠶ ᠶᠢ ᠠᠳᠬᠤᠵᠤ᠂ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠳᠤᠪᠤᠶᠢᠯᠭᠠᠵᠤ᠂ ᠺᠠᠶᠢᠯᠦ ᠰᠢᠶᠠᠨ ᠬᠦᠷᠢᠶᠡᠨ ᠤ ᠠᠵᠤ ᠠᠬᠤᠶ ᠶᠢ ᠬᠦᠭᠵᠢᠭᠦᠯᠬᠦ ᠶᠢ ᠶᠠᠳᠠᠭᠤ ᠠᠴᠠ | ᠠᠩᠭᠢᠵᠢᠷᠠᠭᠤᠯᠤᠨ ᠪᠠᠶᠠᠵᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠤ ᠪᠥᠲᠥᠭᠡᠨ | ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠭᠠᠵᠤ᠂ ︽ᠲᠦᠩᠯᠢᠶᠣᠤ ᠬᠤᠲᠠ ᠶᠢᠨ 2019 ᠣᠨ ᠤ ᠠᠵᠤ | ᠦᠶᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠪᠠᠷ ᠬᠦᠷᠢᠶᠡᠨ ᠤ ᠠᠵᠤ ᠠᠬᠤᠶ ᠶᠢ ᠬᠥᠭᠵᠢᠭᠦᠯᠬᠦ ︿ | ᠵᠢᠷᠭᠤᠭᠠᠨ ᠨᠢᠭᠡ﹀ ᠶᠢᠨ ᠲᠥᠷᠥᠯ ᠵᠦᠶᠯ ᠤᠨ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ᠺᠠᠶᠢᠯᠦ | ᠰᠢᠶᠠᠨ ᠤ 2019 ᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠨ ᠤ ᠠᠵᠤ ᠠᠬᠤᠶ ᠶᠢᠨ ︿3 + | X﹀ ᠤᠨ ᠬᠡᠷᠡᠭᠵᠢᠭᠦᠯᠬᠦ ᠲᠥᠰᠦᠯ ᠢ ᠪᠠᠬᠢᠵᠢᠭᠦᠯᠦᠨ ᠳᠡᠭᠡᠭᠰᠢᠯᠡᠭᠦᠯᠬᠦ︾ ᠶᠢ ᠲᠣᠭᠲᠠᠭᠠᠵᠤ᠂ ︽3︾ ᠭᠡᠳᠡᠭ ᠨᠢ | ᠬᠦᠷᠢᠶ᠎ᠡ ᠬᠠᠰᠢᠶ᠎ᠠ ᠶᠢᠨ ᠠᠵᠤ ᠠᠬᠤᠶ᠂ ᠵᠡᠭᠡᠯᠢ ᠭᠤᠳᠤᠮᠵᠢ ᠶᠢᠨ ᠠᠵᠤ ᠠᠬᠤᠶ᠂ ᠭᠡᠷ ᠪᠠᠶᠢᠰᠢᠩ ᠤᠨ ᠡᠮᠦᠨ᠎ᠡ | ᠬᠤᠶᠢᠨᠠᠬᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠦᠢᠯ ᠢᠶᠠᠷ ᠳᠠᠮᠵᠢᠨ᠂ | ᠳᠠᠩᠰᠠᠯᠠᠵᠤ ᠺᠠᠷᠲᠯᠠᠭᠰᠠᠨ ᠡᠷᠦᠬᠡ ᠶᠢᠨ ᠬᠦᠷᠢᠶᠡᠨ ᠤ ᠲᠠᠷᠢᠮᠠᠯ ᠤᠨ ᠪᠣᠳᠠᠲᠤ ᠬᠡᠷᠡᠭᠴᠡᠭᠡ ᠪᠠ ᠪᠡᠶᠡᠯᠡᠭᠦᠯᠦᠭᠰᠡᠨ | ᠪᠠᠶᠢᠳᠠᠯ ᠢ ᠦᠨᠳᠦᠰᠦᠯᠡᠨ᠂ ᠲᠤᠰ ᠲᠤᠰ 400 — 1000 ᠲᠥᠭᠦᠷᠢᠭ ᠤᠨ ᠱᠠᠩᠨᠠᠯ ᠨᠥᠬᠦᠪᠥᠷᠢ ᠤᠯᠭᠤᠨ᠎ᠠ᠃ | ︽X︾ ᠨᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠰᠠᠬᠢᠨ ᠬᠠᠮᠠᠭᠠᠯᠠᠭᠴᠢ᠂ ᠲᠥᠷᠥ ᠶᠢᠨ ᠪᠣᠳᠣᠯᠭ᠎ᠠ ᠶᠢᠨ | ᠤᠬᠠᠭᠤᠯᠤᠭᠴᠢ᠂ ᠠᠮᠤᠷ ᠢ ᠬᠠᠮᠠᠭᠠᠯᠠᠬᠤ ᠬᠠᠮᠢᠶᠠᠷᠠᠭᠴᠢ᠂ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠭᠴᠢ᠂ ᠭᠠᠯ ᠢ | ᠰᠡᠷᠭᠡᠶᠢᠯᠡᠬᠦ ᠠᠮᠤᠷ ᠲᠦᠪᠰᠢᠨ ᠤ ᠠᠵᠢᠯᠲᠠᠨ᠂ ᠵᠥᠷᠢᠴᠡᠯ ᠡᠶᠡᠳᠡᠭᠦᠯᠦᠭᠴᠢ᠂ ᠣᠶ ᠮᠣᠳᠣ ᠬᠠᠮᠢᠶᠠᠷᠴᠤ ᠠᠷᠠᠴᠢᠯᠠᠨ | ᠬᠠᠮᠠᠭᠠᠯᠠᠭᠴᠢ ᠵᠡᠷᠭᠡ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠬᠥᠳᠡᠯᠮᠦᠷᠢᠯᠡᠬᠦ | ᠴᠢᠳᠠᠪᠤᠷᠢ ᠲᠠᠢ᠂ ᠠᠵᠢᠯ ᠣᠯᠬᠤ ᠬᠦᠰᠡᠯ ᠲᠠᠢ ᠬᠥᠮᠦᠨ ᠠᠮᠠ ᠳᠤ ᠴᠢᠭᠯᠡᠭᠦᠯᠦᠨ᠂ ᠰᠠᠷ᠎ᠠ ᠶᠢᠨ ᠴᠠᠯᠢᠩ ᠬᠠᠮᠤᠭ | ᠥᠨᠳᠥᠷ ᠲᠡᠭᠡᠨ 400 ᠲᠥᠭᠦᠷᠢᠭ᠂ ᠬᠤᠪᠢ ᠥᠭᠬᠦ ᠨᠠᠷᠢᠨ ᠳᠦᠷᠢᠮ ᠶᠣᠰᠣᠭᠠᠷ᠂ ᠰᠠᠷ᠎ᠠ ᠪᠦᠷᠢ ᠲᠣᠰᠬᠤᠨ ᠳᠤ | ᠰᠠᠭᠤᠭ᠎ᠠ ᠠᠵᠢᠯᠯᠠᠬᠤ ᠠᠩᠭᠢ᠂ ᠲᠣᠰᠬᠤᠨ ᠤ ᠬᠤᠶᠠᠷ ᠵᠥᠪᠯᠡᠯ ᠤᠨ ᠪᠠᠭ᠂ ᠳᠠᠭᠠᠭᠠᠴᠢᠯᠠᠨ ᠬᠤᠯᠪᠤᠭᠠᠯᠠᠬᠤ ᠺᠠᠳ᠋ᠷ | ᠬᠠᠮᠲᠤᠪᠠᠷ ᠬᠤᠪᠢ ᠥᠭᠴᠦ᠂ ᠨᠢᠭᠡ ᠤᠯᠠᠷᠢᠯ ᠪᠤᠶᠤ ᠨᠢᠭᠡ ᠰᠠᠷ᠎ᠠ ᠳᠤ ᠨᠢᠭᠡ ᠤᠳᠠᠭ᠎ᠠ ᠪᠡᠯᠡᠨ ᠵᠣᠭᠤᠰ ᠪᠣᠯᠭᠠᠨ᠎ᠠ᠃ | ᠺᠠᠶᠢᠯᠦ ᠰᠢᠶᠠᠨ ᠤ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠨᠢ ᠨᠢᠭᠡ ᠲᠣᠰᠬᠤᠨ ᠨᠢᠭᠡ ᠡᠷᠦᠬᠡ ᠶᠢ | ᠬᠠᠶᠠᠭᠳᠠᠭᠤᠯᠤᠯ ᠦᠭᠡᠢ᠂ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠮᠦᠷᠢ ᠬᠦᠴᠦᠨ ᠤ ᠪᠠᠶᠢᠳᠠᠯ ᠪᠣᠯᠤᠨ ᠬᠤᠪᠢ | ᠬᠥᠮᠦᠨ ᠤ ᠬᠦᠰᠡᠯ ᠰᠠᠨᠠᠭ᠎ᠠ ᠶᠢ ᠦᠵᠡᠵᠦ ᠪᠠᠶᠢᠭᠠᠳ ᠪᠡᠶ᠎ᠡ ᠶᠢ ᠨᠢ ᠬᠡᠮᠵᠢᠵᠦ ᠬᠤᠪᠴᠠᠰᠤ ᠡᠰᠬᠡᠵᠦ᠂ ᠲᠡᠭᠦᠨ ᠤ ︿3 | + X﹀ ᠶᠢ ᠬᠦᠭᠵᠢᠭᠦᠯᠬᠦ ᠶᠢ ᠲᠡᠳᠭᠦᠨ᠎ᠡ᠃ ᠪᠦᠬᠦ ᠰᠢᠶᠠᠨ ᠤ 54 ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠲᠣᠰᠬᠤᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠺᠠᠳ᠋ᠷ | ᠬᠠᠷᠢᠭᠤᠴᠠᠵᠤ᠂ ᠪᠦᠬᠦ᠋ᠢᠯᠡ ᠲᠣᠰᠬᠤᠨ ᠢᠶᠠᠷ ᠨᠢ ᠠᠬᠢᠭᠤᠯᠤᠨ᠎ᠠ︔ ᠪᠤᠰᠤᠳ ᠭᠠᠴᠠᠭ᠎ᠠ ᠲᠣᠰᠬᠤᠨ ᠲᠣᠰᠬᠤᠨ | ᠪᠠᠯᠭᠠᠰᠤ ᠶᠢ ᠳᠠᠭᠠᠭᠠᠴᠢᠯᠠᠭᠰᠠᠨ ᠺᠠᠳ᠋ᠷ ᠪᠠ ᠬᠠᠪᠰᠤᠷᠤᠨ ᠲᠡᠳᠬᠦᠬᠦ ᠺᠠᠳ᠋ᠷ ᠬᠠᠷᠢᠭᠤᠴᠠᠵᠤ᠂ ᠨᠢᠭᠡ ᠨᠢ ᠨᠢᠭᠡ ᠶᠢ | ᠬᠠᠷᠢᠭᠤᠴᠠᠵᠤ ᠭᠡᠷ ᠲᠤᠨᠢ ᠬᠦᠷᠴᠦ ᠵᠢᠯᠣᠭᠤᠳᠴᠤ᠂ ᠮᠡᠷᠭᠡᠵᠢᠯ ᠳᠡᠯᠭᠡᠷᠡᠭᠦᠯᠬᠦ᠂ ᠡᠭᠦᠯᠳᠡᠷ ᠣᠷᠣᠭᠤᠯᠬᠤ᠂ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠪᠠ ᠡᠯᠧᠺᠲᠷᠤᠨ | ᠬᠤᠳᠠᠯᠳᠤᠭᠠᠨ ᠤ ᠶᠠᠪᠤᠳᠠᠯ ᠵᠡᠷᠭᠡ ᠦᠶᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠲᠤᠯᠲᠠᠯ᠎ᠠ ᠬᠠᠪᠰᠤᠷᠤᠨ᠎ᠠ᠃ | ᠺᠠᠶᠢᠯᠦ ᠰᠢᠶᠠᠨ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠶᠠᠳᠠᠭᠤ ᠶᠢ ᠲᠡᠳᠬᠦᠬᠦ ᠲᠥᠷᠥᠯ | ᠵᠦᠢᠯ ᠢ ᠳᠠᠶᠢᠴᠢᠯᠠᠬᠤ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠬᠦᠷᠢᠶᠡᠨ ᠤ ᠠᠵᠤ | ᠠᠬᠤᠶ ᠶᠢ ᠬᠥᠭᠵᠢᠭᠦᠯᠬᠦ ᠶᠠᠪᠤᠳᠠᠯ ᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠ ᠠᠶᠢᠯ ᠲᠤᠰᠬᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠬᠦᠷᠢᠶᠡᠨ ᠤ ᠠᠵᠤ ᠠᠬᠤᠶ ᠬᠡᠪᠴᠢᠶᠡᠵᠢᠭᠰᠡᠨ ᠬᠥᠭᠵᠢᠯᠲᠡ | ᠢᠯᠡᠷᠡᠵᠦ᠂ ᠲᠥᠪᠯᠡᠷᠡᠭᠰᠡᠨ᠂ ᠵᠠᠯᠭᠠᠯᠳᠤᠭᠰᠠᠨ᠂ ᠨᠢᠭᠡᠳᠦᠭᠰᠡᠨ ᠬᠦᠷᠢᠶᠡᠨ ᠤ ᠠᠵᠤ ᠠᠬᠤᠶ ᠨᠢᠭᠡᠨᠲᠡ ᠪᠦᠷᠢᠯᠳᠦᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠰᠢᠨ᠎ᠡ | ᠬᠦᠳᠡᠯᠭᠡᠭᠦᠷ ᠪᠣᠯᠪᠠ᠃ ᠳᠠᠷᠠᠭᠠᠴᠢ ᠶᠢᠨ ᠠᠯᠬᠤᠮ ᠤᠨ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢᠨ | ᠶᠠᠪᠤᠴᠠ ᠳᠤ᠂ ᠺᠠᠶᠢᠯᠦ ᠰᠢᠶᠠᠨ ᠦᠷᠭᠦᠯᠵᠢᠯᠡᠨ ᠭᠤᠤᠯᠯᠠᠬᠤ ᠠᠵᠤ ᠦᠶᠯᠡᠰ᠂ ᠤᠨᠴᠠᠯᠢᠬᠳᠤ ᠠᠵᠤ ᠦᠶᠯᠡᠰ ᠤᠨ | ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠬᠦᠷᠢᠶᠡᠨ ᠤ ᠠᠵᠤ ᠠᠬᠤᠶ ᠶᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠳᠤᠳᠬᠠᠭᠤᠷ | ᠪᠣᠯᠭᠠᠪᠠ᠃ | | |