ᠺᠠᠶᠢᠯᠦ ᠰᠢᠶᠠᠨ ︽ᠲᠦᠷᠪᠡ ᠶᠢ ᠣᠷᠣᠭᠤᠯᠵᠤ ᠲᠦᠷᠪᠡ ᠶᠢ ᠡᠵᠡᠮᠳᠡᠬᠦ︾ ᠪᠠᠷ ᠤᠳᠤ ᠦᠶ᠎ᠡ ᠶᠢᠨ ᠲᠠᠷᠢᠶᠠᠯᠠᠩ ᠤᠨ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020-06-30
     ᠺᠠᠶᠢᠯᠦ ᠰᠢᠶᠠᠨ ︽ᠲᠦᠷᠪᠡ ᠶᠢ ᠣᠷᠣᠭᠤᠯᠵᠤ ᠲᠦᠷᠪᠡ ᠶᠢ ᠡᠵᠡᠮᠳᠡᠬᠦ︾ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠤ᠂ ᠤᠳᠤ ᠦᠶ᠎ᠡ ᠶᠢᠨ ᠲᠠᠷᠢᠶᠠᠯᠠᠩ ᠤᠨ ︽ᠣᠷᠣᠭᠤᠯᠤᠯᠲᠠ ᠪᠠᠭ᠎ᠠ᠂ ᠭᠠᠷᠤᠯᠲᠠ ᠶᠡᠭᠡ᠂ ᠶᠠᠰᠤ ᠴᠢᠨᠠᠷ ᠠᠮᠤᠷ ᠲᠦᠪᠰᠢᠨ᠂ ᠣᠷᠴᠢᠨ ᠠᠬᠤᠶ ᠨᠥᠬᠦᠷᠰᠡᠭ︾ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠪᠠ᠃      ᠨᠢᠭᠡ ᠳᠤ᠂ ᠭᠠᠵᠠᠷ ᠤᠨ ᠬᠦᠴᠦᠨ ᠤ ᠳᠡᠭᠡᠭᠰᠢᠯᠡᠯᠲᠡ ᠶᠢ ᠠᠬᠢᠭᠤᠯᠵᠤ ᠪᠣᠷᠳᠣᠭᠤᠷ ᠢ ᠡᠵᠡᠮᠳᠡᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠯᠭᠤᠷ ᠡᠵᠡᠮᠳᠡᠵᠤ ᠲᠠᠯᠪᠢᠬᠤ᠂ ᠤᠰᠤᠨ ᠳᠤ ᠠᠭᠤᠰᠬᠤ ᠴᠢᠨᠠᠷ ᠵᠡᠷᠭᠡ ᠰᠢᠨ᠎ᠡ ᠬᠡᠯᠪᠡᠷᠢ ᠶᠢᠨ ᠪᠣᠷᠳᠣᠭᠤᠷ ᠢ ᠢᠳᠡᠪᠬᠢᠲᠡᠶ ᠪᠠᠷ ᠳᠡᠯᠭᠡᠷᠡᠭᠦᠯᠵᠦ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ᠂ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠢᠷᠡᠯ ᠢ ᠲᠠᠷᠢᠶᠠᠨ ᠳᠤ ᠣᠷᠣᠭᠤᠯᠬᠤ ᠪᠠ ᠭᠠᠩ ᠲᠠᠢ ᠲᠡᠮᠡᠴᠡᠵᠦ ᠤᠰᠤ ᠬᠠᠮᠠᠭᠠᠯᠠᠬᠤ ᠡᠳ᠋ ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠬᠥᠷᠥᠰᠥ ᠰᠢᠷᠣᠶ ᠶᠢ ᠹᠢᠽᠢᠺ ᠬᠢᠮᠢ ᠶᠢᠨ ᠰᠢᠨᠵᠢ ᠪᠠᠶᠢᠳᠠᠯ ᠢ ᠰᠠᠶᠢᠵᠢᠷᠠᠭᠤᠯᠵᠤ᠂ ᠤᠰᠤ ᠬᠤᠷᠠᠮᠳᠤᠭᠤᠯᠤᠨ ᠴᠢᠭᠢᠭ ᠢ ᠬᠠᠮᠠᠭᠠᠯᠠᠵᠤ ᠭᠠᠩ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠵᠦᠶᠯ ᠤᠨ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠶᠢᠨ ᠬᠠᠮᠲᠤ᠂ ᠮᠥ ᠪᠦᠷᠢ ᠪᠣᠷᠲᠣᠭᠤᠷ 40% ᠠᠷᠪᠢᠯᠠᠬᠤ ᠶᠢ ᠪᠡᠶᠡᠯᠡᠭᠦᠯᠪᠡ᠃      ᠬᠤᠶᠠᠷ ᠲᠤ᠂ ᠨᠢᠭᠡᠳᠦᠯᠲᠡᠶ ᠰᠡᠷᠭᠡᠶᠢᠯᠡᠵᠦ ᠨᠣᠶᠠᠷᠬᠠᠬᠤ ᠶᠢ ᠠᠬᠢᠭᠤᠯᠵᠤ ᠡᠮ ᠤᠨ ᠵᠦᠶᠯ ᠢ ᠡᠵᠡᠮᠳᠡᠨ ᠬᠤᠤᠷ ᠬᠥᠨᠥᠭᠡᠯ ᠢ ᠪᠠᠭᠠᠰᠬᠠᠬᠤ ᠶᠢ ᠪᠡᠶᠡᠯᠡᠭᠦᠯᠦᠨ᠎ᠡ᠃ ᠲᠥᠪᠯᠡᠷᠡᠭᠦᠯᠦᠨ ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠪᠥᠬᠦ ᠶᠠᠪᠤᠴᠠ ᠶᠢ ᠨᠡᠶᠢᠭᠡᠮᠴᠢᠯᠡᠨ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠲᠠᠷᠢᠶᠠᠨ ᠡᠮ᠂ ᠡᠪᠡᠰᠦ ᠠᠷᠢᠯᠭᠠᠭᠴᠢ ᠡᠮ ᠬᠠᠪᠰᠤᠷᠤᠭᠴᠢ ᠡᠳ᠋᠂ ᠥᠨᠳᠥᠷ ᠦᠷ᠎ᠡ ᠠᠰᠢᠭᠲᠤ ᠡᠮ ᠤᠨ ᠪᠠᠭᠠᠵᠢ ᠬᠡᠷᠡᠭᠰᠡᠯ ᠤᠨ ᠣᠶᠤᠨᠴᠢ ᠰᠦᠷᠴᠢᠭᠦᠷ ᠢ ᠳᠡᠯᠭᠡᠷᠡᠭᠦᠯᠦᠨ ᠬᠡᠷᠡᠭᠯᠡᠵᠦ᠂ ᠡᠮ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠬᠤᠶᠠᠷ ᠵᠦᠶᠯ ᠤᠨ ᠠᠷᠭ᠎ᠠ ᠬᠡᠮᠵᠢᠶ᠎ᠡ ᠶᠢᠨ ᠭᠦᠨᠵᠡᠭᠡᠶ ᠠᠭᠤᠰᠤᠯᠴᠠᠯ ᠨᠢ ᠪᠣᠬᠢᠷᠲᠤᠯ ᠥᠬᠡᠶ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠥ ᠪᠦᠷᠢ ᠡᠮ 40% ᠬᠢᠵᠠᠭᠠᠷᠯᠠᠬᠤ ᠶᠢ ᠪᠡᠶᠡᠯᠡᠭᠦᠯᠪᠡ᠃      ᠭᠤᠷᠪᠠ ᠳᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠠᠬᠢᠭᠤᠯᠵᠤ ᠤᠰᠤ ᠶᠢ ᠡᠵᠡᠮᠳᠡᠨ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠦᠨ᠎ᠡ᠃ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠠᠦ᠋ᠲ᠋ᠣᠴᠢᠯᠠᠭᠰᠠᠨ ᠤᠰᠤᠯᠠᠯᠲᠠ ᠶᠢᠨ ᠰᠢᠰᠲ᠋ᠧᠮ ᠢ ᠶᠡᠬᠡᠪᠡᠷ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠤᠰᠤ ᠪᠣᠷᠳᠣᠭᠤᠷ ᠢ ᠬᠤᠯᠪᠣᠯᠳᠤᠭᠤᠯᠤᠨ ᠠᠰᠢᠭᠯᠠᠬᠤ ᠶᠢ ᠠᠬᠢᠭᠤᠯᠵᠤ᠂ ᠤᠰᠤ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠦ᠂ ᠮᠦ ᠪᠦᠷᠢ ᠤᠰᠤ 420 ᠲᠣᠨ ᠠᠷᠪᠢᠯᠠᠬᠤ᠂ ᠴᠠᠬᠢᠯᠭᠠᠨ 30 ᠭᠷᠠᠳᠦ᠋ᠰ ᠠᠷᠪᠢᠯᠠᠬᠤ ᠶᠢ ᠪᠡᠶᠡᠯᠡᠭᠦᠯᠪᠡ᠃      ᠳᠥᠷᠪᠡ ᠳᠤ᠂ ᠬᠥᠩᠭᠡᠨ ᠠᠪᠰᠠᠷᠬᠠᠨ ᠳᠠᠷᠢᠵᠤ ᠪᠤᠶᠢᠵᠢᠭᠤᠯᠬᠤ ᠶᠢ ᠠᠬᠢᠭᠤᠯᠵᠤ ᠪᠦᠷᠬᠦᠪᠴᠢ ᠶᠢ ᠡᠵᠡᠮᠳᠡᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠰᠢᠨ᠎ᠡ ᠡᠭᠦᠯᠳᠡᠷ ᠰᠢᠨ᠎ᠡ ᠪᠣᠷᠳᠣᠭᠤᠷ ᠰᠢᠯᠢᠬᠦ ᠲᠤᠷᠰᠢᠯᠲᠠ ᠬᠢᠵᠦ᠂ ᠦᠷ᠎ᠡ ᠶᠢᠨ ᠮᠥᠬᠦᠯᠢᠭ ᠢᠶᠠᠷ ᠰᠢᠭᠤᠳ ᠬᠤᠷᠢᠶᠠᠬᠤ ᠳᠤ ᠲᠣᠬᠢᠷᠠᠬᠤ ᠡᠷᠳᠡᠨᠢ ᠰᠢᠰᠢ ᠶᠢᠨ ᠲᠥᠷᠥᠯ ᠵᠦᠶᠯ ᠢ ᠬᠡᠷᠡᠭᠯᠡᠵᠦ᠂ ᠪᠦᠷᠬᠦᠪᠴᠢ ᠦᠭᠡᠶ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ᠂ ᠬᠠᠭᠠᠯᠪᠤᠷᠢᠯᠠᠬᠤ ᠦᠭᠡᠶ ᠪᠠᠷ ᠲᠠᠷᠢᠬᠤ ᠮᠡᠷᠭᠡᠵᠢᠯ᠂ ᠡᠷᠳᠡᠨᠢ ᠰᠢᠰᠢ — ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠲᠠᠷᠢᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠬᠤ᠂ ᠲᠠᠷᠢᠬᠤ᠂ ᠰᠡᠷᠭᠡᠶᠢᠯᠡᠬᠦ᠂ ᠬᠤᠷᠢᠶᠠᠬᠤ ᠪᠦᠬᠦ ᠶᠠᠪᠤᠴᠠ ᠶᠢᠨ ᠮᠠᠰᠢᠨᠴᠢᠯᠠᠯᠲᠠ ᠶᠢ ᠪᠡᠶᠡᠯᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠬᠦᠷᠦᠭᠦᠯᠪᠡ᠃      ︽ᠳᠥᠷᠪᠡ ᠶᠢ ᠣᠷᠣᠭᠤᠯᠵᠤ ᠳᠥᠷᠪᠡ ᠶᠢ ᠡᠵᠡᠮᠳᠡᠬᠦ︾ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠰᠢᠶᠠᠨ ᠤ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠬᠡᠷᠡᠭᠯᠡᠬᠦ ᠬᠡᠮᠵᠢᠶ᠎ᠡ ᠳᠠᠩ ᠨᠡᠮᠡᠭᠳᠡᠯ ᠢ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠣᠯᠤᠨ ᠬᠡᠷᠡᠭᠯᠡᠬᠦ ᠤᠰᠤᠨ ᠤ ᠬᠦᠴᠦᠯᠡᠴᠡ ︽ᠬᠤᠣᠰ ᠡᠵᠡᠮᠳᠡᠯ︾᠂ ᠰᠦᠯᠢᠶᠣᠣ ᠪᠦᠷᠬᠦᠪᠴᠢ ᠶᠢᠨ ᠪᠦᠷᠬᠦᠬᠦ ᠲᠠᠯᠠᠪᠠᠢ ᠪᠠ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠦᠢᠯᠡᠳᠦᠭᠳᠡᠯ ︽ᠬᠤᠣᠰ ᠬᠠᠰᠤᠭᠳᠠᠬᠤ︾ ᠶᠢ ᠪᠡᠶᠡᠯᠡᠭᠦᠯᠦᠨ᠎ᠡ᠃ ᠵᠥᠪᠬᠡᠨ ᠳ᠋ᠦᠩ ᠹᠧᠩ ᠪᠠᠯᠭᠠᠰᠤᠨ ᠤ ᠶᠦᠩ ᠾᠧ ᠲᠣᠰᠬᠤᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠵᠢᠯ ᠪᠦᠷᠢ ᠶᠢᠨ ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ ᠢ 209.1 ᠲᠦᠮᠡᠨ ᠲᠥᠭᠦᠷᠢᠭ ᠨᠡᠮᠡᠭᠳᠡᠭᠦᠯᠵᠦ᠂ ᠡᠷᠭᠢᠨ ᠲᠣᠭᠤᠷᠢᠨ ᠤ ᠥᠨᠳᠥᠷ ᠦᠷ᠎ᠡ ᠠᠰᠢᠭᠲᠤ ᠤᠰᠤ ᠠᠷᠪᠢᠯᠠᠬᠤ ᠪᠠᠷᠢᠮᠵᠢᠶᠠᠵᠢᠭᠰᠠᠨ ᠲᠠᠷᠢᠮᠠᠯ ᠢ 2 ᠲᠦᠮᠡᠨ ᠮᠤ᠋ ᠨᠥᠯᠥᠭᠡᠯᠡᠨ ᠳᠠᠶᠢᠴᠢᠯᠠᠵᠤ᠂ ᠵᠢᠯ ᠪᠦᠷᠢ ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ 680 ᠲᠦᠮᠡᠨ ᠲᠦᠭᠦᠷᠢᠭ ᠨᠡᠮᠡᠭᠳᠡᠪᠡ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号