᠊᠊᠊᠊᠊᠊᠊᠊ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠦᠬᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠠᠵᠢᠯ ᠢ ᠠᠬᠢᠭᠤᠯᠬᠤ ᠲᠤᠬᠠᠢ ᠬᠦᠤᠷᠨᠢᠯ ᠰᠢᠭᠦᠮᠵᠢ | ᠯᠢᠤ ᠢ ᠵᠠᠨ ᠯᠦᠸᠧ ᠱᠠ ᠰᠢᠶᠦ᠋ᠩ ᠹᠧᠩ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ | ᠴᠠᠭᠠᠵᠠ ᠶᠢᠨ ᠳᠦᠷᠢᠮ ᠪᠤᠯᠤᠨ ᠬᠡᠷᠡᠭᠵᠢᠭᠦᠯᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠳᠠᠭᠠᠯ︾ ᠢ ᠪᠠᠳᠤᠯᠠᠪᠠ︔ ᠠᠷᠠᠳ ᠤᠨ | ᠳᠡᠭᠡᠳᠤ ᠰᠢᠬᠦᠬᠦ ᠬᠤᠷᠢᠶ᠎ᠠ ᠠᠷᠠᠳ ᠤᠨ ᠳᠡᠭᠡᠳᠤ ᠪᠠᠶᠢᠴᠠᠭᠠᠬᠤ ᠬᠤᠷᠢᠶ᠎ᠠ ᠠᠷᠠᠳ ᠤᠯᠠᠨ ᠢ ᠵᠤᠪᠠᠭᠠᠵᠤ ᠪᠠᠶᠢᠭ᠎ᠠ᠂ | ᠲᠦᠪᠡᠭᠳᠡᠭᠦᠯᠵᠤ ᠪᠠᠶᠢᠭ᠎ᠠ᠂ ᠭᠠᠴᠢᠭᠳᠠᠭᠤᠯᠵᠤ ᠪᠠᠶᠢᠭ᠎ᠠ ᠬᠡᠷᠡᠭ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠠᠷᠠᠯᠳᠠ | ᠲᠤᠭᠳᠠᠭᠠᠪᠠ᠃ | 2020 ᠤᠨ ᠤ ᠪᠦᠬᠦ ᠤᠯᠤᠰ ᠤᠨ ᠬᠤᠶᠠᠷ ᠬᠤᠷᠠᠯ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠲᠠᠯ᠎ᠠ ᠶᠢᠨ ᠱᠠᠭᠠᠷᠳᠠᠯᠭ᠎ᠠ ᠨᠡᠩ ᠤᠯᠠᠨ ᠲᠤᠷᠠᠳᠤᠬᠳᠠᠵᠦ ᠪᠠᠶᠢᠯ᠎ᠠ᠃ ᠤᠳᠤᠬᠠᠨ ᠳᠤ᠂ ᠪᠦᠬᠦ ᠤᠯᠤᠰ ᠤᠨ | ᠡᠯ᠎ᠠ ᠭᠠᠵᠠᠷ ᠤᠨ ᠬᠢᠨ ᠦᠨᠡᠨ ᠬᠦ ᠠᠳᠬᠤᠨ ᠪᠤᠳᠠᠳᠠᠢ ᠠᠵᠢᠯᠯᠠᠬᠤ ᠪᠠᠷ ᠳᠠᠮᠵᠢᠨ ᠬᠤᠶᠠᠷ ᠬᠤᠷᠠᠯ ᠤᠨ ᠵᠤᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠤ ᠪᠠᠶᠢᠨ᠎ᠠ᠃ | ᠠᠷᠠᠳ ᠤᠨ ᠲᠦᠯᠦᠭᠡ ᠬᠠᠤᠯᠢ ᠲᠤᠬᠳᠠᠭᠠᠨ᠎ᠠ᠄ ᠰᠠᠶᠢᠨ ᠬᠠᠤᠯᠢ ᠴᠢᠳᠠᠮᠠᠭᠠᠢ ᠵᠠᠰᠠᠯᠳᠠ ᠶᠢᠨ ᠨᠡᠩ ᠦᠨᠳᠦᠷ | ᠲᠦᠪᠰᠢᠨ ᠲᠡᠰᠢ ᠤᠷᠤᠭᠰᠢᠯᠠᠨ᠎ᠠ | ᠠᠭᠤᠤ ᠶᠡᠭᠡ ᠴᠠᠬ ᠦᠶ᠎ᠡ ᠳᠤ ᠠᠭᠤᠤ ᠶᠡᠭᠡ ᠬᠠᠤᠯᠢ ᠶᠢᠨ ᠪᠢᠴᠢᠭ ᠪᠤᠢ ᠪᠤᠯᠤᠨ᠎ᠠ᠃ ᠪᠦᠬᠦ ᠤᠯᠤᠰ ᠤᠨ | ᠬᠤᠶᠠᠷ ᠬᠤᠷᠠᠯ ᠳᠡᠬᠦᠰᠦᠮᠡᠭᠴᠡ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ︽ᠢᠷᠬᠡᠨ ᠤ | ᠬᠠᠤᠯᠢ ᠶᠢᠨ ᠪᠢᠴᠢᠭ ᠢ ᠦᠨᠡᠨ ᠬᠦ ᠰᠠᠶᠢᠳᠤᠷ ᠬᠡᠷᠡᠭᠵᠢᠬᠦᠯᠬᠦ︾ ᠰᠡᠳᠦᠪ ᠢᠶᠠᠷ ᠬᠤᠷᠢᠳᠤᠭᠠᠷ ᠤᠳᠠᠭ᠎ᠠ ᠶᠢᠨ | ᠬᠠᠮᠳᠤ ᠶᠢᠨ ᠰᠤᠷᠤᠯᠴᠠᠯᠭ᠎ᠠ ᠬᠢᠵᠡᠢ᠃ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠪᠦᠬᠦ ᠨᠠᠮ ᠢᠶᠠᠷ ᠢᠶᠠᠨ ᠡᠷᠬᠡᠪᠰᠢ | ᠢᠷᠬᠡᠨ ᠤ ᠬᠠᠤᠯᠢ ᠶᠢᠨ ᠪᠢᠴᠢᠭ ᠤᠨ ᠬᠡᠷᠡᠭᠵᠢᠬᠦᠯᠦᠯᠳᠡ ᠶᠢ ᠦᠨᠡᠨ ᠬᠦ ᠠᠬᠢᠭᠤᠯᠵᠤ ᠪᠠᠶᠢᠭᠠᠳ᠂ ᠪᠦᠬᠦ ᠳᠠᠯ᠎ᠠ ᠪᠠᠷ | ᠬᠠᠤᠯᠢ ᠪᠠᠷ ᠤᠯᠤᠰ ᠢ ᠵᠠᠰᠠᠬᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠳᠦᠬᠡᠨ ᠪᠠᠶᠢᠭᠤᠯᠬᠤ ᠠᠵᠢᠯ ᠢ | ᠨᠡᠩ ᠰᠠᠶᠢᠨ ᠠᠬᠢᠭᠤᠯᠵᠦ᠂ ᠠᠷᠠᠳ ᠳᠦᠮᠡᠨ ᠤ ᠡᠷᠬᠡ ᠠᠰᠢᠬ ᠢ ᠨᠡᠩ ᠰᠠᠶᠢᠨ ᠪᠠᠳᠤᠯᠠᠬᠤ ᠬᠡᠷᠡᠭᠳᠡᠢ ᠬᠡᠵᠦ | ᠴᠢᠬᠤᠯᠠᠴᠢᠯᠠᠪᠠ᠃ | ᠢᠷᠬᠡᠨ ᠤ ᠬᠠᠤᠯᠢ ᠶᠢᠨ ᠪᠢᠴᠢᠭ ᠢ ᠬᠡᠷᠡᠭᠵᠢᠬᠦᠯᠬᠦ ᠳᠦᠪᠰᠢᠨ ᠪᠤᠯᠤᠨ ᠦᠷ᠎ᠠ ᠪᠦᠳᠦᠮᠵᠢ ᠪᠤᠯ ᠡᠯ᠎ᠠ ᠱᠠᠳᠤᠨ ᠤ | ᠨᠠᠮ ᠵᠠᠰᠠᠬ ᠤᠨ ᠪᠠᠶᠢᠭᠤᠯᠭ᠎ᠠ ᠶᠢᠨ ᠬᠢᠨ ᠤ ᠠᠷᠠᠳ ᠳᠦᠮᠡᠨ ᠳᠤ ᠦᠢᠯᠡᠴᠢᠯᠡᠬᠦ ᠵᠤᠷᠢᠯᠳᠠ ᠶᠢ ᠬᠦᠢᠴᠡᠳᠬᠡᠭᠰᠡᠨ | ᠪᠠᠶᠢᠳᠠᠯ ᠢ ᠬᠡᠮᠵᠢᠬᠦ ᠴᠢᠬᠤᠯᠠ ᠬᠡᠮᠵᠢᠬᠦᠷ ᠮᠦᠨ᠃ | ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ᠂ ᠵᠧᠵᠢᠶᠠᠩ | ᠮᠤᠵᠢ ᠶᠢᠨ ᠯᠢᠱᠦ᠋ᠢ ᠬᠤᠳᠠ ᠶᠢᠨ ᠵᠢᠩᠨᠢᠩ ᠤᠨ ᠱᠧ ᠦᠨᠳᠦᠰᠦᠳᠡᠨ ᠤ ᠦᠪᠡᠷᠳᠡᠬᠡᠨ ᠵᠠᠰᠠᠬᠤ ᠰᠢᠶᠠᠨ ᠤ ᠳᠠᠷᠤᠭ᠎ᠠ | ᠵᠦᠩ ᠬᠠᠢ ᠶᠠᠨ ᠰᠢᠶᠠᠨ ᠳᠠᠭᠠᠨ ᠬᠠᠷᠢᠮᠠᠬᠴᠠ ᠢᠷᠬᠡᠨ ᠤ ᠬᠠᠤᠯᠢ ᠶᠢᠨ ᠪᠢᠴᠢᠭ ᠢ ᠳᠤᠭᠤᠰᠢᠯᠠᠭᠤᠯᠬᠤ ᠬᠠᠮᠢᠶ᠎ᠠ | ᠪᠦᠬᠦᠢ ᠠᠵᠢᠯ ᠢ ᠡᠳᠦᠷ ᠳᠤᠳᠤᠮ ᠤᠨ ᠵᠦᠪᠯᠡᠬᠦ ᠵᠦᠢᠯ ᠳᠤ ᠤᠷᠤᠭᠤᠯᠵᠠᠢ᠃ | ︽ᠢᠷᠬᠡᠨ ᠤ ᠬᠠᠤᠯᠢ ᠶᠢᠨ ᠪᠢᠴᠢᠭ ᠢ ᠰᠤᠷᠤᠯᠴᠠᠵᠦ ᠤᠬᠠᠭᠤᠯᠬᠤ ᠠᠵᠢᠯ ᠢ ᠰᠠᠶᠢᠳᠤᠷ ᠠᠳᠬᠤᠬᠤ ᠶᠢᠨ | ᠬᠠᠮᠳᠤ᠂ ᠡᠷᠬᠡᠪᠰᠢ ᠢᠷᠬᠡᠨ ᠤ ᠬᠠᠤᠯᠢ ᠶᠢᠨ ᠪᠢᠴᠢᠭ ᠤᠨ ᠵᠤᠷᠢᠬ ᠰᠠᠨᠠᠭ᠎ᠠ ᠶᠢ ᠤᠷᠤᠨ ᠨᠤᠳᠤᠬ ᠤᠨ ᠬᠠᠤᠯᠢ | ᠳᠤᠬᠳᠠᠭᠠᠯᠳᠠ ᠬᠢᠬᠡᠳ ᠵᠠᠰᠠᠬ ᠤᠨ ᠤᠷᠳᠤᠨ ᠤ ᠠᠵᠢᠯ ᠳᠤ ᠠᠭᠤᠰᠤᠯᠴᠠᠭᠤᠯᠬᠤ ᠬᠡᠷᠡᠭᠳᠡᠢ᠃ ᠬᠠᠤᠯᠢᠵᠢᠯ ᠢᠶᠠᠷ | ᠠᠷᠠᠳ ᠲᠤ ᠠᠰᠢᠬ ᠬᠦᠷᠳᠡᠬᠡᠬᠦ ᠶᠢ ᠳᠤᠪᠤᠶᠢᠯᠭᠠᠵᠦ᠂ ᠠᠷᠠᠳ ᠳᠦᠮᠡᠨ ᠤ ᠡᠷᠬᠡ ᠠᠰᠢᠬ ᠢ ᠬᠠᠮᠠᠭᠠᠯᠠᠨ᠎ᠠ᠃ ᠳᠦᠪ | ᠭᠤᠤᠯᠴᠢ ᠪᠠᠷ ᠦᠷᠢᠰᠦᠯᠳᠦᠬᠦ᠂ ᠢᠯᠡ ᠳᠤᠳᠤᠷᠬᠠᠢ ᠬᠠᠤᠯᠢᠵᠢᠯ ᠲᠠᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ | ᠡᠬᠦᠳᠴᠤ᠂ ᠬᠦᠭᠵᠢᠯᠳᠡ ᠶᠢᠨ ᠦᠷ᠎ᠠ ᠪᠦᠳᠦᠮᠵᠢ ᠶᠢ ᠳᠡᠬᠡᠭᠰᠢᠯᠡᠬᠦᠯᠤᠨ᠎ᠠ︾ ᠬᠡᠵᠦ ᠵᠦᠩ ᠬᠠᠢ ᠶᠠᠨ ᠬᠡᠯᠡᠯ᠎ᠠ᠃ | ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠤᠰᠤᠭᠠᠷ ᠳᠤᠰᠢᠶᠠᠯ ᠢᠶᠠᠨ ᠬᠦᠢᠴᠡᠳᠬᠡᠬᠦ ᠪᠤᠯ ᠠᠷᠠᠳ | ᠤᠯᠠᠨ ᠤ ᠢᠷᠬᠡᠨ ᠤ ᠬᠡᠷᠡᠭ ᠤᠨ ᠡᠷᠬᠡ ᠠᠰᠢᠬ ᠢ ᠬᠦᠢᠴᠡᠳ ᠬᠠᠮᠠᠭᠠᠯᠠᠬᠤ ᠵᠠᠩᠬᠢᠯᠠᠭ᠎ᠠ ᠶᠢᠨ ᠶᠠᠪᠤᠳᠠᠯ ᠪᠤᠯᠤᠨ᠎ᠠ᠃ | ᠱᠠᠩᠬᠠᠢ ᠬᠤᠲᠠ ᠶᠢᠨ ᠬᠤᠶᠠᠲᠤᠭᠠᠷ ᠠᠷᠠᠳ ᠤᠨ ᠲᠤᠮᠲᠠ ᠵᠡᠷᠭᠡ ᠶᠢᠨ ᠰᠢᠭᠦᠬᠦ ᠬᠤᠷᠢᠶ᠎ᠠ ᠶᠢᠨ ᠲᠠᠷᠤᠭ᠎ᠠ | ᠬᠦᠸᠧ ᠸᠧᠢ ᠴᠢᠩ᠂ ᠢᠷᠭᠡᠡ ᠤ ᠬᠠᠤᠯᠢ ᠶᠢᠨ ᠪᠢᠴᠢᠭ ᠤᠨ ᠬᠠᠤᠯᠢ ᠲᠤᠭᠲᠠᠭᠠᠬᠤ ᠵᠤᠷᠢᠭ ᠰᠠᠨᠠᠭ᠎ᠠ᠂ ᠰᠢᠰᠲ᠋ᠧᠮ ᠤᠨ | ᠪᠦᠲᠦᠴᠡ ᠪᠤᠯᠤᠨ ᠵᠢᠷᠤᠮᠵᠢᠯ ᠲᠠᠢ ᠠᠭᠤᠯᠤᠭᠲᠠᠬᠤᠠ ᠢ ᠤᠨᠤᠪᠴᠢᠲᠠᠢ ᠡᠵᠡᠮᠲᠡᠵᠦ᠂ ᠢᠷᠭᠡᠡ ᠤ ᠬᠠᠤᠯᠢ ᠶᠢᠨ ᠰᠢᠭᠦᠠ | ᠲᠠᠰᠤᠯᠤᠯᠲᠠ ᠲᠤᠮᠲᠠ ᠢᠷᠭᠡᠡ ᠤ ᠬᠠᠤᠯᠢ ᠶᠢᠨ ᠪᠢᠴᠢᠭ ᠲᠤ ᠠᠷᠠᠳ ᠲᠦᠮᠡᠡ ᠤ ᠡᠯ ᠠ ᠲᠠᠯ᠎ᠠ ᠶᠢᠨ ᠡᠷᠭᠡ ᠶᠢ | ᠬᠦᠢᠴᠡᠳ ᠬᠠᠮᠠᠭᠠᠯᠠᠵᠦ ᠪᠠᠶᠢᠬᠤ ᠶᠢ ᠬᠦᠢᠴᠡᠳ ᠢᠯᠡᠷᠡᠭᠦᠯᠬᠦ ᠬᠡᠷᠡᠭᠲᠡᠢ᠃ ︽ᠪᠢᠲᠠ ᠢᠷᠭᠡᠡ ᠤ ᠬᠠᠤᠯᠢ ᠶᠢᠨ | ᠪᠢᠴᠢᠭ ᠢ ᠭᠡᠷᠡᠭᠵᠢᠭᠦᠯᠬᠦ ᠠᠴᠠ ᠡᠮᠦᠨ᠎ᠠ᠂ ᠢᠷᠭᠡᠡ ᠤ ᠪᠠ ᠬᠤᠳᠠᠯᠳᠤᠭᠠᠨ ᠤ ᠶᠠᠪᠤᠳᠠᠯ ᠤᠨ ᠭᠡᠷᠡᠭ ᠢ ᠰᠢᠭᠦᠨ | ᠲᠠᠰᠤᠯᠬᠤ᠂ ᠭᠡᠷᠡᠭᠵᠢᠭᠦᠯᠬᠦ ᠪᠦᠬᠦ ᠬᠦᠮᠦᠰ ᠢ ᠡᠭᠡᠯᠵᠢᠯᠡᠡ ᠪᠤᠯᠪᠠᠰᠤᠷᠠᠭᠤᠯᠤᠨ᠎ᠠ︾ ᠭᠡᠵᠦ ᠢᠯᠡᠳᠭᠡᠪᠡ᠃ | ᠢᠷᠭᠡᠡ ᠤ ᠬᠠᠤᠯᠢ ᠶᠢᠨ ᠪᠢᠴᠢᠭ ᠢ ᠤᠯᠠᠠ ᠲᠦᠮᠡᠡ ᠤ ᠲᠡᠷᠭᠡᠲᠠ ᠬᠦᠷᠭᠡᠵᠦ᠂ ᠤᠯᠠᠠ ᠲᠦᠮᠠᠠ ᠤ | ᠰᠡᠳᠭᠢᠯ ᠳᠤ ᠬᠠᠲᠠᠩᠰᠢᠭᠤᠯᠬᠤ ᠪᠠᠷ ᠡᠯ᠎ᠠ ᠭᠠᠵᠠᠷ ᠤᠨ ᠬᠢᠨ ᠨᠢᠭᠡᠨᠲᠡ ᠠᠵᠢᠯᠯᠠᠵᠦ ᠡᠬᠢᠯᠡᠭᠰᠡᠨ ᠪᠠᠶᠢᠨ᠎ᠠ᠃ | ᠤᠯᠤᠰ ᠢ ᠵᠠᠰᠠᠬᠤ ᠳᠤ ᠬᠠᠤᠯᠢ ᠳᠤ ᠲᠦᠰᠢᠭᠯᠡᠨ᠂ ᠤᠯᠤᠰ ᠢ ᠠᠮᠤᠷᠵᠢᠭᠤᠯᠬᠤ ᠳᠤ ᠪᠠᠷᠢᠮᠵᠢᠶ᠎ᠠ ᠳᠤ ᠲᠦᠰᠢᠭᠯᠡᠨ᠎ᠠ᠃ | ᠡᠨᠡ ᠵᠢᠯ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ︽ᠰᠢᠶᠠᠩᠭᠠᠩ ᠤᠨᠴᠠᠭᠠᠢ | ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ | ᠪᠤᠯᠤᠨ ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠪᠦᠷᠢᠠᠰᠢᠭᠦᠯᠬᠦ ᠲᠤᠬᠠᠢ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠯ︾ ᠢ ᠬᠢᠨᠡᠡ ᠵᠦᠪᠯᠡᠵᠦ ᠪᠠᠲᠤᠯᠠᠠ᠂ ᠤᠯᠤᠰ ᠤᠨ ᠠᠮᠤᠷ | ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠨ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠭᠦᠯᠬᠦ︾ | ᠦᠨᠲᠦᠰᠦ ᠶᠢ ᠪᠠᠬᠢᠯᠠᠵᠦ ᠰᠠᠭᠤᠷᠢ ᠶᠢ ᠴᠢᠩᠭᠠᠳᠬᠠᠵᠠᠢ᠃ | ︽ᠪᠢᠲᠠ ᠲᠠᠷᠠᠭᠠᠴᠢ ᠶᠢᠨ ᠠᠯᠬᠤᠮ ᠤᠨ ᠠᠵᠢᠯ ᠳᠠᠭᠠᠨ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠬᠤᠯᠪᠤᠭᠲᠠᠯ ᠪᠦᠬᠦᠢ ᠬᠠᠤᠯᠢ ᠲᠤᠭᠲᠠᠭᠠᠬᠤ | ᠠᠵᠢᠯ ᠢ ᠰᠠᠶᠢᠳᠤᠷ ᠬᠢᠵᠦ᠂ ᠦᠨᠲᠦᠰᠦᠨ ᠬᠠᠤᠯᠢ᠂ ᠰᠢᠶᠠᠩᠭᠠᠩ ᠤᠨ ᠦᠨᠲᠦᠰᠤ ᠪᠤᠯᠬᠤ ᠬᠠᠤᠯᠢ ᠪᠤᠯᠤᠨ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠤᠭᠲᠠᠯ ᠪᠦᠬᠦᠢ ᠲᠤᠭᠲᠠᠭᠠᠯ ᠤᠨ ᠲᠤᠬᠠᠢ | ᠱᠠᠭᠠᠷᠲᠠᠯᠭ᠎ᠠ ᠪᠤᠯᠤᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ | ᠰᠢᠶᠠᠩᠭᠠᠩ ᠤᠨ ︿ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠭᠦᠯᠬᠦ﹀ ᠠᠵᠢᠯ ᠦᠢᠯᠡᠰ ᠢ ᠠᠯᠤᠰ ᠢ ᠵᠤᠷᠢᠨ | ᠯᠠᠪᠲᠠᠭᠤᠨ ᠢᠶᠠᠷ ᠤᠷᠤᠭᠰᠢᠯᠠᠭᠤᠯᠬᠤ ᠶᠢ ᠪᠠᠲᠤᠯᠠᠬᠤ ᠭᠡᠷᠡᠭᠲᠡᠢ︾ ᠭᠡᠵᠦ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠤᠭᠲᠠᠭᠠᠬᠤ ᠠᠵᠢᠯ ᠤᠨ | ᠵᠦᠪᠯᠡᠯ ᠤᠨ ᠦᠭᠦᠯᠡᠭᠴᠢ ᠽᠠᠩ ᠲᠢᠶᠧ ᠸᠧᠢ ᠬᠡᠯᠡᠪᠡ᠃ | ᠬᠠᠤᠯᠢ ᠶᠤᠰᠤᠭᠠᠷ ᠬᠢᠵᠢᠭ ᠤᠨ ᠪᠠᠶᠢᠲᠠᠯ ᠢ ᠰᠡᠷᠭᠡᠶᠢᠯᠡᠨ᠎ᠠ᠄ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠨ᠎ᠠ | ᠲᠡᠪᠡᠨᠡ ᠶᠢᠨ ᠴᠢᠨᠡᠭᠡ ᠰᠦᠪᠡ ᠪᠠᠷ ᠲᠡᠮᠡᠭᠡᠨ ᠴᠢᠨᠡᠭᠡ ᠰᠠᠯᠬᠢ ᠨᠡᠪᠳᠡᠷᠡᠨ᠎ᠡ᠃ ᠶᠡᠷᠦᠩᠬᠡᠶ ᠱᠦᠵᠢ ᠰᠢ ᠶᠢᠨ | ᠫᠢᠩ ᠬᠤᠪᠧᠶ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠣᠷᠣᠯᠴᠠᠬᠤ ᠳᠠᠭᠠᠨ᠄ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠡᠷᠴᠢᠯᠡᠨ ᠴᠢᠩᠭᠠᠯᠠᠬᠤ ᠬᠡᠷᠡᠭᠲᠡᠶ᠂ ᠪᠦᠬᠦ | ᠶᠠᠪᠤᠴᠠ ᠳᠤ ᠪᠤᠯᠭᠤᠮᠵᠢᠳᠠᠢ ᠠᠵᠢᠯᠯᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠭᠠᠳᠠᠨ᠎ᠠ ᠠᠴᠠ ᠬᠠᠯᠳᠠᠪᠦᠷᠢᠯᠡᠨ | ᠤᠷᠤᠵᠤ ᠢᠷᠡᠭᠦ ᠶᠢ ᠰᠡᠷᠭᠡᠶᠢᠯᠡᠵᠤ᠂ ᠲᠤᠳᠤᠨ᠎ᠠ ᠪᠠᠨ ᠲᠠᠷᠬᠠᠨ ᠲᠡᠯᠭᠡᠷᠡᠭᠦ ᠶᠢ ᠰᠡᠷᠭᠡᠶᠢᠯᠡᠭᠦ ᠠᠵᠢᠯ ᠢ ᠰᠡᠶᠢᠳᠤᠷ | ᠠᠳᠬᠤᠵᠤ᠂ ᠬᠢᠯᠪᠠᠷ ᠪᠤᠰᠤ ᠪᠠᠷ ᠤᠯᠤᠬᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠶᠠᠭᠠᠬᠢᠭᠰᠠᠨ ᠴᠤ ᠲᠠᠯᠠᠭᠠᠷᠳᠠᠭᠤᠯᠵᠦ ᠪᠣᠯᠬᠤ ᠦᠭᠡᠢ ᠭᠡᠵᠦ ᠴᠢᠬᠤᠯᠠᠴᠢᠯᠠᠪᠠ᠃ | ᠬᠠᠤᠯᠢ ᠪᠠᠷ ᠵᠠᠰᠠᠬᠤ ᠪᠣᠯ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠦᠨᠳᠦᠰᠦᠨ ᠠᠷᠭ᠎ᠠ ᠬᠡᠯᠪᠡᠷᠢ ᠮᠥᠨ᠂ | ᠪᠠᠰᠠ ᠴᠤ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠴᠢᠬᠤᠯᠠ ᠪᠠᠲᠤᠯᠠᠭ᠎ᠠ | ᠪᠠ ᠲᠤᠯᠭᠠᠭᠤᠷᠢᠯᠠᠯ ᠮᠥᠨ᠃ | 5 ᠰᠠᠷ᠎ᠠ ᠶᠢᠨ 30 ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠲᠣᠭᠲᠠᠭᠠᠯ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠠᠩᠬᠠᠳᠤᠭᠠᠷ ᠪᠥᠬᠦᠳᠡ ᠬᠤᠷᠠᠯ | ᠬᠤᠷᠠᠯᠳᠤᠪᠠ᠃ ᠲᠤᠰ ᠤᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 4 ᠳᠤᠭᠤᠶᠢᠯᠠᠩ ᠬᠤᠪᠢᠶᠠᠨ | 8 ᠮᠤᠵᠢ ᠣᠷᠣᠨ ᠳᠤ ᠲᠤᠬᠠᠢ ᠶᠢᠨ ᠭᠠᠵᠠᠷ ᠲᠤᠨᠢ ᠪᠣᠳᠠᠲᠠᠶ ᠪᠠᠶᠢᠴᠠᠭᠠᠯᠲᠠ ᠬᠢᠵᠡᠶ᠃ ᠡᠭᠦᠨ ᠤ ᠬᠠᠮᠲᠤ ᠪᠤᠰᠤᠳ | ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠨᠠᠶᠢᠳᠠᠵᠤ ᠪᠠᠶᠢᠴᠠᠭᠠᠯᠲᠠ ᠬᠢᠯᠭᠡᠵᠦ᠂ 31 ᠮᠤᠵᠢ ︵ᠣᠷᠣᠨ᠂ ᠬᠤᠲᠠ︶ ᠶᠢ ᠪᠦᠬᠦᠨ ᠢ ᠬᠠᠮᠤᠷᠤᠭᠤᠯᠪᠠ᠃ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠬᠠᠤᠯᠢ ᠶᠢ ᠪᠦᠬᠦ ᠲᠠᠯ᠎ᠠ ᠪᠠᠷ ᠦᠨᠡᠯᠡᠨ ᠵᠢᠱᠢᠵᠦ᠂ ᠬᠠᠤᠯᠢ ᠳᠤ ᠵᠠᠰᠠᠪᠤᠷᠢ ᠣᠷᠣᠭᠤᠯᠬᠤ ᠠᠵᠢᠯ ᠳᠤ ᠦᠨᠳᠦᠰᠦᠯᠡᠯ | ᠬᠠᠩᠭᠠᠨ᠎ᠠ᠂ ᠡᠨᠡ ᠪᠣᠯ ᠬᠠᠤᠯᠢ ᠲᠣᠭᠲᠠᠭᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠬᠤ ᠪᠣᠳᠠᠲᠠᠶ ᠠᠵᠢᠯᠯᠠᠭ᠎ᠠ ᠪᠣᠯᠤᠨ᠎ᠠ᠃ | ᠬᠠᠤᠯᠢ ᠶᠣᠰᠣᠭᠠᠷ ᠬᠢᠵᠢᠭ ᠢ ᠰᠡᠷᠭᠡᠶᠢᠯᠡᠬᠦ ᠳᠤ᠂ ᠬᠠᠤᠯᠢ ᠴᠠᠭᠠᠵᠠ ᠶᠢᠨ ᠪᠠᠶᠢᠭᠤᠯᠭ᠎ᠠ ᠬᠢᠵᠢᠭ ᠤᠨ | ᠪᠠᠶᠢᠳᠠᠯ ᠲᠠᠢ ᠲᠡᠮᠡᠴᠡᠭᠦ ᠠᠵᠢᠯ ᠤᠨ ᠬᠠᠮᠠᠭᠠᠯᠠᠬᠴᠢ ᠪᠤᠯᠬᠤ ᠬᠡᠷᠡᠭᠳᠠᠢ᠃ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠭᠤᠸᠠᠩᠳᠦ᠋ᠩ ᠮᠤᠵᠢ ᠶᠢᠨ ᠠᠷᠠᠳ ᠤᠨ ᠦᠨᠳᠦᠷ | ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠭᠦᠩ ᠵᠢᠶᠠ ᠯᠢ᠂ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ | ᠰᠡᠷᠭᠡᠶᠢᠯᠡᠨ ᠡᠵᠡᠮᠳᠡᠭᠦ ᠶᠠᠪᠤᠴᠠ ᠳᠤ ᠬᠠᠤᠯᠢ ᠴᠠᠭᠠᠵᠠ ᠶᠢᠨ ᠠᠷᠭᠠᠴᠠᠭᠠᠯᠲᠠ ᠶᠢ ᠰᠠᠶᠢᠲᠤᠷ ᠬᠢᠵᠦ᠂ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠬᠠᠤᠯᠢ ᠶᠣᠰᠣᠭᠠᠷ ᠪᠠᠳᠤᠯᠠᠬᠤ ᠶᠠᠪᠤᠳᠠᠯ᠂ ᠮᠥᠨ ᠯᠡ ᠲᠠᠷᠠᠭᠠᠴᠢ ᠶᠢᠨ ᠠᠯᠬᠤᠮ ᠤᠨ ᠬᠠᠤᠯᠢ ᠪᠠᠷᠢᠬᠤ ᠠᠵᠢᠯ ᠤᠨ | ᠵᠠᠩᠭᠢᠯᠠᠭ᠎ᠠ ᠪᠣᠯᠤᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠭ ︽ᠺᠦᠨᠯᠦ᠋ᠨ 2020︾ ᠲᠤᠰᠬᠠᠶ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠣᠷᠴᠢᠨ ᠲᠣᠭᠤᠷᠢᠨ ᠪᠠ ᠬᠡᠭᠡᠷ᠎ᠡ ᠶᠢᠨ ᠠᠮᠢᠲᠠᠨ ᠳᠤ | ᠬᠤᠯᠪᠣᠭᠳᠠᠭᠰᠠᠨ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠦᠷᠭᠦᠯᠵᠢᠯᠡᠨ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠪᠥᠬᠦ ᠡᠯᠧᠮᠧᠨ᠋ᠲ᠂ ᠪᠥᠬᠦ | ᠭᠤᠭᠴᠤᠭ᠎ᠠ᠂ ᠪᠥᠬᠦ ᠬᠡᠯᠬᠢᠶ᠎ᠡ︾ ᠪᠠᠷ ᠲᠠᠩᠨᠠᠨ ᠪᠠᠶᠢᠴᠠᠭᠠᠵᠦ ᠰᠢᠢᠳᠪᠦᠷᠢᠯᠡᠬᠦ ᠶᠢ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠨᠥᠬᠦᠴᠡᠯ ᠳᠣᠤᠷ᠎ᠠ ᠲᠠᠩᠨᠠᠨ ᠪᠠᠶᠢᠴᠠᠭᠠᠵᠤ | ᠴᠣᠬᠢᠯᠲᠠ ᠥᠭᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠱᠠᠨᠰᠢ | ᠮᠤᠵᠢ ᠶᠢᠨ ᠰᠢ ᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠯᠢᠶᠠᠨ ᠬᠤ᠋ ᠬᠤᠪᠢᠶᠠᠷᠢ | ᠲᠣᠪᠴᠢᠶᠠᠨ ᠤ ᠬᠥᠳᠡᠯᠮᠦᠷᠢ ᠡᠮᠦᠨ᠎ᠡ ᠵᠠᠮ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ | ᠴᠠᠭᠳᠠᠭ᠎ᠠ ᠬᠤᠤ ᠱᠢ ᠯᠢᠩ᠂ ᠬᠠᠭᠤᠷᠮᠠᠭ ᠦᠢᠯᠡᠳᠬᠦᠨ ᠦᠶᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠵᠦ᠂ ᠬᠠᠭᠤᠷᠮᠠᠭ ᠦᠢᠯᠡᠳᠬᠦᠨ ᠦᠶᠯᠡᠳᠴᠦ ᠪᠣᠷᠣᠯᠠᠭᠤᠯᠬᠤ ᠬᠠᠤᠯᠢ ᠠᠴᠠ | ᠵᠥᠷᠢᠴᠡᠭᠰᠡᠨ ᠠᠯᠢᠪᠠ ᠶᠠᠯᠠᠲᠤ ᠠᠵᠢᠯᠯᠠᠭ᠎ᠠ ᠳᠤ ᠡᠷᠡᠰ ᠴᠤᠬᠢᠯᠳᠠ ᠦᠭᠬᠦ ᠬᠡᠷᠡᠭᠲᠡᠢ ᠭᠡᠵᠦ ᠢᠯᠡᠳᠭᠡᠪᠡ᠃ | ᠬᠠᠤᠯᠢ ᠶᠢ ᠭᠤᠣᠯᠴᠢ ᠪᠠᠷ ᠪᠠᠷᠢᠨ᠎ᠠ᠄ ᠵᠠᠯᠬᠠᠭᠠᠨ ᠰᠢᠢᠳᠬᠡᠬᠦ ᠰᠡᠯᠡᠮ᠎ᠡ ᠶᠢ ᠨᠡᠩ ᠬᠤᠷᠴᠠᠯᠠᠨ ᠰᠠᠬᠢᠨ | ᠬᠠᠮᠠᠭᠠᠯᠠᠬᠤ ᠪᠠᠮᠪᠠᠢ ᠶᠢ ᠨᠡᠩ ᠪᠠᠬᠢᠯᠡᠨ᠎ᠡ | ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠠᠪᠤᠳᠠᠯ ᠨᠡᠶᠢᠭᠡᠮ ᠳᠠᠶᠠᠭᠠᠷ ᠤᠨ | ᠠᠩᠬᠠᠷᠤᠯ ᠢ ᠲᠠᠲᠠᠵᠤ ᠪᠠᠶᠢᠨ᠎ᠠ᠃ | 29 ᠳᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ | ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ | ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠥᠬᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ | ᠬᠠᠮᠳᠤᠷᠠᠨ ︽ᠨᠠᠰᠤᠨ ᠳᠤ ᠥᠯᠥ ᠭᠦᠷᠦᠭᠰᠡᠳ ᠢ ᠬᠦᠨᠦᠭᠡᠭᠰᠡᠨ ᠬᠡᠷᠡᠭ ᠢ ᠠᠯᠪᠠᠲᠠᠨ ᠮᠡᠳᠡᠭᠦᠯᠬᠦ ᠲᠦᠷᠢᠮ | ᠲᠤᠬᠳᠠᠭᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠃ | ᠰᠠᠨᠠᠯ ᠳᠤ ᠪᠡᠯᠭᠡ ᠶᠢᠨ ᠬᠠᠯᠳᠠᠯᠭ᠎ᠠ᠂ ᠬᠠᠯᠠ ᠦᠵᠡᠭᠦᠯᠬᠦ᠂ ᠳᠣᠷᠣᠮᠵᠢᠯᠠᠬᠤ᠂ ᠭᠤᠯᠣᠵᠤ ᠭᠡᠭᠡᠬᠦ᠂ ᠮᠡᠬᠡᠯᠡᠨ | ᠬᠤᠳᠠᠯᠳᠤᠬᠤ᠂ ᠨᠠᠰᠤᠨ ᠳᠤ ᠥᠯᠥ ᠬᠦᠷᠦᠭᠰᠡᠳ ᠢ ᠵᠣᠬᠢᠶᠠᠨ ᠪᠠᠶᠢᠭᠤᠯᠵᠤ ᠭᠤᠶᠢᠷᠠᠨᠴᠢᠯᠠᠭᠤᠯᠬᠤ ᠵᠡᠷᠭᠡ ᠨᠠᠰᠤᠨ ᠳᠤ | ᠥᠯᠥ ᠬᠦᠷᠦᠭᠰᠡᠳ ᠤᠨ ᠬᠠᠤᠯᠢ ᠪᠤᠰᠤ ᠬᠦᠨᠦᠭᠡᠯ ᠳᠤ ᠤᠴᠠᠷᠠᠭᠰᠠᠨ ᠶᠢᠰᠦᠨ ᠲᠦᠷᠦᠯ ᠤᠨ ᠪᠠᠶᠢᠳᠠᠯ ᠢ ᠲᠣᠭᠲᠠᠭᠠᠵᠤ | ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠡᠷᠬᠡᠪᠰᠢ ᠲᠡᠷᠡ ᠳᠠᠷᠤᠶ ᠳᠤᠨᠢ ᠬᠡᠷᠡᠭ ᠮᠡᠳᠡᠭᠦᠯᠬᠦ ᠬᠡᠷᠡᠭᠲᠡᠶ | ᠭᠡᠵᠦ ᠱᠠᠭᠠᠷᠳᠠᠪᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠴᠦᠩᠴᠢᠩ | ᠬᠤᠲᠠ ᠶᠢᠨ ᠰᠢᠶᠧ ᠵᠢᠶᠠ ᠸᠠᠨ ᠪᠠᠭ᠎ᠠ ᠰᠤᠷᠭᠠᠭᠤᠯᠢ ᠶᠢᠨ ᠵᠠᠬᠢᠷᠤᠯ ᠯᠢᠦ ᠰᠢ ᠶᠠ᠂ ᠡᠨᠡ ᠪᠣᠯ ᠪᠦᠬᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ | ᠵᠠᠯᠠᠭᠤᠴᠤᠳ ᠪᠠᠭᠠᠴᠤᠳ ᠢ ᠡᠷᠡᠭᠦᠯ ᠴᠢᠭᠢᠷᠠᠭ ᠠᠮᠤᠷ ᠲᠦᠪᠰᠢᠨ ᠦᠰᠦᠨ ᠪᠤᠶᠢᠵᠢᠬᠤ ᠣᠷᠴᠢᠨ ᠲᠣᠭᠤᠷᠢᠨ ᠲᠠᠢ | ᠪᠣᠯᠭᠠᠵᠤ᠂ ᠵᠠᠯᠠᠭᠤᠴᠤᠳ ᠪᠠᠭᠠᠴᠤᠳ ᠢ ᠬᠦᠨᠦᠭᠡᠭᠰᠡᠨ ᠶᠠᠯᠠᠲᠤ ᠠᠵᠢᠯᠯᠠᠭ᠎ᠠ ᠶᠢ ᠡᠷᠬᠡᠪᠰᠢ ᠴᠢᠩᠭ᠎ᠠ ᠰᠢᠢᠳᠬᠡᠬᠦ | ᠬᠡᠷᠡᠭᠲᠡᠶ ᠭᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ | ᠤᠯᠤᠰ ᠤᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠪᠠᠭᠠᠲᠤᠷ ᠵᠢᠱᠢᠶᠡᠴᠢ ᠵᠠᠩ ᠴᠢᠩ ᠪᠢᠨ᠂ | ᠠᠷᠠᠳ ᠤᠨ ᠳᠡᠭᠡᠲᠦ ᠰᠢᠬᠦᠬᠦ ᠬᠤᠷᠢᠶ᠎ᠠ ᠪᠠ ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠲᠡ ᠶᠢᠨ | ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠵᠦᠶ ᠶᠣᠰᠣᠨ ᠤ ᠬᠠᠮᠠᠭᠠᠯᠠᠯᠲᠠ ᠶᠢᠨ ᠬᠡᠷᠡᠭ ᠤᠨ ᠵᠢᠱᠢᠶ᠎ᠡ ᠶᠢ | ᠢᠳᠡᠪᠬᠢᠲᠡᠶ ᠪᠠᠷ ᠤᠬᠠᠭᠤᠯᠵᠤ᠂ ᠵᠦᠶ ᠶᠣᠰᠣᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠤᠬᠠᠮᠰᠠᠷ ᠢ ᠣᠯᠠᠨ | ᠲᠦᠮᠡᠨ ᠤ ᠰᠡᠳᠬᠢᠯ ᠳᠤ ᠬᠠᠳᠠᠩᠰᠢᠭᠤᠯᠵᠦ᠂ ︽ᠬᠠᠤᠯᠢ ᠨᠢ ᠬᠠᠤᠯᠢ ᠪᠤᠰᠤ ᠪᠠᠶᠢᠳᠠᠯ ᠳᠤ ᠨᠠᠶᠢᠷ ᠦᠯᠦ ᠲᠠᠯᠪᠢᠬᠤ︾ | ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠢᠯᠡᠳᠭᠡᠪᠡ᠃ | ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭᠲᠠᠢ ᠪᠠᠶᠢᠯᠭᠠᠬᠤ᠂ ᠠᠷᠠᠳ ᠲᠤ ᠦᠢᠯᠡᠴᠢᠯᠡᠬᠦ | ᠲᠠᠯ᠎ᠠ ᠪᠠᠷ ᠬᠠᠤᠯᠢ ᠴᠠᠭᠠᠵᠠ ᠶᠢᠨ ᠪᠠᠶᠢᠭᠤᠯᠭ᠎ᠠ ᠨᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠠᠵᠢᠯᠯᠠᠭ᠎ᠠ ᠥᠷᠨᠢᠭᠦᠯᠵᠦ ᠪᠤᠢ᠃ | ᠵᠧᠵᠢᠶᠠᠩ ᠳᠤ ᠰᠢᠬᠦᠭᠦ ᠬᠤᠷᠢᠶᠠᠨ ᠤ ᠰᠢᠰᠲ᠋ᠧᠮ ᠤᠨ ᠬᠢᠨ ᠤᠶᠤᠨᠲᠦ ᠰᠢᠬᠦᠭᠦ ᠬᠤᠷᠢᠶᠠᠨ ᠤ | ᠪᠠᠶᠢᠭᠤᠯᠤᠯᠲᠠ ᠪᠠᠷ ᠲᠦᠯᠦᠭᠡᠯᠡᠭᠦᠯᠦᠭᠰᠡᠨ ᠬᠠᠤᠯᠢ ᠴᠠᠭᠠᠵᠠ ᠶᠢᠨ ᠰᠢᠨ᠎ᠡ ᠶᠢ ᠡᠭᠦᠳᠬᠦ ᠦᠢᠯᠡᠳᠦᠯᠭᠡ ᠬᠢᠵᠦ | ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠤᠯᠵᠦ ᠪᠤᠢ᠄ ᠬᠠᠨᠭ᠍ᠵᠸᠦ ᠶᠢᠨ ᠢᠨᠲᠧᠷ ᠰᠦᠯᠵᠢᠶᠠᠨ ᠤ ᠰᠢᠬᠦᠬᠦ | ᠬᠤᠷᠢᠶ᠎ᠠ ᠨᠢ ᠬᠡᠷᠡᠭ ᠲᠠᠩᠰᠠᠯᠠᠬᠤ ᠠᠴᠠ ᠬᠦᠷᠭᠡᠵᠦ ᠲᠤᠰᠢᠶᠠᠬᠤ ᠬᠦᠷᠲᠡᠯᠡᠬᠢ ᠪᠦᠬᠦ ᠶᠠᠪᠤᠴᠠ ᠶᠢ ᠴᠦᠮ ᠰᠦᠯᠵᠢᠶᠡᠨ | ᠳᠡᠭᠡᠷ᠎ᠡ ᠭᠦᠢᠴᠡᠳᠭᠡᠬᠦ ᠵᠠᠷᠭᠤᠯᠳᠤᠬᠤ ᠰᠢᠨ᠎ᠡ ᠵᠠᠭᠪᠤᠷ ᠢ ᠲᠦᠷᠦᠭᠦᠯᠡᠨ ᠬᠡᠷᠡᠭᠵᠢᠭᠦᠯᠵᠦ᠂ ᠨᠡᠭᠦᠳᠡᠯ ᠪᠢᠴᠢᠯ ᠰᠢᠬᠦᠬᠦ | ᠬᠤᠷᠢᠶ᠎ᠠ ᠨᠢ ᠨᠢᠩᠪᠦ᠋ᠸᠧ ᠠᠴᠠ ᠪᠦᠬᠦ ᠤᠯᠤᠰ ᠤᠨ ᠬᠡᠪᠴᠢᠶᠡᠨ ᠳᠤ ᠳᠡᠯᠭᠡᠷᠡᠨ ᠬᠡᠷᠡᠭᠵᠢᠭᠦᠯᠦᠭᠳᠡᠵᠦ ᠪᠠᠶᠢᠨ᠎ᠠ ᠁ | ᠡᠳᠡᠭᠡᠷ ᠬᠠᠤᠯᠢ ᠴᠠᠭᠠᠵᠠ ᠶᠢᠨ ᠰᠢᠨ᠎ᠡ ᠡᠭᠦᠳᠦᠯᠲᠡ ᠨᠢ ᠮᠡᠳᠡᠭᠡ ᠵᠠᠩᠭᠢᠴᠢᠯᠠᠯᠲᠠ᠂ ᠣᠶᠤᠨᠴᠢᠯᠠᠯᠲᠠ ᠶᠢᠨ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠢᠯᠡᠷᠡᠭᠦᠯᠦᠭᠰᠡᠨ ᠮᠥᠷᠲᠡᠭᠡᠨ ᠪᠠᠰᠠ ᠠᠷᠠᠳ ᠲᠦᠮᠡᠨ ᠳᠤ | ᠦᠶᠯᠡᠴᠢᠯᠡᠬᠦ ᠵᠣᠷᠢᠯᠲᠠ ᠪᠠ ᠠᠷᠠᠳ ᠤᠨ ᠲᠥᠯᠥᠭᠡ ᠬᠠᠤᠯᠢ ᠪᠠᠷᠢᠬᠤ ᠬᠠᠶᠢᠷ᠎ᠠ ᠰᠡᠳᠬᠢᠯᠭᠡ ᠶᠢ ᠭᠦᠢᠴᠡᠳ | ᠢᠯᠡᠷᠡᠭᠦᠯᠪᠠ᠃ | | |