ᠵᠣᠣ ᠴᠠᠩ ᠶᠦᠩ ᠰᠢᠶᠠᠨ ᠤ ᠷᠠᠳᠢᠣ᠋ ᠲᠧᠯᠸᠢᠰ ᠰᠦᠯᠵᠢᠶ᠎ᠡ ᠶᠢᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-07-01
     6 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠣᠣ ᠴᠠᠩ ᠶᠦᠩ ᠥᠪᠥᠷ ᠮᠤᠩᠭᠤᠯ ᠤᠨ ᠷᠠᠳᠢᠣ᠋ ᠲᠧᠯᠸᠢᠰ ᠰᠦᠯᠵᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠺᠠᠶᠢᠯᠦ ᠬᠤᠪᠢᠶᠠᠷᠢ ᠺᠤᠮᠫᠠᠨᠢ ᠳᠤ ᠬᠦᠷᠴᠦ ᠷᠠᠳᠢᠣ᠋ ᠲᠧᠯᠸᠢᠰ ᠰᠦᠯᠵᠢᠶ᠎ᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠽᠦᠩ ᠬᠤᠸᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠵᠤᠤ ᠴᠠᠩ ᠶᠦᠩ ᠷᠠᠳᠢᠣ᠋ ᠲᠧᠯᠸᠢᠰ ᠰᠦᠯᠵᠢᠶ᠎ᠡ ᠶᠢᠨ ᠺᠣᠮᠫᠠᠨᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠤᠲᠠᠰᠤᠲᠤ ᠲᠧᠯᠸᠢᠰ ᠪᠣᠯᠤᠨ ᠰᠦᠯᠵᠢᠶᠡᠨ ᠤ ᠦᠶᠯᠡᠴᠢᠯᠡᠭᠡ ᠶᠢᠨ ᠥᠷᠨᠢᠭᠦᠯᠦᠭᠰᠡᠨ ᠪᠠᠶᠢᠳᠠᠯ ᠢ ᠨᠠᠷᠢᠨ ᠤᠶᠢᠯᠠᠭᠠᠵᠤ᠂ ᠷᠠᠳᠢᠣ᠋ ᠲᠧᠯᠸᠢᠰ ᠰᠦᠯᠵᠢᠶ᠎ᠡ ᠶᠢᠨ ᠺᠣᠮᠫᠠᠨᠢ ᠶᠢᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠷᠠᠳᠢᠣ᠋ ᠲᠧᠯᠸᠢᠰ ᠤᠨ ᠦᠶᠯᠡᠰ ᠤᠨ ᠥᠭᠡᠷᠡᠴᠢᠯᠡᠯᠲᠡ ᠶᠢ ᠠᠬᠢᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠨᠤᠲᠠᠯᠠᠪᠠ᠃
     ᠵᠤᠤ ᠴᠠᠩ ᠶᠦᠩ ᠵᠢᠭᠠᠭᠰᠠᠨ ᠨᠢ᠂ ᠷᠠᠳᠢᠣ᠋ ᠲᠧᠯᠸᠢᠰ ᠰᠦᠯᠵᠢᠶ᠎ᠡ ᠶᠢᠨ ᠺᠣᠮᠫᠠᠨᠢ ᠤᠯᠠᠨ ᠲᠦᠮᠡᠨ ᠳᠤ ᠰᠢᠭᠤᠳ ᠦᠢᠯᠡᠴᠢᠯᠡᠵᠦ ᠪᠠᠶᠢᠬᠤ ᠪᠥᠭᠡᠳ ᠰᠦᠯᠵᠢᠶᠡᠨ ᠤ ᠲᠧᠯᠸᠢᠰ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠵᠠᠭᠤᠴᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠠ ᠣᠶᠤᠨ ᠤᠬᠠᠭᠠᠨ ᠷᠠᠳᠢᠣ᠋ ᠲᠧᠯᠸᠢᠰ ᠰᠦᠯᠵᠢᠶ᠎ᠡ ᠶᠢ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠥᠪ ᠤᠳᠤᠷᠢᠳᠤᠮᠵᠢ ᠶᠢ ᠪᠠᠲᠤ ᠡᠵᠡᠮᠳᠡᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠷᠠᠳᠢᠣ᠋ ᠲᠧᠯᠸᠢᠰ ᠰᠦᠯᠵᠢᠶ᠎ᠡ ᠶᠢᠨ ᠵᠢᠭᠰᠠᠭᠠᠯ ᠤᠨ ᠭᠠᠵᠠᠷ ᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠠᠮᠢᠶᠠᠷᠪᠠ︔ ᠨᠠᠮ ᠤᠬᠠᠭᠤᠯᠭ᠎ᠠ ᠶᠢ ᠬᠠᠮᠢᠶᠠᠷᠬᠤ᠂ ᠨᠠᠮ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠂ ᠨᠠᠮ ᠵᠠᠭᠤᠴᠢ ᠶᠢ ᠬᠠᠮᠢᠶᠠᠷᠬᠤ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ︽ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠪᠡ︔ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠭᠤᠴᠠᠭᠠᠲᠤ ᠴᠢᠨᠠᠷ ᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠡᠪᠰᠢᠭᠰᠡᠨ ᠲᠣᠭᠲᠠᠴᠠ ᠶᠢ ᠪᠦᠷᠢᠨᠰᠢᠭᠦᠯᠵᠤ᠂ ᠦᠨᠡᠨ ᠬᠦ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠶᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠳᠤ ᠬᠡᠷᠡᠭᠯᠡᠵᠦ᠂ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠦᠶᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃
     ᠵᠤᠤ ᠴᠠᠩ ᠶᠦᠩ ᠴᠢᠬᠤᠯᠠᠴᠢᠯᠠᠭᠰᠠᠨ ᠨᠢ᠂ ᠷᠠᠳᠢᠣ᠋ ᠲᠧᠯᠸᠢᠰ ᠰᠦᠯᠵᠢᠶ᠎ᠡ ᠶᠢᠨ ᠥᠭᠡᠷᠡᠴᠢᠯᠡᠯᠲᠡ ᠶᠢ ᠲᠦᠷᠭᠡᠳᠭᠡᠵᠤ᠂ ᠤᠯᠠᠨ ᠡᠰᠢᠵᠢᠭᠰᠡᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ︔ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠪᠣᠳᠠᠲᠤ ᠬᠡᠷᠡᠭᠯᠡᠭᠡᠨ ᠤ ᠵᠠᠷᠴᠢᠮ ᠢ ᠪᠠᠷᠢᠮᠲᠠᠯᠠᠵᠤ᠂ ᠮᠡᠷᠭᠡᠵᠢᠯ ᠤᠨ ᠬᠡᠷᠡᠭᠯᠡᠭᠡ ᠪᠣᠯᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠡᠭᠦᠳᠦᠯᠲᠡ ᠰᠢᠯᠢᠳᠡᠭ ᠢ ᠡᠭᠦᠳᠬᠦ ᠶᠢ ᠭᠦᠨᠵᠡᠭᠡᠶ ᠠᠬᠢᠭᠤᠯᠵᠤ᠂ ᠨᠢᠭᠡ ᠵᠦᠶᠯ ᠢ ᠬᠢᠪᠡᠯ᠂ ᠨᠢᠭᠡ ᠵᠦᠢᠯ ᠢ ᠪᠦᠲᠦᠭᠡᠬᠦ᠂ ᠨᠢᠭᠡ ᠵᠦᠢᠯ ᠳᠤ ᠮᠡᠷᠭᠡᠰᠢᠬᠦ᠂ ᠠᠷᠠᠳ ᠤᠯᠠᠨ ᠳᠤ ᠢᠯᠡᠭᠦᠬᠡᠨ ᠦᠨᠡᠨ ᠪᠣᠳᠠᠲᠠᠢ ᠦᠢᠯᠡᠴᠢᠯᠡᠭᠡ ᠬᠠᠩᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ︔ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠷᠠᠳᠢᠣ᠋ ᠲᠧᠯᠸᠢᠰ ᠰᠦᠯᠵᠢᠶ᠎ᠡ ᠶᠢᠨ ᠦᠶᠯᠡᠴᠢᠯᠡᠭᠡ ᠶᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠲᠠᠢ ᠵᠣᠯᠭᠠᠭᠤᠯᠬᠤ ᠶᠢ ᠠᠬᠢᠭᠤᠯᠵᠤ᠂ ᠴᠤᠪᠤᠷᠠᠯ ᠢ ᠳᠠᠬᠢᠨ ᠪᠤᠶ ᠪᠣᠯᠭᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠷᠠᠳᠢᠣ᠋ ᠲᠧᠯᠸᠢᠰ ᠰᠦᠯᠵᠢᠶᠡᠨ ᠤ ᠦᠶᠯᠡᠴᠢᠯᠡᠭᠡ ᠬᠡᠷᠡᠭᠯᠡᠬᠦ ᠳᠤ ᠳᠥᠭᠦᠮ ᠦᠵᠡᠭᠦᠯᠦᠨ᠎ᠡ︔ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠲᠠᠯ᠎ᠠ ᠲᠠᠢ ᠨᠢᠭᠲᠠ ᠤᠶᠠᠯᠳᠤᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠺᠠᠶᠢᠯᠦ ᠶᠢᠨ ᠦᠯᠢᠭᠡᠷ ᠢ ᠰᠠᠶᠢᠲᠤᠷ ᠶᠠᠷᠢᠵᠤ᠂ ᠺᠠᠶᠢᠯᠦ ᠶᠢᠨ ᠲᠠᠭᠤᠨ ᠢ ᠳᠠᠮᠵᠢᠭᠤᠯᠵᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号