ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ—5000 ᠵᠢᠯ ᠤᠨ ᠡᠮᠤᠨᠡᠬᠢ ᠬᠤᠷᠴᠢᠨ ᠪᠤᠯᠪᠠᠰᠤᠨ ᠤ ᠲᠤᠬᠠᠢ ᠮᠦᠷᠳᠡᠯ ︵ᠲᠣᠣᠷᠠᠳᠣ︶
ᠨᠡᠶᠢᠲᠡᠯᠡᠭᠰᠡᠨ ᠴᠠᠭ᠄
2020/7/13
     ᠬᠤᠷᠴᠢᠨ ᠤ ᠪᠠᠯᠠᠷ ᠡᠷᠳᠡᠨ ᠤ ᠪᠤᠯᠪᠠᠰᠤᠨ ᠤ ᠪᠡᠯᠭᠡ ᠲᠡᠮᠳᠡᠭ      ᠬᠠᠮᠪᠤ ᠶᠢᠨ ᠪᠠᠭᠤᠷᠢ ᠶᠢᠨ ᠢᠯᠡᠷᠡᠭᠦᠯᠦᠯᠲᠡ ᠨᠢ ᠬᠠᠭᠤᠴᠢ ᠰᠤᠳᠤᠯᠤᠯ ᠤᠨ ᠬᠢᠨ ᠢ ᠰᠤᠴᠢᠭᠠᠵᠤ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ 2011 ᠣᠨ ᠤ ︽ᠪᠦᠬᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠰᠢᠨ᠎ᠡ ᠢᠯᠡᠷᠡᠭᠦᠯᠦᠯᠲᠡ︾ ᠪᠠᠷ ᠦᠨᠡᠯᠡᠪᠡ︔ 2014 ᠣᠨ ᠤ 9 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠲᠠᠪᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠤᠯᠳᠠᠯᠭᠠᠳᠤ ᠲᠡᠤᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ︾ ᠪᠠᠷ ᠨᠡᠷᠡᠯᠡᠪᠡ︔ 2016 ᠣᠨ ᠤ 4 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ︾ ᠢᠶᠠᠷ ᠨᠡᠷᠡᠯᠡᠪᠡ︔ 2019 ᠤᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠤᠯᠳᠠᠯᠭᠠᠳᠤ ᠲᠡᠤᠭᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠨᠢᠭᠡᠴᠢ︾ ᠪᠠᠷ   ᠨᠡᠷᠡᠯᠡᠪᠠ᠃      ᠬᠠᠮᠪᠤ ᠶᠢᠨ ᠪᠠᠭᠤᠷᠢ ᠪᠣᠯ ᠣᠳᠣ ᠪᠣᠯᠲᠠᠯ᠎ᠠ ᠬᠤᠷᠴᠢᠨ ᠨᠤᠳᠤᠭ ᠲᠤ ᠬᠠᠮᠤᠭ ᠶᠡᠭᠡ ᠬᠡᠪᠴᠢᠶ᠎ᠡ ᠪᠠᠷ ᠮᠠᠯᠲᠠᠭᠰᠠᠨ ᠲᠡᠦᠬᠡᠨ ᠠᠴᠠ ᠡᠮᠦᠨᠡᠬᠢ ᠲᠤᠰᠬᠤᠨ ᠤ ᠪᠠᠭᠤᠷᠢ ᠪᠣᠯᠤᠨ᠎ᠠ᠃ ᠪᠠᠭᠤᠷᠢ ᠶᠢᠨ ᠲᠤᠰᠬᠤᠨ ᠨᠢ ᠪᠦᠷᠢᠨ ᠪᠦᠲᠦᠨ ᠬᠠᠳᠠᠭᠠᠯᠠᠭᠳᠠᠵᠤ᠂ ᠮᠠᠯᠲᠠᠵᠤ ᠭᠠᠷᠭᠠᠭᠰᠠᠨ ᠦᠯᠡᠳᠡᠭᠳᠡᠯ ᠨᠢ ᠡᠯᠪᠡᠭ ᠪᠠᠶᠠᠯᠢᠭ᠂ ᠰᠣᠶᠣᠯ ᠤᠨ ᠠᠭᠤᠯᠬᠤᠨ ᠨᠢ ᠢᠯᠡ ᠲᠣᠳᠣ ᠭᠠᠵᠠᠷ ᠣᠷᠣᠨ ᠤ ᠣᠨᠴᠠᠯᠢᠭ ᠲᠠᠢ ᠪᠠᠶᠢᠵᠤ᠂ ᠣᠯᠠᠨ ᠵᠦᠢᠯ ᠤᠨ ᠴᠢᠬᠤᠯᠠ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠨᠢ ᠡᠷᠳᠡᠮ ᠰᠢᠨᠵᠢᠯᠡᠭᠡᠨ ᠤ ᠬᠢᠨ ᠤ ᠠᠩᠬᠠᠷᠤᠯ ᠢ ᠲᠠᠲᠠᠵᠤ᠂ ᠬᠤᠷᠴᠢᠨ ᠤ ᠪᠠᠯᠠᠷ ᠡᠷᠲᠡᠨ ᠤ ᠪᠣᠯᠪᠠᠰᠤᠨ ᠢ ᠬᠠᠶᠢᠨ ᠰᠦᠪᠡᠭᠴᠢᠯᠡᠬᠦ ᠰᠢᠨ᠎ᠡ ᠬᠦᠷᠢᠶ᠎ᠡ ᠶᠢ ᠨᠡᠭᠡᠭᠡᠪᠠ᠃ ᠬᠠᠭᠤᠴᠢ ᠰᠤᠳᠤᠯᠤᠬᠴᠢᠳ ᠠᠴᠠ᠂ ᠬᠠᠮᠪᠤ ᠶᠢᠨ ᠪᠠᠭᠤᠷᠢ ᠶᠢᠨ ᠦᠨ᠎ᠡ ᠥᠷᠲᠡᠭ ᠢ ︽ᠪᠠᠯᠠᠷ ᠡᠷᠳᠡᠨ ᠤ ᠭᠤᠷᠪᠠᠨ ᠶᠡᠭᠡ ᠭᠠᠶᠢᠬᠠᠮᠰᠢᠭᠲᠤ ᠦᠵᠡᠭᠳᠡᠯ᠂ ᠨᠢᠭᠡ ᠶᠡᠭᠡ ᠬᠤᠪᠢᠷᠠᠯᠲᠠ︾ ᠭᠡᠵᠦ ᠬᠤᠷᠢᠶᠠᠩᠭᠤᠶᠢᠯᠠᠬᠰᠠᠨ ᠪᠠᠶᠢᠨ᠎ᠠ᠃      ᠨᠢᠭᠡᠳᠦᠭᠡᠷ ᠭᠠᠶᠢᠬᠠᠮᠰᠢᠭᠲᠤ ᠦᠵᠡᠭᠳᠡᠯ᠄ ᠬᠠᠮᠪᠤ ᠶᠢᠨ ᠪᠠᠭᠤᠷᠢ ᠪᠣᠯ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠠᠵᠢᠯ ᠤᠨ ᠠᠩᠬ᠎ᠠ ᠤᠳᠠᠭ᠎ᠠ ᠤᠮᠠᠷᠠᠲᠤ ᠥᠷᠭᠡᠷᠢᠭ ᠤᠨ 43 ᠭᠷᠠᠳᠦ᠋ᠰ ᠠᠴᠠ ᠤᠮᠠᠷᠠᠰᠢᠬᠢ ᠭᠠᠵᠠᠷ ᠣᠷᠣᠨ ᠠᠴᠠ ᠢᠯᠡᠷᠡᠭᠦᠯᠦᠭᠰᠡᠨ ᠲᠡᠦᠬᠡᠨ ᠠᠴᠠ ᠡᠮᠦᠨᠡᠬᠢ ᠲᠤᠰᠬᠤᠨ ᠤ ᠪᠠᠭᠤᠷᠢ ᠪᠣᠯᠤᠨ᠎ᠠ᠃ ᠡᠨᠡ ᠨᠢ ᠳᠡᠯᠡᠬᠡᠶ ᠳᠡᠭᠡᠷ᠎ᠡ ᠴᠦ ᠳᠡᠮᠡᠶ ᠬᠠᠷᠠᠭᠳᠠᠬᠤ ᠦᠭᠡᠢ ᠶᠤᠮ᠃ ᠲᠡᠯᠡᠪᠠᠢ ᠪᠠᠷ ᠶᠡᠭᠡ᠂ ᠨᠡᠯᠢᠶᠡᠳ ᠪᠦᠷᠢᠨ ᠪᠦᠲᠦᠨ ᠬᠠᠳᠠᠭᠠᠯᠠᠬᠳᠠᠵᠤ᠂ ᠮᠠᠯᠲᠠᠵᠤ ᠭᠠᠷᠭᠠᠭᠰᠠᠨ ᠦᠯᠡᠳᠡᠭᠳᠡᠯ ᠡᠳ᠋ ᠨᠢ ᠡᠯᠪᠡᠭ ᠪᠠᠶᠠᠯᠢᠭ ᠪᠠᠶᠢᠵᠤ᠂ ᠪᠦᠬᠦᠢ ᠯᠡ ᠵᠡᠭᠦᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠲᠤ ᠴᠥᠮ ᠲᠦᠢᠯ ᠤᠨ ᠬᠤᠪᠣᠷ ᠪᠠᠶᠢᠳᠠᠭ᠃      ᠬᠤᠶᠠᠳᠤᠭᠠᠷ ᠭᠠᠶᠢᠬᠠᠮᠰᠢᠭᠲᠤ ᠦᠵᠡᠭᠳᠠᠯ᠄ ᠪᠠᠭᠤᠷᠢ ᠠᠴᠠ ᠢᠯᠡᠷᠡᠭᠦᠯᠦᠭᠰᠡᠨ ᠨᠡᠯᠢᠶᠡᠳ ᠪᠦᠷᠢᠨ ᠪᠦᠲᠦᠨ ᠬᠠᠳᠠᠭᠠᠯᠠᠭᠳᠠᠭᠰᠠᠨ ᠭᠡᠷ ᠪᠠᠶᠢᠰᠢᠩ ᠤᠨ ᠮᠣᠳᠣᠨ ᠪᠦᠳᠤᠴᠠᠳᠤ ᠵᠢᠶᠠᠰᠠ ᠶᠢᠨ ᠣᠷᠣᠮ ᠨᠢ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠶᠢᠨ ᠬᠠᠭᠠᠰ ᠠᠭᠤᠢ ᠬᠡᠯᠪᠠᠷᠢᠳᠠᠢ ᠭᠡᠷ ᠪᠠᠶᠢᠰᠢᠩ ᠤᠨ ᠪᠠᠷᠢᠯᠭ᠎ᠠ ᠶᠢᠨ ᠪᠣᠷᠣ ᠲᠥᠯᠥᠪ ᠤᠨ ᠪᠠᠶᠢᠳᠠᠯ ᠢ ᠳᠠᠬᠢᠨ ᠢᠯᠡᠷᠡᠭᠦᠯᠵᠦ᠂ ᠡᠨᠡ ᠨᠢ ᠮᠠᠨ ᠤ ᠤᠯᠤᠰ ᠴᠢᠨᠠᠭᠰᠢᠯᠠᠪᠠᠯ ᠳᠡᠯᠡᠬᠡᠶ ᠶᠢᠨ ᠬᠡᠪᠴᠢᠶᠡᠨ ᠳᠠᠬᠢ ᠪᠠᠯᠠᠷ ᠡᠷᠲᠡᠨ ᠤ ᠲᠤᠰᠬᠤᠨ ᠤ ᠪᠠᠭᠤᠷᠢ ᠠᠴᠠ ᠠᠩᠬ᠎ᠠ ᠤᠳᠠᠭ᠎ᠠ ᠢᠯᠡᠷᠡᠭᠦᠯᠦᠭᠰᠡᠨ ᠳᠤ ᠲᠣᠭᠠᠴᠠᠭᠳᠠᠨ᠎ᠠ᠃      ᠬᠠᠭᠤᠴᠢ ᠰᠤᠳᠤᠯᠤᠬᠴᠢᠳ ᠬᠠᠮᠪᠤ ᠶᠢᠨ ᠪᠠᠭᠤᠷᠢ ᠠᠴᠠ ᠠᠷᠪᠠᠨ ᠬᠡᠳᠦᠨ ᠰᠠᠭᠤᠷᠢ ᠭᠡᠷ ᠪᠠᠶᠢᠰᠢᠩ ᠨᠢ ᠭᠠᠯ ᠳᠤ ᠰᠢᠲᠠᠭᠳᠠᠭᠰᠠᠨ ᠤ ᠳᠠᠷᠠᠭ᠎ᠠ ᠪᠦᠷᠢᠨ ᠪᠦᠲᠦᠨ ᠪᠤᠶᠤ ᠬᠡᠰᠡᠭ ᠪᠤᠰᠠᠭ ᠦᠯᠡᠳᠡᠭᠰᠡᠨ ᠭᠡᠷ ᠤᠨ ᠲᠡᠭᠡᠪᠤᠷ ᠤᠨ ᠮᠣᠳᠣᠨ ᠪᠦᠲᠦᠴᠡᠳᠤ ᠵᠢᠶᠠᠰᠠ ᠶᠢᠨ ᠤᠷᠤᠮ ᠢ ᠢᠯᠠᠷᠡᠭᠦᠯᠵᠠᠢ᠃ ᠲᠡᠭᠦᠨ ᠤ ᠳᠣᠲᠣᠷᠠᠬᠢ F32 ᠨᠣᠮᠧᠷᠲᠤ ᠪᠠᠶᠢᠰᠢᠩ ᠤᠨ ᠪᠠᠭᠤᠷᠢ ᠨᠢ ᠬᠠᠮᠤᠭ ᠶᠡᠭᠡ᠂ ᠮᠥᠨ ᠴᠦ ᠬᠠᠮᠤᠭ ᠪᠦᠷᠢᠨ ᠪᠦᠲᠦᠨ ᠨᠢᠭᠡ ᠰᠠᠭᠤᠷᠢ ᠪᠣᠯᠤᠨ᠎ᠠ᠃ ᠴᠡᠪᠡᠷᠯᠡᠵᠤ ᠭᠠᠷᠭᠠᠭᠰᠠᠨ ᠮᠣᠳᠣᠨ ᠵᠢᠶᠠᠰᠠ ᠶᠢᠨ ᠣᠷᠣᠮ ᠤᠨ ᠪᠦᠲᠦᠴᠡ ᠪᠠ ᠬᠡᠯᠪᠡᠷᠢ ᠪᠠᠶᠢᠳᠠᠯ ᠢᠶᠠᠷ ᠲᠤᠬᠠᠢ ᠶᠢᠨ ᠦᠶ᠎ᠠ ᠶᠢᠨ ᠭᠡᠷ ᠤᠨ ᠲᠡᠭᠡᠪᠤᠷ ᠤᠨ ᠪᠠᠷᠢᠯᠭ᠎ᠠ ᠶᠢᠨ ᠪᠤᠷᠤ ᠲᠦᠯᠦᠪ ᠢ ᠮᠠᠳᠠᠵᠤ ᠪᠤᠯᠬᠤ ᠠᠵᠢ᠃      ᠪᠠᠯᠠᠷ ᠡᠷᠲᠡᠨ ᠤ ᠨᠡᠶᠢᠭᠡᠮ ᠤᠨ ᠰᠡᠭᠦᠯᠴᠢ ᠶᠢᠨ ᠦᠶ᠎ᠡ ᠠᠴᠠ ᠡᠬᠢᠯᠡᠨ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠲᠦᠴᠡ ᠨᠢ ᠮᠣᠳᠣᠨ ᠪᠦᠲᠦᠴᠡ ᠪᠠᠷ ᠭᠤᠣᠯ ᠪᠣᠯᠭᠠᠵᠤ ᠪᠠᠶᠢᠪᠠ᠃ ᠮᠠᠲ᠋ᠧᠷᠢᠶᠠᠯ ᠤᠨ ᠬᠢᠵᠠᠭᠠᠷᠯᠠᠯ ᠠᠴᠠ ᠪᠣᠯᠵᠤ᠂ ᠣᠨ ᠵᠢᠯ ᠨᠢ ᠤᠷᠲᠤ ᠤᠳᠠᠭᠠᠨ ᠪᠥᠭᠡᠳ ᠦᠯᠡᠳᠡᠵᠤ ᠴᠢᠳᠠᠬᠰᠠᠨ ᠪᠠᠷᠢᠯᠭ᠎ᠠ ᠶᠢᠨ ᠪᠣᠳᠠᠲᠤ ᠴᠣᠭᠴᠠ ᠨᠢ ᠮᠠᠰᠢ ᠬᠤᠪᠤᠷᠬᠠᠨ ᠪᠠᠶᠢᠳᠠᠭ᠃ 5000 ᠭᠠᠷᠤᠶ ᠵᠢᠯ ᠤᠨ ᠡᠮᠤᠨᠡᠬᠢ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠭᠡᠷ ᠪᠠᠶᠢᠰᠢᠩ ᠨᠢ ᠶᠠᠮᠠᠷ ᠶᠠᠩᠵᠤ ᠲᠠᠢ ᠪᠠᠶᠢᠬᠤ ᠲᠤᠬᠠᠢ᠂ ᠬᠠᠭᠤᠴᠢ ᠰᠤᠳᠤᠯᠤᠭᠴᠢᠳ ᠵᠥᠪᠬᠡᠨ ᠬᠡᠰᠡᠭ ᠪᠤᠰᠠᠭ᠂ ᠲᠠᠷᠠᠬᠠᠶ ᠪᠤᠲᠠᠷᠬᠠᠶ ᠢᠯᠡᠷᠡᠭᠦᠯᠦᠯᠲᠡ ᠶᠢ ᠦᠨᠳᠦᠰᠦᠯᠡᠵᠦ᠂ ᠲᠠᠭᠠᠮᠠᠭᠯᠠᠨ ᠰᠤᠳᠤᠯᠵᠤ ᠪᠠᠶᠢᠪᠠ᠃ ᠡᠶᠢᠮᠤ ᠠᠴᠠ ᠬᠠᠮᠪᠤ ᠶᠢᠨ ᠪᠠᠭᠤᠷᠢ ᠨᠢ ᠪᠠᠯᠡᠷ ᠡᠷᠳᠡᠨ ᠤ ᠬᠦᠮᠤᠰ ᠤᠨ ᠪᠠᠷᠢᠯᠭ᠎ᠠ ᠶᠢᠨ ᠲᠡᠤᠭᠡ ᠪᠤᠯᠤᠨ ᠪᠠᠷᠢᠯᠭ᠎ᠠ ᠶᠢᠨ ᠪᠦᠳᠤᠴᠠ ᠶᠢ ᠰᠤᠳᠤᠯᠬᠤ ᠳᠤ ᠪᠦᠷ ᠦᠨ᠎ᠠ ᠴᠠᠨ᠎ᠠ ᠲᠠᠢ ᠵᠦᠢᠯ ᠪᠤᠯᠤᠨ᠎ᠠ᠃      ᠭᠤᠷᠪᠠᠳᠤᠭᠠᠷ ᠭᠠᠶᠢᠬᠠᠮᠰᠢᠭᠲᠤ ᠦᠵᠡᠭᠳᠡᠯ᠄ ᠪᠠᠶᠢᠰᠢᠩ ᠤᠨ ᠪᠠᠭᠤᠷᠢ ᠠᠴᠠ ᠶᠡᠭᠡ ᠬᠡᠮᠵᠢᠶ᠎ᠠ ᠪᠠᠷ ᠤᠪᠤᠭᠠᠯᠠᠨ ᠬᠠᠶᠠᠬᠰᠠᠨ ᠬᠦᠮᠤᠨ ᠤ ᠠᠷᠤᠭ ᠶᠠᠰᠤ ᠶᠢ ᠢᠯᠡᠷᠡᠭᠦᠯᠦᠭᠰᠡᠨ ᠨᠢ ᠤᠨᠴᠠᠭᠠᠢ᠃ ᠡᠭᠦᠨ ᠳᠤ ᠡᠷᠦᠢ ᠬᠤᠷᠤᠢ ᠦᠭᠡᠢ᠂ ᠰᠢᠳᠠᠭᠠᠵᠤ ᠲᠦᠯᠡᠭᠰᠡᠨ ᠤᠷᠤᠮ ᠬᠠᠷᠠᠬᠳᠠᠳᠠᠭ᠃ ᠢᠯᠠᠩᠭᠤᠶ᠎ᠠ ᠲᠡᠭᠦᠨ ᠤ ᠳᠣᠲᠣᠷᠠᠬᠢ ᠵᠦᠪᠭᠡᠨ 18 ᠲᠡᠭᠰᠢ ᠳᠥᠷᠪᠡᠯᠵᠢᠨ ᠮᠧᠲᠷ ᠤᠨ ᠪᠠᠶᠢᠰᠢᠩ ᠤᠨ ᠳᠣᠲᠣᠷ᠎ᠠ ᠠᠴᠠ ᠢᠯᠡᠷᠡᠭᠦᠯᠦᠭᠰᠡᠨ 97 ᠬᠥᠮᠦᠨ ᠤ ᠠᠷᠤᠭ ᠶᠠᠰᠤ ᠨᠢ ᠪᠠᠯᠠᠷ ᠡᠷᠲᠡᠨ ᠤ ᠲᠡᠷᠡ ᠬᠦ ᠬᠦᠨᠳᠦ ᠭᠠᠮᠰᠢᠭ ᠤᠨ ᠬᠡᠷᠡᠭ ᠶᠠᠪᠤᠳᠠᠯ ᠤᠨ ᠠᠩᠬᠠᠨ ᠤ ᠪᠠᠶᠢᠳᠠᠯ ᠢ ᠬᠦᠮᠤᠰ ᠤᠨ ᠡᠮᠤᠨ᠎ᠠ ᠢᠯᠡᠷᠡᠭᠦᠯᠵᠤ᠂ ᠬᠦᠮᠤᠨ ᠢ ᠰᠤᠴᠢᠭᠠᠮ᠎ᠠ ᠪᠠᠶᠢᠵᠤ᠂ ᠳᠤᠮᠳᠠᠳᠤ ᠤᠯᠤᠰ ᠤᠨ ᠲᠡᠦᠬᠡᠨ ᠠᠴᠠ ᠡᠮᠦᠨᠡᠬᠢ ᠬᠠᠮᠤᠭ ᠤᠨᠴᠠᠭᠠᠢ ᠦᠵᠡᠭᠳᠡᠯ ᠳᠤ ᠲᠤᠭᠠᠴᠠᠬᠳᠠᠨ᠎ᠠ᠃ ᠲᠤᠰᠬᠠᠢ ᠮᠡᠷᠭᠡᠵᠢᠯᠳᠠᠳ ᠲᠤᠬᠠᠢ ᠶᠢᠨ ᠲᠠᠯᠠᠪᠠᠢ ᠳᠤ ᠬᠢᠨᠡᠨ ᠲᠤᠬᠳᠠᠭᠠᠯᠳᠠ ᠬᠢᠬᠦ ᠪᠠᠷ ᠲᠡᠮᠵᠢᠨ᠂ ᠡᠳᠡᠭᠡᠷ ᠤᠨ ᠤᠯᠠᠩᠬᠢ ᠨᠢ ᠪᠦᠷ ᠡᠮᠡᠭᠳᠡᠶᠢᠴᠤᠳ ᠪᠠ ᠬᠡᠤᠭᠡᠳ ᠤᠨ ᠶᠠᠰᠤ ᠪᠤᠯᠬᠤ ᠶᠢ ᠰᠢᠯᠭᠠᠨ ᠨᠤᠳᠠᠯᠠᠬᠰᠠᠨ ᠪᠦᠭᠡᠳ ᠡᠷᠡᠭᠳᠡᠢ ᠡᠮᠡᠭᠳᠡᠢ ᠶᠢᠨ ᠬᠠᠷᠢᠴᠠᠯ ᠶᠡᠭᠡᠭᠡᠨ ᠵᠦᠷᠢᠶ᠎ᠠ ᠲᠠᠢ ᠪᠠᠶᠢᠨ᠎ᠠ᠃      ᠮᠠᠯᠲᠡᠯᠲᠡ ᠠᠴᠠ ᠢᠯᠡᠷᠡᠬᠦᠯᠥᠭᠰᠡᠨ ᠬᠡᠬᠦᠷ ᠶᠠᠰᠤᠨ ᠤ ᠪᠠᠶᠢᠲᠡᠯ ᠬᠦᠮᠤᠰ ᠤᠨ ᠠᠶᠢᠳᠠᠰ ᠢ ᠬᠦᠷᠭᠡᠮᠠᠷ᠃ ᠵᠠᠷᠢᠮ ᠨᠢ ᠶᠠᠭ ᠯᠠ ᠭᠠᠷ ᠬᠦᠯ ᠢᠶᠠᠨ ᠲᠡᠯᠴᠢᠯᠡᠨ ᠡᠭᠦᠳᠡ ᠥᠭᠡᠳᠡ ᠮᠠᠴᠤᠵᠤ ᠪᠠᠶᠢᠬᠤ ᠰᠢᠬ᠂ ᠵᠠᠷᠢᠮ ᠨᠢ ᠨᠦᠬᠦᠭᠡ ᠨᠢᠭᠡ ᠬᠥᠮᠦᠨ ᠤ ᠭᠠᠷ ᠢ ᠬᠦᠴᠦᠯᠡᠨ ᠲᠤᠯᠵᠤ ᠪᠠᠶᠢᠬᠤ ᠰᠢᠭ᠋᠂ ᠵᠠᠷᠢᠮ ᠨᠢ ᠶᠠᠭ ᠯᠠ ᠵᠣᠷᠢᠭ ᠮᠣᠬᠤᠵᠤ ᠦᠬᠦᠯ ᠤᠨ ᠬᠦᠷᠴᠦ ᠢᠷᠡᠬᠦ ᠶᠢ ᠬᠦᠯᠢᠶᠡᠵᠤ ᠪᠠᠶᠢᠭ᠎ᠠ ᠮᠡᠲᠦ ᠶᠢᠨ ᠬᠡᠭᠦᠷ ᠤᠨ ᠪᠠᠶᠢᠲᠡᠯ ᠨᠢ ᠶᠠᠭᠠᠬᠢᠬᠤ ᠶᠢᠨ ᠠᠷᠭ᠎ᠠ ᠦᠬᠡᠢ ᠬᠦᠮᠤᠰ ᠤᠨ ᠭᠠᠶᠢᠬᠠᠰᠢ ᠶᠢ ᠠᠯᠲᠠᠭᠤᠯᠤᠨ᠎ᠠ᠃ ᠲᠡᠳᠡ ᠶᠠᠭᠠᠬᠢᠭᠠᠳ ᠡᠶᠢᠮᠦ ᠠᠶᠤᠮᠰᠢᠭᠲᠠᠢ᠂ ᠡᠶᠢᠮᠦ ᠬᠠᠷᠠᠰᠠᠯᠲᠠᠢ ᠦᠬᠦᠭᠰᠡᠨ ᠪᠤᠢ︖ ᠲᠡᠳᠡ ᠴᠤᠬᠤᠮ ᠶᠠᠭᠠᠬᠢᠵᠤ ᠦᠬᠦᠭᠰᠡᠨ ᠪᠤᠢ︖ ᠡᠳᠡᠭᠡᠷ ᠮᠠᠳᠠᠭ ᠲᠠᠢ ᠵᠦᠢᠯ ᠤᠨᠢᠰᠤᠭ᠎ᠠ ᠪᠤᠯᠤᠨ ᠦᠯᠡᠲᠡᠵᠤ᠂ ᠡ᠊ᠨᠲᠡ ᠪᠠᠶᠢᠴᠠᠭᠠᠨ ᠦᠵᠡᠬᠦ ᠪᠠ ᠵᠤᠭᠠᠴᠠᠨ ᠲᠤᠭᠤᠷᠢᠬᠤ ᠪᠠᠷ ᠢᠷᠡᠭᠰᠡᠳ ᠤᠨ ᠠᠩᠬᠠᠷᠤᠯ ᠢ ᠡᠷᠬᠡ ᠦᠬᠡᠢ ᠲᠡᠲᠡᠵᠤ᠂ ᠬᠦᠮᠤᠰ ᠢ ᠠᠯᠢ ᠤᠯᠠᠨ ᠲᠠᠭᠠᠮᠠᠭᠯᠠᠯ᠂ ᠬᠤᠯᠪᠤᠨ ᠪᠤᠲᠦᠯᠲᠡ ᠳᠤ ᠠᠪᠲᠡᠭᠤᠯᠲᠠᠬ᠃      ᠡ᠊ᠨᠲᠡ ᠲᠠᠶᠢᠨ ᠪᠠᠶᠢᠯᠳᠤᠭᠠᠨ ᠪᠤᠯᠵᠤ ᠦᠩᠬᠡᠷᠡᠪᠡ ᠤᠤ︖ ᠠᠯᠢ ᠡᠰᠠᠭᠦᠯ᠎ᠠ ᠪᠠᠶᠢᠭᠠᠯᠢ ᠶᠢᠨ ᠭᠠᠮᠰᠢᠭ ᠡᠬᠦᠰᠥᠭᠰᠡᠨ ᠤᠤ︖ ᠡᠰᠡᠬᠦᠯ᠎ᠠ ᠲᠦᠷᠭᠡᠨ ᠴᠢᠨᠠᠷᠲᠠᠶ ᠬᠠᠯᠳᠠᠪᠤᠷᠢᠲᠤ ᠡᠪᠡᠳᠴᠢᠨ᠂ ᠬᠢᠵᠢᠭ ᠲᠠᠬᠤᠯ ᠲᠡᠯᠬᠡᠷᠡᠭᠰᠡᠨ ᠤᠤ︖ ᠠᠯᠢ ᠨᠢᠬᠡ ᠪᠠᠶᠢᠲᠡᠯ ᠨᠢ ᠴᠤ ᠮᠥᠨ ᠮᠠᠭᠠᠳ᠂ ᠡᠰᠡᠬᠦᠯ᠎ᠡ ᠪᠦᠷ ᠪᠢᠰᠢ ᠴᠦ ᠮᠠᠭᠠᠳ᠂ ᠠᠯᠢ ᠨᠢᠬᠡ ᠪᠠᠶᠢᠲᠡᠯ ᠨᠢ ᠴᠦ ᠵᠠᠩᠭᠢᠯᠠᠭ᠎ᠠ ᠶᠢᠨ ᠭᠡᠷᠡᠴᠢ ᠪᠠᠷᠢᠮᠲᠠ ᠳᠤᠲᠠᠭᠳᠠᠵᠤ ᠪᠠᠶᠢᠨ᠎ᠠ᠃ ᠡᠨᠡ ᠶᠢᠷᠲᠢᠨᠴᠦ ᠶᠢᠨ ᠲᠤᠬᠠᠶ ᠪᠢᠳᠡᠡ ᠤ ᠤᠶᠢᠯᠠᠭᠠᠯᠳᠠ ᠦᠨᠡᠬᠡᠷ ᠳᠠᠩᠴᠤ ᠴᠥᠭᠡᠨ᠂ ᠡᠨᠡ ᠪᠠᠭᠤᠷᠢ ᠶᠢᠨ ᠲᠤᠬᠠᠢ ᠴᠥᠭᠡᠨ ᠪᠤᠰᠤ ᠦᠯᠦ ᠮᠡᠳᠡᠬᠦ ᠨᠢᠭᠤᠴᠠ ᠪᠢᠳᠡᠡ ᠤ ᠬᠠᠷᠢᠭᠤᠯᠲᠡ ᠦᠭᠬᠦ ᠶᠢ ᠬᠦᠯᠢᠶᠡᠭᠰᠡᠬᠡᠷ᠃      ᠡᠭᠦᠨ ᠠᠴᠠ ᠭᠠᠳᠠᠨ᠎ᠠ᠂ ᠪᠠᠭᠤᠷᠢ ᠠᠴᠠ ᠶᠡᠭᠡ ᠬᠡᠮᠵᠢᠶᠠᠨ ᠤ ᠬᠠᠮᠪᠤ ᠶᠢᠨ ᠰᠤᠶᠤᠯ ᠤᠨ ᠢᠯᠠ ᠲᠤᠳᠤ ᠤᠨᠴᠠᠯᠢᠭ ᠲᠠᠢ ᠤᠯᠤᠰᠤᠨ ᠲᠤᠯᠪᠤ ᠲᠠᠢ ᠸᠠᠭᠠᠷ ᠰᠠᠪᠠ᠂ ᠲᠦᠷᠦᠯ ᠵᠦᠢᠯ ᠢᠶᠠᠷ ᠤᠯᠠᠨ ᠴᠢᠯᠠᠭᠤᠨ ᠬᠡᠷᠡᠭᠰᠡᠯ᠂ ᠶᠠᠰᠤᠨ ᠬᠡᠷᠡᠭᠰᠡᠯ᠂ ᠡᠪᠡᠷ ᠬᠡᠷᠡᠭᠰᠡᠯ᠂ ᠬᠢᠰᠤᠭ᠎ᠠ ᠬᠡᠷᠡᠭᠰᠡᠯ ᠵᠢᠴᠢ ᠶᠡᠭᠡ ᠬᠡᠮᠵᠢᠶᠠᠨ ᠤ ᠨᠠᠷᠢᠯᠢᠭ ᠰᠠᠶᠢᠬᠠᠨ ᠬᠠᠰ ᠡᠳ᠋ᠯᠡᠯ ᠢ ᠮᠠᠯᠳᠠᠨ ᠭᠠᠷᠭᠠᠵᠤ᠂ ᠤᠯᠠᠩᠬᠢ ᠲᠡᠤᠭᠡ ᠶᠢᠨ ᠲᠤᠷᠠᠰᠬᠠᠯᠳᠤ ᠵᠦᠢᠯ ᠨᠢ ᠲᠤᠮᠳᠠᠳᠤ ᠤᠯᠤᠰ ᠤᠨ ᠵᠡᠭᠦᠨ ᠬᠤᠶᠢᠳᠤ ᠤᠷᠤᠨ ᠴᠢᠨᠠᠬᠰᠢᠯᠠᠪᠠᠯ ᠪᠦᠬᠦ ᠤᠯᠤᠰ ᠲᠤ ᠴᠤ ᠠᠩᠬ᠎ᠠ ᠤᠳᠠᠭ᠎ᠠ ᠢᠯᠡᠷᠡᠭᠦᠯᠦᠭᠰᠡᠨ ᠮᠦᠷᠳᠡᠭᠡᠨ ᠰᠢᠨ᠎ᠠ ᠴᠢᠯᠠᠭᠤᠨ ᠵᠡᠪᠰᠡᠭ ᠤᠨ ᠴᠠᠭ ᠦᠶ᠎ᠠ ᠶᠢᠨ ᠲᠤᠮᠳᠠᠳᠤ ᠤᠯᠤᠰ ᠤᠨ ᠵᠡᠭᠦᠨ ᠬᠤᠶᠢᠳᠤ ᠤᠷᠤᠨ ᠪᠤᠯᠤᠨ ᠬᠤᠷᠴᠢᠨ ᠤ ᠭᠠᠵᠠᠷ ᠤᠷᠤᠨ ᠤ ᠨᠡᠶᠢᠭᠡᠮ ᠤᠨ ᠬᠡᠯᠪᠠᠷᠢ᠂ ᠠᠵᠤ ᠠᠬᠤᠢ ᠠᠮᠢᠳᠤᠷᠠᠯ᠂ ᠸᠠᠭᠠᠷ ᠰᠡᠪᠠ ᠬᠢᠬᠦ ᠭᠠᠷ ᠤᠷᠠᠯᠠᠯ᠂ ᠱᠠᠰᠢᠨ ᠰᠤᠷᠳᠠᠬᠤᠨ ᠵᠡᠩ ᠦᠢᠯᠡ ᠵᠡᠷᠭᠡ ᠶᠢ ᠤᠶᠢᠯᠠᠭᠠᠬᠤ ᠪᠠ ᠰᠤᠳᠤᠯᠬᠤ ᠳᠤ ᠰᠢᠨ᠎ᠠ ᠵᠢᠱᠢᠶ᠎ᠠ ᠬᠠᠨᠭ᠍ᠭᠠᠪᠠ᠃      ᠨᠢᠭᠡ ᠶᠡᠭᠡ ᠬᠤᠪᠢᠷᠠᠯᠲᠠ᠄ ᠬᠠᠮᠪᠤ ᠶᠢᠨ ᠪᠠᠭᠤᠷᠢ ᠶᠢᠨ ᠢᠯᠠᠷᠡᠭᠦᠯᠤᠯᠳᠠ ᠨᠢ ᠣᠯᠠᠭᠠᠨᠬᠠᠳᠠ ᠰᠣᠶᠣᠯ ᠠᠴᠠ ᠢᠯᠭᠠᠭᠳᠠᠬᠤ ᠨᠢᠭᠡ ᠵᠦᠢᠯ ᠤᠨ ᠰᠢᠨ᠎ᠡ ᠬᠠᠭᠤᠴᠢ ᠰᠤᠳᠤᠯᠤᠯ ᠤᠨ ᠰᠣᠶᠣᠯ— ︽ᠬᠠᠮᠪᠤ ᠶᠢᠨ ᠰᠤᠶᠤᠯ︾ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠬᠤᠷᠴᠢᠨ ᠤ ᠭᠠᠵᠠᠷ ᠣᠷᠣᠨ ᠤ ᠲᠡᠤᠬᠡ ᠶᠢᠨ ᠭᠡᠷᠡᠴᠢ ᠶᠢ ᠪᠦᠬᠦᠯᠢ ᠮᠢᠩᠭᠠᠨ ᠵᠢᠯ ᠤᠷᠢᠳᠴᠢᠯᠠᠭᠤᠯᠤᠭᠰᠠᠨ ᠪᠦᠭᠡᠳ ᠲᠡᠤᠬᠡᠨ ᠠᠴᠠ ᠡᠮᠦᠨᠡᠬᠢ ᠬᠤᠷᠴᠢᠨ ᠢ ᠬᠢᠯᠢ ᠬᠢᠵᠠᠭᠠᠷ ᠤᠨ ᠠᠲᠠᠷ ᠭᠠᠵᠠᠷ ᠭᠡᠵᠦ ᠦᠵᠡᠵᠦ ᠪᠠᠶᠢᠭᠰᠠᠨ ᠦᠵᠡᠯᠲᠡ ᠲᠠᠨᠢᠯᠲᠠ ᠶᠢ ᠬᠤᠪᠢᠷᠠᠭᠤᠯᠵᠤ᠂ ᠬᠤᠷᠴᠢᠨ ᠪᠣᠯ ᠳᠤᠮᠳᠠᠳᠤ ᠶᠢᠨ ᠡᠷᠲᠡᠨ ᠤ ᠪᠣᠯᠪᠠᠰᠤᠨ ᠤ ᠡᠭᠦᠰᠦᠯ ᠤᠨ ᠣᠷᠣᠨ ᠤ ᠨᠢᠭᠡ ᠪᠣᠯᠬᠤ ᠶᠢ ᠭᠦᠢᠴᠡᠳ ᠭᠡᠷᠡᠴᠢᠯᠡᠭᠰᠡᠨ ᠪᠠᠶᠢᠨ᠎ᠠ᠃      ᠬᠠᠭᠤᠴᠢ ᠰᠤᠳᠤᠯᠤᠬᠴᠢᠳ ᠠᠴᠠ᠂ ᠬᠠᠮᠪᠤ ᠶᠢᠨ ᠲᠡᠤᠬᠡ ᠶᠢᠨ ᠡᠮᠦᠨᠡᠬᠢ ᠪᠠᠭᠤᠷᠢ ᠵᠢᠴᠢ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠠᠭᠤᠯᠬᠤᠨ ᠢ ᠦᠨᠳᠦᠰᠦᠯᠡᠨ᠂ ᠲᠡᠭᠦᠨ ᠢ ᠰᠢᠨ᠎ᠡ ᠮᠠᠶ᠋ᠢᠭ ᠤᠨ ᠰᠣᠶᠣᠯ ᠭᠡᠵᠦ ᠬᠡᠯᠡᠵᠤ ᠪᠤᠯᠤᠨ᠎ᠠ ᠬᠡᠪᠠ᠃ ᠬᠠᠮᠪᠤ ᠶᠢᠨ ᠰᠣᠶᠣᠯ ᠨᠢ ︽凸︾ ᠥᠰᠥᠭ ᠤᠨ ᠬᠡᠯᠪᠡᠷᠢᠲᠦ ᠪᠠᠶᠢᠰᠢᠩ ᠤᠨ ᠪᠠᠭᠤᠷᠢ ᠪᠠ ᠪᠦᠳᠦᠭᠦᠯᠢᠭ ᠤᠯᠤᠰᠤᠨ ᠲᠤᠯᠪᠤᠳᠤ ᠬᠡ᠂ ᠲᠦᠷᠪᠠᠯᠵᠢᠨ ᠭᠡ ᠲᠠᠢ ᠲᠦᠡᠭᠰᠡᠯᠢᠭ ᠪᠤᠳᠤᠩ ᠨᠢ ᠬᠠᠮᠤᠭ ᠤᠨ ᠦᠪᠡᠷᠮᠢᠴᠠ ᠣᠨᠴᠠᠯᠢᠭ ᠲᠠᠢ ᠪᠠᠶᠢᠳᠠᠭ᠃ ︽之︾ ᠥᠰᠥᠭ ᠤᠨ ᠬᠡ ᠤᠭᠠᠯᠵᠠᠲᠤ ᠪᠣᠳᠤᠩ᠂ ᠵᠢᠵᠢᠭ ᠠᠮᠠᠰᠠᠷᠳᠤ ᠬᠤᠶᠠᠷ ᠴᠢᠬᠢ ᠲᠠᠢ ᠳᠡᠪᠦᠷ᠎ᠡ᠂ ᠲᠠᠰᠢᠭᠤ ᠠᠮᠠᠰᠠᠷ ᠲᠠᠢ ᠪᠠᠭᠠᠵᠢ᠂ ᠦᠡᠭᠭᠡᠳᠤ ᠸᠠᠭᠠᠷ᠂ ᠬᠠᠰ ᠬᠡᠷᠡᠭᠰᠡᠯ ᠵᠡᠷᠭᠡ ᠨᠢ ᠣᠯᠠᠭᠠᠨᠬᠠᠳᠠ ᠰᠣᠶᠣᠯ ᠤᠨ ᠰᠡᠭᠦᠯᠴᠢ ᠶᠢᠨ ᠦᠶ᠎ᠡ ᠶᠢᠨ ᠠᠳᠠᠯᠢ ᠲᠦᠷᠦᠯ ᠤᠨ ᠪᠠᠭᠠᠵᠢ ᠬᠡᠷᠡᠭᠰᠡᠯ ᠲᠠᠢ ᠲᠦᠰᠳᠡᠢ ᠪᠠᠶᠢᠵᠤ᠂ ᠡᠶᠢᠮᠤ ᠠᠴᠠ ᠬᠠᠮᠪᠤ ᠶᠢᠨ ᠰᠤᠶᠤᠯ ᠨᠢ ᠤᠤᠭᠠᠯ ᠨᠤᠳᠤᠭ ᠤᠨ ᠰᠣᠶᠣᠯ ᠤᠨ ᠣᠨᠴᠠᠯᠢᠭ ᠢᠶᠠᠷ ᠭᠤᠤᠯ ᠪᠣᠯᠭᠠᠵᠤ᠂ ᠡᠭᠦᠨ ᠤ ᠬᠠᠮᠲᠤ ᠣᠯᠠᠭᠠᠨᠬᠠᠳᠠ ᠰᠣᠶᠣᠯ ᠤᠨ ᠨᠥᠯᠥᠭᠡ ᠶᠢ ᠭᠦᠨ ᠬᠦᠷᠲᠡᠪᠡ᠃ ᠭᠡᠪᠡᠴᠦ ᠬᠠᠮᠪᠤ ᠶᠢᠨ ᠰᠣᠶᠣᠯ ᠨᠢ ᠪᠠᠰᠠ ᠣᠯᠠᠭᠠᠨᠬᠠᠳᠠ ᠰᠣᠶᠣᠯ ᠤᠨ ᠪᠠᠶᠢᠰᠢᠩ ᠤᠨ ᠪᠠᠭᠤᠷᠢ ᠪᠠ ᠤᠡᠭᠭᠤᠨ ᠠᠴᠠ ᠮᠠᠰᠢ ᠶᠡᠭᠡ ᠢᠯᠭᠠᠭ᠎ᠠ ᠲᠠᠢ ᠶᠤᠮ᠃ ᠬᠠᠮᠪᠤ ᠶᠢᠨ ᠰᠣᠶᠣᠯ ᠪᠣᠯ ᠣᠯᠠᠭᠠᠨᠬᠠᠳᠠ ᠰᠣᠶᠣᠯ ᠤᠨ ᠬᠥᠷᠰᠢ ᠵᠡᠷᠭᠡᠯᠡᠳᠡᠭᠡ ᠶᠢᠨ ᠣᠷᠣᠨ ᠨᠤᠲᠤᠭ ᠤᠨ ᠣᠨᠴᠠᠯᠢᠭ ᠲᠠᠢ ᠰᠣᠶᠣᠯ ᠪᠣᠯᠤᠨ᠎ᠠ᠂ ᠬᠠᠷᠢᠨ ᠣᠯᠠᠭᠠᠨᠬᠠᠳᠠ ᠰᠣᠶᠣᠯ ᠤᠨ ᠨᠢᠭᠡ ᠲᠥᠷᠥᠯ ᠬᠡᠯᠪᠡᠷᠢ ᠪᠢᠰᠢ᠃ ᠬᠡᠳᠦ᠋ᠢᠪᠡᠷ ᠬᠠᠮᠪᠤ ᠶᠢᠨ ᠰᠣᠶᠣᠯ ᠪᠣᠯᠤᠨ ᠣᠯᠠᠭᠠᠨᠬᠠᠳᠠ ᠰᠣᠶᠣᠯ ᠨᠢ ᠵᠣᠬᠢᠬᠤ ᠬᠡᠮᠵᠢᠶᠡᠨ ᠤ ᠠᠳᠠᠯᠢᠪᠲᠤᠷ ᠡᠯᠧᠮᠧᠨ᠋ᠲ ᠲᠠᠢ ᠪᠣᠯᠪᠠᠴᠤ ᠰᠣᠶᠣᠯ ᠤᠨ ᠭᠤᠣᠯ ᠡᠯᠧᠮᠧᠨ᠋ᠲ ᠨᠢ ᠡᠷᠡᠰ ᠣᠨᠳᠣᠣ ᠪᠣᠯᠬᠤᠷ ᠬᠠᠮᠪᠤ ᠶᠢᠨ ᠰᠣᠶᠣᠯ ᠤᠨ ᠭᠤᠣᠯ ᠡᠯᠧᠮᠧᠨ᠋ᠲ ᠤᠨ ᠡᠬᠢ ᠰᠤᠷᠪᠤᠯᠵᠢ ᠨᠢ ᠣᠯᠠᠭᠠᠨᠬᠠᠳᠠ ᠰᠣᠶᠣᠯ ᠠᠴᠠ ᠢᠷᠡᠯᠲᠡ ᠲᠠᠢ ᠪᠠᠶᠢᠵᠤ ᠴᠢᠳᠠᠬᠤ ᠦᠭᠡᠢ ᠶᠤᠮ᠃ ᠬᠠᠮᠪᠤ ᠶᠢᠨ ᠮᠠᠩᠬ᠎ᠠ ᠶᠢᠨ ᠪᠠᠭᠤᠷᠢ ᠠᠴᠠ ᠠᠩᠬ᠎ᠠ ᠤᠳᠠᠭ᠎ᠠ ᠡᠨᠡ ᠲᠥᠷᠥᠯ ᠤᠨ ᠦᠯᠡᠳᠡᠭᠳᠡᠯ ᠢ ᠶᠡᠭᠡ ᠬᠡᠪᠴᠢᠶ᠎ᠡ ᠪᠠᠷ ᠠᠭᠤᠳᠠᠯᠵᠤ᠂ ᠪᠠᠭᠤᠷᠢ ᠶᠢᠨ ᠰᠣᠶᠣᠯ ᠤᠨ ᠠᠭᠤᠯᠤᠭᠳᠠᠬᠤᠨ ᠨᠢ ᠳᠠᠩ ᠴᠤᠯᠭᠤᠶ᠂ ᠮᠠᠯᠲᠠᠵᠤ ᠭᠠᠷᠭᠠᠭᠰᠠᠨ ᠦᠯᠡᠳᠡᠭᠳᠡᠯ ᠪᠣᠳᠠᠰ ᠵᠢᠴᠢ ᠣᠨᠴᠠᠯᠢᠭ ᠨᠢ ᠲᠥᠯᠥᠭᠡᠯᠡᠬᠦ ᠴᠢᠨᠠᠷᠳᠠᠢ ᠪᠠᠶᠢᠳᠠᠭ ᠠᠴᠠ ︽ᠬᠠᠮᠪᠤ ᠶᠢᠨ ᠰᠣᠶᠣᠯ︾ ᠭᠡᠵᠦ ᠨᠡᠷᠡᠶᠢᠳᠪᠡ᠃      ︽ᠬᠠᠮᠪᠤ ᠶᠢᠨ ᠰᠣᠶᠣᠯ︾ ᠢ ᠢᠯᠡᠷᠡᠭᠦᠯᠦᠭᠰᠡᠨ ᠨᠢ᠂ ᠣᠷᠣᠨ ᠵᠠᠶ ᠶᠢᠨ ᠲᠠᠯ᠎ᠠ ᠳᠤ ᠥᠩᠭᠡᠷᠡᠭᠰᠡᠨ ᠤ ᠣᠷᠣᠨ ᠪᠦᠰᠡ ᠶᠢᠨ ᠬᠠᠭᠤᠴᠢ ᠰᠤᠳᠤᠯᠤᠯ ᠤᠨ ᠠᠵᠢᠯ ᠤᠨ ᠬᠤᠭᠤᠰᠣᠨ ᠢ ᠨᠥᠬᠦᠪᠥᠷᠢᠯᠡᠵᠦ᠂ ᠴᠠᠭ ᠤᠨ ᠲᠠᠯ᠎ᠠ ᠳᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠬᠤᠭᠤᠴᠠᠭᠠᠨ ᠤ ᠬᠠᠭᠤᠴᠢ ᠰᠤᠳᠤᠯᠤᠯ ᠤᠨ ᠰᠣᠶᠣᠯ ᠰᠤᠳᠤᠯᠭᠠᠨ ᠪᠣᠯᠤᠨ ᠪᠠᠭᠤᠷᠠᠶ ᠲᠠᠯ᠎ᠠ ᠶᠢ ᠲᠡᠭᠦᠯᠳᠡᠷᠵᠢᠭᠦᠯᠵᠤ᠂ ᠠᠶᠢᠯ ᠲᠤᠰᠬᠤᠨ ᠤ ᠬᠠᠭᠤᠴᠢ ᠰᠤᠳᠤᠯᠤᠯ ᠤᠨ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠠᠬᠢᠯᠲᠠ ᠲᠠᠢ ᠪᠣᠯᠵᠠᠶ᠃ ︽ᠬᠠᠮᠪᠤ ᠶᠢᠨ ᠰᠣᠶᠣᠯ︾ ᠬᠤᠷᠴᠢᠨ ᠤ ᠥᠷᠥᠴᠡᠨ ᠳᠤ ᠪᠠᠶᠢᠷᠢᠯᠠᠵᠤ᠂ ᠪᠠᠷᠠᠭᠤᠨ ᠯᠢᠶᠤᠤ ᠡᡁᠧ᠂ ᠰᠤᠩᠭᠠᠷᠢ ᠨᠤᠨ᠂ ᠬᠢᠷᠢᠨ ᠴᠠᠩᠴᠦ᠋ᠨ ᠭᠤᠷᠪᠠᠨ ᠲᠣᠮᠣ ᠬᠠᠭᠤᠴᠢ ᠰᠣᠶᠣᠯ ᠤᠨ ᠣᠷᠣᠨ ᠤ ᠬᠤᠭᠤᠷᠣᠨᠳᠣ ᠲᠠᠷᠬᠠᠵᠤ᠂ ᠣᠨᠴᠠᠭᠠᠶ ᠭᠠᠵᠠᠷ ᠵᠦᠶ ᠶᠢᠨ ᠪᠠᠶᠢᠷᠢᠰᠢᠯ ᠠᠴᠠ ᠪᠤᠯᠵᠤ ᠂ ᠲᠤᠰ ᠰᠣᠶᠣᠯ ᠤᠨ ᠢᠯᠡᠷᠡᠭᠦᠯᠦᠯᠲᠡ ᠪᠠ ᠰᠤᠳᠤᠯᠤᠯ ᠨᠢ ᠬᠠᠷᠢᠯᠴᠠᠨ ᠬᠤᠯᠪᠣᠭᠳᠠᠬᠤ ᠭᠠᠵᠠᠷ ᠣᠷᠣᠨ ᠤ ᠰᠢᠨ᠎ᠡ ᠴᠢᠯᠠᠭᠤᠨ ᠵᠡᠪᠰᠡᠭ ᠤᠨ ᠰᠣᠶᠣᠯ ᠤᠨ ᠡᠬᠢ ᠰᠤᠷᠪᠤᠯᠵᠢ ᠶᠢ ᠬᠠᠶᠢᠨ ᠰᠦᠪᠡᠭᠴᠢᠯᠡᠬᠦ᠂ ᠰᠣᠶᠣᠯ ᠤᠨ ᠰᠢᠰᠲ᠋ᠧᠮ ᠢ ᠪᠠᠶᠢᠭᠤᠯᠬᠤ ᠪᠠ ᠣᠷᠣᠨ ᠪᠦᠰᠡ ᠶᠢᠨ ᠬᠤᠭᠤᠷᠣᠨᠳᠣᠬᠢ ᠬᠠᠭᠤᠴᠢ ᠰᠤᠳᠤᠯᠤᠯ ᠤᠨ ᠰᠣᠶᠣᠯ ᠤᠨ ᠬᠠᠷᠢᠴᠠᠭ᠎ᠠ ᠶᠢᠨ ᠰᠤᠳᠤᠯᠭᠠᠨ ᠳᠤ ᠰᠢᠨ᠎ᠡ ᠬᠠᠷᠠᠭᠠᠰᠤ ᠬᠠᠩᠭᠠᠭᠰᠠᠨ ᠪᠠᠶᠢᠨ᠎ᠠ᠃      ᠪᠠᠯᠠᠷ ᠡᠷᠳᠡᠨ ᠤ ᠪᠤᠯᠪᠠᠰᠤᠨ ᠢ ᠤᠶᠢᠯᠠᠭᠠᠬᠤ ᠴᠢᠬᠤᠯᠠ ᠵᠠᠭᠤᠴᠢ      ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢ ᠢᠯᠡᠷᠡᠭᠦᠯᠦᠭᠰᠡᠨ ᠨᠢ᠂ ᠬᠦᠮᠤᠰ ᠲᠤ 5000 ᠭᠠᠷᠤᠢ ᠵᠢᠯ ᠤᠨ ᠡᠮᠦᠨᠡᠬᠢ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠥᠮᠦᠨ ᠲᠥᠷᠥᠯᠬᠢᠲᠡᠨ ᠤ ᠠᠮᠢᠳᠤᠷᠠᠯ ᠤᠨ ᠲᠡᠦᠬᠡᠨ ᠮᠡᠳᠡᠭᠡ ᠵᠠᠩᠭᠢ ᠶᠢ ᠣᠶᠢᠯᠠᠭᠠᠭᠤᠯᠤᠬᠰᠠᠨ ᠢᠶᠠᠷ ᠪᠠᠷᠠᠬᠤ ᠦᠭᠡᠢ ᠬᠠᠭᠤᠴᠢ ᠰᠤᠳᠤᠯᠤᠯ ᠤᠨ ᠠᠵᠢᠯ ᠳᠤ ᠮᠠᠰᠢ ᠰᠠᠶᠢᠨ ᠪᠣᠷᠣ ᠮᠠᠲ᠋ᠧᠷᠢᠶᠠᠯ ᠬᠠᠩᠭᠠᠭᠰᠠᠨ ᠪᠠᠶᠢᠨ᠎ᠠ᠃ ᠬᠠᠮᠪᠤ ᠶᠢᠨ ᠪᠠᠭᠤᠷᠢ ᠶᠢ ︽ᠦᠯᠡᠳᠡᠭᠡᠭᠦ︾ ᠳᠤ ᠨᠠᠩ ᠰᠠᠶᠢᠳᠤᠷ ᠬᠠᠮᠠᠭᠠᠯᠠᠵᠤ᠂ ᠰᠠᠶᠢᠳᠤᠷ ᠠᠰᠢᠬᠯᠠᠬᠤ ᠪᠤᠯᠤᠨ᠎ᠠ᠃ ᠡᠨᠡ ᠬᠦ ᠬᠤᠪᠣᠷ ᠨᠠᠨᠳᠢᠨ ᠡᠷᠳᠡᠨ ᠤ ᠪᠠᠭᠤᠷᠢ ᠶᠢ ᠬᠡᠷᠬᠢᠨ ᠵᠦᠶ ᠵᠣᠬᠢᠰᠲᠠᠶ ᠬᠠᠮᠠᠭᠠᠯᠠᠬᠤ ᠪᠠ ᠪᠦᠲᠦᠮᠵᠢᠲᠡᠶ ᠠᠰᠢᠭᠯᠠᠬᠤ ᠨᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠯᠠᠭ᠎ᠠ ᠮᠥᠴᠢᠷ ᠤᠨ ᠨᠢᠭᠡᠨ ᠴᠢᠬᠤᠯᠠ ᠠᠵᠢᠯ ᠪᠣᠯᠤᠬᠰᠠᠨ ᠪᠠᠶᠢᠨ᠎ᠠ᠃      ᠲᠡᠤᠭᠡ ᠶᠢᠨ ᠦᠯᠡᠳᠡᠭᠳᠡᠯ ᠨᠢ ᠠᠮᠢᠳᠤᠷᠠᠯ ᠳᠤ ᠠᠭᠤᠰᠪᠠᠯ ᠰᠠᠶ᠋ᠢ ᠬᠦᠮᠤᠰ ᠤᠨ ᠲᠡᠤᠭᠡ ᠶᠢ ᠲᠡᠨᠢᠬᠤ ᠠᠷᠭ᠎ᠠ ᠬᠡᠯᠪᠠᠷᠢ ᠶᠢ ᠬᠤᠪᠢᠷᠠᠭᠤᠯᠵᠤ ᠴᠢᠳᠠᠨ᠎ᠠ᠃ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢ ᠬᠠᠮᠠᠭᠠᠯᠠᠬᠤ ᠪᠠ ᠠᠰᠢᠭᠯᠠᠬᠤ ᠠᠵᠢᠯ ᠢ ᠴᠢᠩᠭᠠᠳᠬᠠ᠂ ᠡᠨᠡ ᠭᠦ ᠬᠤᠪᠣᠷ ᠨᠠᠨᠳᠢᠨ ᠲᠡᠤᠬᠡᠨ ᠡᠮᠦᠨᠡᠬᠢ ᠰᠣᠶᠣᠯ ᠤᠨ ᠦᠯᠡᠳᠡᠭᠳᠡᠯ ᠪᠣᠯᠤᠨ ᠬᠤᠷᠴᠢᠨ ᠤ ᠲᠡᠤᠬᠡ ᠰᠣᠶᠣᠯ ᠤᠨ ᠤᠭ ᠰᠤᠷᠪᠤᠯᠵᠢ ᠶᠢ ᠬᠠᠮᠠᠭᠠᠯᠠᠬᠤ᠂ ᠠᠰᠢᠭᠯᠠᠬᠤ᠂ ᠠᠮᠢᠯᠠᠭᠤᠯᠬᠤ᠂ ᠠᠷᠠᠳ ᠣᠯᠠᠨ ᠲᠠᠢ ᠬᠠᠮᠲᠤ ᠪᠠᠷ ᠡᠳ᠋ᠯᠡᠭᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠶᠠᠷ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠪᠠᠭᠤᠷᠢ ᠶᠢ ᠬᠠᠮᠠᠭᠠᠯᠠᠨ ᠳᠡᠯᠭᠡᠨ ᠦᠵᠡᠭᠦᠯᠬᠦ ᠲᠥᠰᠦᠯ ᠤᠨ ᠵᠠᠷᠴᠢᠮ ᠪᠠ ᠪᠣᠷᠣ ᠲᠥᠯᠥᠪ ᠢ ᠲᠣᠭᠲᠠᠭᠠᠵᠤ᠂ ᠬᠠᠮᠠᠭᠠᠯᠠᠬᠤ ᠪᠠᠷ ᠭᠤᠤᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠣᠰᠣᠭᠠᠷ᠂ ᠪᠠᠭᠤᠷᠢ ᠶᠢ ᠬᠠᠮᠠᠭᠠᠯᠠᠬᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ᠂ ᠬᠠᠭᠤᠴᠢ ᠰᠤᠳᠤᠯᠤᠯ ᠢ ᠪᠡᠶᠡᠴᠢᠯᠡᠨ ᠣᠶᠢᠯᠠᠭᠠᠬᠤ᠂ ᠰᠣᠶᠣᠯ ᠵᠢᠭᠤᠯᠴᠢᠯᠠᠯ᠂ ᠠᠮᠢ ᠠᠬᠤᠶ ᠶᠢ ᠬᠠᠮᠠᠭᠠᠯᠠᠬᠤ ︽ᠲᠠᠪᠤ ᠶᠢ ᠨᠢᠭᠡ ᠴᠤᠬᠴᠠᠵᠢᠭᠤᠯᠤᠬᠰᠠᠨ︾ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠥᠲᠥᠭᠡᠨ ᠪᠠᠶᠢᠭᠤᠯᠪᠠ ᠃ ᠪᠠᠭᠤᠷᠢ ᠶᠢᠨ ᠭᠤᠣᠯ ᠣᠷᠣᠨ ᠳᠤ ︽ᠲᠠᠪᠤᠨ ᠲᠣᠭᠤᠷᠢᠭ᠂ ᠨᠢᠭᠡ ᠠᠭᠤᠳᠠᠮ ᠲᠠᠯᠠᠪᠠᠢ︾ ᠶᠢ ᠲᠥᠯᠥᠪᠵᠢᠭᠦᠯᠦᠨ ᠪᠠᠶᠢᠭᠤᠯᠵᠤ᠂ ᠲᠠᠷᠤᠢ ᠪᠠᠭᠤᠷᠢ ᠶᠢᠨ ᠬᠠᠮᠠᠭᠠᠯᠠᠯᠲᠠ ᠶᠢᠨ ᠲᠤᠭᠤᠷᠢᠭ᠂ ᠲᠡᠦᠬᠡ ᠠᠴᠠ ᠡᠮᠦᠨᠡᠬᠢ ᠶᠢ ᠲᠠᠬᠢᠨ ᠢᠯᠡᠷᠡᠬᠦᠯᠬᠦ ᠲᠤᠭᠤᠷᠢᠭ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ ᠲᠤᠭᠤᠷᠢᠭ᠂ ᠲᠠᠬᠢᠯᠭ᠎ᠠ ᠶᠢᠨ ᠲᠤᠭᠤᠷᠢᠭ᠂ ᠰᠤᠳᠤᠯᠭᠠᠨ ᠤ ᠬᠠᠮᠢᠶᠠᠷᠤᠯᠲᠠ ᠶᠢᠨ ᠲᠤᠭᠤᠷᠢᠭ ᠪᠣᠯᠤᠨ ᠪᠠᠭᠤᠷᠢ ᠶᠢᠨ ᠰᠣᠶᠣᠯ ᠤᠨ ᠠᠭᠤᠳᠠᠮ ᠲᠠᠯᠠᠪᠠᠢ ᠪᠣᠯᠤᠨ᠎ᠠ᠃ 2016 ᠤᠨ ᠤ 8 ᠰᠠᠷ᠎ᠠ ᠳᠤ᠂ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠨᠢ ᠵᠢᠩᠬᠢᠨᠢ ᠪᠠᠷ ᠡᠭᠦᠳᠠ ᠪᠠᠨ ᠨᠡᠭᠡᠭᠡᠭᠰᠡᠨ ᠪᠠᠶᠢᠨ᠎ᠠ᠃      ᠰᠤᠶᠤᠯ ᠤᠨ ᠬᠠᠮᠠᠭᠠᠯᠠᠯᠳᠠ ᠨᠢ ᠭᠤᠤᠯᠳᠠᠭᠤ ᠰᠤᠶᠤᠯ ᠤᠨ ᠡᠭᠦᠰᠤᠯ ᠤᠨ ᠲᠤᠬᠠᠢ ᠶᠢᠨ ᠭᠠᠵᠠᠷ ᠤᠷᠤᠨ ᠳᠤ ᠪᠠᠶᠢᠵᠤ᠂ ᠲᠡᠤᠭᠡ ᠶᠢᠨ ᠲᠤᠷᠠᠰᠬᠠᠯᠳᠤ ᠵᠦᠢᠯᠡᠰ ᠨᠢ ᠬᠡᠷᠪᠠ ᠲᠤᠬᠠᠢ ᠶᠢᠨ ᠭᠠᠵᠠᠷ ᠤᠷᠤᠨ ᠠᠴᠠ ᠪᠠᠨ ᠰᠠᠯᠪᠠᠯ᠂ ᠲᠡᠭᠦᠨ ᠤ ᠰᠤᠳᠤᠯᠭᠠᠨ ᠤ ᠦᠨ᠎ᠠ ᠦᠷᠳᠡᠭ ᠪᠠ ᠰᠤᠶᠤᠯ ᠤᠨ ᠦᠨ᠎ᠠ ᠦᠷᠳᠡᠭ ᠨᠢ ᠶᠡᠭᠡ ᠪᠠᠷ ᠪᠠᠭᠤᠷᠠᠬᠤ ᠪᠤᠯᠤᠨ᠎ᠠ᠃ᠡᠶᠢᠮᠤ ᠠᠴᠠ ᠬᠠᠮᠪᠤ ᠶᠢᠨ ᠬᠠᠭᠤᠴᠢ ᠰᠤᠳᠤᠯᠤᠯ ᠤᠨ ᠴᠡᠴᠡᠷᠯᠢᠭ ᠢ ᠪᠠᠶᠢᠭᠤᠯᠤᠬᠰᠠᠨ ᠨᠢ ᠡᠨᠡ ᠭᠦ ᠴᠢᠬᠤᠯᠠ ᠰᠤᠶᠤᠯ ᠤᠨ ᠦᠯᠡᠳᠡᠭᠳᠡᠯ ᠢ ᠰᠠᠶᠢᠳᠤᠷ ᠬᠠᠮᠠᠭᠠᠯᠠᠵᠤ᠂ ᠬᠤᠷᠴᠢᠨ ᠤ ᠪᠠᠯᠠᠷ ᠡᠷᠳᠡᠨ ᠤ ᠰᠤᠶᠤᠯ ᠤᠨ ᠲᠤᠬᠠᠢ ᠤᠯᠠᠮ ᠴᠢᠨᠠᠬᠰᠢᠳᠠ ᠠᠭᠤᠳᠠᠯᠵᠤ᠂ ᠰᠤᠳᠤᠯᠬᠤ ᠪᠠ ᠪᠠᠶᠠᠯᠢᠬᠵᠢᠭᠤᠯᠬᠤ ᠳᠤ ᠬᠡᠮᠵᠢᠶᠠᠯᠠᠰᠢ ᠦᠭᠡᠢ ᠶᠡᠭᠡ ᠦᠨ᠎ᠠ ᠦᠷᠳᠡᠭ ᠲᠠᠢ ᠪᠠᠶᠢᠵᠤ᠂ ᠦᠷᠭᠦᠯᠵᠢᠯᠠᠨ ᠠᠰᠢᠬᠯᠠᠵᠤ ᠪᠤᠯᠬᠤ ᠰᠤᠶᠤᠯ ᠤᠨ ᠡᠬᠢ ᠪᠠᠶᠠᠯᠢᠭ ᠪᠤᠯᠭᠠᠬᠰᠠᠨ ᠪᠠᠶᠢᠨ᠎ᠠ᠃      ᠬᠠᠮᠪᠤ ᠶᠢᠨ ᠪᠠᠭᠤᠷᠢ ᠨᠢ ᠤᠳᠤ ᠨᠢᠭᠡᠨᠳᠠ ᠤᠯᠤᠰ ᠤᠨ ᠲᠤᠳᠤᠭᠠᠳᠤ ᠭᠠᠳᠠᠭᠠᠳᠤ ᠶᠢᠨ ᠬᠠᠭᠤᠴᠢ ᠰᠤᠳᠤᠯᠤᠯ ᠤᠨ ᠡᠷᠳᠡᠮ ᠰᠢᠨᠵᠢᠯᠡᠭᠡᠨ ᠤ ᠰᠤᠯᠢᠯᠴᠠᠭ᠎ᠠ ᠶᠢᠨ ᠴᠢᠬᠤᠯᠠ ᠭᠠᠵᠠᠷ ᠪᠤᠯᠵᠤ᠂ ︽ᠠᠷᠪᠠᠨ ᠬᠤᠶᠠᠳᠤᠭᠠᠷ ᠲᠡᠪᠤᠨ ᠵᠢᠯ ᠤᠨ ᠤᠯᠤᠰ ᠤᠨ ᠴᠢᠬᠤᠯᠠ ᠶᠡᠭᠡ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ︾ ᠶᠢᠨ ᠰᠤᠳᠤᠯᠭᠠᠨ ᠤ ᠲᠥᠷᠥᠯ ᠵᠦᠢᠯ ᠢᠶᠠᠷ ᠵᠢᠭᠰᠠᠭᠠᠭᠳᠠᠵᠠᠶ᠃ ᠬᠡᠳᠦᠨ ᠵᠢᠯ ᠤᠨ ᠲᠤᠷᠰᠢ᠂ ᠤᠷᠢᠳ ᠬᠤᠵᠢᠳ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤ ᠭᠠᠷᠤᠶ ᠬᠠᠭᠤᠴᠢ ᠰᠤᠳᠤᠯᠤᠯ ᠤᠨ ᠡᠷᠳᠡᠮᠳᠡᠨ᠂ ᠲᠡᠤᠬᠡᠴᠢᠨ᠂ ᠮᠢᠩᠭ᠎ᠠ ᠰᠢᠬᠠᠮ ᠬᠠᠭᠤᠴᠢ ᠰᠤᠳᠤᠯᠤᠯ ᠤᠨ ᠠᠵᠢᠯᠳᠠᠨ᠂ ᠲᠦᠮᠠ ᠭᠠᠷᠤᠢ ᠬᠦᠮᠤᠨ ᠬᠠᠮᠪᠤ ᠶᠢᠨ ᠪᠠᠭᠤᠷᠢ ᠳᠤ ᠢᠷᠡᠵᠦ ᠰᠢᠨᠵᠢᠯᠡᠨ ᠪᠠᠶᠢᠴᠠᠭᠠᠪᠠ᠃ ᠤᠳᠤ ᠨᠢᠭᠡᠨᠳᠠ ᠤᠯᠤᠰ ᠤᠨ ᠬᠠᠮᠤᠭ ᠤᠨ ᠳᠡᠭᠡᠳᠦ ᠲᠡᠰ ᠤᠨ ︽ᠬᠠᠭᠤᠴᠢ ᠰᠤᠳᠤᠯᠤᠯ︾᠂ ︽ᠬᠠᠭᠤᠴᠢ ᠰᠤᠳᠤᠯᠤᠯ ᠤᠨ ᠡᠷᠳᠡᠮ ᠰᠢᠨᠵᠢᠯᠡᠭᠡᠨ ᠤ ᠰᠡᠳᠭᠦᠯ︾᠂ ︽ᠬᠥᠮᠦᠨ ᠰᠤᠳᠤᠯᠤᠯ ᠤᠨ ᠡᠷᠳᠡᠮ ᠰᠢᠨᠵᠢᠯᠡᠭᠡᠨ ᠤ ᠰᠡᠳᠭᠦᠯ︾᠂ ︽ᠲᠤᠮᠳᠠᠳᠤ ᠤᠯᠤᠰ ᠤᠨ ᠰᠣᠶᠣᠯ ᠤᠨ ᠦᠪ︾᠂ ︽ᠭᠢᠷᠢᠨ ᠵᠩᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ ︽ᠬᠢᠵᠠᠭᠠᠷ ᠣᠷᠣᠨ ᠤ ᠬᠠᠭᠤᠴᠢ ᠰᠤᠳᠤᠯᠤᠯ ︾᠂ ︽ᠡᠮᠦᠨᠡᠲᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯ︾᠂ ︽ᠲᠠᠷᠢᠶᠠᠯᠠᠩ ᠤᠨ ᠬᠠᠭᠤᠴᠢ ᠰᠤᠳᠤᠯᠤᠯ︾ ᠵᠡᠷᠭᠡ ᠠᠷᠪᠠᠨ ᠬᠡᠳᠦᠨ ᠡᠷᠳᠡᠮ ᠰᠢᠨᠵᠢᠯᠡᠭᠡᠨ ᠤ ᠰᠡᠳᠬᠦᠯ ᠭᠤᠴᠢ ᠭᠠᠷᠤᠢ ᠥᠭᠦᠯᠡᠯ ᠨᠠᠶᠢᠳᠠᠯᠠᠵᠤ᠂ ︽ᠳᠤᠮᠳᠠᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠰᠣᠨᠢᠨ︾ ᠵᠡᠷᠭᠡ ᠤᠯᠠᠨ ᠰᠣᠨᠢᠨ ᠳᠤ ᠡᠯ᠎ᠠ ᠵᠦᠢᠯ ᠤᠨ ᠰᠤᠨᠢᠨ ᠮᠡᠳᠡᠭᠡᠯᠡᠯ ᠢ ᠵᠠᠭᠤ ᠭᠠᠷᠤᠢ ᠨᠡᠶᠢᠳᠡᠯᠡᠪᠠ᠃ ᠲᠥᠪ ᠲᠧᠯᠸᠢᠰ ᠬᠤᠷᠢᠶ᠎ᠠ ᠪᠠᠰᠠ ᠬᠠᠮᠪᠤ ᠶᠢᠨ ᠪᠠᠭᠤᠷᠢ ᠶᠢ ᠲᠠᠨᠢᠯᠴᠠᠭᠤᠯᠤᠭᠰᠠᠨ ᠲᠤᠰᠬᠠᠶ ᠰᠡᠳᠦᠪᠲᠦ ᠹᠢᠯᠢᠮ ︽ᠲᠡᠤᠬᠡ ᠶᠢᠨ ᠡᠮᠦᠨᠡᠬᠢ ᠣᠨᠢᠰᠤᠭ᠎ᠠ ᠶᠢᠨ ᠬᠡᠷᠡᠭ︾ ᠢ ᠲᠤᠰᠬᠠᠶᠢᠯᠠᠨ ᠦᠢᠯᠡᠳᠴᠤ ᠨᠡᠪᠲᠡᠷᠡᠭᠦᠯᠪᠠ᠃ 2013 ᠣᠨ ᠳᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠪᠠ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠭᠠᠵᠠᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠪᠠᠰᠠ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠤᠯᠤᠰ ᠤᠨ ᠮᠦᠽᠧᠶ ᠵᠢᠴᠢ ᠠᠷᠪᠠᠨ ᠮᠤᠵᠢ ᠬᠤᠲᠠ ᠶᠢᠨ ᠳᠥᠴᠢ ᠭᠠᠷᠤᠢ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠬᠠᠮᠪᠤ ᠶᠢᠨ ᠪᠠᠭᠤᠷᠢ ᠶᠢᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃      ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢ ᠠᠭᠤᠳᠠᠯᠵᠤ᠂ ᠬᠠᠮᠠᠭᠠᠯᠠᠬᠤ ᠪᠠ ᠬᠠᠮᠪᠤ ᠶᠢᠨ ᠰᠤᠶᠤᠯ ᠰᠤᠳᠤᠯᠭᠠᠨ ᠤ ᠠᠵᠢᠯ ᠤᠨ ᠤᠯᠠᠮ ᠨᠢᠭᠡ ᠠᠯᠬᠤᠮ ᠬᠦᠨᠵᠡᠭᠡᠶᠢᠷᠡᠭᠦ ᠶᠢ ᠲᠠᠭᠠᠯᠳᠤᠨ᠂ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠪᠠ ᠬᠠᠮᠪᠤ ᠶᠢᠨ ᠰᠤᠶᠤᠯ ᠨᠢ ᠬᠤᠷᠴᠢᠨ ᠤ ᠲᠠᠯ᠎ᠠ ᠨᠤᠳᠤᠭ ᠤᠨ ᠰᠤᠶᠤᠯ ᠰᠤᠳᠤᠯᠤᠯ ᠳᠤ ᠨᠠᠩ ᠭᠠᠶᠢᠬᠠᠮᠰᠢᠬᠳᠤ ᠦᠡᠭᠭᠡ ᠬᠡᠷᠡᠯ ᠢ ᠨᠡᠮᠡᠷᠢᠯᠡᠭᠰᠡᠨ ᠪᠠᠶᠢᠨ᠎ᠠ᠃ ᠪᠠᠯᠠᠷ ᠡᠷᠳᠡᠨ ᠠᠴᠠ ᠶᠠᠪᠤᠵᠤ ᠢᠷᠡᠭᠰᠡᠨ ᠬᠠᠮᠪᠤ ᠶᠢᠨ ᠪᠠᠭᠤᠷᠢ ᠦᠨᠦᠳᠤᠷ ᠮᠦᠨ ᠬᠦᠭᠵᠢᠯ ᠪᠠᠳᠠᠷᠠᠯ ᠢᠶᠠᠷ ᠪᠢᠯᠬᠠᠵᠤ᠂ ᠠᠯᠢ ᠤᠯᠠᠨ ᠡᠴᠢᠨ᠎ᠠ ᠨᠢᠭᠤᠴᠠ ᠡ᠊ᠨᠳᠡ ᠮᠦᠨ ᠬᠠᠶᠢᠭᠤᠰᠢᠳᠠᠢ ᠁      ᠬᠠᠮᠠᠭᠠᠯᠠᠯᠳᠠ ᠪᠠ ᠠᠰᠢᠬᠯᠠᠯᠳᠠ ᠶᠢᠨ ᠤᠶᠠᠯᠳᠤᠯ                                    ᠴᠢᠤ ᠬᠤᠨᠭ᠌      ᠲᠡᠦᠬᠡ ᠶᠢᠨ ᠳᠤᠷᠠᠰᠬᠠᠯᠲᠤ ᠵᠦᠢᠯᠡᠰ ᠪᠣᠯ ᠨᠢᠭᠡ ᠭᠠᠵᠠᠷ ᠤᠷᠤᠨ ᠤ ᠲᠡᠦᠬᠡ ᠶᠢᠨ ᠢᠮ ᠲᠠᠮᠠᠭ᠎ᠠ ᠪᠤᠯᠬᠤ ᠪᠦᠭᠡᠳ ᠴᠢᠬᠤᠯᠠ ᠰᠣᠶᠣᠯ ᠤᠨ ᠥᠪ ᠮᠥᠨ᠂ ᠨᠡᠩ ᠴᠤ ᠳᠠᠬᠢᠨ ᠡᠭᠦᠰᠴᠦ ᠪᠣᠯᠤᠰᠢ ᠦᠭᠡᠢ ᠡᠷᠬᠢᠮ ᠨᠠᠨᠳᠢᠨ ᠡᠬᠢ ᠪᠠᠶᠠᠯᠢᠭ ᠪᠣᠯᠬᠤ ᠤᠴᠢᠷ ᠠᠴᠠ ᠪᠢᠳᠡ ᠬᠠᠮᠲᠤ ᠪᠠᠷ ᠰᠠᠬᠢᠨ ᠬᠠᠮᠠᠭᠠᠯᠠᠬᠤ ᠴᠢᠬᠤᠯᠠᠲᠠᠶ᠃      ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠨᠢ ᠮᠠᠰᠢ ᠥᠨᠳᠥᠷ ᠤᠳᠬ᠎ᠠ ᠵᠣᠬᠢᠶᠠᠯ᠂ ᠤᠷᠠᠯᠢᠭ ᠪᠠ ᠭᠤᠸ᠎ᠠ ᠲᠠᠭᠠᠰᠢᠶᠠᠯ ᠤᠨ ᠦᠨ᠎ᠡ ᠴᠡᠨ᠎ᠡ ᠲᠠᠢ ᠪᠠᠶᠢᠳᠠᠭ᠃ ᠲᠡᠷᠡ ᠮᠥᠷᠲᠡᠭᠡᠨ ᠶᠡᠭᠡ ᠬᠡᠮᠵᠢᠶᠠᠨ ᠤ ᠲᠡᠤᠭᠡ ᠰᠤᠶᠤᠯ ᠤᠨ ᠮᠡᠳᠡᠭᠡ ᠵᠠᠩᠭᠢ ᠠᠭᠤᠯᠤᠭᠳᠠᠵᠤ ᠪᠠᠶᠢᠳᠠᠭ᠂ ᠡᠨᠡ ᠨᠢ ᠲᠡᠭᠦᠨ ᠢ ᠨᠡᠶᠢᠭᠡᠮ ᠤᠨ ᠬᠥᠭᠵᠢᠯᠲᠡ ᠶᠢᠨ ᠶᠠᠪᠤᠴᠠ ᠳᠠᠬᠢ ᠨᠡᠯᠢᠶᠡᠳ ᠴᠢᠩᠭ᠎ᠠ ᠠᠵᠤ ᠠᠬᠤᠶ ᠶᠢᠨ ᠠᠰᠢᠭᠯᠠᠯᠲᠠ ᠶᠢᠨ ᠦᠨ᠎ᠡ ᠥᠷᠲᠡᠭ ᠲᠠᠢ ᠠᠴᠢᠶᠠᠯᠠᠭᠴᠢ ᠪᠣᠯᠭᠠᠭᠰᠠᠨ ᠪᠠᠶᠢᠨ᠎ᠠ᠃      ᠲᠡᠤᠬᠡ ᠶᠢᠨ ᠳᠤᠷᠠᠰᠬᠠᠯᠲᠤ ᠵᠦᠢᠯᠡᠰ ᠤᠨ ᠨᠠᠷᠢᠨ ᠪᠤᠳᠤᠯᠢᠶᠠᠨᠲᠠᠶ ᠰᠢᠨᠵᠢ ᠴᠢᠨᠠᠷ ᠤᠨ ᠡᠮᠦᠨ᠎ᠡ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢᠨ ᠬᠠᠷᠢᠴᠠᠭ᠎ᠠ ᠶᠢ ᠲᠡᠩᠴᠡᠭᠦᠷᠢᠰᠢᠭᠦᠯᠭᠦ ᠪᠤᠯ ᠮᠠᠰᠢ ᠴᠢᠬᠤᠯᠠ ᠠᠰᠠᠭᠤᠳᠠᠯ ᠪᠤᠯᠤᠨ᠎ᠠ᠃ ᠡᠭᠦᠨ ᠤ ᠲᠤᠯᠠᠳᠠ᠂ ᠲᠡᠤᠬᠡ ᠶᠢᠨ ᠳᠤᠷᠠᠰᠬᠠᠯᠲᠤ ᠵᠦᠢᠯᠡᠰ ᠲᠤ ᠬᠠᠮᠠᠭᠠᠯᠠᠯᠳᠠ ᠪᠠ ᠠᠰᠢᠬᠯᠠᠯᠳᠠ ᠬᠢᠬᠦ ᠳᠡᠭᠡᠨ ᠡᠪᠳᠡᠯᠡᠭᠡ ᠶᠢᠨ ᠴᠢᠨᠠᠷᠳᠠᠢ ᠨᠡᠭᠡᠭᠡᠨ ᠠᠰᠢᠬᠯᠠᠯᠳᠠ ᠬᠢᠬᠦ ᠶᠢ ᠡᠷᠡᠰ ᠬᠤᠷᠢᠬᠯᠠᠬᠤ ᠬᠡᠷᠡᠭᠳᠡᠢ ᠮᠦᠷᠳᠡᠭᠡᠨ ᠪᠠᠰᠠ ᠨᠢᠭᠡ ᠯᠡ ᠬᠥᠭ ᠢᠶᠠᠷ ᠬᠡᠳᠤ ᠬᠠᠮᠠᠭᠠᠯᠠᠬᠤ ᠠᠷᠭ᠎ᠠ ᠬᠡᠮᠵᠢᠶ᠎ᠡ ᠠᠪᠴᠤ ᠲᠡᠤᠬᠡ ᠶᠢᠨ ᠳᠤᠷᠠᠰᠬᠠᠯᠲᠤ ᠵᠦᠢᠯᠡᠰ ᠢ ︽ᠪᠢᠳᠡᠭᠦᠮᠵᠢᠯᠠᠨ ᠬᠠᠭᠠᠭᠠᠳ︾ ᠬᠡᠨ ᠬᠥᠮᠦᠨ ᠴᠤ ᠮᠡᠳᠡᠬᠦ ᠦᠭᠡᠢ ᠪᠠᠶᠢᠳᠠᠯ ᠢ ᠪᠤᠢ ᠪᠣᠯᠭᠠᠵᠤ ᠪᠣᠯᠬᠤ ᠦᠭᠡᠢ᠃ ᠬᠠᠷᠢᠨ ᠲᠡᠤᠬᠡ ᠶᠢᠨ ᠳᠤᠷᠠᠰᠬᠠᠯᠲᠤ ᠵᠦᠢᠯᠡᠰ ᠢ ᠰᠠᠶᠢᠳᠤᠷ ᠬᠠᠮᠠᠭᠠᠯᠠᠬᠰᠠᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠡᠭᠡᠭᠡᠨ ᠠᠰᠢᠭᠯᠠᠵᠤ᠂ ᠲᠡᠭᠦᠨ ᠤ ᠰᠤᠷᠭᠠᠨ ᠬᠦᠮᠦᠵᠢᠯ ᠡᠷᠳᠡᠮ ᠰᠢᠨᠵᠢᠯᠡᠭᠡᠨ ᠵᠡᠷᠭᠡ ᠨᠡᠶᠢᠭᠡᠮ ᠤᠨ ᠴᠢᠳᠠᠮᠵᠢ᠂ ᠤᠯᠠᠮᠵᠢᠯᠠᠨ ᠵᠠᠯᠭᠠᠮᠵᠢᠯᠠᠬᠤ ᠦᠶᠯᠡᠳᠦᠯ᠂ ᠭᠤᠸ᠎ᠠ ᠲᠠᠭᠠᠰᠢᠶᠠᠯ ᠤᠨ ᠦᠨ᠎ᠡ ᠥᠷᠲᠡᠭ ᠢ ᠭᠦᠶᠴᠡᠳ ᠪᠠᠳᠠᠷᠠᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠭᠰᠠᠨ ︽ᠠᠮᠢᠳᠤ︾ ᠲᠡᠤᠬᠡ ᠪᠣᠯᠭᠠᠨ᠂ ᠰᠢᠨ᠎ᠡ ᠭᠡᠷᠡᠯ ᠭᠢᠯᠪᠠᠭ᠎ᠠ ᠶᠢ ᠨᠢ ᠰᠠᠴᠤᠷᠠᠭᠤᠯᠬᠤ ᠬᠡᠷᠡᠭᠳᠡᠢ᠃      ᠬᠡᠷᠡᠭ ᠲᠡᠭᠡᠷ᠎ᠠ ᠪᠠᠨ᠂ ᠲᠡᠤᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠪᠠ ᠠᠰᠢᠬᠯᠠᠬᠤ ᠶᠢᠨ ᠬᠠᠷᠢᠴᠠᠭ᠎ᠠ ᠪᠤᠯ ᠵᠦᠷᠢᠴᠠᠯ ᠤᠨ ᠨᠢᠭᠡᠳᠤᠮᠠᠯ ᠴᠤᠬᠴᠠ ᠮᠦᠨ᠂ ᠲᠠᠷᠠ ᠨᠢ ᠬᠠᠷᠢᠯᠴᠠᠨ ᠤᠯᠠᠷᠢᠬᠤ ᠪᠤᠶᠤ ᠬᠠᠷᠢᠯᠴᠠᠨ ᠠᠬᠢᠭᠤᠯᠬᠤ ᠦᠢᠯᠡᠳᠤᠯ ᠢ ᠭᠠᠷᠭᠠᠵᠤ ᠴᠢᠳᠠᠨ᠎ᠠ᠃ ᠵᠢᠱᠢᠶᠠᠯᠠᠪᠠᠯ᠂ ᠲᠡᠤᠬᠡ ᠶᠢᠨ ᠳᠤᠷᠠᠰᠬᠠᠯᠲᠤ ᠵᠦᠢᠯᠡᠰ ᠨᠢ ᠨᠢᠭᠡ ᠵᠦᠢᠯ ᠤᠨ ᠬᠤᠪᠣᠷ ᠨᠠᠨᠳᠢᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠲᠡᠭᠦᠨ ᠤ ᠲᠣᠰ ᠪᠡᠶ᠎ᠡ ᠨᠢ ᠶᠡᠷᠦ ᠨᠢ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠲᠠᠢ ᠨᠢᠬᠳᠠ ᠬᠤᠯᠪᠤᠭ᠎ᠠ ᠲᠠᠢ ᠪᠠᠶᠢᠳᠠᠭ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠠᠰᠢᠭᠯᠠᠨ ᠰᠤᠶᠤᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤ ᠣᠯᠤᠭᠰᠠᠨ ᠠᠵᠤ ᠠᠬᠤᠶ ᠶᠢᠨ ᠣᠷᠣᠯᠭ᠎ᠠ ᠨᠢ ᠪᠠᠰᠠ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠴᠤ ᠪᠣᠯᠤᠨ᠎ᠠ᠃ ᠥᠭᠡᠷ᠎ᠡ ᠪᠠᠷ ᠬᠡᠯᠡᠪᠡᠯ᠂ ᠲᠡᠤᠬᠡ ᠶᠢᠨ ᠳᠤᠷᠠᠰᠬᠠᠯᠲᠤ ᠵᠦᠢᠯᠡᠰ ᠢ ᠵᠦᠶ ᠵᠣᠬᠢᠰᠲᠠᠶ ᠠᠰᠢᠭᠯᠠᠮᠠᠨᠵᠢᠨ ᠰᠠᠶ᠋ᠢ ᠦᠶᠯᠡᠳᠦᠯ ᠢ ᠨᠢ ᠪᠠᠳᠠᠷᠠᠭᠤᠯᠵᠤ᠂ ᠤᠯᠠᠮ ᠨᠢᠭᠡ ᠠᠯᠬᠤᠮ ᠬᠠᠮᠠᠭᠠᠯᠠᠵᠤ ᠴᠢᠳᠠᠨ᠎ᠠ᠃ ᠢᠯᠠᠩᠭᠤᠶ᠎ᠠ ᠲᠡᠳᠡᠭᠡᠷ ᠰᠢᠯᠵᠢᠭᠦᠯᠵᠦ ᠪᠣᠯᠤᠰᠢ ᠦᠭᠡᠢ ᠲᠡᠤᠬᠡ ᠶᠢᠨ ᠳᠤᠷᠠᠰᠬᠠᠯᠲᠤ ᠵᠦᠢᠯᠡᠰ ᠲᠤ ᠠᠪᠴᠤ ᠬᠡᠯᠡᠪᠡᠯ᠂ ᠭᠠᠭᠴᠠ ᠬᠦ ᠵᠢᠭᠤᠯᠴᠢᠯᠠᠯ ᠢᠶᠠᠷ ᠳᠠᠮᠵᠢᠪᠠᠯ ᠰᠠᠶ᠋ᠢ ᠲᠡᠭᠦᠨ ᠤ ᠲᠡᠤᠬᠡ ᠶᠢᠨ ᠳᠤᠷᠠᠰᠬᠠᠯᠲᠤ ᠵᠦᠢᠯ ᠪᠣᠯᠬᠤ ᠦᠨ᠎ᠡ ᠥᠷᠳᠡᠭ ᠢ ᠢᠯᠡᠷᠡᠭᠦᠯᠵᠦ᠂ ︽ᠪᠣᠳᠠᠰ︾ ᠢᠶᠠᠷ ᠦᠭᠡ ᠶᠠᠷᠢᠭᠤᠯᠬᠤ᠂ ᠡᠬᠢ ᠪᠠᠶᠠᠯᠢᠭ ᠢ ︽ᠠᠮᠢᠯᠠᠭᠤᠯᠬᠤ︾ ᠵᠣᠷᠢᠯᠭ᠎ᠠ ᠳᠠᠭᠠᠨ ᠬᠦᠷᠴᠦ ᠴᠢᠳᠠᠨ᠎ᠠ᠃      ᠭᠡᠪᠡᠴᠦ ᠲᠡᠤᠬᠡ ᠶᠢᠨ ᠳᠤᠷᠠᠰᠬᠠᠯᠲᠤ ᠵᠦᠢᠯᠡᠰ ᠢ ᠨᠡᠭᠡᠭᠡᠨ ᠠᠰᠢᠭᠯᠠᠬᠤ ᠳᠠᠭᠠᠨ ᠡᠷᠬᠡᠪᠰᠢ ᠶᠠᠭᠤᠨ ᠤ ᠡᠮᠦᠨ᠎ᠡ ᠬᠠᠮᠠᠭᠠᠯᠠᠯᠲᠠ ᠪᠠᠷ ᠭᠤᠤᠯ ᠪᠤᠯᠭᠠᠵᠤ᠂ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠠᠰᠢᠬᠯᠠᠬᠤ ᠵᠠᠷᠴᠢᠮ ᠢ ᠵᠢᠷᠤᠮᠯᠠᠬᠤ ᠬᠡᠷᠡᠭᠲᠡᠶ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠮᠥᠨ᠂ ᠪᠠᠰᠠ ᠴᠤ ᠲᠡᠤᠬᠡ ᠶᠢᠨ ᠳᠤᠷᠠᠰᠬᠠᠯᠲᠤ ᠵᠦᠢᠯᠡᠰ ᠢ ᠨᠡᠭᠡᠭᠡᠨ ᠠᠰᠢᠭᠯᠠᠬᠤ ᠶᠢᠨ ᠤᠷᠢᠲᠠᠯ ᠮᠥᠨ᠃ ︽ᠬᠠᠮᠠᠭᠠᠯᠠᠬᠤ ᠪᠠᠷ ᠭᠤᠣᠯ ᠪᠣᠯᠭᠠᠵᠤ᠂ ᠠᠪᠤᠷᠠᠬᠤ ᠶᠢ ᠲᠡᠷᠢᠭᠦᠨ ᠳᠤ ᠲᠠᠯᠪᠢᠵᠤ ᠂ ᠵᠦᠶ ᠵᠣᠬᠢᠰᠲᠠᠶ ᠠᠰᠢᠭᠯᠠᠵᠤ᠂ ᠬᠠᠮᠢᠶᠠᠷᠤᠯᠲᠠ ᠪᠠᠨ ᠴᠢᠩᠭᠠᠳᠬᠠᠬᠤ︾ ᠪᠣᠯ ︽ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠶᠢᠨ ᠦᠨᠳᠦᠰᠦᠨ ᠵᠠᠷᠴᠢᠮ ᠪᠣᠯᠬᠤ ᠪᠥᠭᠡᠳ ᠪᠠᠰᠠ ᠴᠤ ᠰᠣᠶᠣᠯ ᠤᠨ ᠬᠠᠮᠠᠭᠠᠯᠠᠯᠲᠠ ᠶᠢᠨ ᠨᠢᠭᠡᠴᠢ᠂ ᠵᠢᠭᠤᠯᠴᠢᠯᠠᠯ ᠤᠨ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠤ ᠲᠡᠯᠪᠢᠬᠰᠠᠨ ᠪᠤᠳᠠᠳᠤ ᠱᠠᠭᠠᠷᠳᠠᠯᠭ᠎ᠠ ᠪᠤᠯᠤᠨ᠎ᠠ᠃ ᠤᠴᠢᠷ ᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠬᠡᠲᠦᠷᠬᠡᠶ ᠨᠡᠭᠡᠭᠡᠨ ᠠᠰᠢᠭᠯᠠᠬᠤ ᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠥᠷᠲᠡᠭ ᠢ ᠶᠡᠭᠡ ᠪᠠᠷ ᠬᠡᠲᠦᠷᠡᠭᠦᠯᠦᠨ ᠵᠠᠷᠤᠴᠠᠭᠤᠯᠬᠤ ᠪᠣᠯᠤᠨ᠎ᠠ᠂ ᠴᠢᠨᠠᠬᠰᠢᠯᠠᠪᠠᠯ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠨᠢ ᠴᠦ ᠡᠪᠳᠡᠯᠡᠭᠡ ᠳᠤ ᠤᠴᠠᠷᠠᠨ᠎ᠠ᠂ ᠡᠨᠡ ᠨᠢ ᠬᠡᠳᠡᠷᠭᠦ ᠪᠠᠨ ᠨᠡᠭᠡᠭᠡᠨ ᠠᠰᠢᠭᠯᠠᠬᠤ ᠶᠢᠨ ᠦᠷᠭᠦᠯᠵᠢᠯᠡᠰᠢ ᠦᠭᠡᠢ ᠴᠢᠨᠠᠷ ᠢ ᠪᠤᠢ ᠪᠣᠯᠭᠠᠵᠤ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠬᠤᠬᠢᠷᠠᠬᠤ ᠪᠤᠯᠤᠨ᠎ᠠ᠃      ᠬᠠᠮᠠᠭᠠᠯᠠᠬᠤ ᠪᠠ ᠠᠰᠢᠭᠯᠠᠬᠤ ᠪᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠡᠭᠦᠷᠢᠳᠡ ᠶᠢᠨ ᠰᠡᠳᠤᠪ ᠮᠦᠷᠳᠡᠭᠡᠨ ᠪᠤᠳᠤᠯᠢᠶᠠᠨᠲᠠᠶ ᠰᠡᠳᠦᠪ ᠮᠥᠨ᠃ ᠪᠣᠳᠠᠲᠠᠶ ᠠᠵᠢᠯ ᠤᠨ ᠳᠤᠮᠳᠠ᠂ ᠬᠠᠮᠢᠶ᠎ᠠ ᠪᠦᠬᠦᠢ ᠨᠢᠭᠡᠴᠢ ᠢᠳᠡᠪᠬᠢᠲᠡᠢ ᠰᠦᠪᠡᠭᠴᠢᠯᠡᠵᠦ᠂ ᠪᠦᠷᠢᠨ ᠲᠡᠭᠦᠯᠳᠡᠷ ᠬᠠᠮᠠᠭᠠᠯᠠᠯᠲᠠ ᠶᠢᠨ ᠲᠣᠭᠲᠠᠴᠠ ᠶᠢ ᠲᠣᠭᠲᠠᠭᠠᠨ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠡᠭᠡᠭᠡᠨ ᠬᠥᠭᠵᠢᠭᠦᠯᠬᠦ ᠵᠠᠷᠴᠢᠮ ᠢ ᠵᠢᠷᠤᠮᠯᠠᠵᠤ᠂ ᠪᠦᠬᠦ ᠠᠷᠠᠳ ᠢᠶᠠᠷ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠳᠤ ᠣᠷᠣᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠭᠤᠯᠴᠢᠯᠠᠯ ᠤᠨ ᠲᠠᠭᠠᠭᠠᠴᠠ ᠶᠢ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ︽ᠠᠮᠢᠳᠤᠯᠢᠭ︾ ᠪᠤᠯᠭᠠᠪᠠᠯ ᠵᠤᠬᠢᠨ᠎ᠠ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号