2020 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠭᠡ ᠨᠢ ᠮᠠᠰᠢ | ᠤᠯᠠᠨ ᠶᠡᠭᠡ ᠰᠤᠷᠭᠠᠭᠤᠯᠢ ᠲᠡᠭᠦᠰᠦᠭᠰᠡᠳ ᠲᠤ ᠰᠤᠷᠤᠯᠭ᠎ᠠ ᠲᠡᠭᠦᠰᠬᠦ ᠤᠴᠢᠷ ᠶᠠᠪᠤᠳᠠᠯ ᠢᠶᠠᠨ ᠰᠢᠢᠳᠪᠤᠷᠢᠯᠡᠬᠦ ᠳᠤ | ᠪᠠᠭ᠎ᠠ ᠪᠤᠰᠤ ᠬᠦᠴᠢᠷᠳᠡᠯ ᠠᠪᠴᠢᠷᠠᠵᠦ ᠦᠭᠴᠠᠢ᠃ ᠲᠡᠭᠦᠰᠬᠦ ᠤᠯᠠᠷᠢᠯ ᠪᠤᠯᠤᠭᠰᠠᠭᠠᠷ ᠲᠡᠭᠦᠰᠬᠦ ᠰᠤᠷᠤᠭᠴᠢᠳ ᠠᠵᠢᠯ | ᠣᠯᠬᠤ᠂ ᠠᠰᠫᠢᠷᠠᠨᠲ ᠰᠢᠯᠭᠠᠭᠤᠯᠬᠤ᠂ ᠭᠠᠳᠠᠭᠠᠳᠤ ᠳᠤ ᠰᠤᠷᠤᠯᠴᠠᠬᠤ᠂ ᠠᠳᠠᠯ ᠦᠢᠯᠡᠰ ᠪᠣᠰᠬᠠᠬᠤ ᠭᠡᠬᠦ ᠮᠡᠳᠦ ᠶᠢᠨ | ᠰᠤᠩᠭᠤᠯᠳᠠ ᠳᠤ ᠲᠤᠯᠭᠠᠷᠠᠳᠠᠭ ᠪᠤᠯᠪᠠᠴᠦ ᠤᠳᠠᠯ ᠦᠭᠡᠢ ᠰᠤᠷᠭᠠᠭᠤᠯᠢ ᠶᠢᠨ ᠬᠦᠷᠢᠶᠡᠨ ᠠᠴᠠ ᠪᠠᠨ ᠰᠠᠯᠬᠤ ᠭᠡᠵᠦ | ᠪᠠᠶᠢᠭ᠎ᠠ ᠲᠡᠭᠦᠰᠬᠦ ᠰᠤᠷᠤᠭᠴᠢᠳ ᠲᠤ ᠠᠪᠴᠦ ᠬᠡᠯᠡᠪᠡᠯ ᠳᠠᠩᠰᠠ ᠡᠪᠬᠡᠮᠡᠯ ᠢᠶᠠᠨ ᠬᠡᠷᠬᠢᠨ ᠰᠢᠢᠳᠪᠦᠷᠢᠯᠡᠬᠦ ᠪᠣᠯ | ᠲᠡᠳᠡᠨ ᠤ ᠬᠠᠮᠤᠭ ᠠᠴᠠ ᠰᠠᠨᠠᠭ᠎ᠠ ᠪᠤᠯᠵᠦ ᠠᠩᠬᠠᠷᠴᠤ ᠪᠠᠶᠢᠭ᠎ᠠ ᠠᠰᠠᠭᠤᠳᠠᠯ ᠤᠨ ᠨᠢᠭᠡ ᠪᠣᠯᠤᠨ᠎ᠠ᠃ ᠶᠡᠭᠡ | ᠰᠤᠷᠭᠠᠭᠤᠯᠢ ᠲᠡᠭᠦᠰᠬᠦ ᠰᠤᠷᠤᠭᠴᠢᠳ ᠤᠨ ᠠᠩᠬᠠᠷᠴᠤ ᠪᠠᠶᠢᠭ᠎ᠠ ᠲᠠᠩᠰᠠ ᠡᠪᠬᠡᠮᠡᠯ ᠤᠨ ᠠᠰᠠᠭᠤᠳᠠᠯ ᠳᠤ ᠴᠢᠭᠯᠡᠭᠦᠯᠦᠨ᠂ | ᠰᠤᠷᠪᠤᠯᠵᠢᠯᠠᠭᠴᠢ ᠲᠦᠩᠯᠢᠶᠣᠤ ᠬᠤᠲᠠ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ | ᠲᠥᠪ ᠤᠨ ᠠᠵᠢᠯᠲᠠᠨ ᠯᠢ ᠢᠦᠶ ᠷᠦᠩ ᠢ ᠰᠤᠷᠪᠤᠯᠵᠢᠯᠠᠪᠠ᠃ | ᠬᠡᠷᠪᠡ ᠲᠦᠷ ᠴᠠᠭ ᠲᠣᠬᠢᠷᠠᠮᠵᠢᠲᠠᠶ ᠠᠵᠢᠯᠯᠠᠬᠤ ᠨᠢᠭᠡᠴᠢ ᠡᠷᠢᠵᠦ ᠣᠯᠤᠭ᠎ᠠ ᠦᠭᠡᠢ ᠪᠣᠯ ᠲᠡᠭᠦᠰᠦᠭᠰᠡᠨ ᠤ | ᠳᠠᠷᠠᠭ᠎ᠠ ᠡᠩ ᠤᠨ ᠪᠠᠶᠢᠳᠠᠯ ᠳᠣᠣᠷ᠎ᠠ ᠰᠤᠷᠭᠠᠭᠤᠯᠢ ᠳᠠᠭᠠᠨ ᠰᠦᠢᠳᠬᠡᠯ ᠦᠭᠡᠢ ᠪᠠᠷ ᠳᠠᠩᠰᠠ ᠡᠪᠬᠡᠮᠡᠯ ᠢᠶᠠᠨ ᠬᠤᠶᠠᠷ | ᠵᠢᠯ ᠨᠠᠶᠢᠳᠠᠨ ᠬᠠᠮᠢᠶᠠᠷᠤᠭᠤᠯᠵᠤ ᠪᠣᠯᠤᠨ᠎ᠠ᠃ ᠬᠤᠶᠠᠷ ᠵᠢᠯ ᠥᠩᠭᠡᠷᠡᠭᠡᠳ ᠮᠦᠨ ᠠᠵᠢᠯ ᠨᠢ ᠲᠤᠭᠳᠠᠪᠤᠷᠢᠵᠢᠭᠠ | ᠦᠭᠡᠢ ᠪᠣᠯ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠳᠠᠩᠰᠠ ᠡᠪᠬᠡᠮᠡᠯ ᠢ ᠡᠷᠦᠬᠡ ᠠᠮᠠ ᠶᠢᠨ ᠳᠠᠩᠰᠠ | ᠪᠠᠶᠢᠭ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠭᠤᠯᠤᠮᠵᠢ ᠳᠤ ᠰᠢᠯᠵᠢᠭᠦᠯᠦᠨ ᠦᠭᠴᠦ ᠬᠠᠮᠢᠶᠠᠷᠤᠭᠤᠯᠤᠨ᠎ᠠ᠃ ᠲᠡᠭᠦᠰᠦᠭᠰᠡᠨ ᠰᠤᠷᠤᠭᠴᠢᠳ ᠴᠠᠭ ᠲᠤᠬᠠᠶ ᠳᠤᠨᠢ | ᠪᠠᠶᠢᠭᠤᠯᠤᠮᠵᠢ ᠠᠴᠠ ᠠᠰᠠᠭᠤᠨ ᠯᠠᠪᠯᠠᠬᠤ ᠶᠢᠨ ᠬᠠᠮᠲᠤ ᠲᠠᠩᠰᠠ ᠡᠪᠬᠡᠮᠡᠯ ᠢᠶᠠᠨ ᠬᠠᠳᠠᠭᠠᠯᠠᠭᠤᠯᠬᠤ ᠶᠠᠪᠤᠳᠠᠯ ᠢ | ᠬᠦᠢᠴᠡᠳᠭᠡᠬᠦ ᠬᠡᠷᠡᠭᠳᠠᠢ᠃ ᠠᠰᠫᠢᠷᠠᠨᠲ ᠰᠢᠯᠭᠠᠭᠤᠯᠬᠤ᠂ ᠠᠳᠠᠯ ᠦᠢᠯᠡᠰ ᠪᠤᠰᠬᠠᠬᠤ᠂ ᠥᠪᠡᠷ ᠤᠨ | ᠵᠠᠷᠤᠳᠠᠯ ᠢᠶᠠᠷ ᠢᠶᠠᠨ ᠭᠠᠳᠠᠭᠠᠳᠤ ᠳᠤ ᠭᠠᠷᠴᠤ ᠰᠤᠷᠤᠯᠴᠠᠬᠤ ᠪᠠᠷ ᠪᠡᠯᠡᠳᠬᠡᠵᠦ ᠪᠠᠶᠢᠭ᠎ᠠ ᠲᠡᠭᠦᠰᠬᠦ ᠰᠤᠷᠤᠭᠴᠢᠳ | ᠳᠠᠩᠰᠠ ᠡᠪᠬᠡᠮᠡᠯ ᠢᠶᠠᠨ ᠤᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ | ᠪᠠᠶᠢᠭᠤᠯᠤᠮᠵᠢ ᠳᠤ ᠬᠠᠳᠠᠭᠠᠯᠠᠵᠤ ᠪᠣᠯᠤᠨ᠎ᠠ᠃ | ᠣᠶᠢᠯᠠᠭᠠᠭᠰᠠᠨ ᠢᠶᠠᠷ᠂ ᠲᠡᠭᠦᠰᠦᠭᠰᠡᠨ ᠰᠤᠷᠤᠭᠴᠢᠳ ᠦᠪᠡᠷ ᠤᠨ ᠪᠡᠶ᠎ᠡ ᠳᠡᠭᠡᠨ ᠠᠪᠴᠤ ᠶᠠᠪᠤᠭ᠎ᠠ ᠲᠠᠩᠰᠠ | ᠡᠪᠬᠡᠮᠡᠯ ᠢᠶᠠᠨ ᠤᠤᠯ ᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠬᠤᠲᠠ | ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ | ᠬᠠᠳᠠᠭᠠᠯᠠᠬᠤ ᠬᠡᠷᠡᠭᠳᠠᠢ︔ ᠲᠡᠭᠦᠰᠦᠭᠰᠡᠨ ᠰᠤᠷᠤᠭᠴᠢᠳ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ᠂ | ᠲᠥᠪ ᠤᠨ ᠠᠵᠤ ᠠᠬᠤᠶᠢᠯᠠᠯ ᠪᠤᠶᠤ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠨᠢᠭᠡᠨᠲᠡ ᠠᠵᠢᠯ ᠣᠯᠤᠭᠰᠠᠨ | ᠪᠤᠯ ᠲᠠᠩᠰᠠ ᠡᠪᠬᠡᠮᠡᠯ ᠢ ᠨᠢ ᠠᠵᠢᠯ ᠣᠯᠤᠭᠰᠠᠨ ᠨᠢᠭᠡᠴᠢ ᠠᠴᠠ ᠬᠠᠮᠢᠶᠠᠷᠤᠨ᠎ᠠ︔ ᠲᠡᠭᠦᠰᠦᠭᠰᠡᠨ ᠰᠤᠷᠤᠭᠴᠢᠳ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠷᠬᠡ ᠮᠡᠳᠡᠯ ᠦᠭᠡᠢ ᠠᠵᠤ ᠠᠬᠤᠶᠢᠯᠠᠯ ᠳᠤ ᠠᠵᠢᠯᠯᠠᠪᠡᠯ᠂ ᠳᠠᠩᠰᠠ | ᠡᠪᠬᠡᠮᠡᠯ ᠢ ᠨᠢ ᠰᠤᠷᠭᠠᠭᠤᠯᠢ ᠠᠴᠠ ᠨᠢᠭᠡᠳᠦᠯᠲᠡᠶ ᠤᠤᠯ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠣᠯᠠᠨ | ᠨᠡᠶᠢᠲᠡ ᠶᠢᠨ ᠠᠵᠢᠯ ᠣᠯᠭᠤᠯᠳᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠦᠭᠴᠦ | ᠬᠠᠮᠢᠶᠠᠷᠤᠭᠤᠯᠤᠨ᠎ᠠ᠃ ᠳᠠᠩᠰᠠ ᠡᠪᠬᠡᠮᠡᠯ ᠢ ᠬᠤᠪᠢ ᠬᠥᠮᠦᠨ ᠰᠢᠤᠳᠠᠨ ᠢᠶᠠᠷ ᠶᠠᠪᠤᠭᠤᠯᠬᠤ ᠶᠢ ᠵᠥᠪᠰᠢᠶᠡᠷᠡᠬᠦ | ᠦᠭᠡᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2019᠂ 2020 ᠣᠨ ᠤ ᠲᠡᠭᠦᠰᠬᠦ ᠰᠤᠷᠤᠭᠴᠢᠳ ᠤᠨ | ᠨᠡᠷ᠎ᠡ ᠮᠡᠳᠡᠭᠦᠯᠦᠭᠰᠡᠨ ᠨᠢᠭᠡᠴᠢ ᠪᠣᠯ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠶᠤ ᠲᠦᠩᠯᠢᠶᠣᠤ ᠬᠤᠲᠠ ᠶᠢᠨ ᠠᠵᠢᠯ ᠣᠯᠭᠤᠯᠲᠠ ᠪᠠ | ᠴᠢᠳᠠᠪᠤᠷᠢᠲᠠᠨ ᠤ ᠦᠢᠯᠡᠴᠢᠯᠡᠭᠡᠨ ᠤ ᠲᠥᠪ ᠪᠠᠶᠢᠵᠦ᠂ ᠴᠥᠮ ᠬᠤᠲᠠ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ | ᠦᠢᠯᠡᠴᠢᠯᠡᠭᠡᠨ ᠤ ᠲᠥᠪ ᠪᠣᠳᠠᠲᠠᠶ ᠬᠠᠷᠢᠭᠤᠴᠠᠨ ᠬᠦᠢᠴᠡᠳᠭᠡᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ | ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ | ᠃ ᠡᠩ ᠲᠡᠷᠢᠭᠦᠨ ᠳᠤ ᠲᠡᠭᠦᠰᠦᠭᠰᠡᠨ ᠰᠤᠷᠤᠭᠴᠢᠳ ᠬᠢᠵᠢᠭ ᠤᠨ ᠬᠤᠭᠤᠴᠠᠭᠠᠨ ᠳᠤ ᠲᠣᠭᠲᠠᠭᠰᠠᠨ ᠴᠠᠭ ᠲᠤ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠷᠡᠭᠲᠡᠶ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠠᠪᠤᠴᠠ᠄ ᠲᠡᠭᠦᠰᠬᠦ | ᠰᠤᠷᠤᠭᠴᠢᠳ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠠᠯᠪᠠᠨ ᠰᠦᠯᠵᠢᠶᠡᠨ ᠳᠤ ᠭᠠᠷᠴᠤ᠂ ᠠᠯᠪᠠᠨ ᠵᠠᠷ ᠤᠨ ᠰᠠᠮᠪᠠᠷ᠎ᠠ ᠳᠣᠲᠣᠷ᠎ᠠ ᠠᠴᠠ ︽ᠲᠡᠭᠦᠰᠬᠦ | ᠰᠤᠷᠤᠭᠴᠢᠳ ᠤᠨ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾ ᠶᠢ ᠪᠠᠭᠤᠯᠭᠠᠵᠤ᠂ ᠲᠠᠭᠯᠠᠵᠤ | ᠳᠠᠭᠤᠰᠤᠭᠰᠠᠨ ᠤ ᠳᠠᠷᠠᠭ᠎ᠠ ᠰᠢᠤᠳᠠᠨ ᠬᠠᠶᠢᠷᠴᠠᠭ sjyrcfwzx@163. com ᠳᠤ ᠶᠠᠪᠤᠭᠤᠯᠤᠨ᠎ᠠ᠃ | ᠲᠦᠩᠯᠢᠶᠣᠤ ᠬᠤᠲᠠ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠨ | ᠠᠵᠢᠯᠲᠠᠨ ᠤ ᠲᠠᠨᠢᠯᠴᠠᠭᠤᠯᠭ᠎ᠠ ᠶᠢ ᠦᠨᠳᠦᠰᠦᠯᠡᠪᠡᠯ᠂ 2020 ᠣᠨ ᠳᠤ᠂ ᠲᠠᠩᠰᠠ ᠡᠪᠬᠡᠮᠡᠯ ᠢᠶᠠᠨ ᠰᠢᠯᠵᠢᠭᠦᠯᠬᠦ | ᠴᠢᠬᠤᠯᠠᠳᠠᠢ ᠲᠡᠭᠦᠰᠦᠭᠰᠡᠨ ᠰᠤᠷᠤᠭᠴᠢᠳ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠬᠦᠢᠴᠡᠳᠭᠡᠵᠤ ᠪᠣᠯᠤᠨ᠎ᠠ᠃ | ᠬᠡᠷᠪᠡ ᠲᠣᠰ ᠬᠥᠮᠦᠨ ᠲᠠᠩᠰᠠ ᠡᠪᠬᠡᠮᠡᠯ ᠢᠶᠠᠨ ᠰᠢᠯᠵᠢᠭᠦᠯᠦᠨ ᠠᠪᠬᠤ ᠳᠤ ᠭᠦᠷᠪᠡᠯ᠂ ᠲᠣᠰ ᠬᠥᠮᠦᠨ ᠤ | ᠬᠦᠴᠦᠨ ᠲᠠᠢ ᠪᠡᠶ᠎ᠡ ᠶᠢᠨ ᠦᠨᠡᠮᠯᠡᠯ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ᠂ ᠴᠢᠳᠠᠪᠤᠷᠢᠲᠠᠨ ᠤ ᠲᠥᠪ | ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠪᠤᠶᠤ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠭᠠᠷᠭᠠᠵᠦ | ᠦᠭᠭᠦᠭᠰᠡᠨ ᠳᠠᠩᠰᠠ ᠡᠪᠬᠡᠮᠡᠯ ᠰᠢᠯᠵᠢᠭᠦᠯᠬᠦ ᠪᠢᠴᠢᠭ ᠢ ᠬᠠᠨᠭ᠍ᠭᠠᠬᠤ ᠬᠡᠷᠡᠭᠳᠠᠢ᠃ ᠲᠣᠰ ᠬᠥᠮᠦᠨ ᠨᠢ ᠭᠠᠳᠠᠷ | ᠣᠷᠣᠨ ᠳᠤ ᠪᠠᠶᠢᠬᠤ ᠵᠡᠷᠭᠡ ᠰᠢᠯᠲᠠᠭᠠᠨ ᠠᠴᠠ ᠪᠣᠯᠵᠤ᠂ ᠳᠠᠩᠰᠠ ᠡᠪᠬᠡᠮᠡᠯ ᠢᠶᠠᠨ ᠰᠢᠯᠵᠢᠭᠦᠯᠦᠨ ᠠᠪᠬᠤ ᠠᠵᠢᠯ ᠢ | ᠪᠡᠶ᠎ᠡ ᠪᠠᠷ ᠢᠶᠠᠨ ᠬᠦᠢᠴᠡᠳᠭᠡᠵᠦ ᠲᠡᠶᠢᠯᠬᠦ ᠦᠭᠡᠢ ᠪᠤᠯ ᠲᠤᠰ ᠬᠦᠮᠦᠨ ᠨᠢ ᠨᠡᠶᠢᠳᠠᠯᠭ᠎ᠠ ᠶᠢᠨ ᠪᠢᠴᠢᠭ ︵ | ᠨᠡᠶᠢᠳᠠᠭᠴᠢ ᠶᠢᠨ ᠪᠡᠶ᠎ᠡ ᠶᠢᠨ ᠦᠨᠡᠮᠯᠡᠯ ᠤᠨ ᠲᠠᠷᠤᠮᠠᠯᠯᠠᠯ ᠲᠡᠭᠡᠷ᠎ᠡ ᠨᠡᠶᠢᠳᠡᠯᠭ᠎ᠠ ᠶᠢᠨ ᠪᠢᠴᠢᠭ ᠭᠡᠰᠡᠨ ᠭᠠᠷ ᠤᠨ ᠦᠰᠦᠭ | ᠪᠠᠶᠢᠬᠤ︶᠂ ᠬᠦᠢᠴᠡᠳᠭᠡᠬᠦ ᠬᠦᠮᠦᠨ ᠤ ᠪᠡᠶ᠎ᠡ ᠶᠢᠨ ᠦᠨᠡᠮᠯᠡᠯ ᠤᠨ ᠲᠠᠷᠤᠮᠠᠯᠯᠠᠯ ᠵᠢᠴᠢ ᠲᠥᠪ ᠤᠨ ᠠᠵᠤ ᠠᠬᠤᠶᠢᠯᠠᠯ | ᠪᠤᠶᠤ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠭᠠᠷᠭᠠᠵᠦ ᠦᠭᠭᠦᠭᠰᠡᠨ ᠳᠠᠩᠰᠠ ᠡᠪᠬᠡᠮᠡᠯ ᠰᠢᠯᠵᠢᠭᠦᠯᠬᠦ | ᠪᠢᠴᠢᠭ ᠢ ᠬᠠᠨᠭ᠍ᠭᠠᠬᠤ ᠬᠡᠷᠡᠭᠳᠠᠢ᠃ | ᠰᠦᠯᠵᠢᠶᠡᠨ ᠳᠡᠭᠡᠷ᠎ᠡ ᠭᠦᠢᠴᠡᠳᠬᠡᠬᠦ ᠦᠶᠡᠰ᠂ ᠳᠡᠭᠡᠷᠡᠬᠢ ᠮᠠᠲ᠋ᠧᠷᠢᠶᠠᠯ ᠤᠳ ᠢ ᠡᠯᠧᠺᠳ᠋ᠷᠣᠨ ᠬᠡᠪᠯᠡᠯ ᠢᠶᠠᠷ | ᠰᠢᠤᠳᠠᠨ ᠬᠠᠶᠢᠷᠴᠠᠭ sjyrcfwzx@163. com ᠶᠠᠪᠤᠭᠤᠯᠬᠤ ᠭᠡᠷᠡᠭᠳᠠᠢ᠃ ᠪᠡᠶ᠎ᠡ ᠶᠢᠨ ᠦᠨᠡᠮᠯᠡᠯ ᠤᠨ | ᠬᠤᠶᠠᠷ ᠲᠠᠯ᠎ᠠ ᠶᠢᠨ ᠰᠡᠭᠦᠳᠡᠷ᠂ ᠳᠠᠩᠰᠠ ᠡᠪᠬᠡᠮᠡᠯ ᠰᠢᠯᠵᠢᠭᠦᠯᠬᠦ ᠪᠢᠴᠢᠭ ᠤᠨ ᠲᠣᠳᠣᠷᠬᠠᠶ ᠰᠡᠭᠦᠳᠡᠷ᠂ ᠡᠴᠢᠭᠡ | ᠡᠬᠡ ᠶᠢᠨ ᠣᠪᠣᠭ ᠨᠡᠷ᠎ᠡ ᠵᠡᠷᠭᠡ ᠶᠢ ᠬᠠᠩᠭᠠᠵᠤ ᠳᠠᠩᠰᠠ ᠡᠪᠬᠡᠮᠡᠯ ᠢ ᠬᠢᠨᠠᠨ ᠬᠠᠷᠭᠤᠭᠤᠯᠬᠤ ᠳᠤ ᠬᠡᠷᠡᠭᠯᠡᠨ᠎ᠡ᠃ ᠬᠡᠷᠪᠡ | ᠲᠤᠬᠠᠢ ᠶᠢᠨ ᠲᠠᠯᠠᠪᠠᠢ ᠳᠤ ᠳᠠᠩᠰᠠ ᠡᠪᠬᠡᠮᠡᠯ ᠢᠶᠠᠨ ᠰᠢᠯᠵᠢᠭᠦᠯᠦᠨ ᠠᠪᠬᠤ ᠳᠤ ᠬᠦᠷᠪᠡᠯ᠂ ᠴᠠᠭᠠᠰᠤᠨ ᠬᠡᠪᠯᠡᠯ ᠤᠨ | ᠮᠠᠲ᠋ᠧᠷᠢᠶᠠᠯ ︵ᠪᠡᠶ᠎ᠡ ᠶᠢᠨ ᠦᠨᠡᠮᠯᠡᠯ ᠤᠨ ᠲᠠᠷᠤᠮᠠᠯᠯᠠᠯ᠂ ᠳᠠᠩᠰᠠ ᠡᠪᠬᠡᠮᠡᠯ ᠰᠢᠯᠵᠢᠭᠦᠯᠬᠦ ᠪᠢᠴᠢᠭ ᠤᠨ ᠤᠭ ᠮᠠᠲ᠋ᠧᠷᠢᠶᠠᠯ | ︶ ᠢ ᠲᠤᠰᠢᠶᠠᠬᠤ ᠴᠢᠬᠤᠯᠠᠲᠠᠢ᠃ | ᠲᠦᠩᠯᠢᠶᠣᠤ ᠶᠢᠨ ᠬᠠᠷᠢᠶ᠎ᠠ ᠲᠠᠢ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ ᠳᠠᠩᠰᠠ ᠡᠪᠬᠡᠮᠡᠯ ᠢᠶᠠᠨ | ᠰᠢᠯᠵᠢᠭᠦᠯᠬᠦ᠂ ᠳᠠᠩᠰᠠ ᠡᠪᠬᠡᠮᠡᠯ ᠢ ᠬᠦᠯᠢᠶᠡᠨ ᠠᠪᠬᠤ᠂ ᠲᠡᠭᠦᠰᠦᠭᠰᠡᠨ ᠰᠤᠷᠤᠭᠴᠢᠳ ᠨᠡᠷ᠎ᠡ ᠮᠡᠳᠡᠭᠦᠯᠬᠦ ᠮᠡᠳᠦ ᠶᠢᠨ | ᠠᠵᠢᠯ ᠢ ᠭᠦᠢᠴᠡᠳᠬᠡᠬᠦ ᠴᠢᠬᠤᠯᠠ ᠲᠠᠢ ᠪᠤᠯ᠂ 0475 — 8580690 ᠪᠤᠶᠤ 0475 — | 8580691 ᠤᠳᠠᠰᠦ ᠪᠠᠷ ᠬᠠᠷᠢᠯᠴᠠᠵᠦ ᠨᠠᠷᠢᠨ ᠪᠠᠶᠢᠳᠠᠯ ᠢ ᠠᠰᠠᠭᠤᠨ ᠯᠠᠪᠯᠠᠭᠠᠷᠠᠢ᠃ | | |