ᠤᠶᠢᠷ᠎ᠠ ᠳᠤ᠂ ︽ᠡᠩ ᠤᠨ ᠶᠡᠭᠡ ᠲᠡᠭᠡᠳᠦ ᠰᠤᠷᠭᠠᠭᠤᠯᠢ ᠳᠤ ᠤᠶᠤᠳᠠᠳ ᠤᠨ ᠬᠤᠶᠠᠳᠤᠭᠠᠷ ᠡᠷᠳᠡᠮ ᠤᠨ | ᠴᠤᠯᠠ ᠶᠢᠨ ᠰᠤᠷᠭᠠᠨ ᠬᠦᠮᠦᠵᠢᠯ ᠢ ᠦᠷᠭᠦᠯᠵᠢᠯᠡᠨ ᠦᠷᠨᠢᠭᠦᠯᠬᠦ ᠲᠤᠬᠠᠢ ᠰᠤᠷᠭᠠᠨ ᠬᠦᠮᠦᠵᠢᠯ ᠤᠨ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ᠳᠤ᠂ ᠤᠶᠤᠳᠠᠳ ᠲᠤ ᠬᠤᠶᠠᠳᠤᠭᠠᠷ ᠡᠷᠳᠡᠮ ᠤᠨ ᠴᠤᠯᠠ ᠬᠦᠷᠳᠡᠭᠡᠬᠦ ᠪᠤᠯ ᠶᠡᠭᠡ | ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠭᠠᠨ ᠬᠦᠮᠦᠵᠢᠯ ᠤᠨ ᠬᠠᠮ ᠴᠢᠳᠠᠪᠦᠷᠢᠳᠡᠨ ᠢ ᠬᠦᠮᠦᠵᠢᠭᠦᠯᠬᠦ ᠴᠢᠬᠤᠯᠠ | ᠠᠷᠭ᠎ᠠ ᠵᠠᠮ ᠮᠦᠨ ᠭᠡᠵᠦ ᠵᠢᠭᠠᠵᠦ ᠭᠠᠷᠭᠠᠪᠠ᠃ | ︽ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ︾ ᠶᠢ ᠶᠠᠭᠤᠨ ᠳᠤ ᠲᠠᠬᠢᠨ ᠡᠬᠢᠯᠡᠭᠦᠯᠦᠭᠰᠡᠨ ᠪᠤᠢ︖ | ︽ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ︾ ᠶᠢ ᠲᠠᠬᠢᠨ ᠡᠬᠢᠯᠡᠭᠦᠯᠦᠭᠰᠡᠨ ᠨᠢ᠂ ᠬᠢᠵᠢᠭ ᠤᠨ | ᠨᠦᠯᠦᠭᠡ ᠠᠴᠠ ᠪᠤᠯᠵᠦ ᠠᠰᠫᠢᠷᠠᠨᠲ ᠰᠢᠯᠭᠠᠭᠤᠯᠬᠤ ᠰᠢᠯᠭᠠᠯᠳᠠ ᠳᠤ ᠤᠷᠤᠯᠴᠠᠭᠰᠠᠨ ᠦᠭᠡᠢ᠂ ᠭᠠᠳᠠᠭᠠᠳᠦ ᠳᠤ | ᠭᠠᠷᠬᠤ ᠭᠤᠶᠤᠴᠢᠯᠠᠯ ᠵᠦᠪᠰᠢᠶᠡᠷᠡᠭᠳᠡᠭᠰᠡᠨ ᠦᠭᠡᠢ᠂ ᠠᠵᠢᠯ ᠡᠷᠢᠬᠦ ᠪᠡᠯᠡᠳᠭᠡᠯ ᠦᠭᠡᠢ ᠪᠠᠶᠢᠭ᠎ᠠ ᠴᠦᠬᠡᠨ ᠪᠤᠰᠦ ᠶᠡᠭᠡ | ᠲᠡᠭᠡᠳᠦ ᠰᠤᠷᠭᠠᠭᠤᠯᠢ ᠶᠢᠨ ᠰᠤᠷᠤᠭᠴᠢᠳ ᠲᠤ ᠬᠦᠰᠡᠯ ᠡᠷᠡᠮᠡᠯᠵᠡᠯ ᠤᠯᠭᠤᠪᠠ᠃ | 2019 ᠤᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠤᠯᠠ ᠶᠢᠨ ᠵᠦᠪᠯᠡᠯ ︽ | ᠡᠷᠳᠡᠮ ᠤᠨ ᠴᠤᠯᠠ ᠤᠯᠭᠤᠬᠤ ᠬᠠᠮᠢᠶᠠᠷᠤᠯᠳᠠ ᠶᠢᠨ ᠠᠷᠭ᠎ᠠ︾ ᠶᠢ ᠲᠠᠷᠤᠮᠠᠯᠯᠠᠨ ᠲᠠᠷᠬᠠᠭᠠᠵᠦ᠂ 2022 ᠤᠨ ᠳᠤ ︽ | ᠤᠶᠤᠳᠠᠳ ᠲᠤ ᠬᠤᠶᠠᠳᠤᠭᠠᠷ ᠡᠷᠳᠡᠮ ᠤᠨ ᠴᠤᠯᠠ︾ ᠤᠯᠭᠤᠬᠤ ᠶᠢ ᠵᠤᠭᠰᠤᠭᠠᠨ᠎ᠠ ᠭᠡᠵᠦ ᠪᠠᠶᠢᠭᠰᠠᠨ ᠢᠶᠠᠨ᠂ ᠡᠨᠡ | ᠵᠢᠯ ᠤᠨ ᠲᠠᠪᠤᠨ ᠰᠠᠷ᠎ᠠ ᠶᠢᠨ ︽ᠮᠡᠳᠡᠭᠳᠡᠯ︾ ᠳᠤ ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ ᠶᠢᠨ ᠰᠤᠷᠭᠠᠨ | ᠬᠦᠮᠦᠵᠢᠯ ᠢ ᠦᠷᠭᠦᠯᠵᠢᠯᠡᠨ ᠦᠷᠨᠢᠭᠦᠯᠦᠨ᠎ᠡ ᠭᠡᠵᠦ ᠲᠤᠳᠤᠷᠬᠠᠶᠢᠯᠠᠪᠠ᠃ | ᠴᠦᠬᠡᠨ ᠪᠤᠰᠦ ᠲᠤᠰᠬᠠᠢ ᠮᠡᠷᠭᠡᠵᠢᠯ ᠤᠨ ᠬᠦᠮᠦᠰ ᠤᠨ ᠦᠵᠡᠬᠦ ᠪᠠᠷ᠂ ᠤᠶᠤᠳᠠᠳ ᠤᠨ ᠬᠤᠶᠠᠳᠤᠭᠠᠷ | ᠡᠷᠳᠡᠮ ᠤᠨ ᠴᠤᠯᠠ ᠶᠢ ᠲᠠᠬᠢᠨ ᠡᠬᠢᠯᠡᠭᠦᠯᠬᠦ ᠨᠢ ᠤᠳᠤᠬᠠᠨ ᠤ ᠤᠶᠤᠳᠠᠳ ᠲᠤ ᠲᠤᠯᠭᠠᠷᠠᠵᠦ ᠪᠠᠶᠢᠭ᠎ᠠ ᠠᠵᠢᠯ | ᠤᠯᠭᠤᠯᠳᠠ ᠶᠢᠨ ᠲᠠᠷᠤᠯᠳᠠ ᠶᠢ ᠬᠦᠡᠭᠭᠡᠷᠡᠭᠦᠯᠬᠦ ᠶᠢᠨ ᠲᠦᠯᠦᠭᠡ ᠭᠡᠵᠦ ᠪᠤᠢ᠃ | 6 ᠵᠢᠯ ᠳᠤ ᠬᠤᠶᠠᠷ ᠵᠢᠩᠬᠢᠨᠢ ᠠᠩᠬᠢ ᠶᠢᠨ ᠲᠤᠰᠬᠠᠢ ᠮᠡᠷᠭᠡᠵᠢᠯ ᠰᠤᠷᠬᠤ ᠶᠢ ᠬᠦᠮᠦᠰ ᠬᠦᠷᠢᠶᠡᠯᠡᠨ᠎ᠡ ᠤᠤ︖ | ᠬᠤᠶᠠᠳᠤᠭᠠᠷ ᠡᠷᠳᠡᠮ ᠤᠨ ᠴᠤᠯᠠ ᠪᠠ ᠬᠤᠤᠰ ᠡᠷᠳᠡᠮ ᠤᠨ ᠴᠤᠯᠠ ᠶᠠᠮᠠᠷ ᠢᠯᠭᠠᠭ᠎ᠠ ᠲᠠᠢ ᠪᠤᠢ︖ | ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ ᠨᠢ ᠲᠤᠰᠬᠠᠢ ᠮᠡᠷᠭᠡᠵᠢᠯ ᠠᠯᠤᠰᠯᠠᠨ ᠰᠢᠯᠭᠠᠭᠤᠯᠵᠦ | ᠪᠤᠯᠤᠨ᠎ᠠ᠂ 4 ᠵᠢᠯ ᠤᠨ ᠵᠢᠩᠬᠢᠨᠢ ᠠᠩᠬᠢ ᠪᠠᠨ ᠰᠤᠷᠤᠯᠴᠠᠵᠦ ᠲᠠᠭᠤᠰᠤᠭᠠᠳ ᠲᠠᠬᠢᠨ ᠭᠤᠶᠤᠴᠢᠯᠠᠬᠤ ᠴᠢᠬᠤᠯᠠᠳᠠᠢ︔ | ︽ᠬᠤᠤᠰ ᠡᠷᠳᠡᠮ ᠤᠨ ᠴᠤᠯᠠ︾ ᠶᠢ ᠶᠡᠭᠡ ᠰᠤᠷᠭᠠᠭᠤᠯᠢ ᠶᠢᠨ ᠬᠤᠶᠠᠳᠤᠭᠠᠷ ᠤᠨ ᠠᠴᠠ ᠲᠠᠷᠤᠢ ᠭᠤᠶᠤᠴᠢᠯᠠᠵᠦ | ᠪᠤᠯᠤᠨ᠎ᠠ᠃ ᠡᠭᠦᠨ ᠠᠴᠠ ᠦᠵᠡᠭᠦ ᠳᠤ᠂ ᠬᠤᠤᠰ ᠡᠷᠳᠡᠮ ᠤᠨ ᠴᠤᠯᠠ ᠨᠢ ᠴᠠᠭ ᠠᠷᠪᠢᠯᠠᠵᠦ᠂ ᠬᠤᠶᠠᠳᠤᠭᠠᠷ | ᠡᠷᠳᠡᠮ ᠤᠨ ᠴᠤᠯᠠ ᠨᠢ ᠰᠤᠷᠭᠠᠭᠤᠯᠢ ᠠᠯᠤᠰᠯᠠᠵᠦ ᠪᠤᠯᠤᠨ᠎ᠠ᠃ | ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ ᠶᠢ ᠬᠡᠷᠬᠢᠨ ᠪᠤᠳᠠᠳᠠᠢ ᠳᠤ ᠨᠡᠶᠢᠳᠡᠪᠦᠷᠢᠵᠢᠭᠤᠯᠬᠤ | ᠪᠤᠢ︖ | ᠬᠤᠶᠠᠳᠤᠭᠠᠷ ᠡᠷᠳᠡᠮ ᠤᠨ ᠴᠤᠯᠠ ᠲᠠᠢ ᠰᠤᠷᠤᠭᠴᠢ ᠶᠢ ᠬᠡᠷᠬᠢᠨ ᠡᠯᠰᠡᠬᠦ ᠲᠤᠬᠠᠢ ︽ᠮᠡᠳᠡᠭᠳᠡᠯ︾ ᠳᠤ᠂ ᠲᠤᠰ | ᠵᠢᠯ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ ᠪᠤᠶᠤ ᠤᠶᠢᠷ᠎ᠠ ᠶᠢᠨ 3 | ᠵᠢᠯ ᠳᠤ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠴᠦ ᠠᠵᠢᠯ ᠤᠯᠤᠭ᠎ᠠ ᠦᠭᠡᠢ | ᠤᠶᠤᠳᠠᠨ ᠢ ᠡᠯᠰᠡᠨ᠎ᠡ ᠭᠡᠪᠡ᠃ ᠲᠤᠰᠬᠠᠢ ᠮᠡᠷᠭᠡᠵᠢᠯ ᠤᠨ ᠲᠠᠯ᠎ᠠ ᠪᠠᠷ᠂ ᠰᠤᠷᠭᠠᠨ ᠬᠦᠮᠦᠵᠢᠯ ᠤᠨ ᠶᠠᠮᠤᠨ ᠠᠴᠠ | ᠤᠯᠤᠰ ᠤᠨ ᠪᠠᠴᠢᠮ ᠬᠡᠷᠡᠭᠰᠡᠵᠦ ᠪᠠᠶᠢᠭ᠎ᠠ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠠ ᠰᠡᠷᠭᠡᠶᠢᠯᠡᠯᠳᠡ ᠶᠢᠨ | ᠠᠨᠠᠭᠠᠬᠤ ᠤᠬᠠᠭᠠᠨ᠂ ᠪᠠᠴᠢᠮ ᠬᠡᠷᠡᠭᠯᠡᠭᠡᠨ ᠤ ᠮᠡᠷᠭᠡᠵᠢᠯ ᠪᠠ ᠬᠠᠮᠢᠶᠠᠷᠤᠯᠳᠠ᠂ ᠡᠯᠧᠺᠳ᠋ᠷᠤᠨ ᠮᠡᠳᠡᠭᠡ ᠵᠠᠩᠬᠢ᠂ ᠲᠤᠮᠦ | ᠳ᠋ᠠᠶᠢᠲ᠋ᠠ᠂ ᠰᠦᠯᠵᠢᠶᠡᠨ ᠤ ᠠᠮᠤᠷ ᠲᠦᠪᠰᠢᠨ᠂ ᠡᠨᠧᠷᠬᠢ ᠶᠢᠨ ᠬᠦᠳᠡᠯᠭᠡᠬᠦ ᠬᠦᠴᠦᠨ᠂ ᠠᠮᠢᠳᠦ ᠪᠤᠳᠠᠰ ᠪᠠ ᠡᠮ | ᠡᠮᠨᠡᠯᠭᠡ᠂ ᠨᠠᠰᠤᠵᠢᠯ ᠤᠨ ᠰᠤᠪᠢᠯᠠᠯᠳᠠ᠂ ᠭᠡᠷ ᠤᠨ ᠠᠳᠠᠯ ᠠᠬᠤᠢ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠳᠤ | ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ ᠶᠢᠨ ᠲᠤᠰᠬᠠᠢ ᠮᠡᠷᠭᠡᠵᠢᠯ ᠭᠠᠷᠭᠠᠵᠦ᠂ ᠶᠡᠭᠡ ᠲᠡᠭᠡᠳᠦ | ᠰᠤᠷᠭᠠᠭᠤᠯᠢ ᠶᠢᠨ ︽ᠬᠤᠤᠰ ᠲᠠᠷᠢᠭᠦᠨ︾ ᠤ ᠪᠠᠶᠢᠭᠤᠯᠤᠯᠳᠠ ᠶᠢᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ | ᠲᠤᠬᠢᠷᠠᠭᠤᠯᠬᠤ ᠶᠢ ᠲᠠᠮᠵᠢᠨ᠎ᠡ ᠭᠡᠪᠠ᠃ ᠲᠦᠷᠦᠭᠦᠬᠡᠨ᠂ ᠰᠤᠷᠭᠠᠨ ᠬᠦᠮᠦᠵᠢᠯ ᠤᠨ ᠶᠠᠮᠤᠨ ᠤ ᠲᠡᠭᠡᠳᠦ ᠵᠡᠷᠭᠡ ᠶᠢᠨ | ᠰᠤᠷᠭᠠᠨ ᠬᠦᠮᠦᠵᠢᠯ ᠤᠨ ᠵᠤᠷᠭᠠᠨ ᠤ ᠬᠠᠷᠢᠭᠤᠴᠠᠯᠭᠠᠳᠠᠨ ᠤᠶᠤᠳᠠᠳ ᠤᠨ ᠬᠤᠶᠠᠳᠤᠭᠠᠷ ᠡᠷᠳᠡᠮ ᠤᠨ ᠴᠤᠯᠠ ᠶᠢᠨ | ᠰᠤᠷᠤᠭᠴᠢ ᠡᠯᠰᠡᠬᠦ ᠠᠵᠢᠯ ᠢ ᠡᠨᠡ ᠵᠢᠯ ᠤᠨ 7 ᠰᠠᠷ᠎ᠠ ᠶᠢᠨ ᠰᠡᠭᠦᠯᠴᠢ ᠪᠤᠯᠳᠠᠯ᠎ᠠ ᠲᠠᠭᠤᠰᠬᠠᠨ᠎ᠠ ᠭᠡᠪᠠ᠃ | ᠤᠶᠢᠯᠠᠭᠠᠭᠰᠠᠨ ᠢᠶᠠᠷ᠂ ᠬᠤᠶᠠᠳᠤᠭᠠᠷ ᠡᠷᠳᠡᠮ ᠤᠨ ᠴᠤᠯᠠ ᠶᠢᠨ ᠲᠤᠰᠬᠠᠢ ᠮᠡᠷᠭᠡᠵᠢᠯ ᠤᠨ ᠨᠡᠷ᠎ᠡ ᠮᠡᠳᠡᠭᠦᠯᠵᠦ ᠪᠤᠯᠬᠤ | ᠲᠤᠰᠬᠠᠢ ᠮᠡᠷᠭᠡᠵᠢᠯ ᠨᠢ ᠨᠡᠩ ᠠᠮᠢᠳᠤᠯᠢᠭ ᠪᠠᠶᠢᠳᠠᠭ᠃ ᠤᠤᠯ ᠤᠨ ᠰᠤᠷᠤᠭᠰᠠᠨ ᠲᠤᠰᠬᠠᠢ ᠮᠡᠷᠭᠡᠵᠢᠯ ᠠᠴᠠ ᠪᠤᠰᠤᠳ | ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠳᠤ ᠨᠡᠷ᠎ᠡ ᠮᠡᠳᠡᠭᠦᠯᠵᠦ ᠰᠢᠯᠭᠠᠵᠦ ᠪᠤᠯᠤᠨ᠎ᠠ᠂ ᠪᠠᠰᠠ ᠤᠤᠯ ᠤᠨ | ᠰᠤᠷᠤᠭᠰᠠᠨ ᠵᠢᠩᠬᠢᠨᠢ ᠠᠩᠬᠢ ᠶᠢᠨ ᠲᠤᠰᠬᠠᠢ ᠮᠡᠷᠭᠡᠵᠢᠯ ᠲᠠᠢ ᠠᠳᠠᠯᠢ ᠨᠢᠭᠡ ᠰᠢᠨᠵᠢᠯᠡᠭᠡᠨ ᠤ ᠰᠠᠯᠠᠭ᠎ᠠ ᠪᠤᠯᠪᠠᠴᠦ | ᠠᠳᠠᠯᠢ ᠪᠤᠰᠦ ᠵᠢᠩᠬᠢᠨᠢ ᠠᠩᠬᠢ ᠶᠢᠨ ᠲᠤᠰᠬᠠᠢ ᠮᠡᠷᠭᠡᠵᠢᠯ ᠪᠤᠯᠬᠤ ᠲᠤᠰᠬᠠᠢ ᠮᠡᠷᠭᠡᠵᠢᠯ ᠢ ᠰᠤᠩᠭᠤᠵᠦ ᠰᠤᠷᠴᠦ | ᠪᠤᠯᠤᠨ᠎ᠠ᠃ | | |