ᠵᠤᠤ ᠴᠠᠩ ᠶᠦᠩ᠂ ᠯᠢᠦ ᠰᠢᠩ ᠲᠤᠤ ᠵᠡᠷᠭᠡ ᠰᠢᠶᠠᠨ ᠤ ᠤᠳᠤᠷᠢᠳᠤᠯᠭ᠎ᠠ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-07-08
     7 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠣᠣ ᠴᠠᠩ ᠶᠦᠩ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠯᠢᠦ ᠰᠢᠩ ᠲᠤᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠰᠢᠶᠠᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠭᠦᠸᠧ ᠵᠢᠶᠠᠨ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠧᠤ ᠵᠢᠩ ᠵᠥᠩ ᠬᠠᠮᠲᠤ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠵᠣᠣ ᠴᠠᠩ ᠶᠦᠩ ᠨᠡᠷ ᠤᠷᠢᠳ ᠬᠤᠵᠢᠳ ᠲᠠᠢ ᠾᠧ ᠺᠧᠦ ᠱᠤ᠋ ᠶᠢᠨ ᠵᠠᠩᠭᠢᠯᠠᠭ᠎ᠠ᠂ ᠡᠤ ᠯᠢᠦᠶ ᠰᠢᠶᠠᠨ ᠭᠦᠡᠭ ᠵᠡᠷᠭᠡ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠳᠤ ᠭᠦᠨᠵᠡᠭᠡᠶᠢᠷᠡᠨ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠤᠨᠤᠰᠴᠤ᠂ ᠦᠶᠡᠷ ᠢ ᠰᠡᠷᠭᠡᠶᠢᠯᠡᠬᠦ ᠪᠡᠯᠡᠳᠬᠡᠮᠵᠢ ᠶᠢᠨ ᠠᠵᠢᠯᠯᠠᠭᠠᠨ᠂ ᠦᠶᠡᠷ ᠢ ᠰᠡᠷᠭᠡᠶᠢᠯᠡᠬᠦ ᠡᠳ᠋ ᠪᠠᠷᠠᠭ᠎ᠠ ᠶᠢᠨ ᠨᠥᠭᠡᠴᠡᠯᠡᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠵᠡᠷᠭᠡ ᠪᠠᠶᠢᠳᠠᠯ ᠢ ᠨᠠᠷᠢᠨ ᠤᠶᠢᠯᠠᠭᠠᠪᠠ᠃
     ᠪᠠᠶᠢᠴᠠᠭᠠᠨ ᠰᠤᠳᠤᠯᠤᠯᠲᠠ ᠳᠤᠮᠳᠠ᠂ ᠵᠤᠤ ᠴᠠᠩ ᠶᠦᠩ ᠵᠢᠭᠠᠭᠰᠠᠨ ᠨᠢ᠂ ᠣᠳᠣᠬᠠᠨ ᠳᠤ ᠮᠠᠨ ᠤ ᠰᠢᠶᠠᠨ ᠤ ᠭᠤᠤᠯ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠵᠦ᠂ ᠦᠶᠡᠷ ᠢ ᠰᠡᠷᠭᠡᠶᠢᠯᠡᠬᠦ ᠠᠵᠢᠯ ᠨᠢᠭᠡᠨᠲᠡ ᠪᠡᠯᠡᠳᠭᠡᠬᠦ ᠠᠴᠠ ᠠᠷᠭᠠᠴᠠᠬᠤ᠂ ᠳᠠᠶᠢᠨ ᠳᠤ ᠪᠡᠯᠡᠳᠬᠡᠬᠦ ᠠᠴᠠ ᠪᠣᠳᠠᠲᠤ ᠳᠠᠶᠢᠨ ᠳᠤ ᠬᠦᠷᠬᠦ ᠱᠠᠲᠤᠨ ᠳᠤ ᠣᠷᠣᠵᠣ᠂ ᠡᠭᠦᠷᠭᠡ ᠬᠠᠲᠠᠭᠤ ᠪᠡᠷᠬᠡᠰᠢᠶᠡᠯᠲᠡᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠪᠠᠯᠭᠠᠰᠤ ᠲᠠᠯᠠᠪᠤᠷ ᠡᠯ᠎ᠡ ᠰᠠᠯᠠᠭ᠎ᠠ ᠮᠥᠴᠢᠷ ᠠᠷᠠᠳ ᠲᠦᠮᠡᠨ ᠢ ᠳᠡᠭᠡᠳᠦᠯᠡᠨ᠂ ᠶᠡᠭᠡ ᠦᠶᠡᠷ ᠢ ᠰᠡᠷᠭᠡᠶᠢᠯᠡᠬᠦ ᠳᠤ ᠰᠠᠭᠤᠷᠢᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠠᠵᠢᠯ ᠢ ᠣᠳᠣᠬᠠᠨ ᠤ ᠨᠢᠭᠡᠨ ᠴᠢᠬᠤᠯᠠ ᠠᠵᠢᠯ ᠪᠣᠯᠭᠠᠵᠤ᠂ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠳᠡᠭᠡᠳᠦ ᠤᠷᠤᠰᠬᠠᠯ ᠤᠨ ᠪᠣᠷᠣᠭᠠᠨ ᠤ ᠪᠠᠶᠢᠳᠠᠯ ᠵᠢᠴᠢ ᠮᠠᠨ ᠤ ᠰᠢᠶᠠᠨ ᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠤᠨ ᠦᠶᠡᠷ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠠᠶᠤᠯᠲᠠᠶ ᠣᠷᠣᠨ ᠪᠦᠰᠡ ᠶᠢᠨ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠠᠳᠬᠤᠵᠤ᠂ ᠯᠠᠪᠳᠠᠭᠤᠨ ᠪᠠᠲᠤᠲᠠᠶ ᠪᠦᠲᠦᠮᠵᠢᠲᠡᠶ᠂ ᠦᠨᠡᠨᠬᠦ ᠲᠤᠰᠠᠲᠠᠶ ᠠᠷᠭ᠎ᠠ ᠬᠡᠮᠵᠢᠶ᠎ᠡ ᠪᠠᠷ ᠪᠣᠳᠠᠲᠠᠶ ᠠᠵᠢᠯ ᠤᠨ ᠪᠤᠳᠠᠲᠠᠶᠢᠵᠢᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠶᠤᠯᠲᠤ ᠪᠠᠷᠢᠯᠭ᠎ᠠ ᠠᠶᠤᠯᠲᠤ ᠬᠡᠰᠡᠭ ᠲᠤ ᠴᠢᠭᠯᠡᠭᠦᠯᠦᠨ ᠪᠦᠬᠦ ᠲᠠᠯ᠎ᠠ ᠪᠠᠷ ᠨᠠᠷᠢᠯᠢᠭ ᠪᠠᠶᠢᠴᠠᠭᠠᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠴᠢᠩᠭᠠᠳᠬᠠᠵᠤ᠂ ᠡᠳ᠋ ᠪᠣᠳᠠᠰ ᠤᠨ ᠴᠢᠩᠭ᠎ᠠ ᠬᠦᠴᠦᠲᠡᠶ ᠪᠠᠲᠤᠯᠠᠭ᠎ᠠ ᠬᠠᠩᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号