ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠶᠢ ᠬᠦᠮᠦᠵᠢᠭᠦᠯᠬᠦ ᠠᠰᠠᠭᠤᠳᠠᠯ ᠪᠣᠯ | ᠰᠤᠷᠭᠠᠨ ᠬᠦᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠤᠨ᠎ᠠ᠃ ᠣᠳᠣᠬᠠᠨ ᠤ ᠭᠡᠷ ᠪᠦᠯᠢ ᠶᠢᠨ ᠭᠠᠭᠴᠠ | ᠬᠡᠦᠬᠡᠳ ᠲᠤ ᠠᠪᠴᠤ ᠬᠡᠯᠡᠪᠡᠯ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠲᠦᠢᠯ ᠤᠨ ᠳᠣᠣᠷ᠎ᠠ ᠪᠠᠶᠢᠵᠤ᠂ | ᠰᠠᠨᠠᠭᠠᠴᠢᠯᠠᠭ᠎ᠠ ᠲᠠᠢ ᠪᠠᠷ ᠥᠪᠡᠷ ᠢᠶᠠᠨ ᠰᠤᠷᠤᠯᠴᠠᠬᠤ ᠴᠢᠳᠠᠪᠤᠷᠢ ᠠᠨᠠᠶᠢᠬᠠᠨ ᠪᠠᠶᠢᠵᠤ᠂ ᠵᠦᠪᠬᠡᠨ ᠡᠳᠦᠷ ᠤᠨ ᠳᠠᠰᠬᠠᠯ | ᠳᠠᠭᠠᠭᠠᠯᠭᠠᠪᠤᠷᠢ ᠳᠤ ᠪᠠᠷᠢᠭᠳᠠᠵᠤ᠂ ᠳᠠᠰᠬᠠᠯ ᠬᠢᠬᠦ ᠡᠭᠦᠷᠭᠡ ᠪᠠᠨ ᠪᠡᠶᠡᠯᠡᠭᠦᠯᠪᠡᠯ ᠨᠢᠭᠡ ᠡᠳᠦᠷ ᠤᠨ ᠰᠤᠷᠤᠯᠴᠠᠯᠭ᠎ᠠ | ᠠᠮᠵᠢᠯᠲᠠᠲᠠᠢ ᠭᠡᠵᠦ ᠦᠵᠡᠵᠦ᠂ ᠰᠠᠨᠠᠭᠠᠴᠢᠯᠠᠭ᠎ᠠ ᠲᠠᠢ ᠪᠠᠷ ᠰᠤᠷᠤᠯᠴᠠᠬᠤ ᠪᠢᠰᠢ ᠬᠠᠷᠢᠨ ᠵᠠᠪ ᠴᠢᠯᠦᠭᠡ ᠯᠠ ᠭᠠᠷᠪᠠᠯ | ᠲᠧᠯᠸᠢᠰ ᠦᠵᠡᠬᠦ ᠪᠣᠶᠤ ᠺᠣᠮᠫᠢᠦ᠋ᠲ᠋ᠧᠷ ᠣᠷᠤᠯᠳᠤᠬᠤ ᠮᠡᠲᠦ ᠪᠠᠷ ᠰᠤᠷᠤᠯᠴᠠᠬᠤ ᠴᠠᠭ ᠢᠶᠠᠨ ᠲᠠᠯᠠᠭᠠᠷ ᠨᠦᠭᠴᠢᠭᠡᠵᠦ | ᠪᠠᠶᠢᠳᠠᠭ᠃ ᠡᠶᠢᠮᠦ ᠠᠴᠠ ᠪᠠᠭᠰᠢ ᠪᠣᠯᠤᠭᠰᠠᠳ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ | ᠴᠢᠳᠠᠪᠤᠷᠢ ᠶᠢ ᠬᠦᠲᠦᠯᠬᠦ ᠨᠢ ᠬᠠᠮᠤᠭ ᠤᠨ ᠰᠠᠶᠢᠨ ᠵᠠᠩᠭᠢᠯᠠᠭ᠎ᠠ ᠶᠢᠨ ᠬᠦᠮᠦᠵᠢᠯ ᠪᠣᠯᠤᠨ᠎ᠠ ᠭᠡᠵᠦ ᠦᠵᠡᠵᠦ ᠪᠣᠯᠤᠨ᠎ᠠ᠃ | ᠳᠣᠣᠷ᠎ᠠ ᠪᠢ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠶᠢ ᠬᠡᠷᠬᠢᠨ ᠬᠦᠮᠦᠵᠢᠭᠦᠯᠬᠦ ᠲᠣᠬᠠᠢ | ᠥᠪᠡᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠹᠷᠦᠨᠲ ᠲᠤ ᠳᠦᠴᠢᠨ ᠵᠢᠯ ᠠᠵᠢᠯᠯᠠᠭᠰᠠᠨ | ᠲᠣᠷᠰᠢᠯᠭ᠎ᠠ ᠲᠠᠢ ᠪᠠᠨ ᠤᠶᠠᠯᠳᠤᠭᠤᠯᠵᠤ ᠤᠶᠢᠯᠠᠭᠠᠯᠲᠠ ᠪᠠᠨ ᠳᠦᠭᠦᠮ ᠶᠠᠷᠢᠶ᠎ᠠ᠃ | ᠨᠢᠭᠡ᠂ ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠤᠩᠰᠢᠵᠤ ᠰᠤᠷᠬᠤ ᠳᠤ ᠵᠢᠯᠣᠭᠤᠳᠬᠤ ᠬᠡᠷᠡᠭᠲᠡᠢ᠃ | ᠡᠳᠦᠷ ᠪᠦᠷᠢ ᠶᠢᠨ ᠳᠠᠰᠬᠠᠯ ᠳᠠᠭᠠᠭᠠᠯᠭᠠᠪᠤᠷᠢ ᠶᠢ ᠭᠦᠢᠴᠡᠳᠭᠡᠬᠦ ᠨᠢ ᠰᠤᠷᠤᠭᠴᠢᠳ ᠤᠨ ᠵᠠᠪᠠᠯ ᠪᠡᠶᠡᠯᠡᠭᠦᠯᠬᠦ | ᠬᠦᠨᠳᠦ ᠡᠭᠦᠷᠭᠡ ᠪᠣᠯᠵᠦ ᠪᠠᠶᠢᠳᠠᠭ᠃ ᠡᠶᠢᠮᠦ ᠠᠴᠠ ᠪᠠᠭᠰᠢ ᠠᠴᠠ ᠰᠤᠷᠤᠭᠴᠢᠳ ᠲᠤ ᠰᠢᠨ᠎ᠡ ᠬᠢᠴᠢᠶᠡᠯ ᠤᠨ | ᠠᠭᠤᠯᠭ᠎ᠠ ᠶᠢ ᠤᠷᠢᠳᠴᠢᠯᠠᠨ ᠤᠩᠰᠢᠵᠤ ᠤᠶᠢᠯᠠᠭᠠᠬᠤ ᠠᠴᠠ ᠤᠷᠢᠳ ᠢᠶᠠᠷ ᠡᠳᠦᠷ ᠤᠨ ᠳᠠᠰᠬᠠᠯ ᠢ ᠴᠠᠭ ᠢ | ᠪᠠᠷᠢᠮᠲᠠᠯᠠᠵᠤ ᠲᠦᠷᠭᠡᠨ ᠪᠦᠭᠡᠳ ᠴᠢᠨᠠᠷ ᠰᠠᠶᠢᠲᠠᠢ ᠭᠦᠢᠴᠡᠳᠭᠡᠬᠦ ᠶᠢ ᠠᠩᠬᠠᠷᠤᠭᠤᠯᠬᠤ ᠪᠠ ᠵᠣᠬᠢᠰᠲᠠᠢ ᠴᠠᠭ ᠤᠨ | ᠳᠣᠳᠤᠷ᠎ᠠ ᠵᠠᠪᠠᠯ ᠪᠡᠶᠡᠯᠡᠭᠦᠯᠬᠦ ᠳᠠᠳᠬᠠᠯ ᠲᠠᠢ ᠪᠣᠯᠬᠤ ᠶᠢ ᠱᠠᠭᠠᠷᠳᠠᠭᠰᠠᠨ ᠪᠠᠶᠢᠬᠤ ᠬᠡᠷᠡᠭᠲᠡᠢ᠃ ᠢᠩᠭᠢᠭᠰᠡᠨ ᠤ | ᠰᠠᠭᠤᠷᠢᠨ ᠲᠡᠭᠡᠷ᠎ᠡ ᠰᠤᠷᠤᠭᠴᠢᠳ ᠢ ᠰᠢᠨ᠎ᠡ ᠬᠢᠴᠢᠶᠡᠯ ᠤᠨ ᠠᠭᠤᠯᠭ᠎ᠠ ᠶᠢ ᠤᠩᠰᠢᠬᠤ ᠶᠢ ᠱᠠᠭᠠᠷᠳᠠᠵᠤ᠂ ᠣᠯᠠᠨ | ᠳᠠᠬᠢᠨ ᠤᠩᠰᠢᠬᠤ ᠳᠤ ᠵᠣᠷᠢᠭᠵᠢᠭᠤᠯᠵᠤ᠂ ᠰᠤᠷᠤᠭᠴᠢᠳ ᠤᠨ ᠨᠣᠮ ᠤᠩᠰᠢᠬᠤ ᠴᠢᠳᠠᠪᠤᠷᠢ ᠶᠢ ᠪᠣᠢ ᠪᠣᠯᠭᠠᠵᠤ | ᠴᠢᠳᠠᠨ᠎ᠠ᠃ ᠤᠩᠰᠢᠯᠭ᠎ᠠ ᠪᠠᠷ ᠳᠠᠮᠵᠢᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠤᠩᠰᠢᠯᠭ᠎ᠠ ᠶᠢᠨ ᠬᠦᠴᠢᠷᠳᠡᠯ ᠢ | ᠳᠠᠪᠠᠭ᠋ᠤ ᠪᠠ ᠬᠢᠴᠢᠶᠡᠯ ᠤᠨ ᠠᠭᠤᠯᠭ᠎ᠠ ᠳᠤ ᠠᠩᠬᠠᠨ ᠤ ᠲᠠᠨᠢᠯᠲᠠ ᠤᠶᠢᠯᠠᠭᠠᠯᠲᠠ ᠲᠠᠢ ᠪᠣᠯᠭᠠᠳᠠᠭ᠃ ᠡᠭᠦᠨ ᠠᠴᠠ | ᠭᠠᠳᠠᠨ᠎ᠠ ᠪᠠᠭᠰᠢ ᠠᠴᠠ ᠰᠤᠷᠤᠭᠴᠢᠳ ᠲᠤ ᠤᠶᠢᠯᠠᠭᠠᠬᠤ ᠳᠤ ᠬᠦᠴᠢᠷᠲᠠᠢ ᠵᠦᠢᠯᠡᠰ ᠢ ᠲᠡᠮᠳᠡᠭᠯᠡᠯ ᠤᠨ ᠳᠡᠪᠲᠡᠷ | ᠳᠡᠭᠡᠷ᠎ᠡ ᠨᠢ ᠲᠡᠮᠳᠡᠭᠯᠡᠭᠦᠯᠵᠦ ᠠᠪᠬᠤ᠂ ᠴᠢᠨᠠᠭᠰᠢᠯᠠᠪᠠᠯ ᠲᠣᠯᠢ ᠪᠢᠴᠢᠭ ᠪᠣᠶᠤ ᠥᠭᠡᠷ᠎ᠡ ᠮᠠᠲ᠋ᠧᠷᠢᠶᠠᠯ ᠠᠴᠠ ᠡᠷᠢᠵᠦ | ᠠᠰᠠᠭᠤᠳᠠᠯ ᠢ ᠰᠶᠢᠳᠪᠦᠷᠢᠯᠡᠬᠦ ᠳᠤ ᠵᠢᠭᠠᠨ ᠵᠢᠯᠤᠭᠤᠳᠬᠤ ᠪᠠ ᠬᠢᠴᠢᠶᠡᠯᠯᠡᠭᠡ ᠪᠠᠷ ᠳᠠᠮᠵᠢᠵᠤ ᠠᠰᠠᠭᠤᠳᠠᠯ ᠢ | ᠰᠶᠢᠳᠪᠦᠷᠢᠯᠡᠪᠡᠯ ᠰᠠᠶ᠋ᠢ ᠰᠤᠷᠤᠭᠴᠢᠳ ᠤᠨ ᠤᠶᠢᠯᠠᠭᠠᠯᠲᠠ ᠶᠢ ᠭᠦᠨᠵᠡᠭᠡᠶᠢᠷᠡᠭᠦᠯᠵᠦ᠂ ᠮᠠᠲᠠᠭ ᠲᠠᠢ ᠵᠦᠢᠯᠡᠰ ᠢ ᠨᠢ ᠴᠠᠭ | ᠳᠠᠷᠤᠢ ᠳᠤᠨᠢ ᠡᠵᠡᠮᠰᠢᠭᠦᠯᠵᠦ ᠴᠢᠳᠠᠬᠤ ᠪᠣᠯᠤᠨ᠎ᠠ᠃ ᠰᠤᠷᠬᠤ ᠬᠢᠴᠢᠶᠡᠯ ᠢᠶᠠᠨ ᠣᠯᠠᠨ ᠳᠠᠬᠢᠨ ᠣᠩᠰᠢᠭᠰᠠᠨ | ᠰᠤᠷᠤᠭᠴᠢᠳ ᠲᠤ ᠠᠪᠴᠤ ᠬᠡᠯᠡᠪᠡᠯ᠂ ᠪᠠᠭᠰᠢ ᠶᠢᠨ ᠡᠶᠢᠮᠦ ᠵᠢᠯᠤᠭᠤᠳᠤᠯᠭ᠎ᠠ ᠨᠢ ᠲᠡᠳᠡᠨ ᠳᠤ ᠭᠦᠨᠵᠡᠭᠡᠢ ᠰᠠᠭᠤᠭᠳᠠᠯ | ᠦᠯᠡᠳᠡᠭᠡᠵᠦ ᠬᠢᠴᠢᠶᠡᠯ ᠤᠨ ᠠᠭᠤᠯᠭ᠎ᠠ ᠶᠢ ᠪᠠᠲᠤᠲᠠᠢ ᠡᠵᠡᠮᠰᠢᠵᠦ ᠴᠢᠳᠠᠬᠤ ᠪᠠ ᠤᠷᠢᠳᠴᠢᠯᠠᠨ ᠥᠪᠡᠷᠲᠡᠭᠡᠨ | ᠪᠡᠶ᠎ᠡ ᠪᠠᠨ ᠳᠠᠭᠠᠭᠠᠵᠤ ᠰᠤᠷᠤᠯᠴᠠᠭᠰᠠᠨ ᠳᠠᠭᠠᠨ ᠵᠣᠷᠢᠭᠵᠢᠨ ᠪᠠᠶᠠᠰᠴᠤ᠂ ᠥᠪᠡᠷᠲᠡᠭᠡᠨ ᠰᠤᠷᠤᠯᠴᠠᠬᠤ ᠤᠷᠮ᠎ᠠ | ᠪᠠᠬ᠎ᠠ ᠲᠠᠢ ᠪᠣᠯᠵᠤ᠂ ᠠᠶᠠᠨᠳᠠᠭᠠᠨ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠨᠢ ᠢᠳᠡᠭ ᠢᠳᠡᠭ ᠢᠶᠠᠷ | ᠳᠡᠭᠡᠭᠰᠢᠯᠡᠵᠦ ᠴᠢᠳᠠᠳᠠᠭ ᠶᠤᠮ᠃ | ᠬᠤᠶᠠᠷ᠂ ᠰᠣᠨᠢᠭᠤᠴᠢ ᠰᠡᠳᠭᠢᠬᠦᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ | ᠰᠣᠨᠢᠭᠤᠴᠢ ᠰᠡᠳᠭᠢᠬᠦᠢ ᠭᠡᠳᠡᠭ ᠨᠢ ᠤᠩᠰᠢᠵᠦ ᠤᠶᠢᠯᠠᠭᠠᠭᠰᠠᠨ ᠦᠭᠡᠢ ᠮᠠᠲᠠᠭ ᠲᠠᠢ ᠠᠰᠠᠭᠤᠳᠠᠯ ᠳᠤ | ᠪᠤᠲᠠᠲᠠᠢ ᠬᠠᠷᠢᠭᠤᠯᠲᠠ ᠣᠯᠵᠤ ᠳᠡᠶᠢᠯᠬᠦ ᠦᠭᠡᠢ ᠦᠶᠡᠰ ᠤᠨ ᠰᠡᠳᠬᠢᠬᠦᠢ ᠶᠢ ᠬᠡᠯᠡᠨ᠎ᠡ᠃ ᠮᠡᠳᠡᠭᠰᠡᠨ ᠨᠢ ᠠᠷᠪᠢᠨ᠂ | ᠤᠶᠢᠯᠠᠭᠠᠭᠰᠠᠨ ᠨᠢ ᠭᠦᠨ ᠪᠣᠯᠬᠤ ᠲᠣᠲᠤᠮ ᠰᠡᠳᠭᠢᠬᠦᠢ ᠨᠢ ᠤᠯᠠᠮ ᠪᠠᠶᠠᠯᠢᠭ ᠪᠣᠯᠵᠦ ᠴᠢᠳᠠᠨ᠎ᠠ᠃ ᠡᠭᠦᠨ ᠳᠤ | ᠬᠢᠴᠢᠶᠡᠯ ᠤᠨ ᠴᠠᠭ ᠤᠨ ᠴᠢᠯᠦᠭᠡᠲᠡᠢ ᠶᠠᠷᠢᠯᠴᠠᠭ᠎ᠠ ᠪᠠᠷ ᠳᠠᠮᠵᠢᠭᠤᠯᠵᠤ᠂ ᠠᠰᠠᠭᠤᠯᠲᠠ ᠠᠰᠠᠭᠤᠬᠤ ᠠᠷᠭ᠎ᠠ ᠪᠠᠷ | ᠰᠤᠷᠤᠭᠴᠢᠳ ᠤᠨ ᠰᠣᠨᠢᠭᠤᠴᠢ ᠰᠡᠳᠭᠢᠬᠦᠢ ᠶᠢ ᠬᠦᠲᠦᠯᠦᠨ᠎ᠡ᠃ ᠡᠶᠢᠮᠦ ᠴᠢᠯᠦᠭᠡᠲᠦ ᠶᠠᠷᠢᠯᠴᠠᠭᠠᠨ ᠤ ᠠᠭᠤᠯᠭ᠎ᠠ ᠨᠢ | ᠰᠤᠷᠤᠭᠴᠢᠳ ᠢ ᠪᠠᠴᠢᠮᠳᠠᠵᠤ ᠰᠠᠨᠳᠤᠷᠬᠤ ᠪᠠᠶᠢᠳᠠᠯ ᠠᠴᠠ ᠨᠢ ᠵᠠᠶᠢᠯᠠᠰᠭᠢᠯᠬᠡᠵᠦ᠂ ᠥᠪᠡᠷ ᠤᠨ ᠦᠵᠡᠯ ᠰᠠᠨᠠᠭ᠎ᠠ᠂ | ᠪᠣᠳᠤᠯ ᠰᠡᠳᠭᠢᠬᠦᠢ ᠪᠠᠨ ᠴᠢᠯᠦᠭᠡᠲᠡᠢ ᠪᠠᠷ ᠢᠯᠡᠷᠡᠭᠦᠯᠬᠦ ᠳᠤ ᠠᠰᠢᠭᠲᠠᠢ ᠨᠦᠭᠦᠴᠡᠯ ᠢ ᠪᠣᠢ ᠪᠣᠯᠭᠠᠵᠤ᠂ | ᠰᠤᠷᠤᠭᠴᠢᠳ ᠤᠨ ᠪᠡᠶ᠎ᠡ ᠪᠠᠨ ᠢᠲᠡᠭᠡᠬᠦ᠂ ᠰᠤᠷᠤᠭᠴᠢᠳ ᠤᠨ ᠬᠤᠭᠤᠷᠤᠨᠲᠤᠬᠢ ᠬᠠᠷᠢᠴᠠᠭ᠎ᠠ ᠶᠢ ᠨᠢᠭᠲᠠᠷᠠᠭᠤᠯᠬᠤ᠂ | ᠰᠠᠨᠠᠯ ᠢᠶᠠᠨ ᠬᠠᠷᠢᠯᠴᠠᠨ ᠰᠣᠯᠢᠯᠴᠠᠬᠤ ᠴᠢᠯᠦᠭᠡᠲᠡᠢ ᠣᠷᠣᠨ ᠵᠠᠢ ᠶᠢ ᠣᠯᠭᠤᠵᠦ ᠥᠭᠳᠡᠭ᠃ ᠡᠶᠢᠮᠦᠷᠬᠦᠤ | ᠶᠠᠷᠢᠯᠴᠠᠭᠠᠨ ᠤ ᠶᠠᠪᠤᠴᠠ ᠪᠠᠷ ᠳᠠᠮᠵᠢᠭᠤᠯᠵᠤ ᠰᠣᠷᠤᠭᠴᠢᠳ ᠤᠨ ᠠᠳᠠᠯᠢ ᠪᠣᠰᠤ ᠶᠢᠨ ᠰᠠᠨᠠᠯ ᠢᠶᠠᠨ ᠵᠣᠷᠢᠭᠲᠠᠢ | ᠢᠯᠡᠳᠭᠡᠬᠦ ᠶᠢ ᠵᠣᠷᠢᠭᠵᠢᠭᠤᠯᠵᠤ᠂ ᠬᠦᠴᠢᠷᠲᠠᠢ ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ ᠪᠠ ᠠᠰᠠᠭᠤᠳᠠᠯ ᠢ | ᠵᠠᠳᠠᠯᠵᠤ ᠠᠯᠳᠠᠭ᠎ᠠ ᠪᠠᠨ ᠵᠠᠯᠠᠷᠠᠭᠤᠯᠬᠤ ᠳᠤ ᠴᠢᠯᠦᠭᠡᠲᠡᠢ ᠣᠷᠴᠢᠨ ᠲᠣᠭᠤᠷᠢᠨ ᠢ ᠪᠣᠢ ᠪᠣᠯᠭᠠᠵᠤ ᠦᠭᠭᠦᠨ᠎ᠡ᠃ | ᠰᠤᠷᠤᠭᠴᠢᠳ ᠲᠤ ᠬᠢᠴᠢᠶᠡᠯ ᠤᠨ ᠴᠠᠭ ᠲᠤ ᠵᠣᠬᠢᠬᠤ ᠵᠠᠪ ᠳᠣᠬᠢᠶᠠᠯ ᠣᠯᠭᠤᠨ ᠵᠠᠷᠢᠮ ᠢᠯᠡᠳᠭᠡᠬᠦ ᠳᠡᠭᠡᠨ ᠢᠴᠢᠮᠡᠲᠡᠭᠡᠢ | ᠰᠤᠷᠤᠭᠴᠢ ᠶᠢ ᠲᠠᠶᠢᠰᠠᠨ ᠳᠤ ᠭᠠᠷᠭᠠᠵᠤ ᠵᠣᠷᠢᠭᠲᠠᠢ ᠪᠠᠷ ᠠᠰᠠᠭᠤᠯᠲᠠ ᠠᠰᠠᠭᠤᠵᠤ ᠴᠢᠳᠠᠬᠤ ᠪᠣᠯᠭᠠᠨ ᠬᠦᠮᠦᠵᠢᠭᠦᠯᠬᠦ | ᠪᠠ ᠬᠢᠴᠢᠶᠡᠯ ᠤᠨ ᠠᠭᠤᠯᠭ᠎ᠠ ᠶᠢ ᠵᠦᠴᠦᠭᠡᠯᠡᠨ ᠶᠠᠷᠢᠬᠤ ᠳᠤ ᠵᠣᠷᠢᠭᠵᠢᠭᠤᠯᠬᠤ ᠬᠡᠷᠡᠭᠲᠡᠢ᠃ ᠪᠠᠰᠠ ᠵᠠᠷᠢᠮ ᠦᠶ᠎ᠡ ᠳᠤ | ᠮᠣᠩᠭᠤᠯ ᠠᠮᠢᠳᠤᠷᠠᠯ ᠲᠠᠢ ᠬᠤᠯᠪᠤᠭᠳᠠᠭᠰᠠᠨ ᠬᠢᠴᠢᠶᠡᠯ ᠤᠨ ᠠᠭᠤᠯᠭ᠎ᠠ ᠶᠢ ᠰᠤᠷᠤᠭᠴᠢᠳ ᠢᠶᠠᠷ ᠶᠠᠷᠢᠭᠤᠯᠬᠤ᠂ | ᠰᠤᠷᠤᠭᠴᠢᠳ ᠤᠨ ᠬᠢᠴᠢᠶᠡᠯ ᠢ ᠠᠮᠢᠳᠤᠯᠢᠭ ᠢᠶᠠᠷ ᠤᠶᠢᠯᠠᠭᠠᠬᠤ ᠳᠤ ᠲᠦᠢᠯ ᠤᠨ ᠶᠡᠭᠡ ᠠᠴᠢ ᠲᠤᠰᠠ ᠲᠠᠢ ᠪᠠᠶᠢᠳᠠᠭ᠃ | ᠭᠤᠷᠪᠠ᠂ ᠪᠤᠲᠠᠲᠠᠢ ᠠᠵᠢᠭᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ | ᠪᠤᠲᠠᠲᠠᠢ ᠨᠢᠭᠡ ᠶᠠᠭᠤᠮ᠎ᠠ ᠶᠢ ᠠᠵᠢᠭᠯᠠᠬᠤ ᠪᠣᠯ ᠰᠤᠷᠤᠭᠴᠢᠳ ᠤᠨ ᠵᠣᠬᠢᠶᠠᠨ ᠪᠢᠴᠢᠬᠦ ᠶᠢᠨ ᠦᠨᠳᠦᠰᠦᠨ | ᠰᠠᠭᠤᠷᠢ ᠪᠣᠯᠤᠨ᠎ᠠ᠃ ᠰᠤᠷᠤᠭᠴᠢᠳ ᠤᠨ ᠤᠩᠰᠢᠵᠤ ᠤᠶᠢᠯᠠᠭᠠᠬᠤ ᠴᠢᠳᠠᠪᠤᠷᠢ ᠳᠣᠣᠷ᠎ᠠ᠂ ᠠᠵᠢᠭᠯᠠᠵᠤ ᠰᠤᠨᠢᠷᠬᠠᠬᠤ | ᠴᠢᠳᠠᠪᠤᠷᠢ ᠳᠤᠲᠠᠮᠠᠭ ᠠᠴᠠ ᠪᠣᠯᠵᠦ᠂ ᠪᠠᠭᠰᠢ ᠠᠴᠠ ᠵᠣᠬᠢᠶᠠᠨ ᠪᠢᠴᠢᠬᠦ ᠳᠠᠰᠬᠠᠯ ᠦᠯᠡᠳᠡᠭᠡᠬᠦ ᠳᠤ ᠶᠠᠭᠤ ᠪᠢᠴᠢᠬᠦ ᠪᠠᠨ | ᠣᠯᠵᠦ ᠶᠠᠳᠠᠨ ᠪᠠᠴᠢᠮᠳᠠᠨ ᠰᠠᠨᠳᠤᠷᠴᠤ ᠪᠠᠶᠢᠳᠠᠭ᠂ ᠡᠶᠢᠮᠦ ᠠᠴᠠ ᠬᠡᠯᠡ ᠪᠢᠴᠢᠭ ᠣᠷᠤᠵᠤ ᠪᠠᠶᠢᠭ᠎ᠠ ᠪᠠᠭᠰᠢ ᠪᠠᠶᠢᠳᠠᠯ ᠢ | ᠠᠵᠢᠭᠯᠠᠭᠤᠯᠬᠤ ᠳᠠᠰᠬᠠᠯ ᠦᠯᠡᠳᠡᠭᠡᠬᠦ ᠳᠤ ᠬᠦᠷᠪᠡᠯ ᠤᠷᠢᠳ ᠢᠶᠠᠷ ᠥᠪᠡᠷ ᠢᠶᠠᠨ ᠮᠦᠨ ᠡᠨᠡ ᠲᠠᠯ᠎ᠠ ᠶᠢᠨ ᠵᠣᠬᠢᠶᠠᠨ | ᠪᠢᠴᠢᠬᠦ ᠴᠢᠳᠠᠪᠤᠷᠢ ᠲᠠᠢ ᠪᠠᠶᠢᠬᠤ ᠬᠡᠷᠡᠭᠲᠡᠢ᠃ ᠪᠠᠭᠰᠢ ᠠᠴᠠ ᠥᠪᠡᠷ ᠤᠨ ᠪᠢᠴᠢᠭᠰᠡᠨ ᠵᠣᠬᠢᠶᠠᠯ ᠪᠦᠲᠦᠭᠡᠯ ᠢᠶᠠᠨ | ᠰᠤᠷᠤᠭᠴᠢᠳ ᠤᠨ ᠳᠤᠮᠳᠠ ᠤᠩᠰᠢᠨ ᠰᠣᠨᠢᠷᠬᠠᠭᠤᠯᠵᠤ᠂ ᠰᠤᠷᠤᠭᠴᠢᠳ ᠤᠨ ᠵᠣᠬᠢᠶᠠᠨ ᠪᠦᠲᠦᠭᠡᠬᠦ ᠴᠢᠳᠠᠪᠤᠷᠢ ᠶᠢ | ᠳᠡᠭᠡᠭᠰᠢᠯᠡᠭᠦᠯᠦᠭᠰᠡᠨ ᠪᠠᠶᠢᠬᠤ ᠬᠡᠷᠡᠭᠲᠡᠢ᠃ ᠢᠩᠭᠢᠪᠡᠯ ᠰᠠᠶ᠋ᠢ ᠰᠤᠷᠤᠭᠴᠢᠳ ᠤᠨ ᠢᠲᠡᠭᠡᠯ ᠬᠥᠷᠢᠶᠡᠯᠡᠯ ᠢ ᠣᠯᠵᠦ᠂ | ᠰᠤᠷᠤᠭᠴᠢᠳ ᠲᠤ ᠳᠠᠭᠤᠷᠢᠶᠠᠯ ᠪᠣᠯᠵᠤ᠂ ᠰᠤᠷᠤᠭᠴᠢᠳ ᠤᠨ ᠵᠣᠬᠢᠶᠠᠨ ᠪᠢᠴᠢᠯᠭᠡ ᠶᠢ ᠵᠢᠭᠠᠨ ᠵᠢᠯᠤᠭᠤᠳᠬᠤ ᠳᠤ | ᠪᠠᠲᠤᠯᠠᠭ᠎ᠠ ᠲᠠᠢ ᠰᠠᠭᠤᠷᠢ ᠶᠢ ᠲᠠᠯᠪᠢᠵᠤ ᠴᠢᠳᠠᠬᠤ ᠪᠣᠯᠤᠨ᠎ᠠ᠃ | ᠪᠠᠭᠰᠢ ᠠᠴᠠ ᠰᠤᠷᠤᠭᠴᠢᠳ ᠢ ᠵᠣᠷᠢᠭᠵᠢᠭᠤᠯᠬᠤ ᠡᠭᠦᠳᠡᠨ ᠠᠴᠠ ᠠᠮᠢᠳᠤᠷᠠᠯ ᠢ ᠠᠵᠢᠭᠯᠠᠭᠤᠯᠬᠤ᠂ | ᠪᠠᠶᠢᠭᠠᠯᠢ ᠶᠢᠨ ᠦᠵᠡᠮᠵᠢ ᠶᠢ ᠰᠤᠨᠢᠷᠬᠠᠭᠤᠯᠬᠤ ᠶᠢᠨ ᠬᠠᠮᠲᠤ᠂ ᠨᠦᠬᠦᠳ ᠬᠤᠭᠤᠷᠤᠨᠲᠤᠬᠢ ᠵᠠᠩ ᠴᠢᠨᠠᠷ ᠢ ᠨᠢ | ᠠᠵᠢᠭᠯᠠᠭᠤᠯᠬᠤ᠂ ᠰᠤᠷᠤᠯᠴᠠᠬᠤ ᠠᠷᠭ᠎ᠠ ᠮᠠᠶ᠋ᠢᠭ ᠢ ᠨᠢ ᠠᠵᠢᠭᠯᠠᠭᠤᠯᠬᠤ᠂ ᠪᠣᠰᠤᠳ ᠤᠨ ᠬᠤᠭᠤᠷᠤᠨᠲᠦᠬᠢ | ᠬᠠᠷᠢᠯᠴᠠᠭ᠎ᠠ ᠶᠢ ᠠᠵᠢᠭᠯᠠᠭᠤᠯᠬᠤ ᠵᠡᠷᠭᠡ ᠰᠡᠳᠦᠪ ᠢ ᠰᠤᠩᠭᠤᠵᠤ ᠠᠮᠢᠳᠤᠯᠢᠭ ᠢᠶᠠᠷ ᠵᠢᠭᠠᠨ ᠵᠢᠯᠤᠭᠤᠳᠤᠯᠭ᠎ᠠ ᠬᠢᠬᠦ | ᠬᠡᠷᠡᠭᠲᠡᠢ᠃ ᠭᠠᠳᠠᠭᠠᠲᠤ ᠦᠵᠡᠭᠳᠡᠯ ᠠᠴᠠ ᠳᠣᠲᠤᠭᠠᠲᠤ ᠵᠢᠮ᠎ᠡ ᠶᠣᠰᠤ ᠶᠢ ᠤᠶᠢᠯᠠᠭᠠᠬᠤ ᠶᠢ ᠵᠣᠷᠢᠭᠵᠢᠭᠤᠯᠵᠤ᠂ | ᠲᠡᠭᠦᠨ ᠤ ᠳᠤᠮᠳᠠ ᠠᠴᠠ ᠤᠶᠢᠯᠠᠭᠠᠯᠲᠠ᠂ ᠰᠡᠷᠡᠭᠳᠡᠯ ᠣᠯᠵᠤ ᠮᠡᠳᠡᠯᠭᠡ ᠴᠢᠳᠠᠪᠤᠷᠢ ᠶᠢ ᠡᠵᠡᠮᠰᠢᠬᠦ ᠪᠠᠷ ᠬᠦᠮᠦᠵᠢᠭᠦᠯᠬᠦ | ᠬᠡᠷᠡᠭᠲᠡᠢ᠃ ᠶᠠᠮᠠᠷ ᠨᠢᠭᠡᠨ ᠬᠡᠷᠡᠭ ᠪᠣᠳᠠᠰ ᠢ ᠵᠣᠷᠢᠯᠭ᠎ᠠ ᠲᠠᠢ ᠪᠠᠷ ᠠᠵᠢᠭᠯᠠᠬᠤ ᠪᠠᠷ ᠳᠠᠮᠵᠢᠵᠤ ᠰᠣᠨᠢᠭᠤᠴᠢ ᠰᠡᠳᠭᠢᠯᠭᠡ | ᠲᠦᠷᠦᠭᠳᠡᠬᠦ ᠪᠠ ᠡᠨᠡ ᠬᠦ ᠰᠣᠨᠢᠭᠤᠴᠢ ᠰᠣᠨᠢᠷᠬᠠᠯ ᠠᠴᠠ ᠰᠡᠵᠢᠭ ᠲᠦᠷᠦᠵᠦ ᠤᠭ ᠶᠣᠰᠤ ᠶᠢ ᠤᠶᠢᠯᠠᠭᠠᠬᠤ ᠤᠷᠮ᠎ᠠ | ᠪᠠᠬ᠎ᠠ ᠲᠠᠢ ᠪᠣᠯᠭᠠᠳᠠᠭ ᠶᠤᠮ᠃ ᠡᠨᠡ ᠨᠢ ᠮᠦᠨ ᠥᠪᠡᠷ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠪᠠᠨ | ᠳᠡᠭᠡᠭᠰᠢᠯᠡᠭᠦᠯᠬᠦ ᠶᠢᠨ ᠴᠢᠬᠤᠯᠠ ᠵᠠᠩᠭᠢᠯᠠᠭ᠎ᠠ ᠶᠢᠨ ᠴᠢᠨᠠᠷ ᠲᠠᠢ ᠠᠰᠠᠭᠤᠳᠠᠯ ᠪᠣᠯᠤᠨ᠎ᠠ᠃ | | |