ᠠᠷᠠᠳ ᠤᠨ ᠰᠦᠯᠵᠢᠶ᠎ᠡ ᠶᠢᠨ ᠪᠡᠭᠡᠵᠢᠩ ᠤᠨ 8 ᠰᠠᠷ᠎ᠠ ᠶᠢᠨ 5 ᠤ ᠮᠡᠳᠡᠭᠡ ︵ᠪᠥᠸᠧ ᠴᠧᠨ ᠳ᠋ᠢ︶ | ᠲᠦᠷᠣᠬᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ | ᠬᠥᠮᠦᠵᠢᠯ ᠤᠨ ᠶᠠᠮᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ︽ᠶᠠᠳᠠᠭᠤ | ᠬᠦᠴᠢᠷᠳᠡᠯᠲᠡᠶ ᠬᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠬᠠᠪᠰᠤᠷᠤᠨ | ᠲᠡᠳᠬᠦᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ | ᠶᠠᠳᠠᠭᠤ ᠬᠦᠴᠢᠷᠳᠡᠯᠲᠡᠶ ᠬᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠢᠯ ᠣᠯᠭᠤᠵᠤ | ᠬᠠᠪᠰᠤᠷᠤᠨ ᠲᠡᠳᠬᠦᠬᠦ ᠳᠤ ᠪᠥᠬᠦ ᠲᠠᠯ᠎ᠠ ᠪᠠᠷ ᠣᠷᠣᠭᠤᠯᠵᠣ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠭᠡᠷ | ᠪᠦᠯᠢ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ ᠲᠡᠭᠦᠰᠬᠦ ᠰᠤᠷᠤᠭᠴᠢᠳ ᠢ ᠪᠦᠬᠦ ᠲᠠᠯ᠎ᠠ ᠪᠠᠷ ᠠᠵᠢᠯ | ᠣᠯᠭᠤᠵᠤ᠂ ᠬᠡᠷᠡᠭᠴᠡᠭᠡ ᠱᠠᠭᠠᠷᠳᠠᠯᠭ᠎ᠠ ᠲᠠᠢ ᠪᠤᠰᠤᠳ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠦᠰᠬᠦ | ᠰᠤᠷᠤᠭᠴᠢᠳ ᠢ ᠪᠦᠬᠦ ᠲᠠᠯ᠎ᠠ ᠪᠠᠷ ᠬᠠᠪᠰᠤᠷᠤᠨ ᠲᠡᠳᠬᠦᠵᠦ᠂ ᠠᠵᠢᠯ ᠣᠯᠬᠤ ᠬᠦᠰᠡᠯ ᠰᠠᠨᠠᠭ᠎ᠠ ᠲᠠᠢ ᠲᠡᠭᠦᠰᠬᠦ | ᠰᠤᠷᠤᠭᠴᠢᠳ ᠲᠤ ᠠᠵᠢᠯ ᠣᠯᠭᠤᠬᠤ ᠶᠢ ᠪᠡᠶᠡᠯᠡᠭᠦᠯᠬᠦ ᠪᠤᠶᠤ ᠠᠵᠢᠯ ᠣᠯᠭᠤᠬᠤ ᠪᠡᠯᠡᠳᠬᠡᠯ ᠠᠵᠢᠯᠯᠠᠭ᠎ᠠ ᠳᠤ | ᠣᠷᠣᠯᠴᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ | ᠮᠡᠳᠡᠭᠳᠡᠯ ᠳᠤ ᠴᠢᠬᠤᠯᠠᠴᠢᠯᠠᠭᠰᠠᠨ ᠨᠢ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠡᠷᠲᠡᠬᠡᠨ ᠠᠵᠢᠯ ᠤᠯᠬᠤ ᠶᠢ ᠠᠬᠢᠭᠤᠯᠬᠤ ᠪᠣᠯ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ | ᠠᠷᠠᠳ ᠤᠨ ᠠᠮᠢᠳᠤᠷᠠᠯ ᠢ ᠪᠠᠲᠤᠯᠠᠬᠤ ᠶᠢᠨ ᠴᠢᠬᠤᠯᠠ ᠠᠭᠤᠯᠭ᠎ᠠ ᠪᠣᠯᠤᠨ᠎ᠠ᠃ ᠬᠢᠵᠢᠭ ᠤᠨ ᠨᠥᠯᠥᠭᠡ ᠠᠴᠠ ᠪᠣᠯᠵᠤ | ᠭᠡᠷ ᠪᠦᠯᠢ ᠶᠢᠨ ᠠᠵᠤ ᠠᠬᠤᠶ ᠨᠢ ᠬᠦᠴᠢᠷᠳᠡᠯ ᠲᠠᠢ ᠪᠣᠯᠤᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠢ ᠴᠠᠭ ᠲᠤᠬᠠᠶ ᠳᠤᠨᠢ ᠠᠵᠢᠯ ᠡᠷᠢᠵᠦ ᠠᠳᠠᠯ ᠣᠶᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ | ᠣᠶᠢᠯᠠᠭᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ | ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠦᠰᠬᠦ | ᠰᠤᠷᠤᠭᠴᠢᠳ ᠲᠤ ᠲᠤᠰᠬᠠᠶ ᠵᠦᠢᠯ ᠤᠨ ᠠᠵᠢᠯᠲᠠᠨ ᠡᠯᠰᠡᠬᠦ ᠣᠶᠢᠯᠡᠴᠢᠯᠡᠭᠡ ᠶᠢ ᠬᠡᠷᠡᠭᠵᠢᠭᠦᠯᠵᠦ᠂ᠪᠠᠭ᠎ᠠ ᠬᠡᠯᠪᠡᠷᠢ ᠶᠢᠨ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯᠯᠠᠭ᠎ᠠ ᠶᠢ ᠡᠷᠬᠢᠯᠡᠵᠦ᠂ ᠭᠠᠵᠠᠷ ᠣᠷᠣᠨ ᠠᠯᠤᠰᠯᠠᠭᠰᠠᠨ | ᠣᠶᠢᠯᠡᠴᠢᠯᠡᠭᠡᠨ ᠤ ᠬᠠᠮᠵᠢᠯᠴᠠᠭ᠎ᠠ ᠪᠠ ᠠᠵᠢᠯ ᠤᠨ ᠪᠠᠶᠢᠷᠢ ᠶᠢ ᠬᠠᠮᠲᠤᠪᠠᠷ ᠬᠦᠷᠲᠡᠬᠦ ᠶᠢ ᠵᠣᠬᠢᠶᠠᠨ ᠪᠠᠶᠢᠭᠤᠯᠬᠤ | ᠬᠡᠷᠡᠭᠲᠡᠢ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠦᠰᠬᠦ ᠰᠤᠷᠤᠭᠴᠢ ᠨᠢᠭᠡᠪᠦᠷᠢ ᠳᠤ ᠨᠢᠭᠡ ᠠᠵᠢᠯ | ᠮᠡᠷᠭᠡᠵᠢᠯ ᠤᠨ ᠵᠢᠯᠣᠭᠤᠳᠣᠭᠴᠢ ᠲᠣᠭᠲᠠᠭᠠᠨ ᠵᠢᠯᠣᠭᠤᠳᠣᠭᠤᠯᠵᠤ᠂ ᠡᠯ᠎ᠡ ᠲᠥᠷᠥᠯ ᠤᠨ ᠠᠵᠢᠯ ᠣᠯᠭᠤᠵᠤ ᠠᠳᠠᠯ | ᠣᠶᠢᠯᠡᠰ ᠴᠣᠭᠴᠠᠯᠠᠬᠤ ᠣᠶᠢᠯᠡᠴᠢᠯᠡᠭᠡᠨ ᠤ ᠲᠥᠷᠥᠯ ᠵᠦᠢᠯ ᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ | ᠲᠡᠭᠦᠰᠦᠭᠰᠡᠳ ᠲᠡᠰᠢ ᠬᠡᠯᠪᠠᠶᠢᠯᠭᠡᠵᠦ᠂ ᠬᠡᠷᠡᠭᠴᠡᠭᠡ ᠱᠠᠭᠠᠷᠳᠠᠯᠭ᠎ᠠ ᠶᠣᠰᠣᠭᠠᠷ ᠪᠣᠯᠪᠠᠰᠤᠷᠠᠭᠤᠯᠤᠯ ᠤᠨ ᠲᠥᠯᠥᠪᠯᠡᠭᠡ᠂ | ᠠᠳᠠᠯ ᠣᠶᠢᠯᠡᠰ ᠴᠣᠭᠴᠠᠯᠠᠬᠤ ᠪᠣᠯᠪᠠᠰᠤᠷᠠᠭᠤᠯᠤᠯ ᠪᠣᠯᠤᠨ ᠲᠠᠳᠣᠯᠭ᠎ᠠ ᠶᠢᠨ ᠲᠣᠬᠢᠷᠠᠭᠤᠯᠤᠯᠲᠠ ᠳᠤ ᠣᠷᠣᠭᠤᠯᠬᠤ | ᠬᠡᠷᠡᠭᠲᠡᠶ ᠭᠡᠵᠡᠢ᠃ | ᠮᠡᠳᠡᠭᠳᠡᠯ ᠳᠤ ᠲᠣᠳᠣᠷᠬᠠᠶ ᠲᠣᠭᠲᠠᠭᠠᠭᠰᠠᠨ ᠨᠢ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠭᠡᠷ | ᠪᠦᠯᠢ ᠶᠢᠨ ᠰᠤᠷᠭᠠᠭᠤᠯᠢ ᠲᠡᠭᠦᠰᠦᠭᠰᠡᠳ ᠂ ᠶᠠᠳᠠᠭᠤ ᠠᠴᠠ ᠠᠩᠭᠢᠵᠢᠷᠠᠭᠠᠳᠤᠶ 52 ᠶᠠᠳᠠᠭᠤ ᠬᠦᠴᠢᠷᠳᠡᠯᠲᠡᠶ ᠰᠢᠶᠠᠨ ᠤ | ᠰᠤᠷᠭᠠᠭᠤᠯᠢ ᠲᠡᠭᠦᠰᠦᠭᠰᠡᠳ ᠢ ᠠᠵᠢᠯ ᠣᠯᠭᠤᠬᠤ ᠲᠤᠰᠠᠯᠠᠮᠵᠢ ᠶᠢᠨ ᠭᠤᠤᠯᠳᠠᠯᠭ᠎ᠠ ᠪᠣᠯᠭᠠᠵᠤ᠂ ᠬᠤᠤᠰᠯᠠᠯ | ᠪᠠᠶᠢᠭᠤᠯᠤᠨ ᠬᠠᠪᠰᠤᠷᠤᠨ ᠲᠡᠳᠬᠦᠬᠦ᠂ ᠬᠥᠮᠦᠨ ᠳᠤ ᠳᠠᠭᠠᠭᠠᠴᠢᠯᠠᠭᠤᠯᠬᠤ ᠶᠢ ᠬᠡᠷᠡᠭᠵᠢᠭᠦᠯᠦᠨ᠎ᠡ᠃ ᠳᠠᠩᠰᠠᠯᠠᠵᠤ | ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ ᠳᠤ ︽ᠡᠩ ᠤᠨ ᠳᠡᠭᠡᠳᠦ ᠰᠤᠷᠭᠠᠭᠤᠯᠢ ᠶᠢᠨ | ᠲᠤᠰᠬᠠᠶ ᠮᠡᠷᠭᠡᠵᠢᠯ ᠤᠨ ᠠᠩᠭᠢ ᠠᠴᠠ ᠵᠢᠨᠬᠢᠨᠢ ᠠᠩᠭᠢ ᠳᠤ ᠲᠡᠪᠰᠢᠬᠦ ᠲᠤᠰᠬᠠᠶ ᠲᠥᠯᠥᠪᠯᠡᠭᠡ︾ ᠶᠢ ᠬᠡᠷᠡᠭᠵᠢᠬᠦᠯᠬᠦ | ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤᠷᠢᠬᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠣᠰᠠᠯᠠᠭᠴᠢ ᠶᠢᠨ ᠠᠵᠢᠯ ᠤᠨ ᠪᠠᠶᠢᠷᠢ ᠶᠢ ᠬᠦᠯᠢᠶᠡᠨ ᠠᠪᠬᠤ᠂ ︽ᠭᠤᠷᠪᠠ ᠶᠢ ᠳᠠᠮᠵᠢᠵᠤ ᠨᠢᠭᠡ ᠶᠢ | ᠲᠡᠳᠬᠦᠬᠦ︾᠂ ︽ᠣᠨᠴᠠ ᠠᠵᠢᠯ ᠤᠨ ᠪᠠᠶᠢᠷᠢ ᠶᠢᠨ ᠪᠠᠭᠰᠢ︾ ᠵᠡᠷᠭᠡ ᠦᠨᠳᠦᠰᠦᠨ ᠱᠠᠲᠤᠨ ᠤ ᠣᠶᠢᠯᠡᠴᠢᠯᠡᠭᠡᠨ ᠤ | ᠲᠥᠷᠥᠯ ᠵᠦᠢᠯ ᠨᠦᠭᠦᠳ ᠲᠤ ᠠᠳᠠᠯᠢ ᠨᠥᠬᠦᠴᠡᠯ ᠤᠨ ᠳᠣᠤᠷ᠎ᠠ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ | ᠭᠡᠷ ᠪᠦᠯᠢ ᠶᠢᠨ ᠰᠤᠷᠭᠠᠭᠤᠯᠢ ᠲᠡᠭᠦᠰᠦᠭᠰᠡᠳ ᠢ ᠡᠩ ᠲᠡᠷᠢᠭᠦᠨ ᠳᠤ ᠡᠯᠰᠡᠨ ᠬᠡᠷᠡᠭᠯᠡᠬᠦ ᠬᠡᠷᠡᠭᠲᠡᠶ᠃ ᠠᠵᠢᠯ | ᠦᠢᠯᠡᠰ ᠤᠨ ᠨᠢᠭᠡᠴᠡ ᠵᠣᠬᠢᠬᠤ ᠲᠣᠭᠠᠨ ᠤ ᠠᠵᠢᠯ ᠤᠨ ᠪᠠᠶᠢᠷᠢ ᠭᠠᠷᠭᠠᠵᠤ ᠤᠷᠢᠨ ᠬᠡᠷᠡᠭᠯᠡᠵᠦ ᠪᠣᠯᠤᠨ᠎ᠠ᠃ ᠵᠡᠭᠦᠨ ᠪᠠ | ᠪᠠᠷᠠᠭᠤᠨ ᠪᠦᠰᠡ ᠭᠠᠵᠠᠷ ᠣᠷᠣᠨ ᠤ ᠬᠤᠭᠤᠷᠤᠨᠳᠤᠬᠢ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠠᠵᠢᠯ ᠲᠥᠷᠥᠯ ᠢᠶᠠᠷ | ᠢᠶᠠᠨ ᠲᠤᠰᠠᠯᠠᠬᠤ ᠲᠣᠭᠲᠠᠴᠠ ᠶᠢᠨ ᠣᠶᠢᠯᠡᠳᠣᠯ ᠢ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠭᠡᠷ | ᠪᠦᠯᠢ ᠶᠢᠨ ᠰᠤᠷᠭᠠᠭᠤᠯᠢ ᠲᠡᠭᠦᠰᠦᠭᠰᠡᠳ ᠢ ᠲᠤᠰᠠᠯᠠᠬᠤ ᠭᠠᠵᠠᠷ ᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ | ᠲᠡᠳᠬᠦᠬᠦ ᠬᠡᠪᠴᠢᠶᠡᠨ ᠳᠤ ᠤᠷᠤᠭᠤᠯᠬᠤ ᠬᠡᠷᠡᠭᠲᠡᠢ ᠭᠡᠵᠡᠢ᠃ | | |